1-12 ᠳ᠋ᠤᠭᠠᠷ ᠰᠠᠷ᠎ᠠ ᠳᠤ᠂ ᠬᠤᠳᠣᠩ ᠠᠷᠠᠳ ᠤᠨ ᠲᠣᠭᠤᠷᠢᠭ ᠬᠤᠲᠠ ᠪᠠᠯᠭᠠᠰᠤᠨ ᠤ 6373 ᠬᠥᠮᠥᠨ ᠳᠤ ᠰᠢᠨ᠎ᠡ ᠪᠠᠷ ᠠᠵᠢᠯ ᠣᠯᠭᠤᠪᠠ
ᠨᠡᠶᠢᠲᠡᠯᠡᠭᠰᠡᠨ ᠴᠠᠭ᠄
2018-05-23
     1-12 ᠳ᠋ᠤᠭᠠᠷ ᠰᠠᠷ᠎ᠠ ᠳᠤ᠂ ᠬᠤᠳᠣᠩ ᠠᠷᠠᠳ ᠤᠨ ᠲᠣᠭᠤᠷᠢᠭ ᠬᠤᠲᠠ ᠪᠠᠯᠭᠠᠰᠤᠨ ᠤ 6373 ᠬᠥᠮᠥᠨ ᠳᠤ ᠰᠢᠨ᠎ᠡ ᠪᠠᠷ ᠠᠵᠢᠯ ᠣᠯᠭᠤᠪᠠ      ᠵᠢᠯ ᠤᠨ ᠡᠬᠢᠨ ᠠᠴᠠ᠂ ᠬᠤᠲᠣᠩ ᠠᠷᠠᠳ ᠤᠨ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ  ᠠᠴᠠ ᠤᠯᠤᠰ ᠣᠷᠣᠨ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠡᠯ᠎ᠡ ᠵᠦᠢᠯ ᠤᠨ ᠠᠵᠢᠯ ᠣᠯᠭᠤᠬᠤ ᠬᠠᠷᠠᠭᠠᠯᠵᠠᠯᠳᠦ ᠲᠦᠷᠦ ᠶᠢᠨ ᠪᠤᠳᠤᠯᠭ᠎ᠠ ᠶᠢ ᠢᠮᠠᠭᠲᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠦᠷᠦ ᠶᠢᠨ ᠪᠤᠳᠤᠯᠭ᠎ᠠ ᠟  ᠶᠢᠨ ᠤᠬᠠᠭᠤᠯᠭ᠎ᠠ ᠶᠢᠨ ᠡᠷᠴᠢᠮ ᠢ ᠨᠡᠮᠡᠭᠳᠡᠭᠦᠯᠦᠨ᠂ ᠡᠯ᠎ᠡ ᠵᠦᠢᠯ ᠤᠨ ᠠᠵᠢᠯ ᠣᠯᠭᠤᠯᠲᠠ ᠢ ᠠᠬᠢᠭᠤᠯᠵᠤ᠂ ᠠᠳᠠᠯ ᠦᠢᠯᠡᠰ ᠴᠣᠭᠴᠠᠯᠠᠬᠤ ᠠᠵᠢᠯ ᠢ ᠥᠷᠨᠢᠭᠦᠯᠪᠡ᠃ ᠣᠳᠣᠬᠠᠨ ᠪᠣᠯᠲᠠᠯ᠎ᠠ᠂  ᠪᠥᠬᠦ ᠣᠷᠣᠨ ᠤ ᠬᠤᠲᠠ ᠪᠠᠯᠭᠠᠰᠤᠨ ᠤ 6973 ᠬᠥᠮᠥᠨ  ᠳᠤ ᠰᠢᠨ᠎ᠡ ᠪᠠᠷ ᠠᠵᠢᠯ ᠣᠯᠭᠤᠪᠠ᠂ ᠵᠢᠯ ᠤᠨ ᠬᠠᠷᠠᠯᠲᠠ 6000 ᠬᠥᠮᠥᠨ ᠤ 116% ᠶᠢ  ᠪᠡᠶᠡᠯᠡᠭᠦᠯᠪᠡ᠃ ᠡᠭᠦᠨ ᠳᠤ᠄ ᠬᠤᠳᠠ ᠪᠠᠯᠭᠠᠰᠤᠨ ᠤ 1368 ᠠᠵᠢᠯ ᠠᠯᠳᠠᠭᠰᠠᠨ ᠬᠥᠮᠦᠰ ᠲᠤ ᠳᠠᠬᠢᠨ ᠠᠵᠢᠯ ᠣᠯᠭᠤᠵᠣ᠂ ᠵᠢᠯ ᠤᠨ ᠬᠠᠷᠠᠯᠲᠠ 1300 ᠬᠥᠮᠦᠨ ᠤ 106.6% ᠶᠢ ᠪᠡᠶᠡᠯᠡᠭᠦᠯᠪᠡ᠃ ᠠᠵᠢᠯ ᠤᠯᠬᠤ ᠳᠤ ᠬᠦᠴᠢᠷᠲᠡᠶ 1368 ᠬᠥᠮᠦᠰ ᠲᠤ ᠲᠠᠬᠢᠨ ᠠᠵᠢᠯ ᠣᠯᠭᠤᠵᠣ᠂ ᠵᠢᠯ ᠤᠨ ᠬᠠᠷᠠᠯᠲᠠ 1000 ᠬᠥᠮᠥᠨ ᠤ123.8% ᠶᠢ ᠪᠡᠶᠡᠯᠡᠭᠦᠯᠪᠡ᠃ ᠬᠤᠲᠠ ᠪᠠᠯᠭᠠᠰᠤ ᠶᠢᠨ ᠠᠵᠢᠯ ᠠᠯᠳᠠᠭᠰᠠᠳ ᠤᠨ ᠨᠤᠷᠮ᠎ᠠ ᠶᠢ 3.8%  ᠪᠠᠷ ᠭᠢᠵᠠᠭᠠᠷᠯᠠᠵᠤ᠂ ᠠᠵᠢᠯ ᠣᠯᠭᠤᠯᠲᠠ ᠶᠢᠨ ᠪᠠᠶᠢᠳᠠᠯ ᠢ ᠦᠨᠳᠦᠰᠦᠨ ᠳᠡᠭᠡᠨ ᠲᠣᠭᠲᠠᠪᠤᠷᠢᠲᠠᠶ  ᠪᠠᠶᠢᠬᠤ ᠶᠢ ᠪᠠᠲᠤᠯᠠᠵᠠᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号