ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠰᠢᠨ᠎ᠡ ᠶᠢ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠶ᠎ᠡ
ᠨᠡᠶᠢᠲᠡᠯᠡᠭᠰᠡᠨ ᠴᠠᠭ᠄
2018-02-27
     ᠰᠤᠷᠪᠤᠯᠵᠢᠯᠠᠭᠰᠠᠨ ᠴᠠᠭ᠄ 2018 ᠣᠨ ᠤ 2 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨᠠᠬᠢ 15 ᠴᠠᠭ       ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠶᠦᠨ ᠲᠣᠤ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠡᠮᠦᠨᠡᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠬᠤᠷᠢᠨ ᠨᠠᠢᠮᠠᠳᠤᠭᠠᠷ ᠤᠳᠠᠭᠠᠨ ᠤ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠬᠠᠮᠲᠤᠷᠠᠨ ︽ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ︵ᠲᠢᠩᠬᠢᠮ ᠲᠠᠷᠬᠠᠭᠠᠭᠰᠠᠨ ︹2017︺ 29 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠭᠰᠠᠨ ᠤ ᠬᠠᠮᠲᠤ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠥᠪᠥᠷ ᠮᠣᠩᠭᠤᠯ ᠤᠨ ᠡᠳᠦᠷ ᠤᠨ ᠰᠣᠨᠢᠨ ᠨᠢᠭᠡᠨᠲᠡ 1 ᠳ᠋ᠦ᠋ᠭᠡᠷ ᠰᠠᠷ᠎ᠠ ᠶᠢᠨ 10 ᠤ ᠡᠳᠦᠷ ᠲᠥᠷᠥ ᠶᠢᠨ ᠪᠣᠳᠣᠯᠭ᠎ᠠ ᠶᠢᠨ ᠪᠦᠬᠦ ᠵᠣᠬᠢᠶᠠᠯ ᠢ ᠨᠡᠶᠢᠲᠡᠯᠡᠵᠡᠢ᠃ ᠲᠤᠰ ᠬᠡᠷᠡᠭᠵᠢᠭᠦᠯᠬᠦ ᠰᠠᠨᠠᠯ ᠪᠣᠯ ᠮᠠᠨ ᠤ ᠣᠷᠣᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠬᠢᠴᠠ ᠳᠠᠬᠢ ᠨᠢᠭᠡᠨ ᠴᠢᠬᠤᠯᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠᠶᠢᠵᠤ᠂ ᠥᠷᠭᠡᠨ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠭᠰᠡᠨ ᠳᠤ ᠴᠢᠨᠢ ᠪᠠᠶᠠᠷᠯᠠᠯ᠎ᠠ᠃ ᠥᠨᠥᠳᠥᠷ ᠮᠠᠨ ᠤ ᠤᠷᠢᠵᠤ ᠠᠪᠴᠢᠷᠠᠭᠰᠠᠨ ᠵᠣᠴᠢᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠶᠦᠨ ᠲᠣᠤ ᠪᠣᠯᠣᠨ᠎ᠠ᠃ ᠶᠦᠨ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃      ᠶᠦᠨ ᠲᠣᠤ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠠᠳᠡ ᠲᠠ ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠡᠨᠡ ᠬᠦ ᠲᠣᠬᠢᠶᠠᠯ ᠢᠶᠠᠷ᠂ ᠪᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠡᠮᠦᠨ᠎ᠡ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠢᠮᠠᠭᠲᠠ ᠬᠠᠷᠠᠭᠠᠯᠵᠠᠨ ᠳᠡᠮᠵᠢᠭᠰᠡᠭᠡᠷ ᠢᠷᠡᠭᠰᠡᠨ ᠰᠦᠯᠵᠢᠶᠡᠨ ᠤ ᠠᠨᠳᠠ ᠨᠠᠷ ᠲᠤ ᠪᠠᠨ ᠴᠢᠩ ᠰᠡᠳᠬᠢᠯ ᠤᠨ ᠪᠠᠶᠠᠷ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃      ᠬᠥᠲᠥᠯᠥᠭᠴᠢ᠄ ᠡᠩ ᠲᠡᠷᠢᠭᠦᠨ ᠳᠤ ᠲᠠ ︽ᠬᠡᠷᠡᠭᠵᠢᠭᠦᠯᠬᠦ ᠰᠠᠨᠠᠯ︾ ᠤᠨ ᠨᠡᠶᠢᠲᠡᠯᠡᠭᠳᠡᠭᠰᠡᠨ ᠠᠬᠤᠢ ᠪᠠᠶᠢᠳᠠᠯ ᠢ ᠪᠢᠳᠠᠨ ᠳᠤ ᠶᠠᠷᠢᠭᠠᠳ ᠥᠭᠭᠦᠨ᠎ᠡ ᠦᠦ︖      ᠶᠦᠨ ᠲᠣᠤ᠄ ᠲᠡᠭᠡᠶ᠎ᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠭᠤᠣᠯ ᠪᠠᠶᠢᠷᠢᠨ ᠳᠤ ᠲᠠᠯᠪᠢᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠪᠡ᠃ ᠲᠡᠭᠦᠨ ᠤ ᠳᠣᠲᠣᠷ᠎ᠠ᠂ ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠲᠥᠪ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠲᠣᠭᠲᠠᠭᠠᠭᠰᠠᠨ ᠨᠢᠭᠡᠨ ᠭᠤᠣᠯᠳᠠᠯᠭᠠᠲᠤ ᠥᠭᠡᠷᠡᠴᠢᠯᠡᠯᠲᠡ ᠶᠢᠨ ᠡᠭᠦᠷᠭᠡ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ︽ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠭᠰᠠᠨ ᠤ ᠬᠠᠮᠲᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ᠂ ᠭᠤᠣᠯᠳᠠᠯᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠠᠵᠢᠯ ᠤᠨ ᠥᠭᠡᠷᠡᠴᠢᠯᠡᠯᠲᠡ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠨᠢ ᠮᠥᠨ ᠴᠢᠨᠠᠷ ᠳᠡᠭᠡᠷ᠎ᠡ ᠪᠠᠨ ᠴᠢᠳᠠᠪᠤᠷᠢᠲᠠᠨ ᠢᠶᠠᠷ ᠬᠥᠳᠡᠯᠭᠡᠭᠦᠷ ᠪᠣᠯᠭᠠᠬᠤ ᠶᠠᠪᠤᠳᠠᠯ ᠮᠥᠨ᠂ ᠬᠥᠮᠥᠨ ᠤ ᠬᠦᠴᠦᠨ ᠤ ᠬᠥᠷᠥᠩᠭᠡ ᠪᠣᠯ ᠬᠠᠮᠤᠭ ᠤᠨ ᠴᠢᠬᠤᠯᠠ ᠬᠥᠷᠥᠩᠭᠡ ᠮᠥᠨ᠂ ᠰᠢᠨ᠎ᠡ ᠶᠢ ᠡᠭᠦᠳᠬᠦ ᠠᠯᠢᠪᠠ ᠠᠵᠢᠯᠯᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢ ᠪᠦᠷ ᠬᠥᠮᠥᠨ ᠬᠢᠵᠦ ᠪᠠᠶᠢᠳᠠᠭ ᠪᠣᠯᠬᠤᠷ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢᠨ ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ᠣᠶᠣᠨ ᠤ ᠬᠥᠳᠡᠯᠮᠦᠷᠢ ᠳᠤ ᠵᠦᠢ ᠵᠣᠬᠢᠰᠲᠠᠢ ᠬᠠᠷᠢᠭᠤ ᠠᠰᠢᠭ ᠬᠦᠷᠲᠡᠭᠡᠬᠦ ᠬᠡᠷᠡᠭᠲᠡᠢ ᠭᠡᠵᠦ ᠵᠢᠭᠠᠭᠰᠠᠨ ᠪᠠᠶᠢᠨ᠎ᠠ᠃ ᠤᠷᠲᠤ ᠬᠤᠭᠤᠴᠠᠭᠠᠨ ᠤ ᠲᠤᠷᠰᠢ᠂ ᠮᠠᠨ ᠤ ᠤᠯᠤᠰ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠡᠷᠡᠭᠯᠡᠬᠦ ᠲᠠᠯ᠎ᠠ ᠪᠠᠷ ᠪᠣᠳᠠᠳᠤ ᠬᠤᠪᠢ ᠨᠡᠮᠡᠷᠢ ᠬᠢᠭᠡᠳ ᠣᠷᠣᠯᠭ᠎ᠠ ᠶᠢᠨ ᠬᠤᠪᠢᠶᠠᠷᠢᠯᠠᠯᠲᠠ ᠨᠢ ᠪᠦᠷᠢᠮᠦᠰᠦᠨ ᠲᠣᠬᠢᠷᠠᠯᠴᠠᠬᠤ ᠦᠭᠡᠢ᠂ ᠰᠲ᠋ᠣᠺ ᠤᠨ ᠡᠷᠬᠡ ᠪᠠᠷ ᠤᠷᠮᠠᠰᠢᠭᠤᠯᠬᠤ ᠵᠡᠷᠭᠡ ᠰᠢᠨ᠎ᠡ ᠡᠭᠦᠳᠦᠯᠲᠡ ᠳᠤ ᠤᠷᠲᠤ ᠬᠤᠭᠤᠴᠠᠭᠠᠨ ᠤ ᠤᠷᠮᠠᠰᠢᠭᠤᠯᠬᠤ ᠦᠢᠯᠡᠳᠦᠯ ᠲᠠᠢ ᠲᠥᠷᠥ ᠶᠢᠨ ᠪᠣᠳᠣᠯᠭ᠎ᠠ ᠪᠠᠷ ᠳᠤᠲᠠᠮᠠᠭ᠂ ᠳᠣᠲᠣᠭᠠᠳᠤ ᠶᠢᠨ ᠬᠤᠪᠢᠶᠠᠷᠢᠯᠠᠯᠲᠠ ᠶᠢᠨ ᠤᠷᠮᠠᠰᠢᠭᠤᠯᠬᠤ ᠲᠣᠭᠲᠠᠴᠠ ᠨᠢ ᠭᠦᠢᠴᠡᠳ ᠪᠤᠰᠤ ᠵᠡᠷᠭᠡ ᠲᠣᠪᠤᠶᠢᠮ᠎ᠠ ᠠᠰᠠᠭᠤᠳᠠᠯ ᠣᠷᠣᠰᠢᠵᠤ ᠪᠠᠶᠢᠨ᠎ᠠ᠃ ᠪᠠᠷᠠᠭᠤᠨ ᠬᠡᠰᠡᠭ ᠤᠨ ᠬᠥᠭᠵᠢᠯᠲᠡ ᠪᠠᠷ ᠬᠤᠴᠣᠷᠤᠩᠭᠤᠢ ᠭᠠᠵᠠᠷ ᠣᠷᠣᠨ ᠪᠣᠯᠬᠤ ᠥᠪᠥᠷ ᠮᠣᠩᠭᠤᠯ ᠳᠤ ᠡᠳᠡᠭᠡᠷ ᠠᠰᠠᠭᠤᠳᠠᠯ ᠨᠡᠩ ᠲᠣᠪᠤᠶᠢᠮ᠎ᠠ ᠪᠠᠶᠢᠵᠤ᠂ ᠥᠷᠭᠡᠨ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠰᠢᠨ᠎ᠡ ᠶᠢ ᠡᠭᠦᠳᠦᠨ ᠵᠣᠬᠢᠶᠠᠨ ᠪᠦᠲᠦᠭᠡᠬᠦ ᠢᠳᠡᠪᠬᠢᠵᠢᠯ ᠢ ᠲᠦᠢᠯ ᠤᠨ ᠶᠡᠭᠡ ᠪᠠᠷ ᠨᠥᠯᠥᠭᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠰᠢᠨ᠎ᠡ ᠶᠢ ᠡᠭᠦᠳᠬᠦ ᠬᠥᠭᠵᠢᠯᠲᠡ ᠶᠢ ᠬᠦᠯᠢᠶᠡᠰᠦᠯᠡᠭᠰᠡᠨ ᠪᠠᠶᠢᠨ᠎ᠠ᠃ ᠡᠭᠦᠨ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠯᠲᠠ ᠬᠢᠬᠦ ᠦᠶ᠎ᠡ ᠳᠤ᠂ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠪᠠᠶᠢᠭᠤᠯᠤᠯ ᠢ ᠪᠦᠷᠢᠨᠰᠢᠭᠦᠯᠦᠨ᠂ ᠰᠢᠨ᠎ᠡ ᠶᠢ ᠡᠭᠦᠳᠬᠦ ᠪᠠᠷ ᠤᠷᠮᠠᠰᠢᠭᠤᠯᠬᠤ ᠶᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠪᠠ ᠲᠠᠲᠠᠨ ᠣᠷᠣᠭᠤᠯᠵᠤ᠂ ᠨᠡᠭᠡᠭᠡᠯᠲᠡ ᠬᠢᠭᠰᠡᠳ᠂ ᠰᠢᠨ᠎ᠡ ᠶᠢ ᠡᠭᠦᠳᠦᠭᠰᠡᠳ ᠲᠤ ᠰᠢᠨ᠎ᠡ ᠶᠢ ᠡᠭᠦᠳᠦᠭᠰᠡᠨ ᠠᠰᠢᠭ ᠣᠷᠣᠯᠭ᠎ᠠ ᠶᠢ ᠵᠦᠢ ᠵᠣᠬᠢᠰᠲᠠᠢ ᠬᠦᠷᠲᠡᠭᠡᠵᠦ᠂ ᠰᠢᠨ᠎ᠡ ᠶᠢ ᠡᠭᠦᠳᠬᠦ ᠳᠤ ᠠᠰᠢᠭᠲᠠᠢ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠶᠦᠨ ᠲᠣᠤ᠄ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠤᠯᠤᠰ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠪᠠ ᠳᠠᠷᠤᠢ ᠲᠦᠷᠭᠡᠨ ᠪᠠᠶᠢᠷᠢᠯᠠᠭᠤᠯᠤᠯᠲᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠦᠷᠦᠭᠦᠯᠡᠨ ᠥᠪᠡᠷᠲᠡᠭᠡᠨ ᠵᠠᠰᠠᠬᠤ ᠣᠷᠣᠨ ᠤ ︽ᠬᠡᠷᠡᠭᠵᠢᠭᠦᠯᠬᠦ ᠰᠠᠨᠠᠯ︾ ᠢ ᠲᠤᠭᠤᠷᠪᠢᠬᠤ ᠠᠵᠢᠯ ᠢ ᠥᠷᠨᠢᠭᠦᠯᠪᠡ᠃ ᠪᠢᠳᠠ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠪᠠ ᠬᠤᠯᠪᠣᠭᠳᠠᠯ ᠪᠦᠬᠦᠢ ᠮᠤᠵᠢ ᠬᠤᠲᠠ ᠶᠢᠨ ᠪᠢᠴᠢᠭ ᠮᠠᠲ᠋ᠧᠷᠢᠶᠠᠯ ᠲᠤᠭᠤᠷᠪᠢᠬᠤ ᠰᠠᠯᠠᠭ᠎ᠠ ᠮᠥᠴᠢᠷ ᠤᠨ ᠠᠮᠵᠢᠯᠲᠠ ᠲᠠᠢ ᠲᠤᠷᠰᠢᠯᠭ᠎ᠠ ᠶᠢ ᠪᠠᠶᠢᠴᠠᠭᠠᠨ ᠰᠤᠳᠤᠯᠬᠤ ᠪᠠ ᠰᠤᠷᠤᠯᠴᠠᠭᠰᠠᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠲᠠᠰᠤᠭ ᠪᠠ ᠭᠤᠣᠯᠳᠠᠯᠭᠠᠲᠤ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠬᠤ ᠪᠠ ᠶᠠᠷᠢᠯᠴᠠᠨ ᠰᠣᠯᠢᠯᠴᠠᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭᠠᠨ ᠤ ᠮᠥᠨ ᠴᠢᠨᠠᠷ ᠪᠠ ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢᠨ ᠥᠭᠡᠷᠡᠴᠢᠯᠡᠯᠲᠡ ᠶᠢᠨ ᠭᠤᠣᠯᠳᠠᠯᠭ᠎ᠠ ᠶᠢ ᠭᠦᠨᠵᠡᠭᠡᠢ ᠣᠶᠢᠯᠠᠭᠠᠵᠤ᠂ ᠮᠠᠨ ᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨ᠎ᠡ ᠶᠢ ᠡᠭᠦᠳᠦᠨ ᠵᠣᠬᠢᠶᠠᠨ ᠪᠦᠲᠦᠭᠡᠬᠦ ᠢᠳᠡᠪᠬᠢᠵᠢᠯ ᠢ ᠬᠦᠯᠢᠶᠡᠰᠦᠯᠡᠵᠦ ᠪᠠᠶᠢᠭ᠎ᠠ ᠡᠯ᠎ᠡ ᠵᠦᠢᠯ ᠤᠨ ᠬᠤᠪᠢᠶᠠᠷᠢᠯᠠᠯᠲᠠ ᠶᠢᠨ ᠠᠰᠠᠭᠤᠳᠠᠯ ᠢ ᠪᠦᠬᠦ ᠲᠠᠯ᠎ᠠ ᠪᠠᠷ ᠡᠵᠡᠮᠰᠢᠵᠡᠢ᠃ ᠪᠢᠴᠢᠭ ᠮᠠᠲ᠋ᠧᠷᠢᠶᠠᠯ ᠢ ᠲᠣᠭᠲᠠᠭᠠᠬᠤ ᠶᠠᠪᠤᠴᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠥᠵᠢᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠯᠠᠨ ᠤᠳᠠᠭ᠎ᠠ ᠰᠠᠨᠠᠯ ᠬᠤᠷᠢᠶᠠᠵᠤ᠂ ᠪᠤᠰᠤᠳ ᠮᠤᠵᠢ ᠬᠤᠲᠠ ᠶᠢᠨ ᠲᠥᠷᠥ ᠶᠢᠨ ᠪᠣᠳᠣᠯᠭ᠎ᠠ ᠶᠢᠨ ᠵᠦᠢᠯ ᠵᠤᠷᠪᠤᠰ ᠢᠶᠠᠷ ᠯᠠᠪᠯᠠᠯᠲᠠ ᠪᠣᠯᠭᠠᠨ᠂ ᠳᠠᠬᠢᠨ ᠳᠠᠪᠲᠠᠨ ᠵᠠᠰᠠᠯᠲᠠ ᠣᠷᠣᠭᠤᠯᠵᠤ ᠲᠡᠭᠦᠯᠳᠡᠷᠵᠢᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠢᠶᠠᠷ ᠰᠤᠳᠤᠯᠤᠭᠤᠯᠤᠨ ᠪᠠᠲᠤᠯᠠᠭᠤᠯᠤᠭᠰᠠᠨ ᠤ ᠳᠠᠷᠠᠭ᠎ᠠ ᠳᠠᠷᠤᠮᠠᠯᠯᠠᠨ ᠲᠠᠷᠠᠭᠠᠭᠰᠠᠨ ᠪᠠᠶᠢᠨ᠎ᠠ᠃ ︽ᠬᠡᠷᠡᠭᠵᠢᠭᠦᠯᠬᠦ ᠰᠠᠨᠠᠯ︾ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠭᠦᠢᠴᠡᠳ ᠢᠯᠡᠷᠡᠭᠦᠯᠵᠦ᠂ ᠮᠠᠨ ᠤ ᠣᠷᠣᠨ ᠤ ᠪᠣᠳᠠᠳᠤ ᠪᠠᠶᠢᠳᠠᠯ ᠲᠠᠢ ᠪᠦᠷᠢᠮᠦᠰᠦᠨ ᠨᠡᠶᠢᠴᠡᠵᠦ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠳᠤ ᠪᠦᠬᠦ ᠲᠠᠯ᠎ᠠ ᠪᠠᠷ ᠲᠣᠬᠢᠷᠠᠭᠤᠯᠤᠯᠲᠠ ᠬᠢᠵᠦ᠂ ᠦᠵᠡᠯ ᠰᠠᠨᠠᠭ᠎ᠠ ᠪᠠᠨ ᠴᠢᠯᠦᠭᠡᠯᠡᠨ᠂ ᠪᠦᠬᠦ ᠣᠷᠣᠨ ᠤ ᠥᠷᠭᠡᠨ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠡᠭᠦᠳᠦᠨ ᠪᠦᠲᠦᠭᠡᠬᠦ ᠴᠢᠨᠠᠷ ᠢ ᠭᠦᠢᠴᠡᠳ ᠳᠠᠶᠢᠴᠢᠯᠠᠭᠰᠠᠨ ᠨᠢᠭᠡᠨ ᠴᠢᠬᠤᠯᠠ ᠪᠢᠴᠢᠭ ᠮᠠᠲ᠋ᠧᠷᠢᠶᠠᠯ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠣᠷᠣᠨ᠂ ᠴᠢᠳᠠᠪᠤᠷᠢᠲᠠᠨ ᠤ ᠬᠦᠴᠦᠷᠬᠡᠭ ᠣᠷᠣᠨ ᠤ ᠪᠠᠶᠢᠭᠤᠯᠤᠯᠲᠠ ᠶᠢ ᠪᠠᠲᠤᠯᠠᠵᠤ᠂ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠢ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠬᠤ ᠳᠤ ᠬᠦᠨᠳᠦ ᠴᠢᠬᠤᠯᠠ ᠠᠴᠢ ᠬᠤᠯᠪᠣᠭᠳᠠᠯ ᠲᠠᠢ ᠭᠡᠵᠦ ᠬᠡᠯᠡᠵᠦ ᠪᠣᠯᠣᠨ᠎ᠠ᠃      ᠬᠥᠲᠥᠯᠥᠭᠴᠢ᠄ ︽ᠬᠡᠷᠡᠭᠵᠢᠭᠦᠯᠬᠦ ᠰᠠᠨᠠᠯ︾ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ ᠤᠨ ᠲᠠᠯ᠎ᠠ ᠪᠠᠷ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠢ︖      ᠶᠦᠨ ᠲᠣᠤ᠄ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠵᠤ᠂ ᠪᠢᠳᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ ᠤᠨ ᠲᠠᠯ᠎ᠠ ᠪᠠᠷ ᠳᠣᠣᠷᠠᠬᠢ ᠮᠡᠲᠦ ᠶᠢᠨ ᠠᠰᠠᠭᠤᠳᠠᠯ ᠣᠷᠣᠰᠢᠵᠤ ᠪᠠᠶᠢᠬᠤ ᠶᠢ ᠣᠶᠢᠯᠠᠭᠠᠪᠠ᠂ ᠲᠤᠬᠠᠶᠢᠯᠠᠪᠠᠯ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠬᠡᠲᠦᠷᠬᠡᠢ ᠳᠣᠣᠷ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠥᠮᠥᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠠᠵᠢᠯᠯᠠᠭ᠎ᠠ ᠬᠢᠭᠡᠳ ᠣᠯᠣᠭᠰᠠᠨ ᠣᠷᠣᠯᠭ᠎ᠠ ᠨᠢ ᠨᠢᠭᠡᠴᠡ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠲᠤᠭ᠎ᠠ ᠶᠢᠨ ᠬᠢᠵᠠᠭᠠᠷᠯᠠᠯ ᠢ ᠬᠦᠷᠲᠡᠵᠦ᠂ ᠨᠢᠭᠡᠴᠡ ᠨᠦᠭᠦᠳ ᠲᠤ ᠥᠪᠡᠷ ᠢᠶᠠᠨ ᠡᠵᠡᠨ ᠮᠡᠳᠡᠵᠦ ᠬᠤᠪᠢᠶᠠᠷᠢᠯᠠᠬᠤ ᠡᠷᠬᠡ ᠳᠤᠲᠠᠭᠳᠠᠵᠤ᠂ ᠱᠠᠩᠨᠠᠯ ᠤᠨ ᠴᠢᠨᠠᠷᠲᠠᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠲᠡᠭᠰᠢᠳᠬᠡᠵᠦ ᠣᠯᠭᠤᠬᠤ᠂ ︽ᠮᠠᠩᠵᠠᠨ ᠲᠣᠭᠤᠭ᠎ᠠ ᠠᠴᠠ ᠪᠤᠳᠠᠭ᠎ᠠ ᠢᠳᠡᠬᠦ︾ ᠪᠠᠶᠢᠳᠠᠯ ᠣᠷᠣᠰᠢᠵᠤ ᠪᠠᠶᠢᠨ᠎ᠠ᠃ ᠳᠡᠭᠡᠷᠡᠬᠢ ᠠᠰᠠᠭᠤᠳᠠᠯ ᠳᠤ ᠬᠠᠨᠳᠤᠭᠤᠯᠤᠨ᠂ ︽ᠬᠡᠷᠡᠭᠵᠢᠭᠦᠯᠬᠦ ᠰᠠᠨᠠᠯ︾ ᠳᠤ᠄ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠦᠨᠳᠦᠰᠦᠨ ᠪᠠᠷᠢᠮᠵᠢᠶᠠᠲᠤ ᠱᠤᠭᠤᠮ ᠤᠨ 3 ᠳᠠᠬᠢᠨ ᠤ ᠳᠣᠲᠣᠷ᠎ᠠ ᠬᠠᠷᠭᠤᠭᠤᠯᠤᠨ ᠲᠣᠭᠲᠠᠭᠠᠵᠤ ᠪᠣᠯᠣᠨ᠎ᠠ᠂ ᠳᠠᠷᠤᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠠᠮᠤᠭ ᠤᠨ ᠳᠡᠭᠡᠳᠦ ᠡᠵᠡᠮᠳᠡᠯ ᠤᠨ ᠱᠤᠭᠤᠮ ᠢ ᠣᠳᠣ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠪᠠᠷᠢᠮᠵᠢᠶᠠᠲᠤ ᠱᠤᠭᠤᠮ ᠤᠨ 2.5 ᠳᠠᠬᠢᠨ ᠠᠴᠠ ᠳᠡᠭᠡᠭᠰᠢᠯᠡᠭᠦᠯᠦᠭᠡᠳ 3 ᠳᠠᠬᠢᠨ ᠪᠣᠯᠭᠠᠵᠤ ᠪᠣᠯᠣᠨ᠎ᠠ᠃ ᠮᠡᠳᠡᠯᠭᠡ ᠮᠡᠷᠭᠡᠵᠢᠯ ᠴᠢᠭᠵᠢᠭᠦᠦ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠲᠥᠪᠯᠡᠷᠡᠭᠰᠡᠨ ᠨᠢᠭᠡᠴᠡ ᠳᠤ᠂ ᠲᠣᠭᠲᠠᠭᠠᠯ ᠶᠣᠰᠣᠭᠠᠷ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠬᠠᠷᠭᠤᠭᠤᠯᠤᠨ ᠲᠣᠭᠲᠠᠭᠠᠬᠤ ᠦᠶ᠎ᠡ ᠳᠤ ᠬᠠᠷᠠᠭᠠᠯᠵᠠᠯ ᠦᠵᠡᠭᠦᠯᠵᠦ ᠪᠣᠯᠣᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ᠂ ᠮᠡᠷᠭᠡᠵᠢᠯ ᠤᠨ ᠨᠡᠭᠡᠭᠡᠨ ᠠᠰᠢᠭᠯᠠᠯᠲᠠ ᠂ ᠮᠡᠷᠭᠡᠵᠢᠯ ᠤᠨ ᠵᠥᠪᠯᠡᠯᠭᠡ ᠥᠭᠬᠦ᠂ ᠬᠡᠮᠵᠢᠨ ᠲᠤᠷᠰᠢᠵᠤ ᠵᠠᠳᠠᠯᠤᠯᠲᠠ ᠬᠢᠬᠦ᠂ ᠮᠡᠷᠭᠡᠵᠢᠯ ᠤᠨ ᠦᠢᠯᠡᠴᠢᠯᠡᠭᠡ ᠵᠡᠷᠭᠡ ᠠᠵᠢᠯᠯᠠᠭ᠎ᠠ ᠥᠷᠨᠢᠭᠦᠯᠦᠭᠡᠳ ᠣᠯᠣᠭᠰᠠᠨ ᠬᠥᠯᠥᠰᠦ ᠣᠯᠭᠤᠮᠵᠢ᠂ ᠱᠠᠩᠨᠠᠯ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠭᠤᠣᠯᠳᠠᠯᠭᠠᠲᠤ ᠴᠢᠳᠠᠪᠤᠷᠢᠲᠠᠨ ᠤ ᠢᠨᠵᠧᠨᠧᠷᠢᠩ ᠤᠨ ᠬᠥᠮᠥᠰ ᠤᠨ ᠲᠣᠭᠲᠠᠭᠠᠯ ᠶᠣᠰᠣᠭᠠᠷ ᠬᠦᠷᠲᠡᠬᠦ ᠠᠮᠢᠳᠤᠷᠠᠯ ᠤᠨ ᠨᠥᠬᠦᠪᠦᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠣᠷᠣᠯᠭ᠎ᠠ ᠶᠢ ᠨᠢᠭᠡᠴᠡ ᠶᠢᠨ ᠬᠢᠨᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠲᠣᠭᠠᠨ ᠤ ᠰᠠᠭᠤᠷᠢ ᠲᠤᠭ᠎ᠠ ᠳᠤ ᠣᠷᠣᠭᠤᠯᠬᠤ ᠦᠭᠡᠢ᠃ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠬᠤᠪᠢᠶᠠᠷᠢᠯᠠᠬᠤ ᠳᠤ ᠨᠢᠭᠡᠴᠡ ᠠᠴᠠ ᠨᠢ ᠡᠵᠡᠨ ᠮᠡᠳᠡᠨ ᠲᠣᠭᠲᠠᠭᠠᠵᠤ᠂ ᠱᠠᠩᠨᠠᠯ ᠤᠨ ᠴᠢᠨᠠᠷᠲᠠᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠨᠢᠭᠡᠴᠡ ᠠᠴᠠ ᠨᠢ ᠰᠢᠯᠭᠠᠨ ᠬᠢᠨᠠᠭᠰᠠᠨ ᠦᠷ᠎ᠡ ᠳ᠋ᠦᠩ ᠢ ᠦᠨᠳᠦᠰᠦᠯᠡᠨ ᠵᠣᠬᠢᠰᠲᠠᠢ ᠪᠠᠷ ᠳᠡᠰ ᠬᠤᠪᠢᠶᠠᠨ ᠬᠤᠪᠢᠶᠠᠷᠢᠯᠠᠵᠤ᠂ ᠲᠡᠭᠰᠢᠳᠬᠡᠨ ᠬᠤᠪᠢᠶᠠᠷᠢᠯᠠᠵᠤ ᠪᠣᠯᠬᠤ ᠦᠭᠡᠢ ᠭᠡᠵᠦ ᠳᠤᠷᠠᠳᠤᠭᠰᠠᠨ ᠪᠠᠶᠢᠨ᠎ᠠ᠃      ᠬᠥᠲᠥᠯᠥᠭᠴᠢ᠄ ︽ᠬᠡᠷᠡᠭᠵᠢᠭᠦᠯᠬᠦ ᠰᠠᠨᠠᠯ︾ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠳᠣᠲᠣᠭᠠᠳᠤ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠠᠯ᠎ᠠ ᠪᠠᠷ ᠶᠠᠮᠠᠷ ᠶᠠᠮᠠᠷ ᠱᠠᠭᠠᠷᠳᠠᠯᠭ᠎ᠠ ᠲᠠᠢ ᠪᠣᠢ︖      ᠶᠦᠨ ᠲᠣᠤ᠄ ︽ᠬᠡᠷᠡᠭᠵᠢᠭᠦᠯᠬᠦ ᠰᠠᠨᠠᠯ︾ ᠳᠤ᠄ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠢᠨ ᠪᠣᠳᠠᠲᠠᠢ ᠦᠵᠡᠭᠦᠯᠦᠭᠰᠡᠨ ᠬᠤᠪᠢ ᠨᠡᠮᠡᠷᠢ ᠪᠠᠷ ᠦᠨᠡᠯᠡᠬᠦ ᠪᠠᠷᠢᠮᠵᠢᠶ᠎ᠠ ᠪᠣᠯᠭᠠᠬᠤ ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠬᠠᠷᠠᠯᠲᠠ ᠲᠠᠢ ᠬᠠᠷᠢᠯᠴᠠᠨ ᠨᠢᠭᠡᠳᠦᠭᠦᠯᠬᠦ᠂ ᠠᠵᠢᠯ ᠤᠨ ᠲᠣᠪᠤᠶᠢᠮ᠎ᠠ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠣᠷᠣᠯᠭ᠎ᠠ ᠶᠢᠨ ᠬᠤᠪᠢᠶᠠᠷᠢᠯᠠᠯᠲᠠ ᠪᠠᠷ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠵᠢᠭᠠᠨ ᠰᠤᠷᠭᠠᠯᠲᠠᠳ᠂ ᠰᠢᠨᠵᠢᠯᠡᠬᠦ ᠤᠬᠠᠭᠠᠨ ᠤ ᠰᠤᠳᠤᠯᠭᠠᠲᠠᠳ᠂ ᠲᠤᠷᠰᠢᠯᠲᠠ ᠶᠢᠨ ᠲᠥᠯᠥᠪᠯᠡᠭᠡ ᠬᠢᠭᠡᠳ ᠨᠡᠭᠡᠭᠡᠨ ᠠᠰᠢᠭᠯᠠᠯᠲᠠ ᠶᠢᠨ ᠬᠥᠮᠥᠰ᠂ ᠲᠤᠰᠠᠯᠠᠬᠤ ᠠᠵᠢᠯᠲᠠᠳ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯᠲᠠᠳ ᠵᠡᠷᠭᠡ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠷᠢᠴᠠᠭ᠎ᠠ ᠶᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠵᠤ ᠪᠦᠷᠢᠯᠳᠦᠭᠰᠡᠨ ᠰᠲ᠋ᠣᠺ ᠤᠨ ᠡᠷᠬᠡ᠂ ᠠᠵᠢᠯ ᠤᠨ ᠪᠠᠶᠢᠷᠢ ᠶᠢᠨ ᠠᠰᠢᠭ ᠣᠯᠵᠠᠪᠤᠷᠢ ᠬᠤᠪᠢᠶᠠᠷᠢᠯᠠᠬᠤ ᠵᠡᠷᠭᠡ ᠲᠠᠯ᠎ᠠ ᠶᠢᠨ ᠤᠷᠮᠠᠰᠢᠭᠤᠯᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠢᠨ ᠪᠠᠴᠢᠮ ᠱᠠᠭᠠᠷᠳᠠᠭᠳᠠᠵᠤ ᠪᠠᠶᠢᠭ᠎ᠠ ᠬᠤᠪᠣᠷ ᠴᠤᠬᠠᠭ ᠳᠡᠭᠡᠳᠦ ᠳᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠲᠠᠳ ᠢ ᠲᠠᠲᠠᠨ ᠣᠷᠣᠭᠤᠯᠵᠤ᠂ ᠬᠡᠯᠡᠯᠴᠡᠭᠡᠷ ᠤᠨ ᠴᠠᠯᠢᠩ᠂ ᠵᠢᠯ ᠤᠨ ᠴᠠᠯᠢᠩ ᠤᠨ ᠳᠦᠷᠢᠮ ᠪᠤᠶᠤ ᠲᠥᠷᠥᠯ ᠵᠦᠢᠯ ᠤᠨ ᠴᠠᠯᠢᠩ ᠵᠡᠷᠭᠡ ᠣᠯᠠᠨ ᠵᠦᠢᠯ ᠤᠨ ᠬᠤᠪᠢᠶᠠᠷᠢᠯᠠᠬᠤ ᠠᠷᠭ᠎ᠠ ᠶᠢ ᠬᠡᠷᠡᠭᠯᠡᠵᠦ ᠪᠣᠯᠣᠨ᠎ᠠ᠃ ᠠᠳᠠᠯᠢ ᠪᠤᠰᠤ ᠲᠥᠷᠥᠯ ᠬᠡᠯᠪᠡᠷᠢ ᠶᠢᠨ ᠰᠤᠳᠤᠯᠭᠠᠲᠠᠳ ᠤᠨ ᠰᠢᠯᠭᠠᠨ ᠬᠢᠨᠠᠬᠤ ᠦᠶᠡᠯᠡᠯ ᠤᠨ ᠬᠤᠭᠤᠴᠠᠭ᠎ᠠ ᠶᠢ ᠰᠢᠨᠵᠢᠯᠡᠬᠦ ᠤᠬᠠᠭᠠᠴᠢ ᠪᠠᠷ ᠲᠣᠬᠢᠷᠠᠭᠤᠯᠵᠤ᠂ ᠤᠷᠲᠤ ᠬᠤᠭᠤᠴᠠᠭ᠎ᠠ ᠪᠠᠷ ᠤᠷᠮᠠᠰᠢᠭᠤᠯᠤᠨ ᠵᠣᠷᠢᠭᠵᠢᠭᠤᠯᠬᠤ ᠤᠳᠤᠷᠢᠳᠤᠮᠵᠢ ᠶᠢ ᠪᠦᠷᠢᠳᠦᠭᠦᠯᠦᠨ᠎ᠡ᠃      ᠬᠥᠲᠥᠯᠥᠭᠴᠢ᠄ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠪᠣᠯ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠢᠳᠡᠪᠬᠢᠵᠢᠯ ᠢ ᠬᠥᠭᠵᠢᠭᠡᠵᠦ᠂ ᠲᠡᠳᠡᠨᠦᠰ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠵᠠᠮ ᠪᠣᠯᠣᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠣᠭᠲᠠᠴᠠ ᠶᠢᠨ ᠲᠠᠯ᠎ᠠ ᠪᠠᠷ ᠬᠡᠷᠬᠢᠨ ᠲᠣᠭᠲᠠᠭᠠᠭᠰᠠᠨ ᠪᠣᠢ︖      ᠶᠦᠨ ᠲᠣᠤ᠄ ᠨᠢᠭᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠬᠦ᠂ ᠰᠢᠢᠳᠪᠦᠷᠢᠯᠡᠬᠦ ᠪᠠ ᠠᠰᠢᠭ ᠣᠷᠣᠯᠭ᠎ᠠ ᠭᠡᠬᠦ ︽ᠭᠤᠷᠪᠠᠨ ᠡᠷᠬᠡ︾ ᠶᠢ ᠳᠣᠷᠣᠭᠰᠢ ᠪᠠᠭᠤᠯᠭᠠᠨ᠎ᠠ᠃ ᠬᠤᠶᠠᠷ ᠲᠤ᠂ ᠡᠳ᠋ ᠤᠨ ᠵᠠᠰᠠᠭ ᠪᠡᠯᠡ ᠮᠥᠩᠭᠦᠨ ᠤ ᠳᠡᠮᠵᠢᠯᠭᠡ ᠪᠠᠷ ᠪᠦᠷᠢᠯᠳᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠤᠷᠪᠠᠳᠠᠭᠴᠢ ᠡᠲᠡᠭᠡᠳ ᠤᠨ ᠦᠨᠡᠯᠡᠨ ᠵᠢᠱᠢᠯᠲᠡ ᠪᠠ ᠦᠨ᠎ᠡ ᠲᠣᠭᠲᠠᠭᠠᠯᠲᠠ ᠪᠠᠷ ᠳᠠᠮᠵᠢᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠪᠣᠯ᠂ 2 ᠵᠢᠯ ᠤᠨ ᠳᠣᠲᠣᠷ᠎ᠠ ᠤᠯᠠᠷᠢᠭᠤᠯᠬᠤ ᠬᠡᠷᠡᠭᠲᠡᠢ᠃ ᠭᠤᠷᠪᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠮᠡᠳᠡᠭᠦᠯᠬᠦ ᠳᠦᠷᠢᠮ ᠢ ᠲᠣᠭᠲᠠᠭᠠᠨ᠎ᠠ᠃ ᠳᠥᠷᠪᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ ᠨᠢᠭᠡᠳᠦᠯᠲᠡᠢ ᠪᠠᠷ ᠢᠯᠡ ᠪᠣᠯᠭᠠᠨ ᠵᠠᠷᠯᠠᠬᠤ ᠳᠦᠷᠢᠮ ᠢ ᠬᠡᠷᠡᠭᠵᠢᠭᠦᠯᠦᠨ᠎ᠡ᠃ ᠲᠠᠪᠤ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠲᠣᠮᠣ ᠳ᠋ᠠᠶᠢᠲ᠋ᠠ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠢ ᠮᠡᠷᠭᠡᠵᠢᠯ ᠤᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭᠠᠨ ᠤ ᠲᠠᠪᠴᠠᠩ ᠤᠳ ᠢ ᠬᠥᠲᠥᠯᠥᠨ ᠵᠢᠯᠣᠭᠤᠳᠴᠤ ᠪᠠᠶᠢᠭᠤᠯᠤᠨ᠎ᠠ᠃      ᠬᠥᠲᠥᠯᠥᠭᠴᠢ᠄ ︽ᠬᠡᠷᠡᠭᠵᠢᠭᠦᠯᠬᠦ ᠰᠠᠨᠠᠯ︾ ᠨᠢ ᠰᠢᠨᠵᠢᠯᠡᠬᠦ ᠤᠬᠠᠭᠠᠨ ᠤ ᠰᠤᠳᠤᠯᠭᠠᠲᠠᠳ ᠲᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠠᠰᠢᠭ ᠣᠷᠣᠯᠭ᠎ᠠ ᠶᠢᠨ ᠤᠷᠮᠠᠰᠢᠭᠤᠯᠬᠤ ᠦᠢᠯᠡᠳᠦᠯ ᠢ ᠬᠡᠷᠬᠢᠨ ᠴᠢᠩᠭᠠᠷᠠᠭᠤᠯᠬᠤ ᠪᠣᠢ︖      ᠶᠦᠨ ᠲᠣᠤ᠄ ᠨᠢᠭᠡ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠢᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠵᠤ ᠣᠯᠣᠭᠰᠠᠨ ᠠᠰᠢᠭ ᠣᠷᠣᠯᠭ᠎ᠠ ᠶᠢ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠡᠶᠡᠯᠡᠭᠦᠯᠬᠦ ᠪᠠ ᠤᠯᠠᠷᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠬᠥᠮᠥᠰ ᠢ ᠱᠠᠩᠨᠠᠨ ᠬᠥᠬᠢᠭᠦᠯᠬᠦ ᠳᠤ ᠬᠡᠷᠡᠭᠯᠡᠵᠦ᠂ ᠭᠡᠷ᠎ᠡ ᠶᠢᠨ ᠲᠣᠬᠢᠷᠠᠯᠴᠠᠭ᠎ᠠ ᠪᠠᠶᠢᠪᠠᠯ᠂ ᠭᠡᠷ᠎ᠡ ᠶᠢᠨ ᠲᠣᠬᠢᠷᠠᠯᠴᠠᠭ᠎ᠠ ᠶᠣᠰᠣᠭᠠᠷ ᠶᠠᠪᠤᠭᠤᠯᠤᠨ᠎ᠠ᠃ ᠬᠤᠶᠠᠷ ᠲᠤ᠂ ᠭᠡᠷ᠎ᠡ ᠪᠠᠷ ᠬᠡᠯᠡᠯᠴᠡᠨ ᠲᠣᠬᠢᠷᠠᠯᠴᠠᠭᠰᠠᠨ ᠦᠭᠡᠢ ᠪᠣᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠰᠢᠯᠵᠢᠭᠦᠯᠦᠨ ᠤᠯᠠᠷᠢᠭᠤᠯᠤᠭᠰᠠᠨ ᠠᠰᠢᠭ ᠣᠷᠣᠯᠭ᠎ᠠ ᠳᠤᠮᠳᠠ ᠠᠴᠠ ᠣᠯᠬᠤ ᠱᠠᠩᠨᠠᠯ ᠪᠠ ᠬᠥᠯᠥᠰᠦ ᠣᠯᠭᠤᠮᠵᠢ ᠶᠢᠨ ᠬᠠᠷᠢᠴᠠᠯ ᠢ ᠲᠣᠳᠣᠷᠬᠠᠶᠢᠯᠠᠵᠤ᠂ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠬᠦ᠂ ᠪᠤᠰᠤᠳ ᠬᠥᠮᠥᠨ ᠤ ᠬᠡᠷᠡᠭᠯᠡᠬᠦ ᠶᠢ ᠵᠥᠪᠰᠢᠶᠡᠷᠡᠬᠦ ᠪᠤᠶᠤ ᠦᠨ᠎ᠡ ᠲᠣᠭᠲᠠᠭᠠᠨ ᠪᠡᠯᠡ ᠣᠷᠣᠭᠤᠯᠤᠭᠰᠠᠨ ᠪᠣᠯ᠂ ᠱᠠᠩᠨᠠᠯ ᠤᠨ ᠬᠠᠷᠢᠴᠠᠯ ᠨᠢ ᠲᠤᠰ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠬᠦ ᠪᠠ ᠵᠥᠪᠰᠢᠶᠡᠷᠡᠭᠰᠡᠨ ᠠᠴᠠ ᠣᠯᠣᠭᠰᠠᠨ ᠴᠡᠪᠡᠷ ᠣᠷᠣᠯᠭ᠎ᠠ ᠪᠤᠶᠤ ᠦᠨ᠎ᠡ ᠲᠣᠭᠲᠠᠭᠠᠭᠰᠠᠨ ᠠᠴᠠ ᠪᠦᠷᠢᠯᠳᠦᠭᠰᠡᠨ ᠰᠲ᠋ᠣᠺ ᠤᠨ 70% ᠠᠴᠠ ᠳᠣᠣᠷ᠎ᠠ ᠪᠠᠶᠢᠵᠤ ᠪᠣᠯᠬᠤ ᠦᠭᠡᠢ᠂ ᠥᠪᠡᠷ ᠢᠶᠠᠨ ᠬᠡᠷᠡᠭᠵᠢᠭᠦᠯᠦᠭᠰᠡᠨ ᠪᠤᠶᠤ ᠪᠤᠰᠤᠳ ᠲᠠᠢ ᠬᠠᠮᠲᠤᠷᠠᠨ ᠬᠡᠷᠡᠭᠵᠢᠭᠦᠯᠦᠭᠰᠡᠨ ᠪᠣᠯ᠂ ᠬᠡᠷᠡᠭᠵᠢᠭᠦᠯᠵᠦ ᠤᠯᠠᠷᠢᠭᠤᠯᠤᠭᠠᠳ ᠠᠮᠵᠢᠯᠲᠠ ᠣᠯᠣᠭᠰᠠᠨ ᠤ ᠳᠠᠷᠠᠭ᠎ᠠ ᠵᠠᠯᠭᠠᠭ᠎ᠠ ᠪᠠᠷ 5 ᠵᠢᠯ᠂ ᠵᠢᠯ ᠪᠦᠷᠢ ᠲᠤᠰ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠵᠢᠭᠦᠯᠦᠭᠰᠡᠨ ᠡᠵᠡᠩᠨᠡᠯᠲᠡ ᠶᠢᠨ ᠠᠰᠢᠭ ᠣᠷᠣᠯᠭ᠎ᠠ ᠠᠴᠠ 5% ᠠᠴᠠ ᠳᠡᠭᠡᠭᠰᠢ ᠬᠠᠷᠢᠴᠠᠯ ᠢᠶᠠᠷ ᠭᠠᠷᠭᠠᠨ ᠠᠪᠴᠤ ᠱᠠᠩᠨᠠᠨ ᠬᠥᠬᠢᠭᠦᠯᠬᠦ ᠳᠤ ᠬᠡᠷᠡᠭᠯᠡᠨ᠎ᠡ᠃ ᠭᠤᠷᠪᠠ ᠳᠤ᠂ ᠤᠳᠤᠷᠢᠳᠬᠤ ᠬᠥᠮᠥᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠱᠠᠩᠨᠠᠯ ᠢ ᠵᠢᠷᠤᠮᠵᠢᠭᠤᠯᠪᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠭᠤᠣᠯ ᠤᠳᠤᠷᠢᠳᠤᠯᠭ᠎ᠠ ᠬᠡᠷᠪᠡ ᠰᠢᠨᠵᠢᠯᠡᠬᠦ ᠤᠬᠠᠭᠠᠨ ᠤ ᠰᠤᠳᠤᠯᠤᠯᠲᠠ ᠬᠢᠵᠦ ᠪᠠᠶᠢᠪᠠᠯ᠂ ᠲᠣᠭᠲᠠᠭᠠᠯ ᠶᠣᠰᠣᠭᠠᠷ ᠪᠡᠯᠡᠨ ᠵᠣᠭᠤᠰ ᠤᠨ ᠱᠠᠩᠨᠠᠯ ᠣᠯᠵᠤ ᠪᠣᠯᠣᠨ᠎ᠠ᠂ ᠵᠠᠷᠴᠢᠮ ᠳᠡᠭᠡᠷ᠎ᠡ ᠪᠠᠨ ᠰᠲ᠋ᠣᠺ ᠤᠨ ᠡᠷᠬᠡ ᠶᠢᠨ ᠱᠠᠩᠨᠠᠯ ᠣᠯᠵᠤ ᠪᠣᠯᠬᠤ ᠦᠭᠡᠢ᠃ ᠣᠳᠣ ᠶᠢᠨ ᠲᠤᠰᠢᠶᠠᠯ ᠢᠶᠠᠨ ᠡᠭᠦᠷᠭᠡᠯᠡᠬᠦ ᠠᠴᠠ ᠡᠮᠦᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠤᠯᠠᠷᠢᠭᠤᠯᠵᠤ ᠣᠯᠣᠭᠰᠠᠨ ᠰᠲ᠋ᠣᠺ ᠤᠨ ᠡᠷᠬᠡ ᠪᠠᠨ ᠲᠤᠰᠢᠶᠠᠯ ᠡᠭᠦᠷᠭᠡᠯᠡᠭᠰᠡᠨ ᠤ ᠳᠠᠷᠠᠭ᠎ᠠ ᠲᠣᠭᠲᠠᠭᠰᠠᠨ ᠴᠠᠭ ᠤᠨ ᠬᠢᠵᠠᠭᠠᠷ ᠲᠤ ᠰᠢᠯᠵᠢᠭᠦᠯᠦᠨ ᠥᠭᠭᠦᠨ᠎ᠡ᠂ ᠬᠤᠭᠤᠴᠠᠭ᠎ᠠ ᠨᠢ ᠬᠡᠲᠦᠷᠡᠭᠰᠡᠨ ᠪᠣᠯᠪᠠᠴᠤ ᠰᠢᠯᠵᠢᠭᠦᠯᠵᠦ ᠥᠭᠭᠦᠭᠡᠳᠦᠢ ᠪᠣᠯ᠂ ᠲᠤᠰᠢᠶᠠᠯ ᠡᠭᠦᠷᠭᠡᠯᠡᠬᠦ ᠬᠤᠭᠤᠴᠠᠭᠠᠨ ᠳᠤ ᠠᠷᠠᠯᠵᠢᠶᠠᠯᠠᠬᠤ ᠶᠢ ᠨᠢ ᠬᠢᠵᠠᠭᠠᠷᠯᠠᠨ᠎ᠠ᠃ ᠪᠤᠰᠤᠳ ᠤᠳᠤᠷᠢᠳᠬᠤ ᠲᠤᠰᠢᠶᠠᠯ ᠡᠭᠦᠷᠭᠡᠯᠡᠵᠦ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠭᠤᠣᠯ ᠭᠦᠢᠴᠡᠳᠬᠡᠭᠴᠢ ᠪᠣᠯ᠂ ᠬᠠᠤᠯᠢ ᠶᠣᠰᠣᠭᠠᠷ ᠪᠡᠯᠡᠨ ᠵᠣᠭᠤᠰ᠂ ᠰᠲ᠋ᠣᠺ ᠤᠨ ᠡᠷᠬᠡ ᠪᠤᠶᠤ ᠪᠡᠯᠡ ᠭᠠᠷᠭᠠᠭᠰᠠᠨ ᠬᠠᠷᠢᠴᠠᠯ ᠵᠡᠷᠭᠡ ᠱᠠᠩᠨᠠᠯ ᠪᠠ ᠬᠥᠯᠥᠰᠦ ᠣᠯᠭᠤᠮᠵᠢ ᠣᠯᠵᠤ ᠪᠣᠯᠣᠨ᠎ᠠ᠃      ᠬᠥᠲᠥᠯᠥᠭᠴᠢ᠄ ᠲᠥᠷᠥ ᠶᠢᠨ ᠪᠣᠳᠣᠯᠭ᠎ᠠ ᠳᠤ ᠶᠠᠭᠤᠨ ᠤ ᠤᠴᠢᠷ ᠠᠴᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ ᠶᠢᠨ ᠭᠤᠣᠯ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠱᠠᠩᠨᠠᠯ ᠳᠤ ᠬᠢᠵᠠᠭᠠᠷᠯᠠᠯ ᠲᠣᠭᠲᠠᠭᠠᠭᠰᠠᠨ ᠪᠣᠢ︖ ᠦᠨᠳᠦᠰᠦᠯᠡᠯ ᠨᠢ ᠶᠠᠭᠤ ᠪᠣᠢ︖ ᠭᠤᠣᠯ ᠤᠳᠤᠷᠢᠳᠤᠯᠭ᠎ᠠ ᠳᠤ ᠵᠡᠷᠭᠡ ᠳᠡᠰ ᠤᠨ ᠬᠢᠵᠠᠭᠠᠷᠯᠠᠯ ᠪᠠᠶᠢᠨ᠎ᠠ ᠦᠦ︖      ᠶᠦᠨ ᠲᠣᠤ᠄ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶᠠᠯᠠᠭᠳᠠᠬᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠢᠴᠢ ᠠᠶᠢᠮᠠᠭ ᠬᠤᠲᠠ᠂ ᠬᠤᠰᠢᠭᠤ ᠰᠢᠶᠠᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠬᠠᠷᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠪᠠ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠪᠦᠷ ᠵᠣᠬᠢᠬᠤ ᠵᠠᠰᠠᠭ ᠵᠠᠬᠢᠷᠭᠠᠨ ᠤ ᠵᠡᠷᠭᠡ ᠳᠡᠰ ᠪᠠᠶᠢᠵᠤ᠂ ᠶᠡᠭᠡ ᠰᠤᠷᠭᠠᠭᠤᠯᠢ ᠶᠢᠨ ᠵᠠᠬᠢᠷᠤᠯ᠂ ᠳᠡᠭᠡᠳᠦ ᠰᠤᠷᠭᠠᠭᠤᠯᠢ ᠶᠢᠨ ᠳᠠᠷᠤᠭ᠎ᠠ ᠨᠢ ᠪᠦᠷ ᠲᠣᠬᠢᠷᠠᠯᠴᠠᠭᠰᠠᠨ ᠵᠠᠰᠠᠭ ᠵᠠᠬᠢᠷᠭᠠᠨ ᠤ ᠵᠡᠷᠭᠡ ᠳᠡᠰ ᠲᠠᠢ ᠤᠳᠤᠷᠢᠳᠬᠤ ᠺᠠᠳ᠋ᠷ ᠪᠠᠶᠢᠵᠤ᠂ ᠲᠡᠳᠡᠨᠦᠰ ᠤᠨ ᠳᠣᠲᠣᠷ᠎ᠠ ᠨᠡᠯᠢᠶᠡᠳ ᠣᠯᠠᠨ ᠬᠥᠮᠥᠨ ᠨᠢ ᠪᠦᠷ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ ᠶᠢᠨ ᠳᠠᠪᠬᠤᠷ ᠡᠭᠦᠷᠭᠡ ᠶᠢ ᠡᠭᠦᠷᠭᠡᠯᠡᠵᠦ᠂ ᠵᠠᠰᠠᠭ ᠵᠠᠬᠢᠷᠭᠠᠨ ᠤ ᠡᠭᠦᠷᠭᠡ ᠲᠤᠰᠢᠶᠠᠯ ᠢ ᠡᠭᠦᠷᠭᠡᠯᠡᠵᠦ ᠪᠠᠶᠢᠬᠤ ᠪᠠᠷ ᠪᠠᠷᠠᠬᠤ ᠦᠭᠡᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠴᠤ ᠬᠠᠷᠢᠭᠤᠴᠠᠵᠤ ᠪᠠᠶᠢᠨ᠎ᠠ᠃ ᠡᠳᠡᠭᠡᠷ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠱᠠᠩᠨᠠᠯ ᠢ ᠵᠢᠷᠤᠮᠵᠢᠭᠤᠯᠬᠤ ᠶᠢᠨ ᠲᠥᠯᠥᠭᠡ᠂ ︽ᠬᠡᠷᠡᠭᠵᠢᠭᠦᠯᠬᠦ ᠰᠠᠨᠠᠯ︾ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠭᠤᠣᠯ ᠤᠳᠤᠷᠢᠳᠤᠯᠭ᠎ᠠ ︵ᠳᠣᠲᠣᠭᠠᠳᠤ ᠳᠤ ᠪᠠᠨ ᠲᠣᠬᠢᠷᠠᠭᠤᠯᠤᠭᠰᠠᠨ ᠪᠠᠶᠢᠭᠤᠯᠤᠮᠵᠢ ᠪᠠᠭᠲᠠᠬᠤ ᠦᠭᠡᠢ︶ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠭᠤᠣᠯ ᠭᠦᠢᠴᠡᠳᠬᠡᠭᠴᠢ ᠪᠤᠶᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠣᠯ᠂ ᠲᠣᠭᠲᠠᠭᠠᠯ ᠶᠣᠰᠣᠭᠠᠷ ᠪᠡᠯᠡᠨ ᠵᠣᠭᠤᠰ ᠤᠨ ᠱᠠᠩᠨᠠᠯ ᠣᠯᠵᠤ ᠪᠣᠯᠣᠨ᠎ᠠ᠃ ᠵᠠᠷᠴᠢᠮ ᠳᠡᠭᠡᠷ᠎ᠡ ᠪᠠᠨ ᠰᠲ᠋ᠣᠺ ᠤᠨ ᠡᠷᠬᠡ ᠶᠢᠨ ᠱᠠᠩᠨᠠᠯ ᠣᠯᠵᠤ ᠪᠣᠯᠬᠤ ᠦᠭᠡᠢ᠃ ᠶᠠᠭᠤᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ ᠶᠢᠨ ᠭᠤᠣᠯ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠱᠠᠩᠨᠠᠯ ᠳᠤ ᠬᠢᠵᠠᠭᠠᠷᠯᠠᠯ ᠲᠣᠭᠲᠠᠭᠠᠭᠰᠠᠨ ᠪᠣᠢ︖ ᠭᠡᠪᠡᠯ ᠭᠤᠣᠯ ᠰᠢᠯᠲᠠᠭᠠᠨ ᠨᠢ ᠨᠢᠭᠡᠴᠡ ᠶᠢᠨ ᠭᠤᠣᠯ ᠤᠳᠤᠷᠢᠳᠤᠯᠭ᠎ᠠ ᠶᠢ ᠬᠤᠪᠢ ᠬᠥᠮᠥᠨ ᠤ ᠦᠷ᠎ᠡ ᠪᠦᠲᠦᠭᠡᠯ ᠤᠨ ᠤᠯᠠᠷᠢᠭᠤᠯᠤᠯᠲᠠ ᠵᠦᠭ ᠬᠥᠲᠥᠯᠥᠨ ᠵᠢᠯᠣᠭᠤᠳᠴᠤ ᠪᠣᠯᠬᠤ ᠦᠭᠡᠢ ᠠᠴᠠ ᠪᠣᠯᠵᠠᠢ᠃ ᠨᠢᠭᠡ ᠨᠢᠭᠡᠴᠡ ᠶᠢᠨ ᠭᠤᠣᠯ ᠤᠳᠤᠷᠢᠳᠤᠯᠭ᠎ᠠ ᠨᠢ ᠨᠢᠭᠡᠴᠡ ᠶᠢᠨ ᠢᠶᠠᠨ ᠪᠦᠬᠦᠯᠢ ᠴᠣᠭᠴᠠ ᠶᠢᠨ ᠬᠥᠭᠵᠢᠯᠲᠡ ᠪᠠ ᠨᠢᠭᠡᠴᠡ ᠶᠢᠨ ᠢᠶᠠᠨ ᠪᠦᠬᠦ ᠠᠵᠢᠯᠲᠠᠨ᠂ ᠵᠢᠴᠢ ᠤᠯᠤᠰ ᠠᠴᠠ ᠲᠡᠭᠦᠨ ᠳᠤ ᠣᠯᠭᠤᠭᠰᠠᠨ ᠡᠭᠦᠷᠭᠡ ᠴᠢᠳᠠᠮᠵᠢ᠂ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ ᠲᠠᠯ᠎ᠠ ᠪᠠᠷ ᠪᠦᠬᠦ ᠲᠠᠯ᠎ᠠ ᠶᠢᠨ᠂ ᠭᠤᠣᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠂ ᠡᠨᠡ ᠨᠢ ᠲᠡᠷᠢᠭᠦᠨ ᠴᠢᠬᠤᠯᠠ ᠬᠠᠷᠢᠭᠤᠴᠠᠯᠭ᠎ᠠ ᠪᠠᠶᠢᠵᠤ᠂ ᠨᠢᠭᠡ ᠨᠢᠭᠡᠴᠡ ᠶᠢᠨ ᠭᠤᠣᠯ ᠤᠳᠤᠷᠢᠳᠤᠯᠭ᠎ᠠ ᠶᠢ ᠬᠤᠪᠢ ᠬᠥᠮᠥᠨ ᠤ ᠦᠷ᠎ᠡ ᠪᠦᠲᠦᠭᠡᠯ ᠤᠨ ᠡᠭᠦᠰᠦᠯ᠂ ᠤᠯᠠᠷᠢᠭᠤᠯᠤᠯᠲᠠ᠂ ᠠᠰᠢᠭ ᠣᠷᠣᠯᠭ᠎ᠠ ᠶᠢᠨ ᠲᠠᠯ᠎ᠠ ᠪᠠᠷ ᠬᠥᠲᠥᠯᠵᠦ ᠪᠣᠯᠬᠤ ᠦᠭᠡᠢ᠂ ᠡᠨᠡ ᠨᠢ ᠤᠳᠤᠷᠢᠳᠤᠯᠭ᠎ᠠ ᠶᠢᠨ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠣᠯᠣᠨ᠎ᠠ᠃ ᠢᠩᠭᠢᠵᠦ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠪᠣᠯ᠄ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠬᠠᠤᠯᠢ﹀ ᠶᠢ ᠬᠡᠷᠡᠭᠵᠢᠭᠦᠯᠬᠦ ᠲᠣᠭᠲᠠᠭᠠᠯ ᠤᠳ︾ ︵ᠤᠯᠤᠰ ᠲᠠᠷᠬᠠᠭᠠᠭᠰᠠᠨ︹2016︺16 ᠳ᠋ᠤᠭᠠᠷ ᠲᠣᠭᠠᠲᠤ︶ ᠲᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ ᠶᠢᠨ ᠭᠤᠣᠯ ᠤᠳᠤᠷᠢᠳᠤᠯᠭ᠎ᠠ᠂ ᠵᠢᠴᠢ ᠳᠡᠭᠡᠷ᠎ᠡ ᠶᠠᠷᠢᠭᠰᠠᠨ ᠠᠵᠢᠯ ᠦᠢᠯᠡᠰ ᠤᠨ ᠨᠢᠭᠡᠴᠡ ᠶᠢᠨ ᠬᠠᠷᠢᠶᠠᠨ ᠳᠠᠬᠢ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠭᠡᠮ ᠪᠦᠬᠦᠢ ᠨᠢᠭᠡᠴᠡ ᠶᠢᠨ ᠭᠤᠣᠯ ᠤᠳᠤᠷᠢᠳᠤᠯᠭ᠎ᠠ ᠵᠠᠷᠴᠢᠮ ᠳᠡᠭᠡᠷ᠎ᠡ ᠪᠠᠨ ᠰᠲ᠋ᠣᠺ ᠤᠨ ᠡᠷᠬᠡ ᠶᠢᠨ ᠤᠷᠮᠠᠰᠢᠭᠤᠯᠤᠯ ᠣᠯᠵᠤ ᠪᠣᠯᠬᠤ ᠦᠭᠡᠢ ᠭᠡᠵᠦ ᠲᠣᠭᠲᠠᠭᠠᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠠᠨᠠᠯ ᠤᠳ︾ ︵ᠲᠢᠩᠬᠢᠮ ᠦᠰᠦᠭ ︹20016︺ 35 ᠳ᠋ᠤᠭᠠᠷ ᠲᠣᠭᠠᠲᠤ︶ ᠲᠤ ᠭᠤᠣᠯ ᠤᠳᠤᠷᠢᠳᠤᠯᠭ᠎ᠠ ᠶᠢᠨ ᠣᠳᠣ ᠶᠢᠨ ᠡᠭᠦᠷᠭᠡ ᠲᠤᠰᠢᠶᠠᠯ ᠢᠶᠠᠨ ᠡᠭᠦᠷᠭᠡᠯᠡᠬᠦ ᠠᠴᠠ ᠡᠮᠦᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠤᠯᠠᠷᠢᠭᠤᠯᠵᠤ ᠣᠯᠣᠭᠰᠠᠨ ᠰᠲ᠋ᠣᠺ ᠤᠨ ᠡᠷᠬᠡ ᠪᠠᠨ ᠲᠤᠰᠢᠶᠠᠯ ᠡᠭᠦᠷᠭᠡᠯᠡᠭᠰᠡᠨ ᠤ ᠳᠠᠷᠠᠭ᠎ᠠ ᠲᠣᠭᠲᠠᠭᠰᠠᠨ ᠴᠠᠭ ᠤᠨ ᠬᠢᠵᠠᠭᠠᠷ ᠲᠤ ᠰᠢᠯᠵᠢᠭᠦᠯᠦᠨ ᠥᠭᠬᠦ ᠬᠡᠷᠡᠭᠲᠡᠢ᠂ ᠬᠤᠭᠤᠴᠠᠭ᠎ᠠ ᠨᠢ ᠬᠡᠲᠦᠷᠡᠭᠡᠳ ᠰᠢᠯᠵᠢᠭᠦᠯᠦᠨ ᠥᠭᠭᠦᠭᠡᠳᠦᠢ ᠪᠣᠯ᠂ ᠲᠤᠰᠢᠶᠠᠯ ᠡᠭᠦᠷᠭᠡᠯᠡᠬᠦ ᠬᠤᠭᠤᠴᠠᠭᠠᠨ ᠳᠣᠲᠣᠷ᠎ᠠ ᠪᠠᠨ ᠠᠷᠠᠯᠵᠢᠶᠠᠯᠠᠬᠤ ᠶᠢ ᠬᠢᠵᠠᠭᠠᠷᠯᠠᠨ᠎ᠠ ᠭᠡᠵᠦ ᠲᠣᠭᠲᠠᠭᠠᠵᠠᠢ᠃      ᠶᠦᠨ ᠲᠣᠤ᠄ ᠭᠤᠣᠯ ᠤᠳᠤᠷᠢᠳᠤᠯᠭ᠎ᠠ ᠶᠢ ᠵᠠᠭᠠᠭᠯᠠᠨ ᠲᠣᠭᠲᠠᠭᠠᠬᠤ ᠲᠤᠬᠠᠢ ᠠᠰᠠᠭᠤᠳᠠᠯ᠃ ᠲᠤᠰ ᠲᠥᠷᠥ ᠶᠢᠨ ᠪᠣᠳᠣᠯᠭ᠎ᠠ ᠳᠤ ᠵᠢᠭᠠᠭᠰᠠᠨ ᠭᠤᠣᠯ ᠤᠳᠤᠷᠢᠳᠤᠯᠭ᠎ᠠ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶᠠᠯᠠᠭᠳᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ ᠳᠣᠲᠣᠭᠠᠳᠤ ᠳᠤ ᠪᠠᠨ ᠲᠣᠬᠢᠷᠠᠭᠤᠯᠤᠭᠰᠠᠨ ᠪᠠᠶᠢᠭᠤᠯᠤᠮᠵᠢ ᠪᠠᠭᠲᠠᠬᠤ ᠦᠭᠡᠢ︶ ᠶᠢᠨ ᠭᠤᠣᠯ ᠤᠳᠤᠷᠢᠳᠤᠯᠭ᠎ᠠ᠂ ᠵᠢᠴᠢ ᠳᠡᠭᠡᠷ᠎ᠡ ᠶᠠᠷᠢᠭᠰᠠᠨ ᠠᠵᠢᠯ ᠦᠢᠯᠡᠰ ᠤᠨ ᠨᠢᠭᠡᠴᠡ ᠶᠢᠨ ᠬᠠᠷᠢᠶᠠᠨ ᠳᠠᠬᠢ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠭᠡᠮ ᠪᠦᠬᠦᠢ ᠨᠢᠭᠡᠴᠡ ᠶᠢᠨ ᠭᠤᠣᠯ ᠤᠳᠤᠷᠢᠳᠤᠯᠭ᠎ᠠ ᠶᠢ ᠵᠢᠭᠠᠵᠤ ᠪᠠᠶᠢᠨ᠎ᠠ᠃ ᠳᠠᠷᠤᠢ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠨᠢᠭᠡᠳᠦᠭᠡᠷ ᠤᠳᠤᠷᠢᠳᠤᠯᠭ᠎ᠠ᠂ ᠬᠠᠤᠯᠢ ᠶᠢᠨ ᠡᠷᠬᠡᠲᠡᠨ ᠤ ᠲᠥᠯᠥᠭᠡᠯᠡᠭᠴᠢ᠂ ᠵᠢᠴᠢ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠰᠤᠭ ᠤᠨ ᠬᠠᠷᠢᠶᠠᠨ ᠳᠠᠬᠢ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠭᠡᠮ ᠪᠦᠬᠦᠢ ᠨᠢᠭᠡᠴᠡ᠂ ᠵᠢᠱᠢᠶᠡᠯᠡᠪᠡᠯ ᠬᠤᠪᠢᠶᠠᠷᠢ ᠳᠡᠭᠡᠳᠦ ᠰᠤᠷᠭᠠᠭᠤᠯᠢ᠂ ᠬᠤᠪᠢᠶᠠᠷᠢ ᠰᠤᠷᠭᠠᠭᠤᠯᠢ ᠵᠡᠷᠭᠡ ᠨᠢᠭᠡᠴᠡ ᠶᠢᠨ ᠨᠢᠭᠡᠳᠦᠭᠡᠷ ᠤᠳᠤᠷᠢᠳᠤᠯᠭ᠎ᠠ ᠪᠠ ᠬᠠᠤᠯᠢ ᠶᠢᠨ ᠡᠷᠬᠡᠲᠡᠨ ᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠣᠷᠣᠭᠤᠯᠤᠨ᠎ᠠ᠃ ᠠᠶᠢᠮᠠᠭ ᠬᠤᠲᠠ ᠠᠴᠠ ᠳᠣᠷᠣᠭᠰᠢᠬᠢ ᠰᠢᠭᠤᠳ ᠬᠠᠷᠢᠶ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ ᠶᠢᠨ ᠭᠤᠣᠯ ᠤᠳᠤᠷᠢᠳᠤᠯᠭ᠎ᠠ ᠶᠢᠨ ᠬᠡᠪᠴᠢᠶ᠎ᠡ ᠳᠤ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠪᠤᠰᠤᠳ ᠤᠳᠤᠷᠢᠳᠬᠤ ᠲᠤᠰᠢᠶᠠᠯ ᠡᠭᠦᠷᠭᠡᠯᠡᠵᠦ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠭᠤᠣᠯ ᠭᠦᠢᠴᠡᠳᠬᠡᠭᠴᠢ ᠪᠣᠯ᠂ ᠬᠠᠤᠯᠢ ᠶᠣᠰᠣᠭᠠᠷ ᠪᠡᠯᠡᠨ ᠵᠣᠭᠤᠰ᠂ ᠰᠲ᠋ᠣᠺ ᠤᠨ ᠡᠷᠬᠡ ᠪᠤᠶᠤ ᠪᠡᠯᠡ ᠭᠠᠷᠭᠠᠭᠰᠠᠨ ᠬᠠᠷᠢᠴᠠᠯ ᠵᠡᠷᠭᠡ ᠱᠠᠩᠨᠠᠯ ᠪᠠ ᠬᠥᠯᠥᠰᠦ ᠣᠯᠭᠤᠮᠵᠢ ᠣᠯᠵᠤ ᠪᠣᠯᠣᠨ᠎ᠠ᠃ᠶᠠᠷᠢᠶᠠᠨ ᠦᠭᠡᠢ᠂ ︽ᠬᠡᠷᠡᠭᠵᠢᠭᠦᠯᠬᠦ ᠰᠠᠨᠠᠯ︾ ᠳᠤ ᠪᠠᠰᠠ᠄ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠭᠤᠣᠯ ᠤᠳᠤᠷᠢᠳᠤᠯᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠭᠤᠣᠯ ᠭᠦᠢᠴᠡᠳᠬᠡᠭᠴᠢ ᠪᠤᠶᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠬᠠᠤᠯᠢ ᠶᠢᠨ ᠲᠣᠭᠲᠠᠭᠠᠯ ᠶᠣᠰᠣᠭᠠᠷ ᠪᠡᠯᠡᠨ ᠵᠣᠭᠤᠰ ᠤᠨ ᠱᠠᠩᠨᠠᠯ ᠣᠯᠵᠤ ᠪᠣᠯᠣᠨ᠎ᠠ᠂ ᠭᠤᠣᠯ ᠤᠳᠤᠷᠢᠳᠤᠯᠭ᠎ᠠ ᠶᠢᠨ ᠲᠤᠰᠢᠶᠠᠯ ᠡᠭᠦᠷᠭᠡᠯᠡᠬᠦ ᠬᠤᠭᠤᠴᠠᠭᠠᠨ ᠳᠤ ᠪᠠᠨ ᠰᠲ᠋ᠣᠺ ᠤᠨ ᠡᠷᠬᠡ ᠶᠢᠨ ᠠᠷᠠᠯᠵᠢᠶ᠎ᠠ ᠨᠢ ᠬᠢᠵᠠᠭᠠᠷᠯᠠᠭᠳᠠᠪᠠᠯ᠂ ᠭᠤᠣᠯ ᠤᠳᠤᠷᠢᠳᠤᠯᠭ᠎ᠠ ᠶᠢᠨ ᠲᠤᠰᠢᠶᠠᠯ ᠡᠭᠦᠷᠭᠡᠯᠡᠬᠦ ᠦᠭᠡᠢ ᠪᠣᠯᠣᠭᠰᠠᠨ ᠨᠢᠭᠡ ᠵᠢᠯ ᠤᠨ ᠳᠠᠷᠠᠭ᠎ᠠ ᠬᠢᠵᠠᠭᠠᠷᠯᠠᠯ ᠢ ᠨᠢ ᠲᠠᠶᠢᠯᠤᠨ᠎ᠠ᠃      ᠬᠥᠲᠥᠯᠥᠭᠴᠢ᠄ ︽ᠬᠡᠷᠡᠭᠵᠢᠭᠦᠯᠬᠦ ᠰᠠᠨᠠᠯ︾ ᠳᠤ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠢ ᠬᠡᠷᠬᠢᠨ ᠤᠷᠮᠠᠰᠢᠭᠤᠯᠤᠭᠰᠠᠨ ᠪᠣᠢ︖      ᠶᠦᠨ ᠲᠣᠤ᠄ ︽ᠬᠡᠷᠡᠭᠵᠢᠭᠦᠯᠬᠦ ᠰᠠᠨᠠᠯ︾ ᠳᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠣᠷᠣᠯᠭ᠎ᠠ ᠶᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ᠂ ᠰᠢᠨ᠎ᠡ ᠶᠢ ᠡᠭᠦᠳᠬᠦ ᠠᠵᠢᠯ ᠤᠨ ᠠᠮᠵᠢᠯᠲᠠ ᠪᠦᠲᠦᠮᠵᠢ ᠲᠠᠢ ᠬᠤᠯᠪᠣᠭᠳᠠᠭᠤᠯᠬᠤ ᠱᠠᠩᠨᠠᠯ ᠤᠨ ᠳᠦᠷᠢᠮ ᠢ ᠲᠡᠭᠦᠯᠳᠡᠷᠵᠢᠭᠦᠯᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠰᠲ᠋ᠣᠺ ᠤᠨ ᠡᠷᠬᠡ ᠪᠠᠨ ᠬᠤᠳᠠᠯᠳᠤᠬᠤ᠂ ᠰᠲ᠋ᠣᠺ ᠤᠨ ᠡᠷᠬᠡ ᠪᠠᠷ ᠱᠠᠩᠨᠠᠬᠤ᠂ ᠰᠲ᠋ᠣᠺ ᠤᠨ ᠡᠷᠬᠡ ᠶᠢᠨ ᠬᠤᠭᠤᠴᠠᠭᠠᠲᠤ ᠡᠷᠬᠡ ᠵᠡᠷᠭᠡ ᠠᠷᠭ᠎ᠠ ᠬᠡᠯᠪᠡᠷᠢ᠂ ᠡᠰᠡᠬᠦᠯ᠎ᠡ ᠲᠥᠷᠥᠯ ᠵᠦᠢᠯ ᠤᠨ ᠠᠰᠢᠭ ᠣᠷᠣᠯᠭ᠎ᠠ ᠪᠠᠷ ᠠᠰᠢᠭ ᠣᠯᠵᠠᠪᠤᠷᠢ ᠬᠤᠪᠢᠶᠠᠬᠤ᠂ ᠠᠵᠢᠯ ᠤᠨ ᠪᠠᠶᠢᠷᠢ ᠳᠡᠭᠡᠷ᠎ᠡ ᠨᠢ ᠠᠰᠢᠭ ᠣᠯᠵᠠᠪᠤᠷᠢ ᠬᠤᠪᠢᠶᠠᠬᠤ ᠵᠡᠷᠭᠡ ᠠᠰᠢᠭ ᠣᠯᠵᠠᠪᠤᠷᠢ ᠬᠤᠪᠢᠶᠠᠬᠤ ᠵᠡᠷᠭᠡ ᠠᠷᠭ᠎ᠠ ᠬᠡᠯᠪᠡᠷᠢ ᠶᠢ ᠬᠡᠷᠡᠭᠯᠡᠨ᠂ ᠠᠵᠤ ᠠᠬᠤᠶᠢᠯᠠᠯ ᠤᠨ ᠴᠢᠬᠤᠯᠠ ᠮᠡᠷᠭᠡᠵᠢᠯᠲᠡᠨ ᠪᠠ ᠡᠵᠡᠩᠨᠡᠨ ᠬᠠᠮᠢᠶᠠᠷᠤᠭᠴᠢᠳ ᠢ ᠤᠷᠮᠠᠰᠢᠭᠤᠯᠵᠤ ᠪᠣᠯᠣᠨ᠎ᠠ᠃ ᠤᠯᠤᠰ ᠤᠨ ᠥᠮᠴᠢᠯᠡᠯᠲᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠠᠴᠠ ᠴᠢᠬᠤᠯᠠ ᠮᠡᠷᠭᠡᠵᠢᠯᠲᠡᠨ ᠪᠠ ᠡᠵᠡᠩᠨᠡᠨ ᠬᠠᠮᠢᠶᠠᠷᠤᠭᠴᠢᠳ ᠲᠤ ᠰᠲ᠋ᠣᠺ ᠤᠨ ᠡᠷᠬᠡ ᠪᠠ ᠠᠰᠢᠭ ᠣᠯᠵᠠᠪᠤᠷᠢ ᠬᠤᠪᠢᠶᠠᠷᠢᠯᠠᠬᠤ ᠪᠠᠷ ᠤᠷᠮᠠᠰᠢᠭᠤᠯᠬᠤ ᠲᠤᠬᠠᠢ᠂ ᠡᠳ᠋ ᠤᠨ ᠵᠠᠰᠠᠭ ᠤᠨ ᠶᠠᠮᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ︽ᠤᠯᠤᠰ ᠤᠨ ᠥᠮᠴᠢᠯᠡᠯᠲᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠰᠲ᠋ᠣᠺ ᠤᠨ ᠡᠷᠬᠡ ᠪᠠ ᠠᠰᠢᠭ ᠣᠯᠵᠠᠪᠤᠷᠢ ᠬᠤᠪᠢᠶᠠᠷᠢᠯᠠᠬᠤ ᠪᠠᠷ ᠤᠷᠮᠠᠰᠢᠭᠤᠯᠬᠤ ᠶᠢᠨ ᠲᠦᠷ ᠬᠡᠷᠡᠭᠵᠢᠭᠦᠯᠬᠦ ᠠᠷᠭ᠎ᠠ︾ ︵ᠡᠳ᠋ ᠬᠥᠷᠥᠩᠭᠡ ︹2016︺ 4 ᠳ᠋ᠦ᠋ᠭᠡᠷ ᠲᠣᠭᠠᠲᠤ︶ ᠶᠣᠰᠤᠭᠠᠷ ᠬᠡᠷᠡᠭᠵᠢᠭᠦᠯᠦᠨ᠎ᠡ᠃      ᠬᠥᠲᠥᠯᠥᠭᠴᠢ᠄ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠪᠠᠷ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢ ᠠᠬᠢᠭᠤᠯᠬᠤ ᠲᠠᠯ᠎ᠠ ᠪᠠᠷ ᠤᠯᠤᠰ ᠠᠴᠠ ᠶᠠᠮᠠᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠵᠤ᠂ ᠶᠠᠮᠠᠷ ᠲᠣᠭᠲᠠᠭᠠᠯ ᠭᠠᠷᠭᠠᠭᠰᠠᠨ ᠪᠣᠢ︖      ᠶᠦᠨ ᠲᠣᠤ᠄ ᠥᠩᠭᠡᠷᠡᠭᠰᠡᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠳᠤ ᠰᠲ᠋ᠣᠺ ᠤᠨ ᠡᠷᠬᠡ ᠶᠢ ᠲᠣᠭᠲᠠᠭᠠᠬᠤ ᠶᠠᠪᠤᠴᠠ ᠳᠤ ᠬᠤᠶᠠᠷ ᠠᠯᠬᠤᠮ ᠬᠤᠪᠢᠶᠠᠨ ᠭᠠᠶᠢᠯᠢ ᠲᠤᠰᠢᠶᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠪᠡᠯᠡᠨ ᠵᠣᠭᠤᠰ ᠤᠨ ᠣᠷᠣᠯᠭ᠎ᠠ ᠣᠯᠬᠤ ᠠᠴᠠ ᠡᠮᠦᠨ᠎ᠡ ᠳᠠᠷᠤᠢ ᠨᠡᠯᠢᠶᠡᠳ ᠶᠡᠭᠡ ᠬᠡᠮᠵᠢᠶᠡᠨ ᠤ ᠭᠠᠶᠢᠯᠢ ᠶᠢᠨ ᠵᠣᠭᠤᠰ ᠲᠤᠰᠢᠶᠠᠬᠤ ᠪᠠᠷ ᠪᠠᠷᠠᠬᠤ ᠦᠭᠡᠢ᠂ ᠬᠠᠷᠢᠴᠠᠯ ᠨᠢ ᠨᠡᠯᠢᠶᠡᠳ ᠥᠨᠳᠥᠷ ᠪᠠᠶᠢᠵᠠᠢ᠃ ᠡᠨᠡ ᠬᠦ ᠠᠰᠠᠭᠤᠳᠠᠯ ᠳᠤ ᠬᠠᠨᠳᠤᠭᠤᠯᠵᠤ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠠᠴᠠ ᠨᠡᠶᠢᠲᠡᠯᠡᠭᠰᠡᠨ ︽ᠰᠲ᠋ᠣᠺ ᠤᠨ ᠡᠷᠬᠡ ᠪᠠᠷ ᠤᠷᠮᠠᠰᠢᠭᠤᠯᠬᠤ ᠪᠠ ᠮᠡᠷᠭᠡᠵᠢᠯ ᠢᠶᠠᠷ ᠪᠡᠯᠡ ᠣᠷᠣᠭᠤᠯᠬᠤ ᠬᠠᠮᠢᠶ᠎ᠠ ᠪᠦᠬᠦᠢ ᠠᠰᠢᠭ ᠣᠯᠵᠠᠪᠤᠷᠢ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ ᠲᠤᠬᠠᠢ ᠮᠡᠳᠡᠭᠳᠡᠯ︾ ︵ᠡᠳ᠋ ᠭᠠᠶᠢᠯᠢ ︹2016︺ 101 ᠳ᠋ᠦ᠋ᠭᠡᠷ ᠲᠣᠭᠠᠲᠤ︶ ᠳᠤ ᠳᠣᠣᠷᠠᠬᠢ ᠮᠡᠲᠦ ᠲᠣᠭᠲᠠᠭᠠᠵᠠᠢ᠄ ᠨᠢᠭᠡ ᠳᠤ᠂ ᠨᠥᠬᠦᠴᠡᠯ ᠳᠤ ᠨᠡᠶᠢᠴᠡᠭᠰᠡᠨ ᠵᠠᠬ᠎ᠠ ᠳᠡᠯᠭᠡᠭᠦᠷ ᠲᠤ ᠥᠯᠥ ᠭᠠᠷᠤᠭᠰᠠᠨ ᠺᠣᠮᠫᠠᠨᠢ ᠶᠢᠨ ᠰᠲ᠋ᠣᠺ ᠤᠨ ᠬᠤᠭᠤᠴᠠᠭᠠᠲᠤ ᠡᠷᠬᠡ᠂ ᠰᠲ᠋ᠣᠺ ᠤᠨ ᠡᠷᠬᠡ ᠶᠢᠨ ᠬᠤᠭᠤᠴᠠᠭᠠᠲᠤ ᠡᠷᠬᠡ᠂ ᠬᠢᠵᠠᠭᠠᠷᠯᠠᠬᠤ ᠴᠢᠨᠠᠷᠲᠠᠢ ᠰᠲ᠋ᠣᠺ ᠪᠠ ᠰᠲ᠋ᠣᠺ ᠤᠨ ᠡᠷᠬᠡ ᠶᠢᠨ ᠱᠠᠩᠨᠠᠯ ᠳᠤ ᠠᠬᠢᠨ ᠤᠷᠲᠤᠳᠬᠠᠵᠤ ᠭᠠᠶᠢᠯᠢ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠲᠤ ᠭᠠᠷᠤᠭᠰᠠᠨ ᠪᠤᠰᠤ ᠺᠣᠮᠫᠠᠨᠢ ᠠᠴᠠ ᠺᠣᠮᠫᠠᠨᠢ ᠶᠢᠨ ᠠᠵᠢᠯᠲᠠᠳ ᠲᠤ ᠪᠠᠨ ᠣᠯᠭᠤᠭᠰᠠᠨ ᠰᠲ᠋ᠣᠺ ᠤᠨ ᠬᠤᠭᠤᠴᠠᠭᠠᠲᠤ ᠡᠷᠬᠡ᠂ ᠰᠲ᠋ᠣᠺ ᠤᠨ ᠡᠷᠬᠡ ᠶᠢᠨ ᠬᠤᠭᠤᠴᠠᠭᠠᠲᠤ ᠡᠷᠬᠡ᠂ ᠬᠢᠵᠠᠭᠠᠷᠯᠠᠬᠤ ᠴᠢᠨᠠᠷᠲᠠᠢ ᠰᠲ᠋ᠣᠺ ᠪᠠ ᠰᠲ᠋ᠣᠺ ᠤᠨ ᠡᠷᠬᠡ ᠶᠢᠨ ᠱᠠᠩᠨᠠᠯ ᠨᠢ ᠲᠣᠭᠲᠠᠭᠠᠯ ᠤᠨ ᠨᠥᠬᠦᠴᠡᠯ ᠳᠤ ᠨᠡᠶᠢᠴᠡᠭᠰᠡᠨ ᠪᠣᠯ᠂ ᠭᠤᠣᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠳᠠᠩᠰᠠᠯᠠᠭᠤᠯᠤᠭᠠᠳ᠂ ᠠᠬᠢᠨ ᠤᠷᠲᠤᠳᠬᠠᠵᠤ ᠭᠠᠶᠢᠯᠢ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠣᠯᠣᠨ᠎ᠠ᠂ ᠲᠤᠬᠠᠶᠢᠯᠠᠪᠠᠯ ᠠᠵᠢᠯᠲᠠᠳ ᠰᠲ᠋ᠣᠺ ᠤᠨ ᠡᠷᠬᠡ ᠶᠢᠨ ᠤᠷᠮᠠᠰᠢᠭᠤᠯᠤᠯ ᠣᠯᠬᠤ ᠦᠶ᠎ᠡ ᠳᠤ ᠲᠦᠷ ᠭᠠᠶᠢᠯᠢ ᠲᠤᠰᠢᠶᠠᠬᠤ ᠦᠭᠡᠢ ᠪᠠᠶᠢᠵᠤ ᠂ ᠲᠤᠰ ᠰᠲ᠋ᠣᠺ ᠤᠨ ᠡᠷᠬᠡ ᠪᠠᠨ ᠰᠢᠯᠵᠢᠭᠦᠯᠦᠨ ᠥᠭᠬᠦ ᠪᠣᠯᠲᠠᠯ᠎ᠠ ᠠᠬᠢᠨ ᠤᠷᠲᠤᠳᠬᠠᠵᠤ ᠪᠠᠶᠢᠭᠠᠳ ᠭᠠᠶᠢᠯᠢ ᠲᠤᠰᠢᠶᠠᠵᠤ ᠪᠣᠯᠣᠨ᠎ᠠ︔ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠦᠶ᠎ᠡ ᠳᠤ᠂ ᠰᠲ᠋ᠣᠺ ᠤᠨ ᠡᠷᠬᠡ ᠶᠢ ᠰᠢᠯᠵᠢᠭᠦᠯᠦᠨ ᠥᠭᠭᠦᠭᠰᠡᠨ ᠣᠷᠣᠯᠭ᠎ᠠ ᠠᠴᠠ ᠰᠲ᠋ᠣᠺ ᠤᠨ ᠡᠷᠬᠡ ᠣᠯᠣᠭᠰᠠᠨ ᠥᠪᠡᠷ ᠤᠨ ᠥᠷᠲᠡᠭ ᠵᠢᠴᠢ ᠵᠦᠢ ᠵᠣᠬᠢᠰᠲᠠᠢ ᠭᠠᠶᠢᠯᠢ ᠶᠢᠨ ᠰᠦᠢᠳᠬᠡᠯ ᠢ ᠬᠠᠰᠤᠭᠰᠠᠨ ᠤ ᠳᠠᠷᠠᠭᠠᠬᠢ ᠵᠥᠷᠢᠶᠡᠲᠦ ᠲᠤᠭ᠎ᠠ ᠶᠣᠰᠣᠭᠠᠷ᠂ ︽ᠡᠳ᠋ ᠬᠥᠷᠥᠩᠭᠡ ᠰᠢᠯᠵᠢᠭᠦᠯᠦᠨ ᠥᠭᠬᠦ ᠠᠰᠢᠭ ᠣᠯᠵᠠᠪᠤᠷᠢ︾ ᠶᠢᠨ ᠲᠥᠷᠥᠯ ᠵᠦᠢᠯ ᠶᠢ ᠲᠣᠬᠢᠷᠠᠭᠤᠯᠤᠨ ᠬᠡᠷᠡᠭᠯᠡᠵᠦ᠂ 20% ᠶᠢᠨ ᠭᠠᠶᠢᠯᠢ ᠶᠢᠨ ᠨᠣᠷᠮ᠎ᠠ ᠶᠣᠰᠣᠭᠠᠷ ᠲᠤᠰᠢᠶᠠᠬᠤ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢ ᠲᠣᠭᠠᠴᠠᠨ ᠪᠣᠳᠣᠨ᠎ᠠ᠃ ᠬᠤᠶᠠᠷ ᠲᠤ᠂ ᠮᠡᠷᠭᠡᠵᠢᠯ ᠤᠨ ᠦᠷ᠎ᠡ ᠪᠦᠲᠦᠭᠡᠯ ᠳᠤ ᠪᠡᠯᠡ ᠣᠷᠣᠭᠤᠯᠤᠨ ᠰᠲ᠋ᠣᠺ ᠣᠷᠣᠬᠤ ᠳᠤ ᠰᠣᠩᠭᠤᠯᠲᠠ ᠶᠢᠨ ᠴᠢᠨᠠᠷᠲᠠᠢ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠪᠤᠶᠤ ᠬᠤᠪᠢ ᠬᠥᠮᠥᠨ ᠮᠡᠷᠭᠡᠵᠢᠯ ᠤᠨ ᠦᠷ᠎ᠡ ᠪᠦᠲᠦᠭᠡᠯ ᠢᠶᠠᠷ ᠢᠶᠠᠨ ᠬᠢᠯᠢ ᠶᠢᠨ ᠳᠣᠲᠣᠷᠠᠬᠢ ᠰᠠᠭᠤᠭᠠᠯᠢ ᠠᠷᠠᠳ ᠤᠨ ᠠᠵᠤ ᠠᠬᠤᠶᠢᠯᠠᠯ ᠳᠤ ᠪᠡᠯᠡ ᠣᠷᠣᠭᠤᠯᠤᠨ ᠰᠲ᠋ᠣᠺ ᠣᠷᠣᠵᠤ᠂ ᠪᠡᠯᠡ ᠣᠷᠣᠭᠤᠯᠤᠭᠰᠠᠨ ᠠᠵᠤ ᠠᠬᠤᠶᠢᠯᠠᠯ ᠠᠴᠠ ᠣᠯᠭᠤᠭᠰᠠᠨ ᠲᠡᠩᠴᠡᠭᠦᠦ ᠥᠷᠲᠡᠭ ᠢᠶᠠᠨ ᠪᠦᠬᠦᠨ ᠢ ᠰᠲ᠋ᠣᠺ ᠪᠣᠯᠭᠠᠭᠰᠠᠨ ᠪᠣᠯ᠂ ᠠᠵᠤ ᠠᠬᠤᠶᠢᠯᠠᠯ ᠪᠤᠶᠤ ᠬᠤᠪᠢ ᠬᠥᠮᠥᠨ ᠦᠷᠭᠦᠯᠵᠢᠯᠡᠨ ᠣᠳᠣ ᠶᠢᠨ ᠬᠡᠷᠡᠭᠵᠢᠭᠦᠯᠵᠦ ᠪᠠᠶᠢᠭ᠎ᠠ ᠬᠠᠮᠢᠶ᠎ᠠ ᠪᠦᠬᠦᠢ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠰᠣᠩᠭᠤᠨ ᠬᠡᠷᠡᠭᠵᠢᠭᠦᠯᠵᠦ ᠪᠣᠯᠣᠨ᠎ᠠ᠂ ᠪᠠᠰᠠ ᠠᠬᠢᠨ ᠤᠷᠲᠤᠳᠬᠠᠵᠤ ᠭᠠᠶᠢᠯᠢ ᠲᠤᠰᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠣᠩᠭᠤᠨ ᠬᠡᠷᠡᠭᠯᠡᠵᠦ ᠪᠣᠯᠣᠨ᠎ᠠ᠃ ᠮᠡᠷᠭᠡᠵᠢᠯ ᠤᠨ ᠦᠷ᠎ᠡ ᠪᠦᠲᠦᠭᠡᠯ ᠢᠶᠠᠷ ᠢᠶᠠᠨ ᠪᠡᠯᠡ ᠣᠷᠣᠭᠤᠯᠤᠨ ᠰᠲ᠋ᠣᠺ ᠣᠷᠣᠵᠤ ᠠᠬᠢᠨ ᠤᠷᠲᠤᠳᠬᠠᠨ ᠭᠠᠶᠢᠯᠢ ᠲᠤᠰᠢᠶᠠᠬᠤ ᠲᠥᠷᠥ ᠶᠢᠨ ᠪᠣᠳᠣᠯᠭ᠎ᠠ ᠶᠢ ᠰᠣᠩᠭᠤᠭᠰᠠᠨ ᠪᠣᠯ᠂ ᠭᠤᠣᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠳᠠᠩᠰᠠᠯᠠᠭᠤᠯᠬᠤ ᠪᠠᠷ ᠳᠠᠮᠵᠢᠨ᠂ ᠪᠡᠯᠡ ᠣᠷᠣᠭᠤᠯᠤᠨ ᠰᠲ᠋ᠣᠺ ᠣᠷᠣᠭᠰᠠᠨ ᠲᠤᠬᠠᠢ ᠶᠢᠨ ᠬᠤᠭᠤᠴᠠᠭ᠎ᠠ ᠳᠤ ᠲᠦᠷ ᠭᠠᠶᠢᠯᠢ ᠲᠤᠰᠢᠶᠠᠬᠤ ᠦᠭᠡᠢ᠂ ᠰᠲ᠋ᠣᠺ ᠤᠨ ᠡᠷᠬᠡ ᠪᠠᠨ ᠰᠢᠯᠵᠢᠭᠦᠯᠦᠨ ᠥᠭᠬᠦ ᠪᠣᠯᠲᠠᠯ᠎ᠠ ᠠᠬᠢᠨ ᠤᠷᠲᠤᠳᠬᠠᠬᠤ ᠪᠣᠯᠬᠤ ᠶᠢ ᠵᠥᠪᠰᠢᠶᠡᠷᠡᠵᠦ᠂ ᠰᠲ᠋ᠣᠺ ᠤᠨ ᠡᠷᠬᠡ ᠪᠠᠨ ᠰᠢᠯᠵᠢᠭᠦᠯᠦᠨ ᠥᠭᠭᠦᠭᠰᠡᠨ ᠣᠷᠣᠯᠭ᠎ᠠ ᠠᠴᠠ ᠨᠢ ᠮᠡᠷᠭᠡᠵᠢᠯ ᠤᠨ ᠦᠷ᠎ᠡ ᠪᠦᠲᠦᠭᠡᠯ ᠤᠨ ᠤᠤᠯ ᠥᠷᠲᠡᠭ ᠪᠠ ᠵᠦᠢ ᠵᠣᠬᠢᠰᠲᠠᠢ ᠭᠠᠶᠢᠯᠢ ᠶᠢᠨ ᠰᠦᠢᠳᠬᠡᠯ ᠢ ᠬᠠᠰᠤᠭᠰᠠᠨ ᠤ ᠳᠠᠷᠠᠭᠠᠬᠢ ᠵᠥᠷᠢᠶᠡᠲᠦ ᠲᠤᠭ᠎ᠠ ᠶᠣᠰᠣᠭᠠᠷ ᠲᠤᠰᠢᠶᠠᠬᠤ ᠠᠰᠢᠭ ᠣᠯᠵᠠᠪᠤᠷᠢ ᠶᠢᠨ ᠭᠠᠶᠢᠯᠢ ᠶᠢ ᠨᠢ ᠲᠣᠭᠠᠴᠠᠨ ᠪᠣᠳᠣᠨ᠎ᠠ᠃      ᠬᠥᠲᠥᠯᠥᠭᠴᠢ᠄ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠠᠷᠤᠯᠭ᠎ᠠ ᠶᠢᠨ ᠬᠠᠮᠢᠶᠠᠷᠤᠯᠲᠠ ᠶᠢ ᠪᠦᠷᠢᠨᠰᠢᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠶᠢ ᠳᠤᠷᠠᠳᠤᠭᠰᠠᠨ ᠪᠣᠢ︖      ᠶᠦᠨ ᠲᠣᠤ᠄ ᠥᠩᠭᠡᠷᠡᠭᠰᠡᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠲᠠᠯ᠎ᠠ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠵᠢᠮ᠎ᠡ ᠶᠣᠰᠣ ᠲᠠᠢ ᠨᠡᠶᠢᠴᠡᠬᠦ ᠦᠭᠡᠢ ᠵᠠᠷᠢᠮ ᠠᠰᠠᠭᠤᠳᠠᠯ ᠣᠷᠣᠰᠢᠵᠤ᠂ ᠰᠢᠨᠵᠢᠯᠡᠬᠦ ᠤᠬᠠᠭᠠᠨ ᠤ ᠰᠤᠳᠤᠯᠭᠠᠲᠠᠳ ᠨᠡᠯᠢᠶᠡᠳ ᠶᠡᠭᠡ ᠰᠠᠨᠠᠯ ᠲᠠᠢ ᠪᠠᠶᠢᠵᠠᠢ᠃ ᠪᠠᠶᠢᠴᠠᠭᠠᠨ ᠰᠤᠳᠤᠯᠤᠯᠲᠠ ᠳᠤᠮᠳᠠ ᠪᠢᠳᠡ ᠪᠠᠰᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠥᠨᠳᠡᠯᠡᠨ ᠴᠢᠭᠯᠡᠯ ᠤᠨ ᠲᠥᠷᠥᠯ ᠵᠦᠢᠯ ᠤᠨ ᠦᠯᠡᠳᠡᠭᠰᠡᠨ ᠵᠠᠷᠤᠳᠠᠯ ᠢᠶᠠᠨ ᠬᠡᠷᠬᠢᠨ ᠰᠢᠢᠳᠪᠦᠷᠢᠯᠡᠬᠦ ᠪᠠᠨ ᠮᠡᠳᠡᠬᠦ ᠦᠭᠡᠢ ᠪᠠᠶᠢᠵᠤ᠂ ᠰᠢᠨᠵᠢᠯᠡᠬᠦ ᠤᠬᠠᠭᠠᠨ ᠤ ᠰᠤᠳᠤᠯᠭᠠᠲᠠᠳ ᠤᠨ ᠢᠳᠡᠪᠬᠢᠵᠢᠯ ᠢ ᠨᠥᠯᠥᠭᠡᠯᠡᠵᠦ ᠪᠠᠶᠢᠬᠤ ᠶᠢ ᠣᠶᠢᠯᠠᠭᠠᠵᠠᠢ᠃ ᠠᠰᠠᠭᠤᠳᠠᠯ ᠳᠤ ᠬᠠᠨᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠨᠢᠳᠤᠨᠤᠨ ᠤ 6 ᠳ᠋ᠤᠭᠠᠷ ᠰᠠᠷ᠎ᠠ ᠳᠤ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠡᠯᠡ ᠮᠥᠩᠭᠦᠨ ᠤ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠲᠤᠬᠠᠢ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ︹2017︺ 30 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠲᠥᠰᠥᠪ ᠢ ᠲᠣᠬᠢᠷᠠᠭᠤᠯᠬᠤ ᠡᠷᠬᠡ ᠶᠢᠨ ᠬᠢᠵᠠᠭᠠᠷ ᠢ ᠳᠣᠷᠣᠭᠰᠢ ᠪᠠᠭᠤᠯᠭᠠᠵᠤ᠂ ᠳᠠᠮ ᠢ ᠲᠣᠬᠢᠷᠠᠭᠤᠯᠬᠤ ᠡᠷᠬᠡ ᠶᠢᠨ ᠬᠢᠵᠠᠭᠠᠷ ᠢ ᠳᠣᠷᠣᠭᠰᠢ ᠪᠠᠭᠤᠯᠭᠠᠵᠤ᠂ ᠳᠠᠮ ᠵᠠᠷᠤᠳᠠᠯ ᠤᠨ ᠬᠠᠷᠢᠴᠠᠯ ᠢ ᠳᠡᠭᠡᠭᠰᠢᠯᠡᠭᠦᠯᠦᠨ᠂ ᠠᠵᠢᠯ ᠤᠨ ᠠᠮᠵᠢᠯᠲᠠ ᠪᠦᠲᠦᠮᠵᠢ ᠶᠢᠨ ᠵᠠᠷᠤᠯᠭ᠎ᠠ ᠶᠢ ᠨᠡᠮᠡᠨ ᠵᠢᠭᠰᠠᠭᠠᠵᠤ᠂ ᠬᠥᠳᠡᠯᠮᠦᠷᠢ ᠬᠦᠴᠦᠨ ᠤ ᠰᠦᠢᠳᠬᠡᠯ ᠤᠨ ᠬᠠᠷᠢᠴᠠᠯ ᠤᠨ ᠬᠢᠵᠠᠭᠠᠷᠯᠠᠯ ᠢ ᠦᠭᠡᠶᠢᠰᠬᠡᠵᠦ᠂ ᠲᠥᠷᠥᠯ ᠵᠦᠢᠯ ᠢᠶᠠᠨ ᠳ᠋ᠦᠩᠨᠡᠨ ᠰᠢᠯᠵᠢᠭᠦᠯᠵᠦ ᠦᠯᠡᠳᠡᠭᠰᠡᠨ ᠪᠡᠯᠡ ᠮᠥᠩᠭᠦ ᠶᠢ ᠦᠯᠡᠳᠡᠭᠡᠨ ᠬᠡᠷᠡᠭᠯᠡᠵᠦ ᠰᠢᠢᠳᠪᠦᠷᠢᠯᠡᠬᠦ ᠠᠷᠭ᠎ᠠ ᠬᠡᠯᠪᠡᠷᠢ ᠶᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠣᠯᠠᠨ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠠᠢ᠃ ᠮᠠᠨ ᠤ ︽ᠬᠡᠷᠡᠭᠵᠢᠭᠦᠯᠬᠦ ᠰᠠᠨᠠᠯ︾ ᠨᠢ ᠳᠠᠪᠬᠤᠷᠳᠠᠬᠤ ᠴᠢᠨᠠᠷᠲᠠᠢ ᠲᠣᠭᠲᠠᠭᠠᠯ ᠢ ᠲᠣᠭᠲᠠᠭᠠᠬᠤ ᠦᠭᠡᠢ ᠂ᠭᠡᠪᠡᠴᠦ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠬᠠᠷᠢᠭᠤᠴᠠᠵᠤ ᠪᠠᠶᠢᠭ᠎ᠠ ᠨᠢᠭᠡᠴᠡ ᠶᠢᠨ ᠬᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠡᠯᠡ ᠮᠥᠩᠭᠦᠨ ᠤ ᠬᠠᠮᠢᠶᠠᠷᠤᠯᠲᠠ ᠶᠢᠨ ᠨᠠᠷᠢᠨ ᠳᠦᠷᠢᠮ ᠢ ᠲᠣᠭᠲᠠᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠠᠵᠢᠯ ᠤᠨ ᠠᠮᠵᠢᠯᠲᠠ ᠪᠦᠲᠦᠮᠵᠢ ᠲᠠᠢ ᠤᠶᠠᠯᠳᠤᠭᠤᠯᠤᠨ᠂ ᠳᠠᠮ ᠵᠠᠷᠤᠳᠠᠯ ᠤᠨ ᠳᠣᠲᠣᠷᠠᠬᠢ ᠠᠵᠢᠯ ᠤᠨ ᠠᠮᠵᠢᠯᠲᠠ ᠪᠦᠲᠦᠮᠵᠢ ᠶᠢᠨ ᠵᠠᠷᠤᠯᠭ᠎ᠠ ᠶᠢ ᠵᠣᠬᠢᠰᠲᠠᠢ ᠲᠣᠬᠢᠷᠠᠭᠤᠯᠬᠤ ᠬᠡᠷᠡᠭᠲᠡᠢ ᠭᠡᠵᠦ ᠲᠣᠭᠲᠠᠭᠠᠭᠰᠠᠨ ᠪᠠᠶᠢᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠢᠨ ᠠᠵᠤ ᠠᠬᠤᠶᠢᠯᠠᠯ᠂ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠨᠠᠶᠢᠳᠠᠭᠰᠠᠨ ᠬᠥᠨᠳᠡᠯᠡᠨ ᠴᠢᠭᠯᠡᠯ ᠤᠨ ᠨᠠᠶᠢᠳᠠᠯᠭ᠎ᠠ ᠶᠢᠨ ᠲᠥᠷᠥᠯ ᠵᠦᠢᠯ ᠢ ᠬᠦᠯᠢᠶᠡᠨ ᠠᠪᠴᠤ᠂ ᠲᠥᠷᠥᠯ ᠵᠦᠢᠯ ᠤᠨ ᠵᠠᠷᠤᠳᠠᠯ ᠢ ᠨᠢᠭᠡᠴᠡ ᠶᠢᠨ ᠢᠶᠠᠨ ᠡᠳ᠋ ᠤᠨ ᠵᠠᠰᠠᠭ ᠤᠨ ᠶᠠᠪᠤᠳᠠᠯ ᠳᠤ ᠣᠷᠣᠭᠤᠯᠤᠨ ᠨᠢᠭᠡᠳᠦᠯᠲᠡᠢ ᠬᠠᠮᠢᠶᠠᠷᠴᠤ᠂ ᠠᠵᠢᠯᠲᠠᠨ ᠤ ᠵᠠᠷᠤᠳᠠᠯ ᠢ ᠭᠡᠷ᠎ᠡ ᠶᠢᠨ ᠲᠣᠬᠢᠷᠠᠯᠴᠠᠭ᠎ᠠ ᠶᠣᠰᠣᠭᠠᠷ ᠬᠡᠷᠡᠭᠯᠡᠵᠦ᠂ ᠲᠥᠷᠥᠯ ᠵᠦᠢᠯ ᠤᠨ ᠬᠠᠷᠢᠭᠤᠴᠠᠯᠭᠠᠲᠠᠨ ᠠᠵᠢᠯ ᠤᠨ ᠠᠭᠤᠯᠭ᠎ᠠ ᠪᠠ ᠭᠡᠷ᠎ᠡ ᠶᠢᠨ ᠲᠣᠬᠢᠷᠠᠯᠴᠠᠭ᠎ᠠ ᠶᠢ ᠦᠨᠳᠦᠰᠦᠯᠡᠨ ᠵᠠᠷᠤᠳᠠᠯ ᠤᠨ ᠵᠠᠷᠤᠯᠭ᠎ᠠ ᠪᠠᠨ ᠥᠪᠡᠷ ᠢᠶᠠᠨ ᠡᠵᠡᠨ ᠮᠡᠳᠡᠨ ᠲᠣᠬᠢᠷᠠᠭᠤᠯᠵᠤ᠂ ᠦᠯᠡᠳᠡᠭᠰᠡᠨ ᠪᠡᠯᠡ ᠮᠥᠩᠭᠦ ᠶᠢᠨ ᠬᠡᠷᠡᠭᠯᠡᠭᠡ ᠪᠠᠨ ᠥᠪᠡᠷ ᠢᠶᠠᠨ ᠲᠣᠭᠲᠠᠭᠠᠵᠤ ᠪᠣᠯᠣᠨ᠎ᠠ᠃ ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠲᠥᠷᠥᠯ ᠵᠦᠢᠯ ᠤᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ᠶᠢᠨ ᠬᠥᠳᠡᠯᠮᠦᠷᠢ ᠬᠦᠴᠦᠨ ᠤ ᠰᠦᠢᠳᠬᠡᠯ᠂ ᠳᠠᠮ ᠵᠠᠷᠤᠳᠠᠯ ᠵᠡᠷᠭᠡ ᠵᠠᠷᠤᠯᠭ᠎ᠠ ᠶᠢᠨ ᠲᠤᠬᠠᠢ ᠲᠣᠭᠲᠠᠭᠠᠯ ᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠠᠵᠢᠯ ᠤᠨ ᠠᠮᠵᠢᠯᠲᠠ ᠪᠦᠲᠦᠮᠵᠢ ᠶᠢᠨ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠎ᠠ᠃ ᠨᠥᠬᠦᠴᠡᠯ ᠳᠤ ᠨᠡᠶᠢᠴᠡᠭᠰᠡᠨ ᠣᠶᠣᠨ ᠤ ᠬᠥᠮᠥᠷᠭᠡ ᠶᠢᠨ ᠲᠥᠷᠥᠯ ᠵᠦᠢᠯ ᠳᠤ᠂ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ ᠶᠢ ᠰᠦᠪᠡᠭᠴᠢᠯᠡᠨ ᠬᠡᠷᠡᠭᠯᠡᠵᠦ᠂ ᠲᠥᠷᠥᠯ ᠵᠦᠢᠯ ᠤᠨ ᠪᠡᠯᠡ ᠮᠥᠩᠭᠦ ᠶᠢ ᠲᠥᠷᠥᠯ ᠵᠦᠢᠯ ᠢ ᠬᠠᠷᠢᠭᠤᠴᠠᠬᠤ ᠨᠢᠭᠡᠴᠡ ᠠᠴᠠ ᠦᠢᠯᠡᠴᠢᠯᠡᠬᠦ ᠭᠡᠷ᠎ᠡ ᠶᠢᠨ ᠲᠣᠬᠢᠷᠠᠯᠴᠠᠭ᠎ᠠ ᠶᠣᠰᠣᠭᠠᠷ ᠬᠠᠮᠢᠶᠠᠷᠤᠨ ᠬᠡᠷᠡᠭᠯᠡᠨ᠎ᠡ᠃      ᠬᠥᠲᠥᠯᠥᠭᠴᠢ᠄ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠲᠤᠰᠢᠶᠠᠯ ᠬᠠᠪᠰᠤᠷᠭᠠᠵᠤ ᠳᠠᠪᠬᠤᠷ ᠴᠠᠯᠢᠩ ᠬᠦᠷᠲᠡᠬᠦ ᠪᠠ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠲᠠᠯ᠎ᠠ ᠪᠠᠷ᠂ ︽ᠬᠡᠷᠡᠭᠵᠢᠭᠦᠯᠬᠦ ᠰᠠᠨᠠᠯ︾ ᠳᠤ ᠬᠡᠷᠬᠢᠨ ᠲᠣᠭᠲᠠᠭᠠᠭᠰᠠᠨ ᠪᠣᠢ︖      ᠶᠦᠨ ᠲᠣᠤ᠄ ᠰᠢᠨᠵᠢᠯᠡᠬᠦ ᠤᠬᠠᠭᠠᠨ ᠮᠡᠷᠭᠡᠵᠢᠯ ᠤᠨ ᠡᠯᠧᠮᠧᠨ᠋ᠲ ᠤᠨ ᠵᠦᠢ ᠵᠣᠬᠢᠰᠲᠠᠢ ᠭᠦᠢᠯᠭᠡᠭᠡ ᠶᠢ ᠠᠬᠢᠭᠤᠯᠬᠤ ᠶᠢᠨ ᠲᠥᠯᠥᠭᠡ᠂ ︽ᠬᠡᠷᠡᠭᠵᠢᠭᠦᠯᠬᠦ ᠰᠠᠨᠠᠯ︾ ᠳᠤ᠄ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤᠰ ᠨᠢᠭᠡᠴᠡ ᠶᠢᠨ ᠢᠶᠠᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠬᠠᠶᠢᠯᠠᠭᠰᠠᠨ ᠠᠵᠢᠯ ᠢᠶᠠᠨ ᠪᠡᠶᠡᠯᠡᠭᠦᠯᠦᠭᠰᠡᠨ ᠤᠷᠢᠳᠠᠯ ᠳᠣᠣᠷ᠎ᠠ᠂ ᠲᠤᠰ ᠬᠥᠮᠥᠨ ᠤ ᠪᠢᠴᠢᠭ ᠤᠨ ᠭᠤᠶᠤᠴᠢᠯᠠᠯᠲᠠ ᠪᠠ ᠪᠠᠶᠢᠭ᠎ᠠ ᠨᠢᠭᠡᠴᠡ ᠶᠢᠨ ᠵᠥᠪᠰᠢᠶᠡᠷᠡᠯ ᠢᠶᠠᠷ ᠳᠠᠮᠵᠢᠨ᠂ ᠠᠵᠤ ᠠᠬᠤᠶᠢᠯᠠᠯ ᠪᠠ ᠪᠤᠰᠤᠳ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠣᠴᠢᠵᠤ ᠲᠤᠰᠢᠶᠠᠯ ᠬᠠᠪᠰᠤᠷᠭᠠᠬᠤ ᠶᠢᠨ ᠬᠠᠮᠲᠤ ᠬᠠᠤᠯᠢ ᠶᠣᠰᠣᠨ ᠤ ᠬᠥᠯᠥᠰᠦ ᠣᠯᠭᠤᠮᠵᠢ ᠣᠯᠵᠤ ᠪᠣᠯᠣᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠲᠤᠰᠢᠶᠠᠯ ᠬᠠᠪᠰᠤᠷᠭᠠᠭᠰᠠᠨ ᠨᠢᠭᠡᠴᠡ ᠳᠠᠬᠢ ᠠᠵᠢᠯ ᠤᠨ ᠢᠯᠡᠷᠡᠯ ᠪᠠ ᠠᠵᠢᠯ ᠤᠨ ᠠᠮᠵᠢᠯᠲᠠ ᠪᠠᠷ ᠤᠤᠯ ᠤᠨ ᠨᠢᠭᠡᠴᠡ ᠳᠤ ᠪᠠᠨ ᠮᠡᠷᠭᠡᠵᠢᠯ ᠤᠨ ᠴᠣᠯᠠ ᠦᠨᠡᠯᠡᠨ ᠬᠢᠨᠠᠬᠤ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠵᠢᠯ ᠤᠨ ᠰᠢᠯᠭᠠᠨ ᠬᠢᠨᠠᠯᠲᠠ ᠬᠢᠬᠦ ᠵᠡᠷᠭᠡ ᠳᠤ ᠣᠷᠣᠯᠴᠠᠬᠤ ᠴᠢᠬᠤᠯᠠ ᠦᠨᠳᠦᠰᠦᠯᠡᠯ ᠪᠣᠯᠭᠠᠨ᠎ᠠ᠃ ᠤᠳᠤᠷᠢᠳᠬᠤ ᠲᠤᠰᠢᠶᠠᠯ ᠡᠭᠦᠷᠭᠡᠯᠡᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠬᠠᠪᠰᠤᠷᠭᠠᠬᠤ ᠲᠤᠰᠢᠶᠠᠯ ᠬᠢᠭᠡᠳ ᠣᠯᠬᠤ ᠬᠥᠯᠥᠰᠦ ᠣᠯᠭᠤᠮᠵᠢ ᠶᠢ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ᠂ ᠪᠠᠶᠢᠭ᠎ᠠ ᠨᠢᠭᠡᠴᠡ ᠶᠢᠨ ᠢᠶᠠᠨ ᠵᠥᠪᠰᠢᠶᠡᠷᠡᠯ ᠢᠶᠠᠷ ᠳᠠᠮᠵᠢᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠪᠠ ᠦᠷ᠎ᠡ ᠪᠦᠲᠦᠭᠡᠯ ᠢᠶᠠᠨ ᠠᠪᠴᠤ ᠠᠵᠢᠯ ᠤᠨ ᠪᠠᠶᠢᠷᠢ ᠠᠴᠠ ᠪᠠᠨ ᠰᠠᠯᠤᠨ ᠠᠳᠠᠯ ᠦᠢᠯᠡᠰ ᠴᠣᠭᠴᠠᠯᠠᠵᠤ ᠪᠣᠯᠣᠨ᠎ᠠ᠃ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠪᠣᠰᠬᠠᠬᠤ ᠬᠤᠭᠤᠴᠠᠭ᠎ᠠ ᠨᠢ 3 ᠵᠢᠯ ᠳᠤ ᠨᠢᠭᠡ ᠬᠤᠭᠤᠴᠠᠭ᠎ᠠ ᠪᠠᠶᠢᠵᠤ᠂ ᠬᠠᠮᠤᠭ ᠤᠨ ᠤᠷᠲᠤ ᠳᠤ ᠪᠠᠨ ᠬᠤᠶᠠᠷ ᠬᠤᠭᠤᠴᠠᠭ᠎ᠠ ᠶᠢ ᠬᠡᠲᠦᠷᠡᠵᠦ ᠪᠣᠯᠬᠤ ᠦᠭᠡᠢ᠃ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠭᠴᠢᠳ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ ᠬᠤᠭᠤᠴᠠᠭᠠᠨ ᠳᠤ ᠪᠠᠨ ᠠᠵᠢᠯᠲᠠᠨ ᠤ ᠶᠠᠪᠤᠳᠠᠯ ᠤᠨ ᠬᠠᠷᠢᠴᠠᠭ᠎ᠠ ᠪᠠᠨ ᠦᠯᠡᠳᠡᠭᠡᠵᠦ ᠪᠣᠯᠣᠨ᠎ᠠ᠃ ᠶᠡᠭᠡ ᠳᠡᠭᠡᠳᠦ ᠰᠤᠷᠭᠠᠭᠤᠯᠢ ᠶᠢᠨ ᠪᠠᠭᠰᠢ ᠨᠠᠷ ᠪᠠᠶᠢᠭ᠎ᠠ ᠨᠢᠭᠡᠴᠡ ᠶᠢᠨ ᠢᠶᠠᠨ ᠵᠥᠪᠰᠢᠶᠡᠷᠡᠯ ᠢᠶᠠᠷ ᠳᠠᠮᠵᠢᠨ᠂ ᠣᠯᠠᠨ ᠴᠢᠭ᠋ ᠤᠨ ᠵᠢᠭᠠᠨ ᠰᠤᠷᠭᠠᠯᠲᠠ ᠥᠷᠨᠢᠭᠦᠯᠬᠦ ᠶᠢᠨ ᠬᠠᠮᠲᠤ ᠬᠥᠯᠥᠰᠦ ᠣᠯᠭᠤᠮᠵᠢ ᠣᠯᠵᠤ ᠪᠣᠯᠣᠨ᠎ᠠ ᠭᠡᠵᠦ ᠲᠣᠭᠲᠠᠭᠠᠭᠰᠠᠨ ᠪᠠᠶᠢᠨ᠎ᠠ᠃      ᠬᠥᠲᠥᠯᠥᠭᠴᠢ᠄ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠪᠠᠶᠢᠷᠢ ᠲᠣᠬᠢᠷᠠᠭᠤᠯᠬᠤ᠂ ᠠᠵᠢᠯᠲᠠᠨ ᠢ ᠤᠷᠢᠨ ᠬᠡᠷᠡᠭᠯᠡᠬᠦ᠂ ᠮᠡᠷᠭᠡᠵᠢᠯ ᠤᠨ ᠴᠣᠯᠠ ᠦᠨᠡᠯᠡᠨ ᠬᠢᠨᠠᠬᠤ ᠵᠡᠷᠭᠡ ᠲᠠᠯ᠎ᠠ ᠶᠢᠨ ᠡᠵᠡᠨ ᠮᠡᠳᠡᠬᠦ ᠡᠷᠬᠡ ᠶᠢ ᠬᠡᠷᠬᠢᠨ ᠨᠠᠶᠢᠳᠠᠪᠤᠷᠢᠵᠢᠭᠤᠯᠬᠤ ᠪᠣᠢ︖      ᠶᠦᠨ ᠲᠣᠤ᠄ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠢᠨ ᠰᠢᠨ᠎ᠡ ᠶᠢ ᠡᠭᠦᠳᠬᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ ᠪᠠ ᠤᠯᠠᠷᠢᠭᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠡᠶᠢᠭᠡᠮ ᠤᠨ ᠦᠢᠯᠡᠴᠢᠯᠡᠭᠡ ᠵᠡᠷᠭᠡ ᠠᠵᠢᠯ ᠢ ᠥᠷᠨᠢᠭᠦᠯᠬᠦ ᠰᠢᠨ᠎ᠡ ᠶᠢ ᠡᠭᠦᠳᠬᠦ ᠠᠵᠢᠯ ᠤᠨ ᠪᠠᠶᠢᠷᠢ ᠲᠣᠬᠢᠷᠠᠭᠤᠯᠬᠤ ᠶᠢᠨ ᠬᠠᠮᠲᠤ᠂ ᠲᠣᠭᠲᠠᠭᠠᠯ ᠶᠣᠰᠣᠭᠠᠷ ᠠᠵᠢᠯ ᠤᠨ ᠪᠠᠶᠢᠷᠢ ᠶᠢ ᠲᠣᠬᠢᠷᠠᠭᠤᠯᠬᠤ ᠲᠥᠰᠥᠯ ᠢᠶᠠᠨ ᠲᠣᠬᠢᠷᠠᠭᠤᠯᠵᠤ ᠪᠣᠯᠣᠨ᠎ᠠ᠃ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠬᠢᠬᠦ ᠪᠠᠷ ᠳᠠᠮᠵᠢᠭᠤᠯᠵᠤ᠂ ᠰᠢᠨ᠎ᠡ ᠶᠢ ᠡᠭᠦᠳᠬᠦ ᠠᠵᠢᠯ ᠤᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯ᠂ ᠲᠣᠭᠲᠠᠭᠠᠯ ᠶᠣᠰᠣᠭᠠᠷ ᠲᠤᠰᠬᠠᠢ ᠠᠵᠢᠯ ᠤᠨ ᠪᠠᠶᠢᠷᠢ ᠲᠣᠬᠢᠷᠠᠭᠤᠯᠬᠤ ᠪᠠᠷ ᠭᠤᠶᠤᠴᠢᠯᠠᠵᠤ ᠪᠣᠯᠬᠤ ᠪᠥᠭᠡᠳ ᠠᠵᠢᠯ ᠤᠨ ᠪᠠᠶᠢᠷᠢ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠬᠠᠷᠢᠴᠠᠯ ᠤᠨ ᠬᠢᠵᠠᠭᠠᠷᠯᠠᠯ ᠢ ᠬᠦᠯᠢᠶᠡᠬᠦ ᠦᠭᠡᠢ ᠪᠠᠶᠢᠵᠤ ᠪᠣᠯᠣᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠢᠨ ᠬᠥᠳᠡᠯᠦᠩᠭᠦᠢ ᠠᠵᠢᠯ ᠤᠨ ᠪᠠᠶᠢᠷᠢ ᠶᠢ ᠲᠣᠬᠢᠷᠠᠭᠤᠯᠵᠤ᠂ ᠰᠢᠨ᠎ᠡ ᠶᠢ ᠡᠭᠦᠳᠬᠦ ᠦᠢᠯᠡᠳᠦᠯᠭᠡ ᠶᠢᠨ ᠲᠤᠷᠰᠢᠯᠭ᠎ᠠ ᠲᠠᠢ ᠠᠵᠤ ᠠᠬᠤᠶᠢᠯᠠᠯᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠲᠠᠲᠠᠨ ᠣᠷᠣᠭᠤᠯᠵᠤ ᠲᠤᠰᠢᠶᠠᠯ ᠬᠠᠪᠰᠤᠷᠭᠠᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠰᠢᠭᠤᠳ ᠳᠡᠭᠡᠳᠦ ᠳᠡᠰ ᠤᠨ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠵᠦ ᠪᠣᠯᠣᠨ᠎ᠠ᠃ ᠰᠢᠨᠵᠢᠯᠡᠬᠦ ᠮᠡᠷᠭᠡᠵᠢᠯ ᠤᠨ ᠦᠷ᠎ᠡ ᠪᠦᠲᠦᠭᠡᠯ ᠠᠴᠠ ᠣᠯᠣᠭᠰᠠᠨ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢᠶᠠᠷ ᠮᠡᠷᠭᠡᠵᠢᠯ ᠤᠨ ᠴᠣᠯᠠ ᠦᠨᠡᠯᠡᠨ ᠬᠢᠨᠠᠬᠤ ᠴᠢᠬᠤᠯᠠ ᠦᠨᠳᠦᠰᠦ ᠪᠠᠷᠢᠮᠲᠠ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠡᠭᠦᠳᠦᠨ ᠡᠷᠬᠢᠯᠡᠵᠦ ᠳᠠᠭᠠᠭᠤᠯᠤᠨ ᠡᠷᠬᠢᠯᠡᠬᠦ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠳᠤ᠂ ᠥᠭᠦᠯᠡᠯ ᠢᠶᠠᠷ ᠦᠨᠡᠯᠡᠯᠲᠡ ᠬᠢᠬᠦ ᠬᠢᠵᠠᠭᠠᠷᠯᠠᠬᠤ ᠴᠢᠨᠠᠷᠲᠠᠢ ᠨᠥᠬᠦᠴᠡᠯ ᠪᠣᠯᠭᠠᠬᠤ ᠦᠭᠡᠢ᠃ ᠮᠡᠷᠭᠡᠵᠢᠯ ᠤᠨ ᠴᠣᠯᠠ ᠶᠢᠨ ᠭᠠᠳᠠᠭᠠᠳᠤ ᠬᠡᠯᠡ ᠪᠠ ᠺᠣᠮᠫᠢᠦ᠋ᠲ᠋ᠧᠷ ᠤᠨ ᠬᠡᠷᠡᠭᠯᠡᠭᠡᠨ ᠤ ᠴᠢᠳᠠᠪᠤᠷᠢ ᠶᠢᠨ ᠰᠢᠯᠭᠠᠯᠲᠠ ᠢ ᠨᠢᠭᠡᠳᠦᠯᠲᠡᠢ ᠱᠠᠭᠠᠷᠳᠠᠬᠤ ᠦᠭᠡᠢ᠃      ᠬᠥᠲᠥᠯᠥᠭᠴᠢ᠄ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠲᠣᠬᠢᠷᠠᠭᠤᠯᠤᠯᠲᠠ ᠲᠠᠢ ᠪᠣᠢ︖      ᠶᠦᠨ ᠲᠣᠤ᠄ ᠶᠠᠮᠠᠷ ᠰᠠᠶᠢᠨ ᠲᠥᠷᠥ ᠶᠢᠨ ᠪᠣᠳᠣᠯᠭ᠎ᠠ ᠪᠣᠯᠪᠠᠴᠤ ᠨᠠᠶᠢᠳᠠᠪᠤᠷᠢᠵᠢᠭᠤᠯᠪᠠᠯ ᠰᠠᠶ᠋ᠢ ᠲᠡᠭᠦᠨ ᠤ ᠦᠢᠯᠡᠳᠦᠯ ᠢ ᠪᠠᠳᠠᠷᠠᠭᠤᠯᠵᠤ ᠴᠢᠳᠠᠨ᠎ᠠ᠃ ︽ᠬᠡᠷᠡᠭᠵᠢᠭᠦᠯᠬᠦ ᠰᠠᠨᠠᠯ︾ ᠳᠤ᠄ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠬᠦ ᠪᠠ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠪᠠ ᠳᠡᠭᠡᠳᠦ ᠳᠣᠣᠷᠠᠳᠤ ᠱᠠᠲᠤᠨ ᠤ ᠬᠤᠯᠪᠣᠭᠠᠯᠠᠯ ᠢ ᠴᠢᠩᠭᠠᠷᠠᠭᠤᠯᠵᠤ᠂ ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠨ᠂ ᠰᠠᠨᠠᠭᠠᠴᠢᠯᠠᠭ᠎ᠠ ᠠᠴᠠ ᠪᠠᠨ ᠦᠢᠯᠡᠳᠦᠯ ᠦᠵᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠳᠠᠷᠠᠭᠠᠴᠢ ᠶᠢᠨ ᠠᠯᠬᠤᠮ ᠳᠤ᠂ ᠪᠢᠳᠡ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ ᠢ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢᠭᠡᠪᠦᠷᠢ ᠶᠢᠨ ᠲᠦᠷᠦᠭᠦᠯᠡᠬᠦ ᠰᠠᠯᠠᠭ᠎ᠠ ᠮᠥᠴᠢᠷ᠂ ᠬᠠᠮᠵᠢᠯᠴᠠᠬᠤ ᠰᠠᠯᠠᠭ᠎ᠠ ᠮᠥᠴᠢᠷ ᠢ ᠲᠣᠳᠣᠷᠬᠠᠶᠢᠯᠠᠨ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠲᠥᠷᠥ ᠶᠢᠨ ᠪᠣᠳᠣᠯᠭ᠎ᠠ ᠶᠢ ᠲᠡᠷᠡ ᠶᠣᠰᠤᠭᠠᠷ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃      ᠬᠥᠲᠥᠯᠥᠭᠴᠢ᠄ ᠵᠠ ᠰᠠᠶᠢᠨ ᠪᠣᠯᠣᠯ᠎ᠠ᠂ ᠶᠦᠨ ᠲᠢᠩᠬᠢᠮ ᠤᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠮᠠᠰᠢ ᠪᠠᠶᠠᠷᠯᠠᠵᠤ ᠪᠠᠶᠢᠨ᠎ᠠ᠂ ᠴᠠᠭ ᠤᠨ ᠬᠠᠷᠠᠭ᠎ᠠ ᠠᠴᠠ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠲᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号