ᠬᠤᠳᠣᠩ ᠠᠷᠠᠳ ᠤᠨ ᠲᠣᠭᠤᠷᠢᠭ 2017 ᠣᠨ ᠳᠤ ᠬᠤᠳᠠ ᠬᠥᠳᠡᠭᠡ ᠶᠢᠨ ᠰᠠᠭᠤᠭᠠᠯᠢ ᠠᠷᠠᠳ ᠲᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ 776.77 ᠲᠦᠮᠡᠨ ᠲᠥᠭᠦᠷᠢᠭ ᠭᠠᠷᠳᠠᠭᠤᠯᠪᠠ
ᠨᠡᠶᠢᠲᠡᠯᠡᠭᠰᠡᠨ ᠴᠠᠭ᠄
2018-05-21
     ᠬᠤᠳᠣᠩ ᠠᠷᠠᠳ ᠤᠨ ᠲᠣᠭᠤᠷᠢᠭ 2017 ᠣᠨ ᠳᠤ ᠬᠤᠳᠠ ᠬᠥᠳᠡᠭᠡ ᠶᠢᠨ ᠰᠠᠭᠤᠭᠠᠯᠢ ᠠᠷᠠᠳ ᠲᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ 776.77 ᠲᠦᠮᠡᠨ ᠲᠥᠭᠦᠷᠢᠭ ᠭᠠᠷᠳᠠᠭᠤᠯᠪᠠ      ᠬᠤᠲᠣᠩ ᠠᠷᠠᠳ ᠤᠨ ᠲᠣᠭᠤᠷᠢᠭ ᠤᠨ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭᠠᠨ ᠤ ᠲᠤᠪᠴᠢᠶ᠎ᠠ  ᠨᠢ ᠦᠨᠳᠦᠰᠦᠨ ᠵᠦᠢᠯ ᠢ ᠪᠠᠲᠤᠯᠠᠬᠤ᠂ ᠬᠠᠷᠢᠮᠠᠬᠠᠶ ᠴᠢᠨᠠᠷᠲᠠᠶ᠂ ᠦᠷᠭᠦᠯᠵᠢᠯᠡᠭᠦᠯᠵᠦ ᠪᠣᠯᠬᠤ ᠴᠢᠭᠯᠡᠯᠲᠡ ᠶᠢ ᠬᠡᠷᠡᠭᠵᠢᠬᠦᠯᠵᠦ ᠂ ᠭᠦᠨ ᠠᠭᠤᠳᠠᠯᠵᠤ᠂ ᠰᠢᠨ᠎ᠡ ᠶᠢ ᠡᠭᠦᠳᠬᠦ ᠳᠠᠯᠳᠠ ᠬᠦᠴᠦᠨ ᠤ ᠬᠡᠪᠴᠢᠶ᠎ᠡ ᠶᠢ ᠥᠷᠭᠡᠳᠬᠡᠬᠦ ᠠᠵᠢᠯ ᠢ ᠴᠢᠩᠭ᠎ᠠ ᠠᠳᠬᠤᠵᠤ᠂ 2017 ᠣᠨ ᠤ 12 ᠳ᠋ᠤᠭᠠᠷ ᠰᠠᠷ᠎ᠠ ᠪᠣᠯᠲᠠᠯ᠎ᠠ᠂ ᠬᠤᠲᠣᠩ ᠠᠷᠠᠳ ᠤᠨ ᠲᠣᠭᠤᠷᠢᠭ ᠤᠨ ᠬᠤᠳᠠ ᠬᠥᠳᠡᠭᠡ  ᠤᠨ ᠨᠠᠰᠤᠵᠢᠯ ᠤᠨ ᠳᠠᠭᠠᠳᠬᠠᠯ ᠶᠢᠨ ᠰᠦᠢᠳᠬᠡᠯ ᠲᠤᠰᠢᠶᠠᠬᠤ ᠦᠷᠭᠦᠯᠵᠢᠯᠡᠭᠦᠯᠬᠦ ᠵᠠᠷᠤᠳᠠᠯ ᠲᠤᠰᠢᠶᠠᠭᠰᠠᠨ ᠬᠥᠮᠦᠨ ᠤ ᠲᠤᠭ᠎ᠠ ᠨᠡᠶᠢᠲᠡ 2079 ᠬᠥᠮᠦᠨ᠂ ᠡᠭᠦᠨ ᠤ ᠳᠣᠲᠣᠷ᠎ᠠ ᠠᠮᠢᠳᠤᠷᠠᠯ ᠬᠦᠨᠳᠦ ᠰᠦᠷᠡᠬᠡᠶ ᠵᠡᠮᠳᠡᠭ ᠪᠤᠯᠤᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠨ 398 ᠬᠥᠮᠦᠨ᠂ ᠲᠤᠰᠢᠶᠠᠭᠰᠠᠨ ᠨᠡᠶᠢᠲᠡ ᠵᠣᠭᠤᠰ ᠤᠨ ᠲᠤᠭ᠎ᠠ ᠨᠢ 418.53 ᠲᠦᠮᠡᠨ ᠲᠥᠭᠦᠷᠢᠭ ᠪᠣᠯᠤᠨ᠎ᠠ᠃ ᠬᠤᠲᠣᠩ ᠠᠷᠠᠳ ᠤᠨ ᠲᠣᠭᠤᠷᠢᠭ ᠬᠤᠳᠠ ᠬᠥᠳᠡᠭᠡ ᠶᠢᠨ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠬᠦᠷᠲᠡᠬᠦ ᠨᠢ 2990 ᠬᠥᠮᠦᠨ᠂ ᠨᠡᠶᠢᠲᠡ ᠭᠠᠷᠳᠠᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠮᠥᠩᠭᠦ 63.91 ᠲᠦᠮᠡᠨ ᠲᠥᠭᠦᠷᠢᠭ ᠪᠣᠯᠤᠨ᠎ᠠ᠃ 2017 ᠣᠨ ᠤ 1 ᠳ᠋ᠦ᠋ᠭᠡᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯ᠎ᠠ ᠨᠡᠶᠢᠲᠡ ᠬᠠᠷᠠᠭᠠᠯᠵᠠᠯ ᠬᠦᠷᠲᠡᠭᠰᠡᠨ ᠬᠥᠮᠥᠨ ᠤ ᠲᠤᠭ᠎ᠠ 35766᠂ ᠨᠡᠶᠢᠳᠡ ᠨᠠᠰᠤᠵᠢᠯ ᠤᠨ ᠠᠰᠠᠷᠠᠮᠵᠢ ᠶᠢᠨ ᠮᠦᠩᠬᠦ 776.77 ᠲᠦᠮᠡᠨ ᠲᠥᠭᠦᠷᠢᠭ ᠣᠯᠭᠤᠭᠰᠠᠨ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号