ᠠᠮᠢᠲᠠᠨ ᠤ ᠪᠥᠲᠥᠭᠡᠭᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠣ ᠮᠢᠬ᠎ᠠ ᠢᠳᠡᠭᠡᠨ ᠢ ᠠᠶᠤᠯᠭᠦᠢ  ᠢᠶᠠᠷ ᠵᠠᠬ᠎ᠠ ᠳᠡᠯᠭᠡᠭᠦᠷ ᠲᠤ ᠭᠠᠷᠭᠠᠬᠤ ᠶᠢ ᠪᠠᠲᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2018-05-24
     ᠠᠮᠢᠲᠠᠨ ᠤ ᠪᠥᠲᠥᠭᠡᠭᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠣ ᠮᠢᠬ᠎ᠠ ᠢᠳᠡᠭᠡᠨ ᠢ ᠠᠶᠤᠯᠭᠦᠢ ᠢᠶᠠᠷ ᠵᠠᠬ᠎ᠠ ᠳᠡᠯᠭᠡᠭᠦᠷ ᠲᠤ ᠭᠠᠷᠭᠠᠬᠤ ᠶᠢ ᠪᠠᠲᠤᠯᠠᠬᠤ ᠬᠡᠷᠡᠭᠲᠡᠶ      ᠴᠠᠭᠠᠨ ᠰᠠᠷ᠎ᠠ ᠪᠣᠯᠬᠤ ᠭᠡᠵᠦ ᠪᠠᠶᠢᠭ᠎ᠠ ᠳᠠᠰᠢᠷᠠᠮ   ᠳᠤ᠂ ᠵᠠᠬ᠎ᠠ ᠳᠡᠯᠭᠡᠭᠦᠷ ᠲᠤ ᠣᠷᠣᠬᠤ  ᠬᠡᠷᠡᠭᠯᠡᠭᠡᠨ‌‍ᠤ ᠵᠠᠩᠭᠢᠯᠠᠭ᠎ᠠ ᠳᠠᠬᠢ ᠮᠢᠬᠠᠨ ᠤ ᠢᠳᠡᠭᠡᠨ ᠤ ᠵᠦᠢᠯ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠥᠯᠥᠭᠡ᠂ ᠬᠤᠲᠣᠩ ᠠᠷᠠᠳ ᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠢ ᠰᠢᠭᠤᠶ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠭᠠᠵᠠᠷ ᠠᠴᠠ ᠵᠢᠯ ᠤᠨ ᠡᠬᠢᠨ ᠳᠤ ᠲᠣᠭᠲᠠᠭᠠᠭᠰᠠᠨ ᠲᠥᠯᠥᠪᠯᠡᠭᠡ ᠶᠣᠰᠣᠭᠠᠷ᠂ ᠠᠮᠢᠲᠠᠨ ᠤ ᠪᠥᠲᠥᠭᠡᠭᠲᠡᠭᠦᠨ ᠢ ᠬᠦᠯᠳᠡᠭᠡᠭᠦ ᠳᠤ ᠭᠢᠨᠠᠯᠲᠠ ᠲᠠᠯᠪᠢᠬᠤ ᠶᠢ ᠴᠢᠩᠭᠠᠳᠬᠠᠵᠠᠢ᠃      2 ᠳ᠋ᠤᠭᠠᠷ ᠰᠠᠷ᠎ᠠ ᠶᠢᠨ 2 ᠤ ᠡᠳᠦᠷ  ᠪᠠ 7 ᠤ ᠡᠳᠦᠷ ᠬᠤᠶᠠᠷ ᠡᠳᠦᠷ ᠤᠨ ᠴᠠᠭ ᠢ ᠠᠰᠢᠭᠯᠠᠵᠤ  ᠪᠠᠶᠢᠭᠠᠳ ᠂ ᠬᠤᠲᠣᠩ ᠠᠷᠠᠳ ᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠢ ᠰᠢᠭᠤᠶ ᠶᠢᠨ ᠤᠰᠤᠨ ᠠᠰᠢᠭᠯᠠᠯᠲᠠ ᠶᠢᠨ ᠳᠤᠪᠴᠢᠶ᠎ᠠ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠵᠤ᠂ ᠵᠣᠬᠢᠶᠠᠨ ᠪᠠᠶᠢᠭᠤᠯᠤᠯᠲᠠ ᠶᠢᠨ ᠬᠠᠤᠯᠢ ᠬᠡᠷᠡᠭᠵᠢᠭᠦᠯᠬᠦ ᠠᠵᠢᠯᠳᠠᠨ ᠬᠠᠷᠢᠶᠠᠲᠤ ᠣᠷᠣᠨ ᠤ ᠳᠣᠲᠣᠷᠠᠬᠢ 5 ᠳᠤᠮᠤ ᠬᠡᠯᠪᠡᠷᠢ ᠶᠢᠨ ᠬᠥᠢᠲᠡᠨ ᠬᠥᠮᠥᠷᠭᠡ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠭᠰᠡᠨ ᠪᠠᠶᠢᠨ᠎ᠠ᠃ ᠬᠥᠢᠲᠡᠨ ᠬᠥᠮᠥᠷᠭᠡ ᠳᠣᠲᠣᠷ᠎ᠠ ᠬᠠᠳᠠᠭᠠᠯᠠᠭᠰᠠᠨ ᠠᠮᠢᠲᠠᠨ ᠤ ᠪᠥᠲᠥᠭᠡᠭᠲᠡᠭᠦᠨ ᠳᠤ ᠬᠢᠵᠢᠭ ᠤᠨ ᠪᠠᠶᠢᠴᠠᠭᠠᠯᠲᠠ ᠶᠢᠨ ᠬᠡᠷᠡᠴᠢ ᠪᠠᠶᠢᠬᠤ ᠪᠠᠶᠢᠳᠠᠯ ᠢ ᠮᠥᠷᠳᠡᠵᠦ ᠪᠣᠯᠬᠤ ᠢ ᠭᠤᠣᠯᠳᠠᠯᠭ᠎ᠠ ᠲᠠᠢ ᠪᠠᠶᠢᠴᠠᠭᠠᠵᠤ  ᠂ ᠵᠠᠷᠢᠮ ᠠᠩᠬᠠᠷᠤᠭᠤᠰᠢᠲᠠᠶ ᠠᠰᠠᠭᠤᠳᠠᠯ ᠶᠢ ᠵᠢᠭᠠᠨ  ᠭᠠᠷᠭᠠᠪᠠ  ᠃ ᠵᠢᠱᠢᠶᠡᠯᠡᠪᠡᠯ  ᠂ ᠥᠯᠥ ᠪᠣᠭᠤᠳᠠᠯᠯᠠᠭᠰᠠᠨ ᠢᠳᠡᠭᠡᠨ ᠤ ᠪᠣᠭᠤᠳᠠᠯ ᠤᠨ ᠤᠭᠤᠲᠠ ᠢ  ᠪᠦᠬᠦᠨ ᠢ ᠢᠳᠡᠭᠡᠨ ᠤ ᠴᠠᠭᠠᠨ ᠤᠭᠤᠲᠠ ᠪᠠᠷ ᠰᠤᠯᠢᠬᠤ  ᠬᠡᠷᠡᠭᠲᠠᠢ᠂ ᠬᠥᠮᠥᠷᠭᠡ ᠶᠢᠨ ᠳᠤᠲᠤᠷᠠᠭᠢ ᠢ ᠴᠡᠪᠡᠷ ᠪᠠᠶᠢᠯᠭᠠᠬᠤ ᠬᠡᠷᠡᠭᠲᠡᠶ᠂ ᠠᠮᠢᠲᠠᠨ ᠤ ᠪᠥᠲᠥᠭᠡᠭᠲᠡᠭᠦᠨ ᠢ ᠨᠢᠴᠦᠭᠦᠨ ᠢᠶᠠᠷ ᠭᠠᠵᠠᠷ ᠲᠤ ᠲᠠᠯᠪᠢᠬᠤ ᠶᠢ ᠴᠠᠭᠠᠵᠠᠯᠠᠬᠤ᠂ ᠬᠥᠮᠥᠷᠭᠡᠯᠡᠬᠦ ᠠᠮᠢᠲᠠᠨ ᠤ ᠪᠥᠲᠥᠭᠡᠭᠲᠡᠭᠦᠨ ᠢ ᠴᠠᠭ ᠲᠤᠬᠠᠶ ᠳᠤᠨᠢ ᠰᠢᠯᠭᠠᠭᠤᠯᠤᠨ ᠪᠠᠶᠢᠴᠠᠭᠠᠯᠭᠠᠬᠤ ᠪᠠᠷ ᠮᠡᠳᠡᠭᠦᠯᠬᠦ ᠬᠡᠷᠡᠭᠲᠡᠶ ᠵᠡᠷᠭᠡ᠃ ᠬᠠᠤᠯᠢ ᠬᠡᠷᠡᠭᠵᠢᠭᠦᠯᠬᠦ ᠠᠵᠢᠯᠲᠠᠨ ︽ᠬᠥᠢᠲᠡᠨ ᠬᠥᠮᠥᠷᠭᠡ ᠳᠠᠬᠢ ᠠᠮᠢᠲᠠᠨ ᠤ ᠡᠷᠡᠭᠦᠯ ᠬᠠᠮᠠᠭᠠᠯᠠᠯ᠂ ᠠᠶᠤᠯᠭᠦᠢ ᠦᠢᠯᠡᠳᠪᠦᠷᠢᠯᠡᠯ ᠶᠢᠨ ᠮᠡᠳᠡᠭᠳᠡᠬᠦ ᠪᠢᠴᠢᠭ︾  ᠪᠠᠭᠤᠯᠭᠠᠵᠤ᠂ ᠠᠵᠤ ᠠᠬᠤᠶᠢᠯᠠᠯ ᠤᠷᠢᠳᠠᠪᠠᠷ ᠥᠪᠡᠷ ᠢᠶᠠᠨ ᠪᠠᠶᠢᠴᠠᠭᠠᠵᠤ᠂ ᠴᠡᠭᠴᠡᠯᠡᠨ  ᠰᠠᠶᠢᠵᠢᠷᠠᠭᠤᠯᠵᠤ᠂ ᠳᠠᠷᠠᠭᠠᠴᠢ ᠶᠢᠨ ᠠᠯᠬᠤᠮ ᠳᠤ ᠦᠷᠭᠦᠯᠵᠢᠯᠡᠨ ᠴᠡᠭᠴᠡᠯᠡᠵᠦ  ᠨᠠᠶᠢᠳᠠᠪᠤᠷᠢᠵᠢᠭᠤᠯᠬᠤ ᠬᠡᠷᠡᠭᠲᠠᠢ᠂ ᠣᠶᠢᠷ᠎ᠠ ᠶᠢᠨ ᠡᠳᠦᠷ ᠤᠳ ᠲᠤ᠂ ᠮᠠᠨ ᠤ ᠬᠠᠤᠯᠢ ᠬᠡᠷᠡᠭᠵᠢᠭᠦᠯᠬᠦ ᠠᠵᠢᠯᠲᠠᠳ ᠨᠢ ᠲᠣᠭᠲᠠᠭᠰᠠᠨ ᠴᠠᠭ ᠦᠭᠡᠢ ᠬᠥᠢᠲᠡᠨ ᠬᠥᠮᠥᠷᠭᠡ ᠶᠢ ᠰᠣᠩᠭᠤᠨ ᠪᠠᠶᠢᠴᠠᠭᠠᠵᠤ᠂ ᠮᠢᠬᠠᠨ ᠢᠳᠡᠭᠡᠨ ᠠᠶᠤᠯᠭᠦᠶ ᠶᠢ ᠪᠠᠳᠤᠯᠠᠵᠤ ᠪᠠᠶᠢᠨ᠎ᠠ᠃      ᠬᠢᠨᠠᠯᠲᠠ ᠲᠠᠯᠪᠢᠨ  ᠪᠠᠶᠢᠴᠠᠭᠠᠬᠤ ᠶᠢ ᠳᠠᠮᠵᠢᠨ ᠬᠥᠢᠲᠡᠨ ᠬᠥᠮᠥᠷᠭᠡ   ᠳᠤ ᠣᠷᠣᠰᠢᠵᠤ ᠪᠠᠶᠢᠭ᠎ᠠ ᠠᠰᠠᠭᠤᠳᠠᠯ ᠤᠨ ᠭᠤᠣᠯ ᠴᠣᠭᠴᠠ ᠶᠢ ᠲᠣᠳᠣᠷᠬᠠᠶ ᠵᠢᠭᠠᠵᠤ  ᠥᠭᠬᠦ ᠶᠢᠨ ᠬᠠᠮᠲᠤ᠂ ᠬᠤᠶᠢᠰᠢᠳᠠ ᠶᠢᠨ ᠬᠠᠮᠢᠶᠠᠷᠤᠯᠲᠠ ᠶᠢᠨ ᠲᠠᠯ᠎ᠠ ᠪᠠᠷ ᠤᠯᠠᠮ ᠨᠢᠭᠡ ᠠᠯᠬᠤᠮ ᠴᠢᠩᠭᠠᠳᠬᠠᠵᠤ᠂ ᠵᠠᠬ᠎ᠠ ᠳᠡᠯᠭᠡᠭᠦᠷ ᠲᠤ ᠭᠠᠷᠭᠠᠬᠤ  ᠮᠢᠬᠠᠨ ᠢᠳᠡᠭᠡᠨ ᠤ ᠠᠮᠤᠷ ᠲᠦᠪᠰᠢᠨ ᠢ  ᠪᠠᠲᠤᠯᠠᠪᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号