ᠪᠠᠶᠢᠭᠤᠯᠭ᠎ᠠ ᠶᠢᠨ ᠡᠮᠬᠢ ᠲᠢᠭᠯᠢᠮ᠂ ᠤᠯᠠᠨ ᠨᠡᠶᠢᠳᠡ ᠶᠢᠨ ᠲᠠᠯᠠᠪᠤᠷ ᠤᠨ ᠡᠮᠬᠢ ᠲᠢᠭᠯᠢᠮ᠂ ᠤᠯᠠᠨ | ᠨᠡᠶᠢᠳᠡ ᠶᠢᠨ ᠵᠠᠮ ᠬᠠᠷᠢᠯᠴᠠᠭᠠᠨ ᠤ ᠪᠠᠭᠠᠵᠢ ᠶᠢᠨ ᠡᠮᠬᠢ ᠲᠢᠭᠯᠢᠮ᠂ ᠵᠠᠮ ᠬᠠᠷᠢᠯᠴᠠᠭᠠᠨ ᠤ ᠨᠡᠪᠳᠡᠷᠡᠯᠴᠡᠬᠡᠨ ᠤ ᠡᠮᠬᠢ | ᠲᠢᠭᠯᠢᠮ ᠢ ᠪᠤᠶᠤ ᠰᠤᠩᠭᠤᠭᠤᠯᠢ ᠶᠢᠨ ᠡᠮᠬᠢ ᠲᠢᠭᠯᠢᠮ ᠢ ᠡᠪᠳᠡᠭᠰᠡᠨ ᠠᠵᠢᠯᠯᠠᠭ᠎ᠠ ᠶᠢ ᠶᠠᠭᠠᠬᠢᠵᠤ ᠰᠢᠳᠬᠡᠬᠦ ᠪᠤᠢ︖ | ︽ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠳᠬᠡᠬᠦ ᠬᠠᠤᠯᠢ︾ ᠶᠢᠨ 23 ᠳ᠋ᠤᠭᠠᠷ ᠵᠤᠷᠪᠤᠰ ᠤᠨ | ᠲᠤᠭᠳᠠᠭᠠᠯ ᠢᠶᠠᠷ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠬᠡ ᠨᠢ ᠪᠠᠶᠢᠪᠠᠯ ᠰᠡᠷᠡᠮᠵᠢᠯᠡᠬᠦᠯᠬᠦ ᠪᠤᠶᠤ 200 | ᠲᠦᠬᠦᠷᠢᠭ ᠠᠴᠠ ᠲᠤᠷᠤᠭᠰᠢᠬᠢ ᠵᠤᠭᠤᠰ ᠢᠶᠠᠷ ᠲᠤᠷᠭᠠᠨ᠎ᠠ︔ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ 5 | ᠡᠳᠦᠷ ᠠᠴᠠ ᠲᠡᠬᠡᠭᠰᠢ 10 ᠡᠳᠦᠷ ᠠᠴᠠ ᠲᠤᠷᠤᠭᠰᠢ ᠲᠦᠷ ᠬᠤᠷᠢᠬᠤ ᠶᠢᠨ ᠬᠠᠮᠳᠤ 500 ᠲᠦᠬᠦᠷᠢᠭ ᠠᠴᠠ | ᠲᠤᠷᠤᠭᠰᠢ ᠲᠤᠷᠭᠠᠵᠤ ᠪᠤᠯᠤᠨ᠎ᠠ᠄ | ︵1︶ ᠪᠠᠶᠢᠭᠤᠯᠭ᠎ᠠ᠂ ᠪᠦᠯᠬᠦᠮ ᠨᠢᠬᠡᠴᠡ᠂ ᠠᠵᠤ ᠠᠬᠤᠢᠢᠯᠠᠯ᠂ ᠠᠵᠢᠯ ᠦᠢᠯᠡᠰ ᠤᠨ ᠨᠢᠬᠡᠴᠡ ᠶᠢᠨ ᠡᠮᠬᠢ | ᠲᠢᠭᠯᠢᠮ ᠢ ᠰᠠᠮᠠᠭᠤᠷᠠᠭᠤᠯᠵᠤ᠂ ᠠᠵᠢᠯ ᠦᠢᠯᠡᠳᠪᠦᠷᠢᠯᠡᠯ᠂ ᠡᠵᠡᠩᠨᠡᠯᠳᠡ᠂ ᠡᠮᠴᠢᠯᠡᠭᠡ᠂ ᠵᠢᠭᠠᠨ ᠰᠤᠷᠭᠠᠯᠳᠠ᠂ | ᠰᠢᠨᠵᠢᠯᠡᠭᠡ ᠰᠤᠳᠤᠯᠤᠯ ᠢ ᠬᠡᠪ ᠤᠨ ᠶᠤᠰᠤᠭᠠᠷ ᠶᠠᠪᠤᠭᠳᠠᠵᠤ ᠴᠢᠳᠠᠬᠤ ᠦᠬᠡᠢ ᠪᠤᠯᠭᠠᠭᠰᠠᠨ ᠪᠤᠯᠪᠠᠴᠤ ᠬᠦᠨᠳᠦ | ᠨᠤᠴᠢᠳᠠᠢ ᠬᠤᠬᠢᠷᠠᠯ ᠤᠴᠠᠷᠠᠭᠤᠯᠤᠭᠰᠠᠨ ᠦᠬᠡᠢ︔ | ︵2︶ ᠲᠡᠷᠭᠡᠨ ᠦᠷᠳᠡᠭᠡ᠂ ᠭᠠᠷᠠᠮ᠂ ᠤᠡᠭᠭᠤᠴᠠᠨ ᠪᠠᠭᠤᠳᠠᠯ᠂ ᠨᠢᠰᠬᠡᠯ ᠤᠨ ᠪᠠᠭᠤᠳᠠᠯ᠂ ᠲᠡᠯᠬᠡᠬᠦᠷ | ᠬᠤᠳᠠᠯᠳᠤᠭ᠎ᠠ᠂ ᠴᠡᠴᠡᠷᠯᠢᠭ᠂ ᠦᠵᠡᠰᠬᠦᠯᠡᠩ ᠤᠨ ᠤᠷᠳᠤᠨ ᠪᠤᠶᠤ ᠪᠤᠰᠤᠳ ᠤᠯᠠᠨ ᠨᠡᠶᠢᠳᠡ ᠶᠢᠨ ᠲᠠᠯᠠᠪᠤᠷ ᠤᠨ | ᠡᠮᠬᠢ ᠲᠢᠭᠯᠢᠮ ᠢ ᠰᠠᠮᠠᠭᠤᠷᠠᠭᠤᠯᠤᠭᠰᠠᠨ︔ | ︵3︶ ᠨᠡᠶᠢᠳᠡ ᠶᠢᠨ ᠮᠠᠰᠢᠨ ᠲᠡᠷᠬᠡ᠂ ᠴᠠᠬᠢᠯᠭᠠᠨ ᠲᠡᠷᠬᠡ᠂ ᠭᠠᠯᠳᠤ ᠲᠡᠷᠬᠡ᠂ ᠤᠡᠭᠭᠤᠴᠠ ᠰᠡᠯ᠂ ᠨᠢᠰᠬᠡᠯ | ᠪᠤᠶᠤ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠠᠭᠠᠵᠢ ᠲᠡᠬᠡᠷᠡᠬᠢ ᠡᠮᠬᠢ ᠲᠢᠭᠯᠢᠮ ᠢ ᠡᠪᠳᠡᠭᠰᠡᠨ︔ | ︵4︶ ᠮᠠᠰᠢᠨ ᠲᠡᠷᠬᠡ᠂ ᠤᠡᠭᠭᠤᠴᠠ ᠰᠡᠯ᠂ ᠨᠢᠰᠬᠡᠯ ᠵᠢᠴᠢ ᠪᠤᠰᠤᠳ ᠵᠠᠮ ᠬᠠᠷᠢᠯᠴᠠᠭᠠᠨ ᠤ ᠪᠠᠭᠠᠵᠢ ᠶᠢ | ᠬᠠᠤᠯᠢ ᠪᠤᠰᠤ ᠪᠠᠷ ᠬᠤᠷᠢᠭᠯᠠᠨ ᠵᠤᠭᠰᠤᠭᠠᠬᠤ ᠪᠤᠶᠤ ᠬᠦᠴᠦᠷᠬᠡᠨ ᠭᠠᠷᠴᠤ᠂ ᠬᠦᠴᠦᠷᠬᠡᠨ ᠰᠠᠭᠤᠵᠤ ᠬᠡᠪ ᠤᠨ | ᠠᠶᠠᠯᠠᠯ ᠢ ᠨᠢ ᠨᠦᠯᠦᠬᠡᠯᠡᠭᠰᠡᠨ︔ | ︵5︶ ᠬᠠᠤᠯᠢ ᠶᠤᠰᠤᠭᠠᠷ ᠶᠠᠪᠤᠭᠤᠯᠵᠤ ᠪᠦᠬᠦᠢ ᠰᠤᠩᠭᠤᠭᠤᠯᠢ ᠶᠢᠨ ᠡᠮᠬᠢ ᠲᠢᠭᠯᠢᠮ ᠢ ᠡᠪᠳᠡᠭᠰᠡᠨ᠃ | ᠤᠯᠠᠨ ᠢ ᠴᠤᠭᠯᠠᠭᠤᠯᠤᠨ ᠲᠡᠬᠡᠷ᠎ᠡ ᠦᠬᠦᠯᠡᠭᠰᠡᠨ ᠠᠵᠢᠯᠯᠠᠭ᠎ᠠ ᠬᠢᠭᠰᠡᠨ ᠪᠠᠶᠢᠪᠠᠯ ᠲᠦᠷᠦᠬᠦᠦ ᠶᠢ ᠨᠢ 10 ᠡᠳᠦᠷ ᠠᠴᠠ | ᠲᠡᠬᠡᠭᠰᠢ 15 ᠡᠳᠦᠷ ᠠᠴᠠ ᠲᠤᠷᠤᠭᠰᠢ ᠲᠦᠷ ᠬᠤᠷᠢᠬᠤ ᠶᠢᠨ ᠬᠠᠮᠳᠦ 1000 ᠲᠦᠬᠦᠷᠢᠭ ᠠᠴᠠ ᠲᠤᠷᠤᠭᠰᠢ | ᠵᠤᠭᠤᠰ ᠢᠶᠠᠷ ᠲᠤᠷᠭᠠᠨ᠎ᠠ᠃ | |