ᠬᠤᠲᠤᠩ ᠠᠷᠠᠳ ᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠢ ᠰᠢᠭᠤᠶ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠲᠠᠪᠤ ᠳ᠋ᠤᠭᠠᠷ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠠᠬᠢ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2018-05-03
     4 ᠳ᠋ᠦ᠋ᠭᠡᠷ ᠰᠠᠷ᠎ᠠ ᠶᠢᠨ 28  ᠤ ᠡᠳᠦᠷ ᠤᠨ ᠦᠳᠡ ᠶᠢᠨ ᠬᠤᠶᠢᠨ᠎ᠠ᠂ ᠬᠤᠲᠤᠩ ᠠᠷᠠᠳ ᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠢ ᠰᠢᠭᠤᠶ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠲᠣᠪᠴᠢᠶᠠᠨ ᠤ ᠪᠦᠬᠦ ᠺᠠᠳ᠋ᠷ ᠠᠵᠢᠯᠲᠠᠨ ᠠᠵᠢᠯᠴᠢᠨ ᠤ ᠶᠡᠭᠡ ᠬᠤᠷᠠᠯ  ᠢ ᠬᠤᠷᠠᠯᠳᠤᠭᠤᠯᠵᠤ᠂︽5.1︾ ᠶᠢᠨ ᠬᠤᠭᠤᠴᠠᠭᠠᠨ ᠳᠠᠬᠢ ᠰᠠᠬᠢᠯᠭ᠎ᠠ ᠪᠠᠲᠦ ᠶᠢ ᠴᠡᠭᠴᠡᠯᠡᠬᠦ ᠠᠵᠢᠯ  ᠢ  ᠲᠣᠬᠢᠯᠠᠭᠤᠯᠪᠠ᠃ᠬᠤᠷᠠᠯ ᠠᠴᠠ ᠬᠤᠲᠤᠩ ᠠᠷᠠᠳ ᠰᠠᠬᠢᠯᠭ᠎ᠠ ᠲᠠᠷᠬᠠᠭᠠᠭᠰᠠᠨ   ﹇2018﹈ 5 ᠳ᠋ᠤᠭᠠᠷ ᠲᠣᠭᠠᠲᠤ  ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ  ᠂ ᠲᠠᠯᠳᠠ ᠴᠢᠨᠠᠷ ᠲᠠᠢ ᠬᠤᠪᠢᠰᠤᠭᠰᠠᠨ ᠢᠶᠠᠨ  ︽ᠳᠥᠷᠪᠡᠨ ᠰᠤᠷᠲᠠᠯ︾ ᠤᠨ ᠠᠰᠠᠭᠤᠳᠠᠯ ᠳᠤ ᠠᠩᠬᠠᠷᠤᠯ ᠲᠥᠪᠯᠡᠷᠡᠭᠦᠯᠵᠦ᠂ ᠤᠬᠠᠮᠰᠠᠷ ᠠᠴᠠ ᠪᠠᠨ ᠰᠤᠷᠲᠠᠯ ᠢᠶᠠᠨ ᠬᠤᠪᠢᠷᠠᠭᠤᠯᠤᠨ᠂ ︽ᠳᠥᠷᠪᠡᠨ ᠰᠤᠷᠲᠠᠯ︾ ᠢ ᠵᠠᠯᠠᠷᠠᠭᠤᠯᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠲᠠᠪᠤ ᠳ᠋ᠤᠭᠠᠷ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠠᠬᠢ ᠵᠢᠵᠢᠭᠦᠷ ᠢᠶᠠᠨ ᠰᠠᠶᠢᠲᠤᠷ ᠲᠣᠬᠢᠷᠠᠭᠤᠯᠵᠤ᠂ ᠵᠢᠵᠢᠭᠦᠷᠯᠡᠭᠴᠢ ᠪᠠ ᠵᠢᠵᠢᠭᠦᠷ ᠳᠠᠭᠠᠭᠤᠯᠬᠤ ᠤᠳᠤᠷᠢᠳᠤᠯᠭ᠎ᠠ ᠵᠡᠷᠭᠡ ᠪᠦᠬᠦ  ᠠᠵᠢᠯᠳᠠᠳ 24 ᠴᠠᠭ   ᠲᠤ ᠠᠵᠢᠯ  ᠤᠨ ᠪᠠᠶᠢᠷᠢ ᠳᠤ ᠪᠠᠶᠢᠬᠤ ᠶᠢ ᠪᠠᠲᠤᠯᠠᠵᠤ᠂ ᠲᠡᠭ ᠮᠡᠳᠡᠭᠦᠯᠦᠯᠲᠡ ᠶᠢᠨ ᠳᠦᠷᠢᠮ ᠢ ᠬᠡᠷᠡᠭᠵᠢᠭᠦᠯᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠬᠥᠮᠦᠰ ᠠᠴᠠ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠠᠬᠢ ᠤᠢ ᠰᠢᠭᠤᠶ ᠤᠨ ᠭᠠᠯ ᠰᠡᠷᠭᠡᠶᠢᠯᠡᠬᠦ  ᠂ ᠮᠠᠯ ᠵᠢᠭᠦᠷᠲᠡᠨ ᠤ ᠪᠦᠲᠦᠭᠡᠭᠳᠡᠬᠦᠨ ᠤ ᠠᠶᠤᠯᠭᠦᠶ ᠪᠠᠶᠢᠬᠤ ᠪᠠ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠠᠵᠢᠯ  ᠢ ᠨᠠᠷᠢᠨ ᠬᠢᠨᠠᠮᠠᠭᠠᠶ ᠰᠠᠶᠢᠲᠤᠷ ᠬᠢᠬᠦ  ᠬᠡᠷᠡᠭᠲᠡᠶ ᠭᠡᠵᠠᠢ᠃
 
 
ᠢᠷᠡᠯᠲᠡ᠄ ᠬᠤᠲᠤᠩ ᠠᠷᠠᠳ ᠤᠨ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号