| ᠰᠢᠩᠬᠤᠸᠠ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠮᠡᠳᠡᠭᠳᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠳᠦᠷᠢᠮ︾ ᠳᠤᠭᠲᠠᠭᠠᠯ ᠶᠤᠰᠤᠭᠠᠷ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠤᠬᠠᠶ ᠬᠠᠮᠢᠶ᠎ᠠ ᠪᠦᠬᠦᠢ | ᠱᠠᠭᠠᠷᠳᠠᠯᠭ᠎ᠠ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠤᠨ ᠲᠥᠯᠥᠭᠡ᠂ ︽ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠭᠠᠷᠴᠠᠭ ︵ᠲᠤᠷᠰᠢᠨ ᠬᠡᠷᠡᠭᠵᠢᠭᠦᠯᠬᠦ︶︾ ᠶᠢᠨ ᠱᠠᠭᠠᠷᠳᠠᠯᠭ᠎ᠠ | ᠶᠣᠰᠣᠭᠠᠷ᠂ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠰᠢᠢᠳᠪᠥᠷᠢᠲᠦ ᠪᠣᠳᠣᠯᠭ᠎ᠠ ᠲᠣᠭᠲᠠᠭᠠᠬᠤ᠂ | ᠭᠦᠢᠴᠡᠳᠬᠡᠬᠦ᠂ ᠬᠠᠮᠢᠶᠠᠷᠠᠬᠤ᠂ ᠦᠢᠯᠡᠴᠢᠯᠡᠬᠦ᠂ ᠦᠷ᠎ᠡ ᠳ᠋ᠦᠩ ᠢ ᠢᠯᠡ ᠪᠣᠯᠭᠠᠬᠤ᠂ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠬᠤ ᠶᠢ ᠭᠦᠨᠵᠡᠭᠡᠶᠢᠷᠡᠭᠦᠯᠭᠦ ᠶᠢᠨ ᠲᠤᠰᠠ ᠳᠤ ᠲᠤᠰ ᠭᠠᠷᠴᠠᠭ ᠢ ᠳᠣᠭᠲᠠᠭᠠᠪᠠ᠃ | ᠨᠢᠭᠡ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠦᠷᠢᠶ᠎ᠡ ᠬᠡᠪᠴᠢᠶ᠎ᠡ | ᠵᠠᠰᠠᠭ ᠤᠨ ᠣᠷᠳᠣᠨ ᠤ ᠮᠡᠳᠡᠭᠡ ᠵᠠᠩᠭᠢ ᠨᠢ ᠳᠤᠤᠷᠠᠭᠢ ᠵᠢᠭᠰᠠᠭᠠᠭᠰᠠᠨ ᠤ ᠨᠢᠭᠡ ᠱᠠᠭᠠᠷᠳᠠᠯᠭ᠎ᠠ ᠳᠤ | ᠨᠡᠶᠢᠴᠡᠭᠰᠡᠨ ᠪᠠᠶᠢᠪᠠᠯ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠶ᠄ | ︵ᠨᠢᠭᠡ︶ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠠᠮᠢ ᠪᠡᠶ᠎ᠡ ᠶᠢᠨ ᠠᠰᠢᠭ ᠲᠤᠰᠠ ᠳᠤ | ᠬᠠᠮᠢᠶ᠎ᠠ ᠲᠠᠢ᠃ | ︵ᠬᠤᠶᠠᠷ︶ ᠨᠡᠶᠢᠭᠡᠮ ᠨᠡᠶᠢᠲᠡ ᠪᠠᠷ ᠢᠶᠠᠨ ᠥᠷᠭᠡᠨ ᠳᠡᠯᠭᠡᠷ ᠮᠡᠳᠡᠬᠦ ᠴᠢᠬᠤᠯᠠ ᠲᠠᠢ᠂ ᠣᠷᠣᠯᠴᠠᠬᠤ | ᠴᠢᠬᠤᠯᠠ ᠲᠠᠢ ᠵᠦᠢᠯ᠃ | ︵ᠭᠤᠷᠪᠠ︶ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠠᠶᠢᠭᠤᠯᠤᠯᠲᠠ᠂ ᠡᠷᠬᠡ ᠲᠤᠰᠢᠶᠠᠯ᠂ ᠠᠵᠢᠯᠯᠠᠬᠤ | ᠡᠮᠬᠢ ᠵᠢᠷᠤᠮ ᠤᠨ ᠪᠠᠶᠢᠳᠠᠯ᠃ | ︵ᠳᠥᠷᠪᠡ︶ ᠪᠤᠰᠤᠳ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠴᠢᠬᠤᠯᠠ ᠲᠠᠢ ᠵᠦᠢᠯᠡᠰ ᠤᠳ᠃ | ᠬᠤᠶᠠᠷ ᠰᠢᠩᠬᠤᠸᠠ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠳᠣᠣᠷᠠᠬᠢ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠣᠯᠳᠠᠯᠭ᠎ᠠ ᠲᠠᠢ ᠢᠯᠡ ᠪᠣᠯᠭᠠᠨ᠎ᠠ᠄ | ︵ᠨᠢᠭᠡ︶ ᠨᠡᠶᠢᠭᠡᠮ ᠲᠣᠭᠤᠷᠢᠭ ᠤᠨ ᠬᠤᠯᠪᠣᠭᠳᠠᠯ ᠪᠦᠬᠦᠢ ᠠᠵᠢᠯ ᠤᠨ ᠲᠤᠬᠠᠶ ᠤᠯᠤᠰ ᠤᠨ ᠲᠦᠷᠦ ᠶᠢᠨ | ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠠᠯᠤᠭᠰᠠᠨ ᠪᠠᠶᠢᠳᠠᠯ᠃ | ︵ᠬᠤᠶᠠᠷ︶ ᠡᠳ᠋ ᠤᠨ ᠵᠠᠰᠠᠭ ᠤᠨ ᠲᠥᠰᠦᠪ᠂ ᠰᠢᠢᠳᠪᠥᠷᠢᠲᠦ ᠪᠤᠳᠤᠯᠭ᠎ᠠ ᠶᠢᠨ ᠮᠡᠳᠡᠭᠦᠯᠦᠯᠲᠡ ᠂ ᠠᠯᠪᠠᠨ ᠤ | ᠭᠤᠷᠪᠠᠨ ᠵᠠᠷᠤᠳᠠᠯ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠡᠯ᠎ᠡ ᠵᠦᠢᠯ ᠤᠨ ᠲᠤᠰᠬᠠᠶᠢᠯᠠᠭᠰᠠᠨ ᠤᠯᠠᠭᠠᠨ | ᠲᠦᠢᠪᠠᠩ ᠤᠨ ᠬᠠᠮᠢᠶᠠᠷᠤᠭᠰᠠᠨ ᠪᠠ ᠬᠡᠷᠡᠭᠯᠡᠭᠰᠡᠨ ᠪᠠᠶᠢᠳᠠᠯ᠃ | ︵ᠭᠤᠷᠪᠠ︶ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠪᠠ ᠬᠢᠨᠠᠨ ᠬᠠᠷᠭᠤᠭᠤᠯᠤᠭᠰᠠᠨ | ᠪᠠᠶᠢᠳᠠᠯ᠃ | ︵ᠲᠦᠷᠪᠡ︶ ᠠᠪᠤᠴᠠᠭ᠎ᠠ ᠥᠭᠴᠡᠭᠡ᠂ ᠪᠡᠯᠠ ᠮᠥᠩᠭᠦ ᠪᠠ ᠬᠥᠳᠡᠯᠮᠦᠷᠢ ᠶᠢᠨ ᠬᠦᠴᠦ ᠴᠤᠭᠯᠠᠭᠤᠯᠤᠭᠰᠠᠨ | ᠪᠠᠶᠢᠳᠠᠯ᠃ | ︵ᠲᠠᠪᠤ︶ ᠠᠶᠤᠯ ᠭᠠᠮᠰᠢᠭ ᠠᠴᠠ ᠠᠪᠤᠷᠠᠬᠤ᠂ ᠠᠰᠠᠷᠠᠬᠤ᠂ ᠲᠡᠳᠬᠦᠬᠦ᠂ ᠨᠡᠶᠢᠭᠡᠮ ᠤᠨ ᠲᠤᠰᠠᠯᠠᠮᠵᠢ | ᠵᠡᠷᠭᠡ ᠶᠢᠨ ᠮᠥᠩᠭᠦ ᠪᠣᠳᠠᠰ ᠢ ᠬᠤᠪᠢᠶᠠᠭᠰᠠᠨ ᠪᠠᠶᠢᠳᠠᠯ᠃ | ︵ᠵᠢᠷᠭᠤᠭ᠎ᠠ︶ ᠲᠥᠯᠥᠪᠯᠡᠭᠡ ᠲᠠᠢ ᠪᠠᠷ ᠬᠡᠦᠬᠡᠳ ᠠᠪᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ᠃ | ︵ᠳᠤᠯᠤᠭ᠎ᠠ︶ ᠶᠠᠳᠠᠭᠤ ᠶᠢ ᠲᠡᠳᠬᠦᠬᠦ᠂ ᠬᠥᠮᠥᠵᠢᠯ᠂ ᠡᠮᠴᠢᠯᠡᠭᠡ᠂ ᠨᠡᠶᠢᠭᠡᠮ ᠤᠨ ᠪᠠᠲᠤᠯᠠᠪᠤᠷᠢ᠂ ᠠᠵᠢᠯ | ᠣᠯᠭᠤᠯᠲᠠ ᠶᠢ ᠠᠬᠢᠭᠤᠯᠬᠤ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠵᠢᠴᠢ ᠬᠡᠷᠡᠭᠵᠢᠭᠦᠯᠵᠦ | ᠪᠠᠶᠢᠭ᠎ᠠ ᠪᠠᠶᠢᠳᠠᠯ᠃ | ︵ᠨᠠᠢᠮᠠ︶ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠲᠡ ᠶᠢᠨ ᠡᠷᠡᠭᠦᠯ ᠬᠠᠮᠠᠭᠠᠯᠠᠯ᠂ ᠠᠶᠤᠯᠭᠦᠶ ᠪᠠᠷ | ᠦᠢᠯᠡᠳᠪᠦᠷᠢᠯᠡᠬᠦ᠂ ᠢᠳᠡᠭᠡᠨ ᠪᠠ ᠡᠮ ᠤᠨ ᠵᠦᠢᠯ᠂ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠨ | ᠪᠠᠶᠢᠴᠠᠭᠠᠭᠰᠠᠨ ᠪᠠᠶᠢᠳᠠᠯ᠃ | ︵ᠶᠢᠰᠦ︶ ᠨᠡᠶᠢᠭᠡᠮ ᠤᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ | ᠢᠯᠠᠩᠭᠤᠶ᠎ᠠ ᠲᠤᠰ ᠨᠢᠭᠡᠴᠡ ᠂ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠠᠵᠢᠯ᠂ ᠵᠢᠱᠢᠶᠡᠯᠡᠪᠡᠯ ᠯᠠᠨ ᠨᠡᠭᠦᠷᠡᠰᠦ | ᠣᠯᠭᠤᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠡᠮᠬᠢᠯᠡᠨ ᠵᠠᠰᠠᠬᠤ᠂ ᠬᠠᠭᠤᠴᠢᠨ ᠲᠣᠭᠤᠷᠢᠭ ᠢ | ᠥᠭᠡᠷᠡᠴᠢᠯᠡᠬᠦ ᠵᠡᠷᠭᠡ ᠨᠡᠶᠢᠲᠡ ᠶᠢᠨ ᠦᠢᠯᠡᠰ ᠤᠨ ᠪᠠᠶᠢᠳᠠᠯ᠃ | ︵ᠠᠷᠪᠠ︶ ᠭᠠᠵᠠᠷ ᠰᠢᠷᠣᠶ ᠶᠢ ᠲᠠᠲᠠᠪᠤᠷᠢᠯᠠᠨ ᠠᠪᠬᠤ ᠪᠤᠶᠤ ᠲᠠᠲᠠᠪᠤᠷᠢᠯᠠᠨ ᠬᠡᠷᠡᠭᠯᠡᠵᠦ᠂ ᠭᠡᠷ ᠪᠠᠶᠢᠰᠢᠩ ᠢ | ᠨᠤᠷᠠᠭᠠᠵᠤ ᠨᠡᠭᠦᠯᠭᠡᠬᠦ ᠵᠢᠴᠢ ᠨᠥᠬᠦᠪᠥᠷᠢᠯᠡᠬᠦ᠂ ᠲᠤᠰᠠᠯᠠᠮᠵᠢ ᠶᠢᠨ ᠵᠠᠷᠤᠳᠠᠯ ᠢ ᠬᠤᠪᠢᠶᠠᠭᠰᠠᠨ ᠬᠡᠷᠡᠭᠯᠡᠭᠰᠡᠨ ᠪᠠᠶᠢᠳᠠᠯ᠃ | ︵ᠠᠷᠪᠠᠨ ᠨᠢᠭᠡ︶ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠢ ᠠᠷᠭᠠᠴᠠᠬᠤ ᠪᠡᠯᠡᠳᠬᠡᠯ ᠲᠥᠰᠦᠯ᠂ | ᠰᠡᠷᠡᠮᠵᠢᠯᠡᠭᠦᠯᠬᠦ ᠮᠡᠳᠡᠭᠡ ᠵᠠᠩᠭᠢ ᠵᠢᠴᠢ ᠠᠷᠭᠠᠴᠠᠬᠤ ᠪᠠᠶᠢᠳᠠᠯ᠃ | ᠡᠯ᠎ᠡ ᠰᠠᠯᠠᠭ᠎ᠠ ᠮᠥᠴᠢᠷ ᠤᠨ ᠬᠢᠨ ᠨᠢ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠣᠰᠣᠭᠠᠷ᠂ ᠲᠤᠰ ᠲᠤᠰ ᠤᠨ | ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠪᠣᠳᠠᠲᠠᠶ | ᠠᠭᠤᠯᠭ᠎ᠠ ᠶᠢ ᠳᠣᠭᠲᠠᠭᠠᠨ ᠰᠠᠨᠠᠭᠠᠴᠢᠯᠠᠭ᠎ᠠ ᠠᠴᠠ ᠪᠠᠨ ᠢᠯᠡ ᠪᠤᠯᠭᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠠᠵᠢᠯ ᠤᠨ ᠲᠤᠤᠱᠯᠠᠭᠤᠯᠤᠯᠲᠠ ᠪᠠ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ | |