ᠬᠤᠲᠣᠩ ᠠᠷᠠᠳ ᠤᠨ ᠲᠣᠭᠤᠷᠢᠭ ᠤᠨ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠠᠳᠠᠭᠤ ᠬᠦᠴᠢᠷᠳᠡᠯ ᠲᠠᠢ ᠡᠷᠦᠬᠡ ᠶᠢᠨ ᠶᠠᠳᠠᠭᠤ ᠠᠴᠠ ᠠᠩᠭᠢᠵᠢᠷᠠᠭᠤᠯᠬᠤ ᠶᠢ  ᠪᠠᠲᠤᠯᠠᠬᠤ ᠶᠢᠨ ᠲᠥᠯᠥᠭᠡ ᠶᠠᠳᠠᠭᠤ ᠬᠦᠴᠢᠷᠳᠡᠯ ᠲᠠᠢ ᠡᠷᠦᠬᠡ ᠲᠤ ᠠᠵᠢᠯ  ᠣᠯᠭᠤᠪᠠ
ᠨᠡᠶᠢᠲᠡᠯᠡᠭᠰᠡᠨ ᠴᠠᠭ᠄
2018-05-24
     ᠬᠤᠲᠣᠩ ᠠᠷᠠᠳ ᠤᠨ ᠲᠣᠭᠤᠷᠢᠭ ᠤᠨ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠠᠳᠠᠭᠤ ᠬᠦᠴᠢᠷᠳᠡᠯ ᠲᠠᠢ ᠡᠷᠦᠬᠡ ᠶᠢᠨ ᠶᠠᠳᠠᠭᠤ ᠠᠴᠠ ᠠᠩᠭᠢᠵᠢᠷᠠᠭᠤᠯᠬᠤ ᠶᠢ  ᠪᠠᠲᠤᠯᠠᠬᠤ ᠶᠢᠨ ᠲᠥᠯᠥᠭᠡ ᠶᠠᠳᠠᠭᠤ ᠬᠦᠴᠢᠷᠳᠡᠯ ᠲᠠᠢ ᠡᠷᠦᠬᠡ ᠲᠤ ᠠᠵᠢᠯ  ᠣᠯᠭᠤᠪᠠ      ᠲᠣᠭᠤᠷᠢᠭ ᠤᠨ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠠᠳᠠᠭᠤ ᠶᠢ ᠲᠡᠳᠬᠦᠬᠦ ᠠᠵᠢᠯ ᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠵᠤ᠂ ᠤᠷᠲᠤ ᠬᠤᠭᠤᠴᠠᠭ᠎ᠠ ᠪᠠᠷ᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ᠂ ᠲᠦᠢᠯᠪᠤᠷᠢᠲᠠᠶ ᠶᠠᠳᠠᠭᠤ ᠠᠴᠠ ᠠᠩᠭᠢᠵᠢᠷᠠᠭᠤᠯᠬᠤ ᠭᠡᠵᠥ ᠴᠢᠷᠮᠠᠶᠢᠭᠰᠠᠭᠠᠷ ᠢᠷᠡᠵᠠᠢ᠃      ᠮᠠᠨ ᠤ ᠲᠣᠪᠴᠢᠶ᠎ᠠ ᠬᠠᠪᠰᠤᠷᠤᠨ  ᠳᠡᠳᠭᠦᠭᠦᠭᠰᠡᠨ ᠶᠠᠳᠠᠭᠤ ᠡᠷᠥᠬᠡ ᠯᠢ  ᠹᠧᠩ ᠴᠢ ᠶᠢᠨ ᠡᠷ᠎ᠡ ᠨᠥᠬᠦᠷ ᠨᠢ ᠡᠷᠲᠡ  ᠨᠠᠰᠤ ᠪᠠᠷᠠᠵᠠᠢ᠂ ᠴᠤᠷ ᠤᠨ ᠭᠠᠭᠴᠠ ᠬᠦᠦ ᠨᠢ 2017 ᠣᠨ 12 ᠳ᠋ᠤᠭᠠᠷ ᠰᠠᠷ᠎ᠠ ᠳᠤ ᠡᠪᠡᠳᠴᠢᠨ ᠢᠶᠠᠷ ᠨᠠᠰᠤ ᠪᠠᠷᠠᠵᠠᠢ᠃ ᠲᠤᠰ ᠬᠥᠮᠦᠨ ᠠᠯᠪᠠᠨ ᠶᠣᠰᠣᠨ ᠤ ᠠᠵᠢᠯ ᠦᠭᠡᠢ᠂ ᠠᠮᠢᠳᠤᠷᠠᠯ ᠤᠨ ᠠᠬᠤᠶ ᠪᠠᠶᠢᠳᠠᠯ ᠲᠦᠢᠯ ᠤᠨ ᠭᠦᠴᠢᠷᠲᠠᠢ᠃ ᠵᠢᠯ ᠤᠨ ᠡᠮᠦᠨ᠎ᠡ᠂ ᠮᠠᠨ ᠤ ᠲᠣᠪᠴᠢᠶ᠎ᠠ ᠯᠢ ᠹᠤᠩ ᠴᠢ ᠶᠢ ᠲᠣᠬᠤᠨᠢᠭᠤᠯᠬᠤ ᠮᠥᠩᠭᠦ ᠬᠦᠷᠭᠡᠪᠡ᠃ ᠲᠡᠭᠦᠨ ᠢ ᠬᠠᠪᠰᠤᠷᠤᠨ ᠰᠢᠨ᠎ᠡ ᠵᠢᠯ ᠢ   ᠥᠡᠭᠭᠡᠷᠡᠭᠦᠯᠪᠡ᠃ ᠡᠭᠦᠨ ᠤ ᠳᠠᠭᠠᠤ᠂ ᠲᠡᠭᠦᠨ ᠤ ᠪᠣᠳᠠᠲᠠᠶ ᠪᠠᠶᠢᠳᠠᠯ ᠢ  ᠪᠣᠳᠣᠯᠬᠢᠯᠠᠵᠣ᠂ ᠮᠠᠨ ᠤ ᠲᠤᠪᠴᠢᠶ᠎ᠠ ᠢᠳᠡᠪᠬᠢᠲᠡᠶ ᠪᠠᠷ ᠵᠣᠬᠢᠴᠠᠭᠤᠯᠵᠤ᠂ ᠬᠠᠷᠢᠶᠠᠲᠤ ᠭᠠᠵᠠᠷ   ᠤᠨ ᠠᠵᠤ ᠠᠬᠤᠶᠢᠯᠠᠯ ᠤᠨ ᠶᠡᠭᠡ ᠬᠠᠪᠰᠤᠷᠤᠯᠭ᠎ᠠ ᠳᠣᠣᠷ᠎ᠠ ᠴᠠᠭᠠᠨ ᠰᠠᠷ᠎ᠠ ᠶᠢᠨ ᠰᠢᠨ᠎ᠡ ᠶᠢᠨ ᠠᠷᠪᠠᠨ‌‍ᠲ᠋ᠠᠪᠣᠨ  ᠶᠢ ᠥᠡᠭᠭᠡᠷᠡᠭᠦᠯᠪᠡ᠃ ᠴᠢᠷᠮᠠᠶᠢᠯᠭ᠎ᠠ ᠪᠠᠷ ᠳᠠᠮᠵᠢᠭᠠᠳ᠂ ᠶᠢᠨ ᠬᠠᠢ ᠡᠦ ᠶᠢᠨ ᠲᠡᠮᠦᠷᠯᠢᠭ ᠮᠠᠰᠢᠨ ᠴᠠᠬᠢᠯᠭᠠᠨ ᠤ ᠬᠤᠲᠠ ᠠᠴᠠ ᠯᠢ  ᠹᠧᠩ ᠴᠢ ᠳᠤ ᠨᠢᠭᠡᠨ ᠬᠤᠪᠢ ᠲᠣᠬᠢᠷᠠᠮᠵᠢᠲᠠᠶ ᠠᠵᠢᠯ ᠣᠯᠵᠤ ᠥᠭᠪᠡ᠃ ᠢᠩᠭᠢᠪᠡᠯ ᠨᠢᠭᠡ ᠲᠠᠯ᠎ᠠ ᠪᠠᠷ ᠲᠡᠭᠦᠨ ᠳᠤ ᠲᠣᠭᠲᠠᠮᠠᠯ ᠣᠷᠣᠯᠭ᠎ᠠ ᠨᠢ ᠶᠠᠳᠠᠭᠤ ᠬᠦᠴᠢᠷᠳᠡᠯᠲᠡᠶ ᠪᠠᠶᠢᠳᠠᠯ ᠳᠤ ᠰᠠᠭᠤᠷᠢ ᠪᠣᠯᠣᠨ᠎ᠠ᠃ ᠨᠦᠭᠦᠭᠡ ᠨᠢᠭᠡ ᠲᠠᠯ᠎ᠠ ᠪᠠᠷ᠂ ᠲᠡᠭᠦᠨ ᠢ ᠭᠦᠰᠡᠭᠦ ᠨᠢ ᠠᠵᠢᠯ ᠢᠶᠠᠷ ᠳᠡᠮᠵᠢᠵᠦ ᠨᠡᠩ ᠣᠯᠠᠨ ᠪᠤᠰᠤᠳ ᠬᠥᠮᠦᠨ ᠲᠠᠢ ᠬᠠᠷᠢᠯᠴᠠᠵᠤ᠂ ᠠᠭᠠᠵᠢᠮ ᠢᠶᠠᠷ ᠲᠡᠭᠦᠨ ᠤ ᠰᠡᠳᠬᠢᠯ ᠤᠨ ᠬᠥᠮᠦᠨ ᠢᠶᠠᠨ ᠠᠯᠳᠠᠭᠰᠠᠨ ᠵᠣᠪᠠᠯᠠᠩ ᠢ  ᠲᠠᠶᠢᠯᠠᠨ᠎ᠠ᠃      ᠲᠡᠷᠠᠭ᠎ᠠ ᠶᠢᠨ ᠠᠯᠬᠤᠮ ᠳᠤ᠂ ᠮᠠᠨ ᠤ ᠲᠣᠪᠴᠢᠶ᠎ᠠ ᠦᠷᠭᠦᠯᠵᠢᠯᠡᠨ ᠲᠡᠭᠦᠨ ᠤ ᠠᠮᠢᠳᠤᠷᠠᠯ ᠢ ᠠᠩᠬᠠᠷᠴᠤ᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠠᠵᠢᠯ  ᠢ ᠭᠤᠣᠯ ᠪᠣᠯᠭᠠᠵᠣ᠂ ᠲᠡᠭᠦᠨ ᠤ ᠶᠠᠳᠠᠭᠤ ᠵᠦᠳᠡᠭᠦᠦ ᠠᠵᠤ ᠠᠮᠢᠳᠤᠷᠠᠯ ᠤᠨ ᠪᠠᠶᠢᠳᠠᠯ ᠢ ᠡᠯ᠎ᠡ ᠲᠠᠯ᠎ᠠ ᠪᠠᠷ  ᠬᠠᠪᠰᠤᠷᠤᠨ ᠲᠦᠷᠭᠡᠬᠡᠨ ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠶ   ᠶᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号