ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ  ᠴᠢᠩᠭᠠᠳᠬᠠᠵᠤ ᠦᠨᠡᠨᠴᠢ ᠢᠲᠡᠭᠡᠮᠵᠢ ᠶᠢᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2018-11-06
     ᠰᠤᠷᠪᠤᠯᠵᠢᠯᠠᠭᠰᠠᠨ ᠴᠠᠭ᠄          2018 ᠣᠨ ᠤ 9 ᠳ᠋ᠦ᠋ᠭᠡᠷ ᠰᠠᠷ᠎ᠠ ᠶᠢᠨ 4 ᠤ ᠦᠳᠡ ᠶᠢᠨ ᠡᠮᠦᠨᠡᠬᠢ 10 ᠴᠠᠭ            ᠰᠤᠷᠪᠤᠯᠵᠢᠯᠠᠭ᠎ᠠ ᠬᠦᠯᠢᠶᠡᠭᠴᠢ᠄          ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋  ᠳᠠᠷᠤᠭ᠎ᠠ   ᠵᠠᠩ ᠴᠢ ᠵᠢᠶᠦ᠋ᠨ          ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄            ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ  ᠠᠬᠢᠭᠤᠯᠬᠤ︾ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠡᠯ᠎ᠡ ᠠᠵᠢᠯ ᠲᠥᠷᠥᠯ ᠤᠨ ᠬᠢᠨ  ᠢᠳᠡᠪᠬᠢᠲᠡᠢ ᠠᠵᠢᠯᠯᠠᠨ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠣᠯᠠᠨ ᠴᠢᠬᠤᠯᠠ  ᠴᠢᠷᠮᠠᠶᠢᠯᠭ᠎ᠠ ᠭᠠᠷᠭᠠᠪᠠ᠃ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠠᠵᠢᠯ  ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂  ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠦᠷ᠎ᠡ ᠪᠦᠲᠦᠮᠵᠢ ᠪᠠᠷ ᠪᠠᠶᠠᠯᠢᠭ  ᠰᠦᠪᠡᠭᠴᠢᠯᠡᠯᠲᠡ ᠬᠢᠵᠡᠢ᠃ ᠥᠨᠥᠳᠥᠷ᠂ ᠪᠢᠳᠡ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ  ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠴᠢ ᠵᠢᠶᠦ᠋ᠨ ᠢ ᠤᠷᠢᠵᠤ᠂ ᠬᠥᠯᠥᠨ ᠪᠤᠶᠢᠷ  ᠬᠤᠲᠠ ᠶᠢᠨ ᠥᠷᠨᠢᠭᠦᠯᠦᠭᠰᠡᠨ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ  ᠬᠤᠯᠪᠣᠭᠳᠠᠯ ᠪᠦᠬᠦᠢ ᠪᠠᠶᠢᠳᠠᠯ ᠢ ᠰᠦᠯᠵᠢᠶ᠎ᠡ ᠪᠠᠷ ᠪᠢᠳᠡᠨ ᠳᠤ ᠲᠠᠶᠢᠯᠤᠮᠵᠢ ᠬᠢᠯᠭᠡᠬᠦ ᠪᠣᠯᠣᠯ᠎ᠠ᠃            ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ            ᠬᠥᠲᠥᠯᠥᠭᠴᠢ᠄            ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠲᠤᠰ ᠬᠤᠭᠤᠴᠠᠭᠠᠨ ᠤ ᠥᠪᠡᠷᠲᠡᠭᠡᠨ ᠵᠠᠰᠠᠬᠤ  ᠣᠷᠣᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠶᠢᠨ ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ  ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ︽ᠦᠨᠡᠨᠴᠢ  ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ︾ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂  ᠡᠯ᠎ᠡ ᠠᠵᠢᠯ ᠲᠥᠷᠥᠯ ᠤᠨ ᠬᠢᠨ ᠢᠳᠡᠪᠬᠢᠲᠡᠢ ᠠᠵᠢᠯᠯᠠᠨ᠂ ᠨᠡᠶᠢᠭᠡᠮ ᠤᠨ ᠦᠨᠡᠨᠴᠢ ᠢᠲᠡᠭᠡᠮᠵᠢ ᠶᠢᠨ  ᠪᠠᠶᠢᠭᠤᠯᠤᠯᠲᠠ ᠳᠤ ᠣᠯᠠᠨ ᠴᠢᠬᠤᠯᠠ ᠴᠢᠷᠮᠠᠶᠢᠯᠭ᠎ᠠ ᠭᠠᠷᠭᠠᠪᠠ᠃ ᠬᠥᠯᠥᠨ ᠪᠤᠶᠢᠷ ᠬᠤᠲᠠ ᠶᠢᠨ ᠠᠷᠠᠳ ᠤᠨ  ᠵᠠᠰᠠᠭ ᠤᠨ ᠣᠷᠳᠣᠨ ᠠᠴᠠ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ  ᠬᠠᠮᠢᠶᠠᠷᠤᠯᠲᠠ ᠪᠠᠨ ᠴᠢᠩᠭᠠᠳᠬᠠᠨ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ  ᠲᠠᠯ᠎ᠠ ᠪᠠᠷ ᠦᠷ᠎ᠡ ᠪᠦᠲᠦᠮᠵᠢ ᠪᠠᠷ ᠪᠠᠶᠠᠯᠢᠭ ᠰᠦᠪᠡᠭᠴᠢᠯᠡᠯᠲᠡ ᠬᠢᠵᠡᠢ᠃ ᠥᠨᠥᠳᠥᠷ᠂ ᠪᠢᠳᠡ ᠬᠥᠯᠥᠨ ᠪᠤᠶᠢᠷ  ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ ᠳᠡᠳ᠋ ᠳᠠᠷᠤᠭ᠎ᠠ ᠵᠠᠩ ᠴᠢ ᠵᠢᠶᠦ᠋ᠨ ᠢ ᠤᠷᠢᠵᠤ᠂  ᠲᠡᠭᠦᠨ ᠢᠶᠠᠷ ᠬᠥᠯᠥᠨ ᠪᠤᠶᠢᠷ ᠬᠤᠲᠠ ᠶᠢᠨ ᠥᠷᠨᠢᠭᠦᠯᠦᠭᠰᠡᠨ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠯᠲᠠ  ᠬᠠᠮᠢᠶᠠᠷᠤᠯᠲᠠ ᠶᠢᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠰᠦᠯᠵᠢᠶ᠎ᠡ ᠪᠠᠷ ᠲᠠᠶᠢᠯᠤᠮᠵᠢ ᠬᠢᠯᠭᠡᠬᠦ ᠪᠣᠯᠣᠯ᠎ᠠ᠃  ᠵᠠᠩ ᠬᠤᠲᠠ ᠶᠢᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃            ᠵᠠᠩ ᠴᠢ ᠵᠢᠶᠦ᠋ᠨ᠄            ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠥᠪᠡᠷᠲᠡᠭᠡᠨ ᠵᠠᠰᠠᠬᠤ  ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠪᠠᠷ ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ  ᠮᠠᠰᠢ ᠥᠨᠳᠥᠷ ᠪᠠᠶᠢᠨ᠎ᠠ᠃                        ᠬᠥᠲᠥᠯᠥᠭᠴᠢ᠄            ᠮᠠᠰᠢ ᠣᠯᠠᠨ ᠰᠦᠯᠵᠢᠶᠡᠨ ᠤ ᠠᠨᠳᠠ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ  ᠬᠢᠨᠠᠯᠲᠠ ᠬᠠᠮᠢᠶᠠᠷᠤᠯᠲᠠ ᠶᠢᠨ ᠠᠵᠢᠯ ᠢ ᠳᠡᠮᠡᠢ ᠣᠶᠢᠯᠠᠭᠠᠬᠤ ᠦᠭᠡᠢ ᠪᠠᠶᠢᠨ᠎ᠠ᠂ ᠲᠠ ᠡᠨᠡ ᠲᠤᠬᠠᠢ ᠣᠯᠠᠨ ᠳᠤ  ᠳᠥᠭᠦᠮ ᠢᠶᠠᠷ ᠲᠠᠨᠢᠯᠴᠠᠭᠤᠯᠤᠭᠠᠳ ᠥᠭᠭᠦᠨ᠎ᠡ ᠦᠦ︖            ᠵᠠᠩ ᠴᠢ ᠵᠢᠶᠦ᠋ᠨ᠄            ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠳᠦᠷᠢᠮ ᠳᠤ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠵᠠᠬ᠎ᠠ  ᠳᠡᠯᠭᠡᠭᠦᠷ ᠲᠤ ᠵᠥᠪᠰᠢᠶᠡᠷᠡᠨ ᠣᠷᠣᠭᠤᠯᠬᠤ ︽ᠬᠤᠷᠢᠭ᠎ᠠ ᠱᠤᠭᠤᠮ︾ ᠨᠢ ᠲᠠᠰᠤᠷᠠᠯᠲᠠ ᠦᠭᠡᠢ ᠳᠣᠭᠤᠭᠰᠢᠯᠠᠵᠤ᠂  ᠡᠷᠬᠡ ᠲᠡᠭᠰᠢ ᠪᠠᠷ ᠥᠷᠢᠰᠦᠯᠳᠦᠬᠦ ᠣᠷᠴᠢᠨ ᠨᠥᠬᠦᠴᠡᠯ ᠪᠠ ᠡᠷᠡᠭᠦᠯ ᠢᠶᠠᠷ ᠬᠥᠭᠵᠢᠬᠦ ᠣᠷᠴᠢᠨ ᠨᠥᠬᠦᠴᠡᠯ ᠢ  ᠪᠠᠲᠤᠯᠠᠬᠤ ᠶᠢᠨ ᠲᠥᠯᠥᠭᠡ᠂ ᠬᠥᠯᠥᠨ ᠪᠤᠶᠢᠷ ᠬᠤᠲᠠ ᠠᠴᠠ ᠭᠤᠣᠯᠳᠠᠭᠤ ᠠᠵᠢᠯ ᠶᠠᠪᠤᠳᠠᠯ ᠤᠨ ᠳᠤᠮᠳᠠᠬᠢ ᠪᠠ ᠠᠵᠢᠯ  ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠠᠪᠴᠤ  ᠪᠠᠶᠢᠭᠠᠳ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ︽ᠠᠭᠤᠵᠢᠭᠤ ᠣᠷᠣᠭᠤᠯᠤᠨ ᠴᠢᠩᠭ᠎ᠠ ᠬᠠᠮᠢᠶᠠᠷᠬᠤ︾ ᠶᠢ  ᠪᠡᠶᠡᠯᠡᠭᠦᠯᠪᠡ᠃ ᠪᠣᠳᠠᠲᠠᠢ ᠪᠠᠷ ᠬᠡᠯᠡᠪᠡᠯ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠣᠨ ᠤ ᠮᠡᠳᠡᠭᠦᠯᠦᠯᠲᠡ ᠶᠢ  ᠵᠠᠷᠯᠠᠨ ᠨᠡᠶᠢᠲᠡᠯᠡᠬᠦ᠂ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠵᠠᠷᠯᠠᠨ  ᠨᠡᠶᠢᠲᠡᠯᠡᠬᠦ᠂ ︽ᠬᠤᠶᠠᠷ ᠢ ᠲᠠᠰᠢᠷᠠᠮ ᠢᠶᠠᠷ ᠭᠦᠢᠴᠡᠳᠬᠡᠬᠦ︾ ᠮᠠᠶ᠋ᠢᠭ ᠢᠶᠠᠷ ᠬᠠᠤᠯᠢ ᠬᠡᠷᠡᠭᠵᠢᠭᠦᠯᠦᠨ ᠰᠤᠭᠤᠴᠢᠨ  ᠪᠠᠶᠢᠴᠠᠭᠠᠬᠤ ᠵᠡᠷᠭᠡ ᠪᠣᠯᠣᠨ᠎ᠠ᠃                ᠬᠥᠲᠥᠯᠥᠭᠴᠢ᠄            ᠲᠠᠨ ᠤ ᠰᠠᠶ᠋ᠢ ᠶᠢᠨ ᠳᠤᠷᠠᠳᠤᠭᠰᠠᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠳᠤ᠂ ᠰᠦᠯᠵᠢᠶᠡᠨ ᠤ ᠠᠨᠳᠠ  ᠨᠠᠷ ᠲᠤ ᠬᠠᠮᠤᠭ ᠤᠨ ᠣᠯᠠᠨ ᠲᠣᠬᠢᠶᠠᠯᠳᠤᠬᠤ ᠨᠢ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠠᠵᠢᠯ  ᠪᠣᠯᠣᠨ᠎ᠠ᠃ ᠬᠥᠯᠥᠨ ᠪᠤᠶᠢᠷ ᠬᠤᠲᠠ ᠶᠢᠨ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢ ᠵᠠᠷᠯᠠᠨ ᠨᠡᠶᠢᠲᠡᠯᠡᠬᠦ  ᠠᠵᠢᠯ ᠤᠨ ᠠᠬᠢᠴᠠ ᠨᠢ ᠶᠠᠮᠠᠷ ᠪᠣᠢ︖            ᠵᠠᠩ ᠴᠢ ᠵᠢᠶᠦ᠋ᠨ᠄            ᠬᠥᠯᠥᠨ ᠪᠤᠶᠢᠷ ᠬᠤᠲᠠ ᠠᠴᠠ ᠠᠵᠤ ᠠᠬᠤᠶᠢᠯᠠᠯ ᠤᠨ ᠬᠤᠯᠪᠣᠭᠠᠴᠢᠨ ᠢ ᠪᠣᠯᠪᠠᠰᠤᠷᠠᠭᠤᠯᠬᠤ ᠠᠵᠢᠯ ᠢ ᠥᠷᠭᠡᠨ  ᠳᠡᠯᠭᠡᠷ ᠥᠷᠨᠢᠭᠦᠯᠵᠦ᠂ ︽4 + 4︾ ᠪᠣᠰᠤᠭ᠎ᠠ ᠴᠣᠭᠴᠠᠲᠤ ᠮᠠᠶ᠋ᠢᠭ ᠤᠨ ᠤᠬᠠᠭᠤᠯᠭ᠎ᠠ ᠶᠢᠨ  ᠪᠠᠶᠢᠷᠢᠯᠠᠭᠤᠯᠤᠯᠲᠠ ᠶᠢ ᠪᠠᠶᠢᠭᠤᠯᠪᠠ᠂ ᠲᠤᠬᠠᠶᠢᠯᠠᠪᠠᠯ ᠭᠤᠣᠯᠯᠠᠭᠴᠢ ᠵᠠᠭᠤᠴᠢᠯᠠᠭᠤᠷ᠂ ᠬᠦᠷ ᠬᠥᠭᠵᠢᠶᠡᠨᠲᠡᠢ  ᠭᠠᠵᠠᠷ ᠤᠨ LED ᠳᠡᠯᠭᠡᠴᠡ᠂ ᠭᠠᠷ ᠤᠲᠠᠰᠤᠨ ᠤ ᠣᠬᠤᠷ ᠮᠡᠳᠡᠭᠡ᠂ ᠸᠢᠴᠠᠲ ᠤᠨ ᠨᠡᠶᠢᠲᠡ ᠣᠯᠠᠨ ᠤ  ᠨᠣᠮᠧᠷ ᠢᠶᠠᠷ ᠤᠬᠠᠭᠤᠯᠬᠤ ᠮᠡᠳᠡᠭᠡ ᠵᠠᠩᠭᠢ ᠶᠢ ᠨᠡᠶᠢᠲᠡᠯᠡᠬᠦ ᠪᠠᠷ ᠭᠤᠣᠯ ᠪᠣᠯᠭᠠᠨ᠂ EMS ᠲᠦᠷᠭᠡᠨ  ᠢᠯᠡᠭᠡᠯᠲᠡ ᠶᠢᠨ ᠣᠨ ᠤ ᠮᠡᠳᠡᠭᠦᠯᠦᠯᠲᠡ ᠶᠢᠨ ᠰᠢᠮᠳᠠᠭᠤᠯᠤᠨ ᠠᠬᠢᠭᠤᠯᠬᠤ ᠬᠠᠭᠤᠳᠠᠰᠤ᠂ ᠪᠠᠩᠬᠢ᠂ ᠭᠠᠶᠢᠯᠢ ᠶᠢᠨ  ᠶᠠᠪᠤᠳᠠᠯ᠂ ᠨᠡᠶᠢᠭᠡᠮ ᠤᠨ ᠳᠠᠭᠠᠳᠬᠠᠯ ᠵᠡᠷᠭᠡ ᠰᠠᠯᠠᠭ᠎ᠠ ᠮᠥᠴᠢᠷ ᠤᠳ ᠬᠠᠮᠵᠢᠯᠴᠠᠵᠤ ᠰᠢᠮᠳᠠᠭᠤᠯᠤᠨ ᠠᠬᠢᠭᠤᠯᠬᠤ ᠪᠠᠷ  ᠬᠠᠪᠰᠤᠷᠤᠮᠵᠢ ᠪᠣᠯᠭᠠᠵᠤ᠂ ᠠᠵᠤ ᠠᠬᠤᠶᠢᠯᠠᠯ ᠢ ᠬᠠᠪᠰᠤᠷᠤᠨ ᠠᠯᠢ ᠲᠦᠷᠭᠡᠨ ᠢᠶᠠᠷ ᠱᠠᠭᠠᠷᠳᠠᠯᠭ᠎ᠠ ᠶᠢ  ᠣᠶᠢᠯᠠᠭᠠᠭᠤᠯᠤᠨ᠂ ᠮᠡᠷᠭᠡᠵᠢᠯ ᠴᠢᠳᠠᠪᠤᠷᠢ ᠶᠢ ᠡᠵᠡᠮᠰᠢᠭᠦᠯᠪᠡ᠃ ᠡᠭᠦᠨ ᠤ ᠬᠠᠮᠲᠤ᠂ ︽ᠦᠬᠦ᠋ᠢᠷᠡᠮᠡᠯ︾ ᠠᠵᠤ  ᠠᠬᠤᠶᠢᠯᠠᠯ ᠢ ᠢᠯᠭᠠᠷᠠᠭᠤᠯᠤᠨ ᠴᠡᠪᠡᠷᠯᠡᠵᠦ ᠬᠤᠷᠢᠶᠠᠨ ᠠᠪᠴᠤ ᠬᠦᠴᠦᠨ ᠦᠭᠡᠢ ᠪᠣᠯᠭᠠᠨ᠂ ︽ᠬᠤᠯᠪᠣᠭ᠎ᠠ  ᠲᠠᠰᠤᠷᠠᠭᠰᠠᠨ︾ ᠠᠵᠤ ᠠᠬᠤᠶᠢᠯᠠᠯ ᠤᠨ ᠠᠵᠢᠯ ᠢ ᠪᠠᠶᠢᠩᠭᠤᠵᠢᠭᠤᠯᠵᠤ᠂ ᠵᠥᠪᠬᠡᠨ 2017 ᠣᠨ ᠳᠤ ᠤᠷᠲᠤ  ᠬᠤᠭᠤᠴᠠᠭ᠎ᠠ ᠪᠠᠷ ᠡᠵᠡᠩᠨᠡᠯᠲᠡ ᠬᠢᠭᠰᠡᠨ ᠦᠭᠡᠢ 851 ᠠᠵᠤ ᠠᠬᠤᠶᠢᠯᠠᠯ ᠢ ᠬᠤᠷᠢᠶᠠᠨ ᠠᠪᠴᠤ ᠬᠦᠴᠦᠨ ᠦᠭᠡᠢ  ᠪᠣᠯᠭᠠᠵᠤ᠂ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠳ᠋ᠠᠶᠢᠲ᠋ᠠ ᠶᠢᠨ ᠨᠡᠶᠢᠭᠡᠮ ᠤᠨ ᠯᠠᠪᠯᠠᠯᠲᠠ ᠶᠢᠨ  ᠥᠷᠲᠡᠭ ᠢ ᠳᠡᠭᠡᠭᠰᠢᠯᠡᠭᠦᠯᠪᠡ᠃ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠵᠠᠷᠯᠠᠨ ᠨᠡᠶᠢᠲᠡᠯᠡᠬᠦ ᠳᠦᠷᠢᠮ ᠢ  ᠬᠡᠷᠡᠭᠵᠢᠭᠦᠯᠦᠭᠰᠡᠨ 4 ᠵᠢᠯ ᠤᠨ ᠲᠤᠷᠰᠢ᠂ ᠬᠥᠯᠥᠨ ᠪᠤᠶᠢᠷ ᠬᠤᠲᠠ ᠶᠢᠨ ᠠᠵᠤ ᠠᠬᠤᠶᠢᠯᠠᠯ ᠤᠨ ᠣᠨ ᠤ  ᠮᠡᠳᠡᠭᠦᠯᠦᠯᠲᠡ ᠶᠢᠨ ᠵᠠᠷᠯᠠᠨ ᠨᠡᠶᠢᠲᠡᠯᠡᠭᠰᠡᠨ ᠨᠣᠷᠮ᠎ᠠ ᠨᠢ 83.03% ᠠᠴᠠ ᠯᠠᠪᠳᠠᠭᠤᠨ ᠢᠶᠠᠷ ᠳᠡᠭᠡᠭᠰᠢᠯᠡᠨ 95. 8% ᠪᠣᠯᠵᠤ᠂ ᠥᠭᠡᠷᠡᠴᠢᠯᠡᠯᠲᠡ ᠬᠢᠬᠦ ᠠᠴᠠ ᠡᠮᠦᠨᠡᠬᠢ ᠣᠨ ᠤ ᠪᠠᠶᠢᠴᠠᠭᠠᠯᠲᠠ ᠶᠢᠨ ᠨᠣᠷᠮ᠎ᠠ ᠠᠴᠠ ᠥᠨᠳᠥᠷ  ᠪᠣᠯᠣᠭᠰᠠᠨ ᠢᠶᠠᠷ ᠪᠠᠷᠠᠬᠤ ᠦᠭᠡᠢ᠂ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠵᠤ᠂  ᠲᠡᠭᠦᠨ ᠤ ᠳᠣᠲᠣᠷ᠎ᠠ 2016 ᠣᠨ ᠪᠠ 2017 ᠣᠨ ᠤ ᠣᠨ ᠤ ᠮᠡᠳᠡᠭᠦᠯᠦᠯᠲᠡ ᠶᠢᠨ ᠨᠣᠷᠮ᠎ᠠ ᠨᠢ ᠲᠤᠰ ᠲᠤᠰ  ᠪᠦᠬᠦ ᠤᠯᠤᠰ ᠤᠨ ᠨᠢᠭᠡᠳᠦᠭᠡᠷ᠂ ᠬᠤᠶᠠᠳᠤᠭᠠᠷ ᠲᠤ ᠵᠢᠭᠰᠠᠭᠠᠭᠳᠠᠵᠠᠢ᠃ᠬᠥᠯᠥᠨ ᠪᠤᠶᠢᠷ ᠭᠡᠬᠦ ᠡᠨᠡ ᠬᠦ ᠠᠵᠤ  ᠠᠬᠤᠢ ᠨᠢ ᠬᠥᠭᠵᠢᠯᠲᠡ ᠪᠠᠷ ᠳᠤᠲᠠᠮᠠᠭ᠂ ᠠᠵᠤ ᠠᠬᠤᠶᠢᠯᠠᠯ ᠤᠨ ᠡᠵᠡᠩᠨᠡᠭᠴᠢᠳ ᠤᠨ ᠰᠦᠯᠵᠢᠶ᠎ᠡ ᠪᠠᠷ ᠠᠵᠢᠯᠯᠠᠬᠤ  ᠮᠡᠷᠭᠡᠵᠢᠯ ᠴᠢᠳᠠᠪᠤᠷᠢ ᠨᠢ ᠨᠡᠶᠢᠳᠡᠮ ᠳᠤ ᠪᠠᠨ ᠥᠨᠳᠥᠷ ᠪᠤᠰᠤ ᠭᠠᠵᠠᠷ ᠣᠷᠣᠨ ᠡᠶᠢᠮᠦᠷᠬᠦᠦ ᠦᠷ᠎ᠡ ᠪᠦᠲᠦᠮᠵᠢ  ᠣᠯᠣᠭᠰᠠᠨ ᠨᠢ᠂ ᠪᠦᠬᠦ ᠨᠡᠶᠢᠭᠡᠮ ᠤᠨ ᠬᠢᠨ ᠤ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠳᠠᠬᠢ  ᠳᠡᠮᠵᠢᠯᠭᠡ ᠶᠢ ᠭᠡᠷᠡᠴᠢᠯᠡᠵᠦ᠂ ᠪᠠᠰᠠ ᠪᠦᠬᠦ ᠬᠤᠲᠠ ᠶᠢᠨ ᠠᠵᠤ ᠠᠬᠤᠶᠢᠯᠠᠯ ᠤᠨ ᠨᠡᠯᠢᠶᠡᠳ ᠥᠨᠳᠥᠷ ᠦᠨᠡᠨᠴᠢ  ᠢᠲᠡᠭᠡᠮᠵᠢ ᠶᠢᠨ ᠦᠵᠡᠯ ᠤᠬᠠᠮᠰᠠᠷ ᠢ ᠢᠯᠡᠷᠡᠭᠦᠯᠵᠡᠢ᠃            ᠬᠥᠲᠥᠯᠥᠭᠴᠢ᠄            ᠡᠳᠡᠭᠡᠷ ᠳ᠋ᠠᠶᠢᠲ᠋ᠠ ᠪᠠᠷ ᠳᠠᠮᠵᠢᠭᠤᠯᠵᠤ᠂ ᠪᠢᠳᠡ ᠠᠵᠤ ᠠᠬᠤᠶᠢᠯᠠᠯ ᠤᠨ ᠮᠡᠳᠡᠭᠡ ᠵᠠᠩᠭᠢ ᠪᠠᠨ ᠵᠠᠷᠯᠠᠨ  ᠨᠡᠶᠢᠲᠡᠯᠡᠬᠦ ᠢᠳᠡᠪᠬᠢᠵᠢᠯ ᠨᠡᠯᠢᠶᠡᠳ ᠥᠨᠳᠥᠷ ᠪᠠᠶᠢᠭ᠎ᠠ ᠶᠢ ᠮᠡᠳᠡᠵᠦ ᠪᠣᠯᠣᠨ᠎ᠠ᠃ ᠪᠢᠳᠡᠨ ᠤ ᠮᠡᠳᠡᠭᠡᠵᠢ ᠪᠠᠷ᠂ 2014  ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠠᠷᠤᠮᠠᠯᠯᠠᠨ ᠲᠠᠷᠬᠠᠭᠠᠭᠰᠠᠨ ︽ᠠᠵᠤ ᠠᠬᠤᠶᠢᠯᠠᠯ ᠤᠨ  ᠮᠡᠳᠡᠭᠡ ᠵᠠᠩᠭᠢ ᠪᠠᠨ ᠵᠠᠷᠯᠠᠨ ᠨᠡᠶᠢᠲᠡᠯᠡᠬᠦ ᠶᠢᠨ ᠲᠦᠷ ᠬᠡᠷᠡᠭᠵᠢᠭᠦᠯᠬᠦ ᠳᠦᠷᠢᠮ︾ ᠳᠤ ᠠᠵᠤ ᠠᠬᠤᠶᠢᠯᠠᠯ ᠳᠤ ᠮᠡᠳᠡᠭᠡ  ᠵᠠᠩᠭᠢ ᠪᠠᠨ ᠵᠠᠷᠯᠠᠨ ᠨᠡᠶᠢᠲᠡᠯᠡᠬᠦ ᠱᠠᠭᠠᠷᠳᠠᠯᠭ᠎ᠠ ᠲᠠᠯᠪᠢᠭᠰᠠᠨ ᠢᠶᠠᠷ ᠪᠠᠷᠠᠬᠤ ᠦᠭᠡᠢ᠂ ᠵᠠᠰᠠᠭ ᠤᠨ ᠣᠷᠳᠣᠨ ᠤ ᠰᠠᠯᠠᠭ᠎ᠠ  ᠮᠥᠴᠢᠷ ᠲᠤ ᠮᠥᠨ ᠮᠡᠳᠡᠭᠡ ᠵᠠᠩᠭᠢ ᠪᠠᠨ ᠵᠠᠷᠯᠠᠨ ᠨᠡᠶᠢᠲᠡᠯᠡᠬᠦ ᠱᠠᠭᠠᠷᠳᠠᠯᠭ᠎ᠠ ᠲᠠᠯᠪᠢᠭᠰᠠᠨ ᠪᠠᠶᠢᠳᠠᠭ᠃ ᠡᠨᠡ  ᠲᠠᠯ᠎ᠠ ᠪᠠᠷ᠂ ᠬᠥᠯᠥᠨ ᠪᠤᠶᠢᠷ ᠬᠤᠲᠠ ᠶᠢᠨ ᠬᠢᠨ ᠶᠠᠭᠠᠬᠢᠵᠤ ᠬᠢᠭᠰᠡᠨ ᠪᠣᠢ︖            ᠵᠠᠩ ᠴᠢ ᠵᠢᠶᠦ᠋ᠨ᠄            ᠶᠠᠭ ᠲᠡᠶᠢᠮᠦ ᠪᠠᠶᠢᠨ᠎ᠠ᠂ ᠠᠵᠤ ᠠᠬᠤᠶᠢᠯᠠᠯ ᠠᠴᠠ ᠮᠡᠳᠡᠭᠡ ᠵᠠᠩᠭᠢ ᠪᠠᠨ ᠵᠠᠷᠯᠠᠨ ᠨᠡᠶᠢᠲᠡᠯᠡᠬᠦ ᠨᠢ ᠬᠤᠣᠰ  ᠴᠢᠭᠯᠡᠯ ᠤᠨ ᠪᠠᠶᠢᠵᠤ᠂ ᠠᠵᠤ ᠠᠬᠤᠶᠢᠯᠠᠯ ᠠᠴᠠ ᠥᠪᠡᠷ ᠤᠨ ᠦᠨᠳᠦᠰᠦᠨ ᠮᠡᠳᠡᠭᠡ ᠵᠠᠩᠭᠢ ᠪᠠᠨ ᠨᠡᠶᠢᠲᠡ ᠳᠤ ᠵᠠᠷᠯᠠᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ  ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠪᠠᠨ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠠᠴᠢᠶᠠᠯᠠᠭᠴᠢ ᠶᠢ  ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠪᠣᠯᠭᠠᠨ  ᠨᠢᠭᠡᠳᠬᠡᠬᠦ ᠬᠡᠷᠡᠭᠲᠡᠢ᠃ ᠡᠨᠡ ᠬᠦ ᠤᠷᠢᠳ ᠡᠮᠦᠨ᠎ᠡ ᠭᠠᠷᠤᠭ᠎ᠠ ᠦᠭᠡᠢ ᠮᠤᠨᠳᠠᠭ ᠲᠣᠮᠣ ᠢᠨᠵᠧᠨᠧᠷᠢᠩ ᠢ  ᠠᠬᠢᠭᠤᠯᠬᠤ ᠶᠢᠨ ᠲᠥᠯᠥᠭᠡ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠠᠴᠠ ᠠᠵᠤ ᠠᠬᠤᠶᠢᠯᠠᠯ ᠳᠤ  ᠬᠤᠯᠪᠣᠭᠳᠠᠭᠰᠠᠨ ᠮᠡᠳᠡᠭᠡ ᠵᠠᠩᠭᠢ ᠶᠢ ᠨᠢᠭᠡᠳᠬᠡᠨ ᠨᠡᠶᠢᠯᠡᠭᠦᠯᠵᠦ ᠨᠡᠶᠢᠲᠡ ᠳᠤ ᠵᠠᠷᠯᠠᠬᠤ ᠤᠳᠤᠷᠢᠳᠬᠤ ᠳᠤᠭᠤᠶᠢᠯᠠᠩ ᠢ  ᠪᠠᠶᠢᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠮᠡᠳᠡᠭᠡ ᠵᠠᠩᠭᠢ ᠶᠢᠨ ᠵᠠᠰᠠᠭ ᠤᠨ ᠣᠷᠳᠣᠨ ᠠᠴᠠ  ᠰᠢᠮᠳᠠᠭᠤᠯᠤᠨ ᠪᠠᠶᠢᠴᠠᠭᠠᠵᠤ ᠮᠡᠳᠡᠭᠡᠯᠡᠨ ᠨᠡᠪᠲᠡᠷᠡᠭᠦᠯᠬᠦ ᠪᠠ ᠵᠠᠰᠠᠨ ᠵᠠᠯᠠᠷᠠᠭᠤᠯᠬᠤ ᠪᠠᠷ ᠱᠠᠭᠠᠷᠳᠠᠬᠤ ᠲᠣᠭᠲᠠᠴᠠ ᠶᠢ  ᠡᠬᠢᠯᠡᠨ ᠠᠵᠢᠯᠯᠠᠭᠤᠯᠵᠤ᠂ ᠪᠦᠬᠦ ᠬᠤᠲᠠ ᠶᠢᠨ ᠡᠯ᠎ᠡ ᠱᠠᠲᠤᠨ ᠤ ᠵᠠᠰᠠᠭ ᠤᠨ ᠣᠷᠳᠣᠨ ᠤ 410 ᠰᠠᠯᠠᠭ᠎ᠠ ᠮᠥᠴᠢᠷ ᠢ  ᠵᠣᠬᠢᠶᠠᠨ ᠪᠠᠶᠢᠭᠤᠯᠵᠤ ︽ᠬᠡᠨ ᠦᠢᠯᠡᠳᠪᠦᠷᠢᠯᠡᠪᠡᠯ᠂ ᠬᠡᠨ ᠨᠡᠶᠢᠲᠡ ᠳᠤ ᠵᠠᠷᠯᠠᠵᠤ᠂ ᠬᠡᠨ ᠬᠠᠷᠢᠭᠤᠴᠠᠬᠤ︾ ᠵᠠᠷᠴᠢᠮ  ᠶᠣᠰᠣᠭᠠᠷ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢ ᠨᠡᠶᠢᠲᠡ ᠳᠤ ᠵᠠᠷᠯᠠᠪᠠ᠃ 2017 ᠣᠨ ᠤ  ᠡᠴᠦᠰ ᠪᠣᠯᠬᠤ ᠳᠤ᠂ ᠪᠦᠬᠦ ᠬᠤᠲᠠ ᠶᠢᠨ ᠵᠠᠰᠠᠭ ᠤᠨ ᠣᠷᠳᠣᠨ ᠤ 390 ᠰᠠᠯᠠᠭ᠎ᠠ ᠮᠥᠴᠢᠷ ᠨᠢ ᠤᠯᠤᠰ ᠤᠨ ᠠᠵᠤ  ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠳᠠᠬᠢ ᠰᠠᠯᠠᠭ᠎ᠠ  ᠮᠥᠴᠢᠷ ᠤᠳ ᠤᠨ ᠬᠤᠭᠤᠷᠣᠨᠳᠤ ᠪᠠᠨ ᠬᠠᠮᠵᠢᠯᠴᠠᠵᠤ ᠬᠢᠨᠠᠨ ᠬᠠᠮᠢᠶᠠᠷᠬᠤ ᠲᠠᠪᠴᠠᠩ ᠳᠤ ᠵᠠᠯᠭᠠᠭᠤᠯᠤᠨ ᠣᠷᠣᠵᠤ᠂  ᠨᠡᠪᠲᠡᠷᠡᠭᠦᠯᠦᠭᠰᠡᠨ ᠨᠣᠷᠮ᠎ᠠ ᠨᠢ 95.1% ᠳᠤ ᠬᠦᠷᠴᠦ᠂ ᠲᠡᠭᠦᠨ ᠤ ᠳᠣᠲᠣᠷ᠎ᠠ ᠬᠤᠲᠠ ᠶᠢᠨ ᠱᠠᠲᠤᠨ ᠤ  ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠤᠨ ᠨᠡᠪᠲᠡᠷᠡᠭᠦᠯᠦᠭᠰᠡᠨ ᠨᠣᠷᠮ᠎ᠠ ᠨᠢ 100% ᠳᠤ ᠬᠦᠷᠪᠡ︔  ᠵᠠᠰᠠᠭ ᠤᠨ ᠣᠷᠳᠣᠨ ᠤ 214 ᠰᠠᠯᠠᠭ᠎ᠠ ᠮᠥᠴᠢᠷ ᠠᠴᠠ ᠠᠵᠤ ᠠᠬᠤᠶᠢᠯᠠᠯ ᠳᠤ ᠬᠤᠯᠪᠣᠭᠳᠠᠭᠰᠠᠨ ᠮᠡᠳᠡᠭᠡ ᠵᠠᠩᠭᠢ ᠶᠢ  ᠨᠡᠶᠢᠲᠡ ᠳᠤ ᠵᠠᠷᠯᠠᠭᠰᠠᠨ ᠨᠢ 5.99 ᠲᠦᠮᠡᠨ ᠵᠤᠷᠪᠤᠰ ᠲᠤ ᠬᠦᠷᠴᠦ᠂ ︽ᠪᠦᠬᠦᠨ ᠢ ᠪᠢᠴᠢᠵᠦ ᠣᠷᠣᠭᠤᠯᠤᠭᠰᠠᠨ‌‍ᠪᠠ  ᠣᠨᠣᠪᠴᠢ ᠶᠢᠨ ᠨᠣᠷᠮ᠎ᠠ ᠨᠢ 100% ᠳᠤ ᠬᠦᠷᠬᠦ ᠬᠠᠷᠠᠯᠲᠠ ᠶᠢ ᠪᠡᠶᠡᠯᠡᠭᠦᠯᠪᠡ᠃ ᠤᠯᠤᠰ ᠤᠨ ᠠᠵᠤ  ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠨᠢ ᠪᠦᠬᠦ ᠬᠤᠲᠠ ᠶᠢᠨ  ᠮᠡᠳᠡᠭᠡ ᠵᠠᠩᠭᠢ ᠬᠠᠳᠠᠭᠠᠯᠠᠭᠰᠠᠨ ᠢᠶᠠᠷ ᠬᠠᠮᠤᠭ ᠤᠨ ᠣᠯᠠᠨ᠂ ᠰᠦᠯᠵᠢᠶ᠎ᠡ ᠳᠤ ᠨᠡᠪᠲᠡᠷᠡᠨ ᠬᠠᠶᠢᠵᠤ ᠯᠠᠪᠯᠠᠭᠰᠠᠨ  ᠬᠡᠮᠵᠢᠶ᠎ᠡ ᠨᠢ ᠬᠠᠮᠤᠭ ᠤᠨ ᠶᠡᠭᠡ᠂ ᠨᠡᠶᠢᠭᠡᠮ ᠤᠨ ᠬᠡᠷᠡᠭᠯᠡᠭᠡᠨ ᠤ ᠨᠣᠷᠮ᠎ᠠ ᠨᠢ ᠬᠠᠮᠤᠭ ᠤᠨ ᠥᠨᠳᠥᠷ ᠰᠦᠯᠵᠢᠶᠡᠨ ᠤ  ᠲᠠᠪᠴᠠᠩ ᠪᠣᠯᠵᠠᠢ᠃            ᠬᠥᠲᠥᠯᠥᠭᠴᠢ᠄            ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ  ᠰᠦᠯᠵᠢᠶ᠎ᠡ ᠪᠠᠷ ᠨᠡᠶᠢᠲᠡ ᠳᠤ ᠵᠠᠷᠯᠠᠬᠤ ᠪᠠᠷ ᠳᠠᠮᠵᠢᠭᠤᠯᠤᠨ᠂ ᠨᠡᠶᠢᠭᠡᠮ ᠤᠨ ᠬᠢᠨ ᠤ ᠬᠠᠶᠢᠨ ᠯᠠᠪᠯᠠᠬᠤ ᠳᠤ ᠳᠥᠭᠦᠮ  ᠪᠣᠯᠭᠠᠭᠰᠠᠨ ᠢᠶᠠᠷ ᠪᠠᠷᠠᠬᠤ ᠦᠭᠡᠢ᠂ ᠬᠠᠤᠯᠢ ᠬᠡᠷᠡᠭᠵᠢᠭᠦᠯᠦᠯᠲᠡ ᠶᠢᠨ ᠲᠥᠪ ᠭᠤᠣᠯᠴᠢ ᠪᠠᠶᠢᠬᠤ ᠶᠢ ᠪᠠᠲᠤᠯᠠᠬᠤ ᠳᠤ  ᠠᠰᠢᠭᠲᠠᠢ ᠪᠣᠯᠭᠠᠵᠠᠢ᠃ ᠬᠥᠯᠥᠨ ᠪᠤᠶᠢᠷ ᠬᠤᠲᠠ ᠠᠴᠠ ᠡᠨᠡ ᠲᠠᠯ᠎ᠠ ᠪᠠᠷ ᠪᠠᠰᠠ ᠲᠥᠪ ᠭᠤᠣᠯᠴᠢ ᠪᠠᠷ ᠬᠠᠤᠯᠢ  ᠬᠡᠷᠡᠭᠵᠢᠭᠦᠯᠬᠦ ᠶᠢ ᠪᠠᠲᠤᠯᠠᠬᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖            ᠵᠠᠩ ᠴᠢ ᠵᠢᠶᠦ᠋ᠨ᠄            ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ  ᠪᠦᠬᠦ ᠬᠤᠲᠠ ᠳᠤ ︽ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ ᠬᠠᠮᠵᠢᠯᠴᠠᠵᠤ ᠬᠢᠨᠠᠨ ᠬᠠᠮᠢᠶᠠᠷᠬᠤ ᠲᠠᠪᠴᠠᠩ  — ᠥᠪᠥᠷ ᠮᠣᠩᠭᠤᠯ︾ ᠲᠠᠪᠴᠠᠩ ᠢ ᠤᠷᠢᠳ ᠢᠶᠠᠷ ᠬᠡᠷᠡᠭᠯᠡᠨ ︽ᠬᠤᠶᠠᠷ ᠢ ᠲᠠᠰᠢᠷᠠᠮ ᠢᠶᠠᠷ ᠭᠦᠢᠴᠡᠳᠬᠡᠬᠦ︾  ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ᠃ ︽ᠬᠤᠶᠠᠷ ᠢ ᠲᠠᠰᠢᠷᠠᠮ ᠢᠶᠠᠷ ᠭᠦᠢᠴᠡᠳᠬᠡᠬᠦ︾ ᠮᠠᠶ᠋ᠢᠭ ᠢᠶᠠᠷ  ᠰᠤᠭᠤᠴᠢᠨ ᠪᠠᠶᠢᠴᠠᠭᠠᠪᠠ᠂ ᠳᠠᠷᠤᠢ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠬᠥᠮᠥᠷᠭᠡ ᠳᠣᠲᠣᠷ᠎ᠠ ᠠᠴᠠ  ᠪᠠᠶᠢᠴᠠᠭᠠᠬᠤ ᠡᠲᠡᠭᠡᠳ ᠢᠶᠠᠨ ᠲᠠᠰᠢᠷᠠᠮ ᠳᠠᠭᠠᠤ ᠰᠤᠭᠤᠴᠢᠵᠤ ᠠᠪᠤᠨ᠂ ᠬᠠᠤᠯᠢ ᠬᠡᠷᠡᠭᠵᠢᠭᠦᠯᠬᠦ ᠠᠵᠢᠯᠲᠠᠳ ᠤᠨ  ᠬᠥᠮᠥᠷᠭᠡ ᠳᠣᠲᠣᠷ᠎ᠠ ᠠᠴᠠ ᠪᠠᠶᠢᠴᠠᠭᠠᠬᠤ ᠠᠵᠢᠯᠲᠠᠳ ᠢ ᠲᠠᠰᠢᠷᠠᠮ ᠳᠠᠭᠠᠤ ᠰᠤᠭᠤᠴᠢᠨ ᠠᠪᠴᠤ᠂ ᠬᠤᠶᠠᠭᠤᠯᠠ ᠶᠢ  ᠲᠠᠰᠢᠷᠠᠮ ᠳᠠᠭᠠᠤ ᠲᠣᠬᠢᠷᠠᠯᠴᠠᠭᠤᠯᠤᠭᠰᠠᠨ ᠨᠢ᠂ ︽ᠨᠠᠶᠢᠷ ᠲᠠᠯ᠎ᠠ︾ ᠬᠠᠷᠠᠵᠤ ᠬᠠᠤᠯᠢ ᠬᠡᠷᠡᠭᠵᠢᠭᠦᠯᠬᠦ ᠪᠠ ︽ᠳᠤᠷ᠎ᠠ  ᠵᠣᠷᠢᠭ︾ ᠢᠶᠠᠷ ᠢᠶᠠᠨ ᠬᠠᠤᠯᠢ ᠬᠡᠷᠡᠭᠵᠢᠭᠦᠯᠬᠦ ᠠᠰᠠᠭᠤᠳᠠᠯ ᠠᠴᠠ ᠵᠠᠶᠢᠯᠠᠰᠬᠢᠵᠠᠢ᠃ 2017 ᠣᠨ ᠳᠤ᠂ ᠪᠦᠬᠦ  ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠠᠴᠠ 56 ᠤᠳᠠᠭ᠎ᠠ ︽ᠬᠤᠶᠠᠷ ᠢ  ᠲᠠᠰᠢᠷᠠᠮ ᠢᠶᠠᠷ ᠭᠦᠢᠴᠡᠳᠬᠡᠬᠦ︾ ᠮᠠᠶ᠋ᠢᠭ ᠤᠨ ᠰᠤᠭᠤᠴᠢᠨ ᠪᠠᠶᠢᠴᠠᠭᠠᠯᠲᠠ ᠶᠢ ᠥᠷᠨᠢᠭᠦᠯᠦᠨ᠂ ᠬᠠᠤᠯᠢ ᠬᠡᠷᠡᠭᠵᠢᠭᠦᠯᠬᠦ  ᠠᠵᠢᠯᠲᠠᠳ ᠢᠶᠠᠨ 540 ᠬᠥᠮᠥᠨ ᠤᠳᠠᠭ᠎ᠠ ᠳᠠᠶᠢᠴᠢᠯᠠᠵᠤ᠂ 4382 ᠡᠷᠦᠬᠡ ᠵᠠᠬ᠎ᠠ ᠳᠡᠯᠭᠡᠭᠦᠷ ᠤᠨ ᠭᠤᠣᠯ  ᠴᠣᠭᠴᠠ ᠶᠢ ᠪᠠᠶᠢᠴᠠᠭᠠᠨ᠂ ︽ᠬᠤᠶᠠᠷ ᠢ ᠲᠠᠰᠢᠷᠠᠮ ᠢᠶᠠᠷ ᠭᠦᠢᠴᠡᠳᠬᠡᠬᠦ︾ ᠮᠠᠶ᠋ᠢᠭ ᠢᠶᠠᠷ ᠰᠤᠭᠤᠴᠢᠨ ᠪᠠᠶᠢᠴᠠᠭᠠᠭᠰᠠᠨ  ᠮᠡᠳᠡᠭᠡ ᠵᠠᠩᠭᠢ ᠶᠢ ᠨᠡᠶᠢᠲᠡ ᠳᠤ ᠵᠠᠷᠯᠠᠭᠰᠠᠨ ᠨᠣᠷᠮ᠎ᠠ ᠨᠢ 100% ᠳᠤ ᠬᠦᠷᠴᠦ᠂ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠬᠤ ᠠᠴᠠ ᠦᠷ᠎ᠡ ᠳ᠋ᠦᠩ ᠳᠤ ᠬᠦᠷᠲᠡᠯ᠎ᠡ ᠪᠦᠬᠦᠨ ᠢ ᠰᠦᠯᠵᠢᠶ᠎ᠡ ᠪᠠᠷ  ᠳᠠᠮᠵᠢᠭᠤᠯᠤᠨ ᠢᠯᠡ ᠪᠠᠷ ᠠᠵᠢᠯᠯᠠᠭᠤᠯᠵᠤ᠂ ᠬᠠᠤᠯᠢ ᠬᠡᠷᠡᠭᠵᠢᠭᠦᠯᠬᠦ ᠳᠤ ᠲᠥᠪ ᠭᠤᠣᠯᠴᠢ ᠪᠠᠶᠢᠬᠤ ᠶᠢ ᠪᠦᠲᠦᠮᠵᠢᠲᠡᠢ  ᠪᠠᠲᠤᠯᠠᠵᠠᠢ᠃            ᠬᠥᠲᠥᠯᠥᠭᠴᠢ᠄            ᠡᠶᠢᠮᠦᠷᠬᠦᠦ ᠪᠦᠲᠦᠮᠵᠢᠲᠡᠢ ᠠᠵᠢᠯ ᠤᠨ ᠠᠷᠭ᠎ᠠ ᠬᠡᠯᠪᠡᠷᠢ ᠶᠢ ᠪᠤᠰᠤᠳ ᠬᠢᠨᠠᠯᠲᠠ ᠬᠠᠮᠢᠶᠠᠷᠤᠯᠲᠠ ᠶᠢᠨ ᠰᠠᠯᠠᠭ᠎ᠠ  ᠮᠥᠴᠢᠷ ᠲᠤ ᠳᠡᠯᠭᠡᠷᠡᠭᠦᠯᠵᠦ ᠪᠣᠯᠣᠨ᠎ᠠ ᠦᠦ︖            ᠵᠠᠩ ᠴᠢ ᠵᠢᠶᠦ᠋ᠨ᠄            ︽ᠬᠤᠶᠠᠷ ᠢ ᠲᠠᠰᠢᠷᠠᠮ ᠢᠶᠠᠷ ᠭᠦᠢᠴᠡᠳᠬᠡᠬᠦ︾ ᠮᠠᠶ᠋ᠢᠭ ᠢᠶᠠᠷ ᠰᠤᠭᠤᠴᠢᠨ ᠪᠠᠶᠢᠴᠠᠭᠠᠬᠤ ᠠᠵᠢᠯ ᠢ ᠨᠢᠭᠡᠨᠲᠡ  ᠬᠥᠯᠥᠨ ᠪᠤᠶᠢᠷ ᠬᠤᠲᠠ ᠳᠤ ᠪᠦᠬᠦ ᠲᠠᠯ᠎ᠠ ᠪᠠᠷ ᠳᠡᠯᠭᠡᠷᠡᠭᠦᠯᠪᠡ᠃ ᠬᠤᠲᠠ ᠶᠢᠨ ᠵᠠᠰᠠᠭ ᠤᠨ ᠣᠷᠳᠣᠨ ᠤ ᠨᠢᠭᠡᠳᠦᠯᠲᠡᠢ  ᠤᠳᠤᠷᠢᠳᠤᠯᠭ᠎ᠠ ᠪᠠ ᠵᠣᠬᠢᠴᠠᠭᠤᠯᠭ᠎ᠠ ᠳᠣᠣᠷ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ  ᠮᠥᠴᠢᠷ ᠠᠴᠠ ᠰᠦᠯᠵᠢᠶᠡᠨ ᠤ ᠮᠡᠷᠭᠡᠵᠢᠯ ᠤᠨ ᠬᠦᠴᠢᠷ ᠠᠰᠠᠭᠤᠳᠠᠯ ᠢ ᠴᠢᠷᠮᠠᠶᠢᠨ ᠰᠢᠪᠲᠤᠯᠵᠤ ᠰᠢᠢᠳᠪᠦᠷᠢᠯᠡᠨ᠂  ᠪᠦᠬᠦ ᠣᠷᠣᠨ ᠳᠤ ᠤᠷᠢᠳ ᠢᠶᠠᠷ ᠰᠠᠯᠠᠭ᠎ᠠ ᠮᠥᠴᠢᠷ ᠠᠯᠤᠰᠯᠠᠭᠰᠠᠨ ︽ᠬᠤᠶᠠᠷ ᠢ ᠲᠠᠰᠢᠷᠠᠮ ᠢᠶᠠᠷ ᠭᠦᠢᠴᠡᠳᠬᠡᠬᠦ︾  ᠮᠠᠶ᠋ᠢᠭ ᠤᠨ ᠬᠤᠯᠪᠣᠭᠠᠯᠠᠭᠰᠠᠨ ᠰᠤᠭᠤᠴᠢᠨ ᠪᠠᠶᠢᠴᠠᠭᠠᠯᠲᠠ ᠶᠢ ᠥᠷᠨᠢᠭᠦᠯᠪᠡ᠃ 2017 ᠣᠨ ᠳᠤ᠂ ᠵᠠᠬ᠎ᠠ  ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢᠨ ᠰᠠᠯᠠᠭ᠎ᠠ ᠮᠥᠴᠢᠷ ᠠᠴᠠ ᠤᠷᠢᠳ ᠬᠤᠵᠢᠳ ᠢᠳᠡᠭᠡᠨ ᠪᠠ ᠡᠮ ᠤᠨ  ᠵᠦᠢᠯ᠂ ᠠᠮᠤ ᠪᠤᠳᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤ ᠪᠠᠷ 13 ᠤᠳᠠᠭᠠᠨ ᠤ ᠬᠤᠯᠪᠣᠭᠠᠯᠠᠭᠰᠠᠨ ᠰᠤᠭᠤᠴᠢᠨ  ᠪᠠᠶᠢᠴᠠᠭᠠᠯᠲᠠ ᠶᠢ ᠥᠷᠨᠢᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠳ ᠢᠶᠠᠨ 68 ᠬᠥᠮᠥᠨ ᠤᠳᠠᠭ᠎ᠠ ᠳᠠᠶᠢᠴᠢᠯᠠᠵᠤ᠂  151 ᠡᠷᠦᠬᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠶᠢᠴᠠᠭᠠᠵᠤ᠂ ᠨᠢᠭᠡ ᠵᠠᠬ᠎ᠠ ᠳᠡᠯᠭᠡᠭᠦᠷ ᠤᠨ ᠭᠤᠣᠯ  ᠴᠣᠭᠴᠠ ᠶᠢᠨ ᠣᠯᠠᠨ ᠲᠠᠯ᠎ᠠ ᠪᠠᠷ ᠪᠠᠶᠢᠴᠠᠭᠠᠬᠤ ᠵᠦᠢᠯᠡᠰ ᠲᠤ ︽ᠨᠢᠭᠡ ᠤᠳᠠᠭ᠎ᠠ ᠰᠤᠭᠤᠴᠢᠨ ᠪᠠᠶᠢᠴᠠᠭᠠᠬᠤ᠂ ᠪᠦᠬᠦ  ᠲᠠᠯ᠎ᠠ ᠪᠠᠷ ᠪᠡᠶ᠎ᠡ ᠶᠢᠨ ᠪᠠᠶᠢᠴᠠᠭᠠᠯᠲᠠ ᠬᠢᠬᠦ᠂ ᠶᠡᠷᠦᠩᠬᠡᠶᠢᠯᠡᠵᠦ ᠬᠠᠮᠲᠤᠷᠠᠨ ᠣᠨᠣᠰᠢᠯᠠᠬᠤ᠂ ᠣᠨᠣᠴᠢᠲᠠᠢ ᠪᠠᠷ  ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ︾ ᠶᠢ ᠪᠡᠶᠡᠯᠡᠭᠦᠯᠦᠨ᠂ ᠵᠠᠰᠠᠭ ᠵᠠᠬᠢᠷᠭᠠᠨ ᠤ ᠪᠠᠶᠢᠴᠠᠭᠠᠯᠲᠠ ᠶᠢᠨ  ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠠᠬᠢ ᠨᠥᠯᠥᠭᠡ ᠰᠠᠭᠠᠳ ᠢ ᠪᠠᠭᠠᠰᠬᠠᠭᠰᠠᠨ ᠢᠶᠠᠷ ᠪᠠᠷᠠᠬᠤ ᠦᠭᠡᠢ᠂  ︽ᠨᠢᠭᠡ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠨᠢᠭᠡ ᠠᠵᠢᠯ ᠲᠥᠷᠥᠯ ᠢ ᠵᠢᠷᠤᠮᠵᠢᠭᠤᠯᠬᠤ︾ ᠬᠠᠷᠠᠯᠲᠠ ᠳᠤ ᠪᠠᠨ  ᠬᠦᠷᠴᠡᠢ᠃            ᠬᠥᠲᠥᠯᠥᠭᠴᠢ᠄            ᠡᠶᠢᠮᠦᠷᠬᠦᠦ ᠪᠠᠶᠢᠴᠠᠭᠠᠯᠲᠠ ᠶᠢᠨ ᠠᠷᠭ᠎ᠠ ᠬᠡᠯᠪᠡᠷᠢ ᠨᠢ ᠠᠷᠠᠳ ᠲᠦᠮᠡᠨ ᠤ ᠲᠤᠰᠬᠠᠯ ᠴᠢᠩᠭ᠎ᠠ ᠪᠠᠶᠢᠭ᠎ᠠ ᠣᠯᠠᠨ  ᠲᠠᠯ᠎ᠠ ᠳᠤ ᠬᠠᠤᠯᠢ ᠬᠡᠷᠡᠭᠵᠢᠭᠦᠯᠬᠦ᠂ ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ ᠠᠰᠠᠭᠤᠳᠠᠯ ᠢ ᠰᠢᠢᠳᠪᠦᠷᠢᠯᠡᠭᠰᠡᠨ ᠢᠶᠠᠷ  ᠪᠠᠷᠠᠬᠤ ᠦᠭᠡᠢ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠤᠨ ᠶᠡᠷᠦᠩᠬᠡᠶᠢᠯᠡᠨ ᠵᠠᠰᠠᠯᠲᠠ ᠬᠢᠬᠦ ᠴᠢᠳᠠᠪᠤᠷᠢ ᠶᠢ  ᠳᠡᠭᠡᠭᠰᠢᠯᠡᠭᠦᠯᠦᠭᠰᠡᠨ᠂ ᠦᠨᠡᠨ ᠬᠦ ᠨᠢᠭᠡᠨ ᠣᠯᠠᠨ ᠲᠠᠯ᠎ᠠ ᠶᠢᠨ ᠠᠰᠢᠭ ᠲᠤᠰᠠ ᠲᠠᠢ ᠠᠷᠭ᠎ᠠ ᠬᠡᠯᠪᠡᠷᠢ ᠮᠥᠨ᠃            ᠵᠠᠩ ᠴᠢ ᠵᠢᠶᠦ᠋ᠨ᠄            ᠲᠡᠶᠢᠮᠦ ᠪᠠᠶᠢᠨ᠎ᠠ᠃ ᠡᠶᠢᠮᠦᠷᠬᠦᠦ ᠦᠢᠯᠡᠳᠦᠯᠭᠡ ᠶᠢᠨ ᠰᠦᠪᠡᠭᠴᠢᠯᠡᠯᠲᠡ ᠪᠠᠰᠠ ᠮᠠᠰᠢ ᠣᠯᠠᠨ ᠪᠣᠢ᠃  ᠵᠢᠱᠢᠶᠡᠯᠡᠪᠡᠯ᠂ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ  ᠮᠥᠴᠢᠷ ᠠᠴᠠ 2015 ᠣᠨ ᠳᠤ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠣᠭᠲᠠᠴᠠ ᠶᠢᠨ ᠭᠤᠣᠯ ᠪᠣᠯᠬᠤ ᠭᠤᠷᠪᠠᠨ  ᠲᠥᠰᠥᠪ ᠢ ᠰᠦᠪᠡᠭᠴᠢᠯᠡᠨ ᠪᠠᠶᠢᠭᠤᠯᠵᠠᠢ᠃ ᠨᠢᠭᠡ ᠳᠤ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢ  ᠪᠠᠶᠢᠭᠤᠯᠤᠨ᠂ ᠣᠷᠣᠨ ᠬᠡᠪᠴᠢᠶ᠎ᠡ ᠠᠯᠤᠰᠯᠠᠭᠰᠠᠨ᠂ ᠱᠠᠲᠤ ᠳᠡᠰ ᠠᠯᠤᠰᠯᠠᠭᠰᠠᠨ᠂ ᠴᠢᠬᠤᠯᠠ ᠶᠡᠭᠡ ᠬᠦᠴᠢᠷ ᠮᠠᠳᠠᠭ   ᠲᠠᠢ ᠬᠡᠷᠡᠭ ᠤᠨ ᠵᠣᠬᠢᠶᠠᠨ ᠪᠠᠶᠢᠭᠤᠯᠬᠤ ᠪᠠ ᠵᠣᠬᠢᠴᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠭᠤᠯᠪᠠ︔  ᠬᠤᠶᠠᠷ ᠲᠤ᠂ ᠪᠦᠬᠦ ᠬᠤᠲᠠ ᠶᠢᠨ ᠬᠠᠤᠯᠢ ᠬᠡᠷᠡᠭᠵᠢᠭᠦᠯᠦᠨ ᠬᠡᠷᠡᠭ ᠢ ᠰᠢᠢᠳᠪᠦᠷᠢᠯᠡᠬᠦ 197 ᠬᠥᠮᠥᠨ ᠤ  ᠴᠢᠳᠠᠪᠤᠷᠢᠲᠠᠨ ᠤ ᠬᠥᠮᠥᠷᠭᠡ ᠶᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠬᠤᠪᠢᠶᠠᠷᠢᠯᠠᠯ᠂ ᠡᠭᠦᠷᠭᠡ ᠲᠤᠰᠢᠶᠠᠯ ᠤᠨ  ᠳᠡᠰ ᠢᠯᠭᠠᠯ ᠪᠠ ᠣᠷᠣᠨ ᠬᠡᠪᠴᠢᠶᠡᠨ ᠤ ᠬᠢᠵᠠᠭᠠᠷᠯᠠᠯ ᠢ ᠡᠪᠳᠡᠵᠦ᠂ ᠨᠢᠭᠡᠳᠦᠯᠲᠡᠢ ᠪᠠᠷ ᠲᠣᠬᠢᠷᠠᠭᠤᠯᠤᠨ  ᠵᠣᠬᠢᠴᠠᠭᠤᠯᠬᠤ ᠪᠠ ᠲᠥᠪᠯᠡᠷᠡᠭᠦᠯᠦᠨ ᠬᠤᠯᠪᠣᠭᠠᠯᠠᠵᠤ ᠬᠠᠤᠯᠢ ᠬᠡᠷᠡᠭᠵᠢᠭᠦᠯᠪᠡ︔ ᠭᠤᠷᠪᠠ ᠳᠤ᠂ ᠬᠠᠤᠯᠢ  ᠬᠡᠷᠡᠭᠵᠢᠭᠦᠯᠬᠦ 100 ᠭᠠᠷᠤᠢ ᠵᠦᠢᠯ ᠤᠨ ᠪᠢᠴᠢᠭ ᠢ ᠨᠢᠭᠡᠳᠬᠡᠵᠦ᠂ ᠵᠠᠬ᠎ᠠ ᠳᠡᠯᠭᠡᠭᠦᠷ ᠤᠨ ᠬᠢᠨᠠᠯᠲᠠ  ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠶᠢᠨ ᠡᠷᠬᠡ ᠰᠦᠷᠲᠦ ᠴᠢᠨᠠᠷ ᠪᠠ ᠲᠥᠪ ᠴᠢᠩᠭ᠎ᠠ ᠴᠢᠨᠠᠷ ᠢ  ᠬᠠᠮᠠᠭᠠᠯᠠᠪᠠ᠃ ᠭᠤᠷᠪᠠᠨ ᠵᠢᠯ ᠤᠨ ᠲᠤᠷᠰᠢ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠣᠭᠲᠠᠴᠠ ᠨᠢ ᠪᠦᠬᠦ  ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠲᠠᠯᠪᠢᠵᠤ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ  ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠡᠮᠦᠨᠡᠬᠡᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ  ᠭᠤᠷᠪᠠᠳᠤᠭᠠᠷ ᠪᠦᠭᠦᠳᠡ ᠬᠤᠷᠠᠯ ᠠᠴᠠ ︽ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ  ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ᠢ  ᠬᠢᠨᠠᠨ ᠵᠥᠪᠯᠡᠵᠦ ᠪᠠᠲᠤᠯᠠᠭᠠᠳ᠂ ︽ᠵᠠᠬ᠎ᠠ ᠳᠡᠯᠭᠡᠭᠦᠷ ᠢ ᠬᠢᠨᠠᠵᠤ ᠬᠠᠮᠢᠶᠠᠷᠬᠤ ᠪᠠ ᠬᠠᠤᠯᠢ ᠬᠡᠷᠡᠭᠵᠢᠭᠦᠯᠬᠦ  ᠪᠠᠶᠢᠭᠤᠯᠤᠯ ᠢ ᠲᠡᠭᠦᠯᠳᠡᠷᠵᠢᠭᠦᠯᠬᠦ︾ ᠠᠵᠢᠯ ᠳᠤ᠂ ︽ᠨᠢᠭᠡ ᠰᠠᠯᠠᠭ᠎ᠠ ᠮᠥᠴᠢᠷ ᠲᠤ ᠣᠯᠠᠨ ᠰᠠᠯᠠᠭ᠎ᠠ ᠬᠠᠤᠯᠢ  ᠬᠡᠷᠡᠭᠵᠢᠭᠦᠯᠬᠦ ᠡᠩᠨᠡᠭᠡ ᠲᠣᠬᠢᠷᠠᠭᠤᠯᠵᠤ ᠪᠠᠶᠢᠭᠰᠠᠨ ᠪᠣᠯ᠂ ᠵᠠᠷᠴᠢᠮ ᠳᠡᠭᠡᠷ᠎ᠡ ᠪᠠᠨ ᠨᠢᠭᠡ ᠰᠠᠯᠠᠭ᠎ᠠ ᠡᠩᠨᠡᠭᠡ ᠪᠣᠯᠭᠠᠨ  ᠨᠡᠶᠢᠯᠡᠭᠦᠯᠦᠨ ᠨᠢᠭᠡᠳᠬᠡᠬᠦ︾ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ᠳᠠᠷᠠᠭᠠᠴᠢ ᠶᠢᠨ ᠠᠯᠬᠤᠮ ᠳᠤ᠂ ᠬᠥᠯᠥᠨ  ᠪᠤᠶᠢᠷ ᠬᠤᠲᠠ ᠠᠴᠠ ᠦᠷᠭᠦᠯᠵᠢᠯᠡᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ  ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ︽ᠬᠠᠤᠯᠢ  ᠬᠡᠷᠡᠭᠵᠢᠭᠦᠯᠵᠦ ᠬᠡᠷᠡᠭ ᠢ ᠰᠢᠢᠳᠪᠦᠷᠢᠯᠡᠬᠦ ᠴᠢᠳᠠᠪᠤᠷᠢᠲᠠᠳ ᠤᠨ ᠬᠥᠮᠥᠷᠭᠡ︾᠂ ︽ᠲᠤᠰᠬᠠᠢ ᠮᠡᠷᠭᠡᠵᠢᠯᠲᠡᠳ ᠤᠨ  ᠬᠥᠮᠥᠷᠭᠡ︾ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ  ᠲᠣᠭᠲᠠᠴᠠ ᠶᠢ ᠰᠢᠨᠵᠢᠯᠡᠬᠦ ᠤᠬᠠᠭᠠᠨᠴᠢ ᠴᠢᠨᠠᠷ᠂ ᠵᠢᠷᠤᠮᠵᠢᠯ ᠴᠢᠨᠠᠷ᠂ ᠪᠦᠲᠦᠮᠵᠢᠲᠡᠢ ᠴᠢᠨᠠᠷ ᠤᠨ ᠲᠠᠯ᠎ᠠ ᠪᠠᠷ ᠳᠠᠬᠢᠨ  ᠰᠢᠨ᠎ᠡ ᠨᠢᠭᠡ ᠳᠡᠭᠲᠡᠷ ᠲᠤ ᠭᠠᠷᠭᠠᠨ᠎ᠠ᠃            ᠬᠥᠲᠥᠯᠥᠭᠴᠢ᠄            ᠪᠢᠳᠡ ᠰᠠᠶ᠋ᠢᠬᠠᠨ ᠶᠠᠷᠢᠭᠰᠠᠨ ᠮᠡᠲᠦ ᠪᠠᠷ᠂ ᠠᠵᠤ ᠠᠬᠤᠶᠢᠯᠠᠯ ᠠᠴᠠ ᠣᠨ ᠤ ᠮᠡᠳᠡᠭᠦᠯᠦᠯᠲᠡ ᠶᠢᠨ ᠮᠡᠳᠡᠭᠡ  ᠵᠠᠩᠭᠢ ᠪᠠᠨ ᠨᠡᠶᠢᠲᠡ ᠳᠤ ᠵᠠᠷᠯᠠᠨ᠂ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠥᠪᠰᠢᠶᠡᠷᠡᠯ ᠪᠠ ᠰᠢᠢᠳᠬᠡᠯ  ᠲᠣᠷᠭᠠᠭᠤᠯᠢ ᠶᠢᠨ ᠮᠡᠳᠡᠭᠡ ᠵᠠᠩᠭᠢ ᠪᠠᠨ ᠨᠡᠶᠢᠲᠡ ᠳᠤ ᠵᠠᠷᠯᠠᠬᠤ ᠬᠡᠷᠡᠭᠲᠡᠢ᠃ ᠲᠡᠭᠡᠪᠡᠯ ᠮᠡᠳᠡᠭᠡ ᠵᠠᠩᠭᠢ ᠶᠢ ᠨᠡᠶᠢᠲᠡ ᠳᠤ  ᠵᠠᠷᠯᠠᠭᠰᠠᠨ ᠤ ᠳᠠᠷᠠᠭ᠎ᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠡᠳᠡᠭᠡᠷ ᠮᠡᠳᠡᠭᠡ ᠵᠠᠩᠭᠢ ᠶᠢ ᠬᠡᠷᠬᠢᠨ  ᠬᠡᠷᠡᠭᠯᠡᠵᠦ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ  ᠥᠷᠨᠢᠭᠦᠯᠬᠦ ᠪᠣᠢ︖            ᠵᠠᠩ ᠴᠢ ᠵᠢᠶᠦ᠋ᠨ᠄            ᠠᠵᠤ ᠠᠬᠤᠶᠢᠯᠠᠯ ᠠᠴᠠ ᠮᠡᠳᠡᠭᠡ ᠵᠠᠩᠭᠢ ᠪᠠᠨ ᠨᠡᠶᠢᠲᠡ ᠳᠤ ᠵᠠᠷᠯᠠᠬᠤ ᠪᠣᠯ ᠦᠨᠡᠨᠴᠢ ᠢᠲᠡᠭᠡᠮᠵᠢ ᠶᠢᠨ  ᠪᠠᠶᠢᠭᠤᠯᠤᠯᠲᠠ ᠶᠢ ᠠᠬᠢᠭᠤᠯᠬᠤ ᠶᠢᠨ ᠨᠡᠶᠢᠭᠡᠮ ᠤᠨ ᠰᠠᠭᠤᠷᠢ᠂ ᠮᠥᠨ ᠴᠤ ᠠᠵᠢᠯ ᠶᠠᠪᠤᠳᠠᠯ ᠤᠨ ᠳᠤᠮᠳᠠᠬᠢ ᠪᠠ  ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠴᠢᠬᠤᠯᠠ ᠦᠨᠳᠦᠰᠦᠯᠡᠯ ᠪᠣᠯᠣᠨ᠎ᠠ᠃ 2017  ᠣᠨ ᠤ 12 ᠳ᠋ᠤᠭᠠᠷ ᠰᠠᠷ᠎ᠠ ᠳᠤ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠠᠴᠠ ︽ᠬᠥᠯᠥᠨ ᠪᠤᠶᠢᠷ  ᠬᠤᠲᠠ ᠶᠢᠨ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠬᠤᠯᠪᠣᠭᠠᠯᠠᠵᠤ ᠵᠠᠯᠬᠠᠭᠠᠨ ᠰᠢᠢᠳᠬᠡᠬᠦ ᠬᠠᠮᠲᠤᠷᠠᠯᠴᠠᠭᠠᠨ ᠤ  ᠰᠠᠨᠠᠭᠤᠯᠤᠮᠵᠢ︾ ᠶᠢ ᠲᠠᠷᠬᠠᠭᠠᠵᠤ᠂ ᠬᠤᠲᠠ ᠶᠢᠨ ᠵᠠᠰᠠᠭ ᠤᠨ ᠣᠷᠳᠣᠨ ᠠᠴᠠ ᠬᠤᠲᠠ ᠶᠢᠨ ᠰᠢᠭᠤᠳ ᠬᠠᠷᠢᠶ᠎ᠠ 36  ᠰᠠᠯᠠᠭ᠎ᠠ ᠮᠥᠴᠢᠷ ᠲᠠᠢ ︽ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ  ᠬᠢᠭᠡᠳ ᠬᠤᠯᠪᠣᠭᠠᠯᠠᠵᠤ ᠵᠠᠯᠬᠠᠭᠠᠨ ᠰᠢᠢᠳᠬᠡᠬᠦ ᠬᠠᠮᠲᠤᠷᠠᠯᠴᠠᠭᠠᠨ ᠤ ᠰᠠᠨᠠᠭᠤᠯᠤᠮᠵᠢ︾ ᠶᠢ ᠲᠣᠭᠲᠠᠭᠠᠭᠰᠠᠨ ᠤ ᠬᠠᠮᠲᠤ  ᠂ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ︵ᠥᠪᠥᠷ  ᠮᠣᠩᠭᠤᠯ︶ — ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ ᠬᠠᠮᠵᠢᠯᠴᠠᠵᠤ ᠬᠢᠨᠠᠨ ᠬᠠᠮᠢᠶᠠᠷᠬᠤ ᠲᠠᠪᠴᠠᠩ  ᠳᠡᠭᠡᠷ᠎ᠡ ᠨᠡᠶᠢᠲᠡ ᠳᠤ ᠵᠠᠷᠯᠠᠭᠰᠠᠨ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠳᠤ ᠲᠦᠰᠢᠭᠯᠡᠨ᠂ ᠠᠵᠢᠯ  ᠲᠥᠷᠥᠯ ᠤᠨ ᠨᠡᠶᠢᠭᠡᠮᠯᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠵᠠᠭᠤᠴᠢᠯᠠᠭᠤᠷ᠂ ᠢᠨᠲ᠋ᠧᠷ ᠰᠦᠯᠵᠢᠶᠡᠨ ᠤ  ᠲᠠᠪᠴᠠᠩ ᠵᠡᠷᠭᠡ ᠯᠦᠭᠡ ᠶᠢᠨ ᠮᠡᠳᠡᠭᠡ ᠵᠠᠩᠭᠢ ᠶᠢᠨ ᠬᠠᠮᠵᠢᠯᠴᠠᠯᠭ᠎ᠠ ᠪᠠᠨ ᠴᠢᠩᠭᠠᠳᠬᠠᠵᠤ᠂ ︽ᠬᠡᠨ ᠦᠢᠯᠡᠳᠪᠦᠷᠢᠯᠡᠪᠡᠯ  ᠂ ᠬᠡᠨ ᠨᠡᠶᠢᠲᠡ ᠳᠤ ᠵᠠᠷᠯᠠᠵᠤ᠂ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠠᠮᠵᠢᠯᠴᠠᠵᠤ ᠬᠢᠨᠠᠨ ᠬᠠᠮᠢᠶᠠᠷᠬᠤ ᠪᠠ  ᠬᠤᠯᠪᠣᠭᠠᠯᠠᠵᠤ ᠵᠠᠯᠬᠠᠭᠠᠨ ᠰᠢᠢᠳᠬᠡᠬᠦ ᠠᠵᠢᠯ ᠢ ᠥᠷᠨᠢᠭᠦᠯᠪᠡ᠃ ᠢᠲᠡᠭᠡᠮᠵᠢ ᠠᠯᠳᠠᠭᠰᠠᠨ ᠠᠵᠤ ᠠᠬᠤᠶᠢᠯᠠᠯ ᠪᠠ  ᠢᠲᠡᠭᠡᠮᠵᠢ ᠠᠯᠳᠠᠭᠰᠠᠨ ᠠᠴᠠ ᠪᠣᠯᠵᠤ ᠰᠢᠢᠳᠬᠡᠭᠳᠡᠭᠰᠡᠨ ᠬᠥᠮᠥᠨ ᠤ ᠵᠠᠰᠠᠭ ᠤᠨ ᠣᠷᠳᠣᠨ ᠠᠴᠠ ᠬᠤᠳᠠᠯᠳᠤᠨ ᠠᠪᠬᠤ  ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ᠂ ᠤᠯᠤᠰ ᠤᠨ ᠥᠮᠴᠢᠯᠡᠯᠲᠦ ᠭᠠᠵᠠᠷ ᠰᠢᠷᠣᠢ ᠶᠢ  ᠬᠢᠮᠳᠠ ᠪᠠᠷ ᠰᠢᠯᠵᠢᠭᠦᠯᠦᠨ ᠬᠤᠳᠠᠯᠳᠤᠬᠤ᠂ ᠢᠷᠠᠭᠤ ᠠᠯᠳᠠᠷ ᠤᠨ ᠴᠣᠯᠠ ᠣᠯᠭᠤᠬᠤ ᠵᠡᠷᠭᠡ ᠲᠠᠯ᠎ᠠ ᠳᠤ᠂ ᠬᠠᠤᠯᠢ  ᠶᠣᠰᠣᠭᠠᠷ ᠬᠢᠵᠠᠭᠠᠷᠯᠠᠯ ᠶᠠᠪᠤᠭᠤᠯᠬᠤ ᠪᠤᠶᠤ ᠣᠷᠣᠬᠤ ᠶᠢ ᠴᠠᠭᠠᠵᠠᠯᠠᠵᠤ᠂ ᠰᠠᠯᠠᠭ᠎ᠠ ᠮᠥᠴᠢᠷ ᠤᠳ ᠤᠨ ᠬᠠᠮᠵᠢᠯᠴᠠᠵᠤ  ᠬᠠᠮᠲᠤᠷᠠᠯᠴᠠᠭᠰᠠᠨ᠂ ᠵᠡᠷᠭᠡ ᠳᠤ ᠨᠢ ᠠᠳᠬᠤᠵᠤ ᠬᠠᠮᠲᠤ ᠪᠠᠷ ᠬᠠᠮᠢᠶᠠᠷᠤᠭᠰᠠᠨ᠂ ᠬᠤᠯᠪᠣᠭᠠᠯᠠᠵᠤ ᠵᠠᠯᠬᠠᠭᠠᠨ  ᠰᠢᠢᠳᠬᠡᠭᠰᠡᠨ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠨ ᠬᠠᠮᠢᠶᠠᠷᠬᠤ ᠰᠢᠨ᠎ᠡ ᠪᠠᠶᠢᠷᠢᠯᠠᠭᠤᠯᠤᠯᠲᠠ ᠶᠢ  ᠪᠦᠷᠢᠯᠳᠦᠭᠦᠯᠪᠡ᠃ ᠡᠭᠦᠨ ᠢ ︽ᠨᠢᠭᠡ ᠭᠠᠵᠠᠷ ᠲᠤ ᠬᠠᠤᠯᠢ ᠠᠴᠠ ᠵᠥᠷᠢᠴᠡᠪᠡᠯ᠂ ᠭᠠᠵᠠᠷ ᠪᠣᠯᠭᠠᠨ ᠳᠤ  ᠬᠢᠵᠠᠭᠠᠷᠯᠠᠭᠳᠠᠬᠤ︾ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠰᠠᠯᠠᠭ᠎ᠠ ᠮᠥᠴᠢᠷ ᠠᠯᠤᠰᠯᠠᠨ ᠬᠤᠯᠪᠣᠭᠠᠯᠠᠵᠤ  ᠵᠠᠯᠬᠠᠭᠠᠨ ᠰᠢᠢᠳᠬᠡᠬᠦ ᠲᠣᠭᠲᠠᠴᠠ ᠨᠢ ᠨᠢᠭᠡᠨᠲᠡ ᠬᠥᠯᠥᠨ ᠪᠤᠶᠢᠷ ᠬᠤᠲᠠ ᠳᠤ ᠪᠦᠷᠢᠯᠳᠦᠵᠡᠢ ᠭᠡᠵᠦ ᠬᠡᠯᠡᠵᠦ ᠪᠣᠯᠣᠨ᠎ᠠ  ᠃            ᠬᠥᠲᠥᠯᠥᠭᠴᠢ᠄           ᠰᠠᠶᠢᠨ ᠪᠣᠯᠣᠯ᠎ᠠ᠂ ᠵᠠᠩ ᠬᠤᠲᠠ ᠶᠢᠨ ᠳᠠᠷᠤᠭ᠎ᠠ ᠶᠢᠨ ᠲᠠᠶᠢᠯᠤᠮᠵᠢ ᠳᠤ ᠲᠤᠩ ᠪᠠᠶᠠᠷᠯᠠᠯ᠎ᠠ᠂ ᠴᠠᠭ ᠤᠨ  ᠬᠠᠷᠠᠭ᠎ᠠ ᠠᠴᠠ ᠪᠣᠯᠵᠤ ᠲᠤᠰ ᠬᠤᠭᠤᠴᠠᠭᠠᠨ ᠤ ᠰᠦᠯᠵᠢᠶᠡᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ  ᠪᠣᠯᠣᠯ᠎ᠠ᠃ ᠵᠠᠩ ᠬᠤᠲᠠ ᠶᠢᠨ ᠳᠠᠷᠤᠭ᠎ᠠ ᠶᠢᠨ ᠮᠠᠨ ᠤ ᠰᠤᠷᠪᠤᠯᠵᠢᠯᠠᠭ᠎ᠠ ᠶᠢᠨ ᠪᠤᠯᠤᠩ ᠳᠤ ᠰᠠᠭᠠᠲᠠᠭᠰᠠᠨ ᠳᠤ  ᠳᠠᠬᠢᠨᠲᠠ ᠪᠠᠶᠠᠷᠯᠠᠵᠤ ᠪᠠᠶᠢᠨ᠎ᠠ᠃ ᠮᠥᠨ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ  ᠪᠠᠶᠠᠷᠯᠠᠵᠤ ᠪᠠᠶᠢᠨ᠎ᠠ᠃ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕            ᠵᠠᠩ ᠴᠢ ᠵᠢᠶᠦ᠋ᠨ᠄            ᠪᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠮᠠᠨ ᠤ ᠠᠵᠢᠯ ᠢ  ᠶᠡᠷᠦ ᠠᠴᠠ ᠬᠠᠷᠠᠭᠠᠯᠵᠠᠨ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠴᠢᠩ  ᠰᠡᠳᠬᠢᠯ ᠠᠴᠠ ᠪᠠᠷ ᠪᠠᠶᠠᠷᠯᠠᠨ ᠲᠠᠯᠠᠷᠬᠠᠵᠤ ᠪᠠᠶᠢᠨ᠎ᠠ᠃ ᠬᠥᠲᠥᠯᠥᠭᠴᠢ ᠪᠠ ᠰᠦᠯᠵᠢᠶᠡᠨ ᠤ ᠠᠨᠳᠠ ᠨᠠᠷ᠂ ᠪᠠᠶᠠᠷᠲᠠᠢ︕  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号