ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ 2018 ᠣᠨ ᠤ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠢᠯᠡᠳᠬᠡᠯ | 2018-02-06 ᠮᠡᠳᠡᠭᠡ ᠵᠠᠩᠭᠢ ᠶᠢᠨ ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | ᠬᠤᠲᠣᠩ ᠠᠷᠠᠳ ᠤᠨ ᠲᠣᠭᠤᠷᠢᠭ ᠤᠨ ᠣᠷᠤᠯᠠᠭᠴᠢ ᠲᠣᠭᠤᠷᠢᠭ ᠤᠨ ᠳᠠᠷᠤᠭ᠎ᠠ ᠶᠦᠨ ᠷᠦᠢ ᠫᠠᠨᠭ᠌ | ᠲᠥᠯᠥᠭᠡᠯᠡᠭᠴᠢᠳ ᠡ᠄ | ᠲᠤᠰ ᠬᠤᠭᠤᠴᠠᠭᠠᠨ ᠤ ᠵᠠᠰᠠᠭ ᠤᠨ ᠣᠷᠳᠣᠨ 2012 ᠣᠨ ᠤ 11 ᠰᠠᠷ᠎ᠠ ᠳᠤ ᠲᠤᠰᠢᠶᠠᠯ ᠳᠤ ᠭᠠᠷᠴᠤ ᠂ | ᠲᠤᠰᠢᠶᠠᠯ ᠤᠨ ᠬᠤᠭᠤᠴᠠᠭ᠎ᠠ ᠳᠠᠭᠤᠰᠬᠤ ᠭᠡᠵᠦ ᠪᠠᠶᠢᠨ᠎ᠠ᠃ ᠣᠳᠣ ᠪᠢ ᠬᠤᠲᠣᠩ ᠠᠷᠠᠳ ᠤᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠶᠢ ᠲᠦᠯᠦᠭᠡᠯᠡᠵᠦ᠂ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠃ ᠬᠢᠨᠠᠨ | ᠶᠠᠷᠢᠯᠴᠠᠬᠤ ᠶᠢᠨ ᠬᠠᠮᠲᠦ ᠥᠷᠭᠡᠨ ᠣᠯᠠᠨ ᠤᠯᠤᠰ ᠲᠥᠷᠤ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠲᠤ | ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠥᠩᠭᠡᠷᠡᠭᠰᠡᠨ ᠲᠠᠪᠤᠨ ᠵᠢᠯ ᠤᠨ ᠠᠵᠢᠯ ᠤᠨ ᠲᠤᠬᠠᠶ ᠡᠷᠭᠢᠴᠡᠭᠦᠯᠦᠯ | ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠨᠠᠰᠢ᠂ ᠬᠦᠨᠳᠦ ᠬᠡᠴᠡᠭᠦᠦ ᠲᠦᠪᠡᠭ ᠪᠤᠳᠤᠯᠢᠶᠠᠨᠲᠠᠶ ᠠᠵᠤ | ᠠᠬᠤᠶ ᠶᠢᠨ ᠪᠠᠶᠢᠳᠠᠯ ᠪᠣᠯᠤᠨ ᠬᠠᠲᠠᠭᠤ ᠪᠡᠷᠬᠡᠰᠢᠶᠡᠯᠲᠡᠶ ᠬᠦᠨᠳᠦ ᠨᠦᠰᠡᠷ ᠬᠥᠭᠵᠢᠯᠲᠡ ᠶᠢᠨ ᠡᠭᠦᠷᠭᠡ ᠶᠢᠨ ᠪᠠᠶᠢᠳᠠᠯ | ᠳᠤ᠂ ᠪᠢᠳᠡ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ | ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠶᠢᠨ ᠳᠣᠣᠷ᠎ᠠ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠦᠴᠦᠲᠡᠶ ᠳᠡᠮᠵᠢᠯᠭᠡ | ᠳᠣᠣᠷ᠎ᠠ᠂ ᠪᠥᠬᠦ ᠣᠷᠣᠨ ᠤ ᠡᠯ᠎ᠡ ᠦᠨᠳᠦᠰᠦᠲᠡᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ ᠪᠥᠬᠦᠳᠡ ᠬᠤᠷᠠᠯ᠂ ᠲᠠᠪᠤᠳᠣᠭᠠᠷ ᠪᠥᠬᠦᠳᠡ ᠬᠤᠷᠠᠯ᠂ | ᠵᠢᠷᠭᠤᠳᠤᠭᠠᠷ ᠪᠥᠬᠦᠳᠡ ᠬᠤᠷᠠᠯ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠢ | ᠰᠠᠨᠠᠭᠠᠴᠢᠯᠠᠭ᠎ᠠ ᠠᠴᠠ ᠪᠠᠨ ᠵᠣᠭᠢᠴᠠᠭᠤᠯᠵᠤ᠂ ᠲᠠᠪᠤᠨ ᠶᠡᠭᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠦᠴᠢᠷ ᠪᠡᠷᠬᠡ ᠶᠢ ᠢᠯᠠᠨ ᠳᠠᠪᠠᠵᠤ᠂ ᠰᠡᠳᠬᠢᠯ ᠰᠢᠭᠤᠳᠠᠨ ᠴᠢᠷᠮᠠᠶᠢᠵᠤ᠂ ᠠᠵᠤ ᠠᠬᠤᠶ ᠶᠢᠨ | ᠬᠥᠭᠵᠢᠯᠲᠡ ᠳᠤ ᠴᠢᠬᠤᠯᠠ ᠶᠡᠭᠡ ᠠᠮᠵᠢᠯᠲᠠ ᠪᠦᠲᠦᠮᠵᠢ ᠣᠯᠵᠠᠢ᠃᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠳᠡᠰ ᠢ ᠳᠡᠪᠰᠢᠭᠦᠯᠬᠦ ᠠᠵᠢᠯ ᠢ ᠲᠠᠰᠤᠷᠠᠯᠲᠠ ᠥᠬᠡᠶ ᠲᠦᠷᠭᠡᠳᠴᠦ᠂ ᠬᠤᠳᠠ ᠬᠥᠳᠡᠭᠡ ᠶᠢᠨ | ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ | ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ | ᠬᠡᠮᠵᠢᠶ᠎ᠡ ᠲᠡᠰᠦᠷᠡᠯᠳᠠ ᠤᠢᠭᠡᠢ ᠳᠡᠭᠡᠭᠰᠢᠯᠡᠵᠦ᠂ ᠠᠷᠠᠳ ᠲᠦᠮᠡᠨ ᠤ ᠬᠦᠷᠲᠡᠭᠡᠯ ᠤᠨ ᠮᠡᠳᠡᠷᠡᠮᠵᠢ ᠶᠡᠭᠡ ᠪᠠᠷ | ᠴᠢᠩᠭᠠᠷᠠᠪᠠ᠃ | ᠨᠢᠭᠡ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠤ ᠲᠣᠭᠲᠠᠭᠤᠨ ᠪᠠᠶᠢᠳᠠᠯ ᠳᠤ ᠬᠢ ᠤᠷᠤᠭᠰᠢᠯᠠᠯᠲᠠ | ᠲᠠᠪᠤᠨ ᠵᠢᠯ ᠤᠨ ᠲᠤᠷᠰᠢ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠭᠡᠰᠡᠨ ᠲᠥᠪ | ᠰᠠᠨᠠᠭ᠎ᠠ ᠲᠠᠢ ᠨᠢᠭᠲᠠ ᠤᠶᠠᠯᠳᠤᠭᠤᠯᠵᠤ᠂ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠶ | ᠲᠣᠬᠢᠷᠠᠭᠤᠯᠤᠭᠳᠠᠨ ᠰᠢᠯᠢᠳᠡᠭᠵᠢᠵᠦ᠂ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ ᠠᠵᠤ | ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠲᠠᠰᠤᠷᠠᠯᠳᠡ ᠦᠬᠡᠢ ᠳᠡᠭᠡᠭᠰᠢᠯᠡᠭᠦᠯᠵᠦ᠂ | ᠦᠢᠯᠡᠴᠢᠯᠡᠭᠡᠨ ᠤ ᠦᠢᠯᠡᠰ ᠨᠢ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠦᠷᠳᠡᠭ ᠶᠢᠨ 90.04% ᠶᠢᠨ | ᠬᠠᠷᠢᠴᠠᠯ ᠡᠵᠡᠯᠡᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠠᠷᠠᠯᠵᠢᠶᠠᠨ ᠤ ᠨᠢᠭᠡᠳᠦᠭᠡᠷ ᠣᠷᠣᠨ ᠪᠠᠶᠢᠷᠢ | ᠰᠠᠭᠤᠷᠢ ᠶᠢ ᠨᠡᠩ ᠶᠡᠭᠡ ᠪᠠᠬᠢᠵᠢᠭᠦᠯᠦᠭᠡ᠃ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠨᠢ 2013 ᠣᠨ ᠳᠤ 313 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠷᠤᠭ 450 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 7.2% ᠪᠠᠷ ᠨᠡᠮᠡᠭᠳᠡᠵᠦ᠂ ᠬᠥᠮᠦᠨ ᠪᠦᠷᠢ ᠳᠤ ᠳᠤᠮᠳᠠᠴᠢ ᠪᠠᠷ | ᠨᠣᠭᠳᠠᠬᠤ ᠦᠢᠯᠡᠳᠪᠦᠷᠢᠯᠡᠯ ᠤᠨ ᠪᠦᠬᠦ ᠥᠷᠲᠡᠭ ᠠᠩᠬ᠎ᠠ ᠤᠳᠠᠭ᠎ᠠ 10 ᠲᠦᠮᠡᠨ ᠲᠥᠭᠦᠷᠢᠭ ᠢ ᠳᠠᠪᠠᠨ᠎ᠠ᠃ | ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠪᠠᠷᠤᠭ 92 ᠳ᠋ᠦᠩᠰᠢᠭᠤᠷ ᠲᠥᠭᠦᠷᠢᠭ ᠪᠣᠯᠤᠨ᠎ᠠ᠃ ᠤᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠪᠠᠷᠤᠭ 13 ᠳ᠋ᠦᠩᠰᠢᠭᠤᠷ ᠲᠥᠭᠦᠷᠢᠭ ᠪᠣᠯᠤᠨ᠎ᠠ᠃ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠨᠢ 2013 ᠣᠨ ᠳᠤ 350.9 | ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠷᠤᠭ 488 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ | ᠳᠤᠮᠳᠠᠴᠢ ᠪᠠᠷ 8.6% ᠪᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠡᠩᠨᠡᠭᠡᠨ ᠤ ᠪᠠᠶᠢᠳᠠᠯ ᠢᠶᠠᠨ | ᠢᠮᠠᠭᠲᠠ ᠪᠠᠲᠤᠯᠠᠵᠦ ᠪᠠᠶᠢᠨ᠎ᠠ᠃ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠨᠢ 2013 ᠣᠨ ᠳᠤ 31892 ᠲᠥᠭᠦᠷᠢᠭ | ᠪᠠᠶᠢᠭᠰᠠᠨ ᠠᠴᠠ ᠪᠠᠷᠤᠭ 43128 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 7.9 % ᠪᠠᠷ | ᠨᠡᠮᠡᠭᠳᠡᠪᠡ᠃ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ | ᠪᠣᠯᠬᠤ ᠳᠤᠮᠳᠠᠴᠢ ᠣᠷᠣᠯᠭ᠎ᠠ ᠨᠢ 2013 ᠣᠨ ᠳᠤ 14325 ᠲᠥᠭᠦᠷᠢᠭ ᠪᠠᠶᠢᠭᠰᠠᠨ ᠠᠴᠠ ᠪᠠᠷᠤᠭ 19636 | ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 8.2% ᠪᠠᠷ ᠨᠡᠮᠡᠭᠳᠡᠵᠦ᠂ ᠪᠥᠬᠦ ᠬᠤᠲᠠ ᠶᠢᠨ ᠨᠢᠭᠡᠳᠦᠭᠡᠷ | ᠤᠨ ᠪᠠᠶᠢᠷᠢ ᠪᠠᠨ ᠢᠮᠠᠭᠲᠠ ᠪᠠᠲᠤᠯᠠᠪᠠ᠃ | ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠢᠯᠡᠷᠬᠡᠶ ᠪᠠᠶᠢᠨ᠎ᠠ᠃ ︽ᠵᠦᠩ | ᠱᠠᠨ ᠪᠠᠷᠠᠭᠤᠨ ᠵᠠᠮ ᠬᠤᠳᠠᠯᠳᠤᠭᠠᠨ ᠤ ᠬᠦᠷᠢᠶ᠎ᠡ︾ ᠨᠢ ᠬᠤᠷᠴᠠ ᠰᠢᠷᠦᠭᠦᠨ ᠵᠠᠬ᠎ᠠ ᠳᠡᠯᠭᠡᠭᠦᠷ ᠤᠨ | ᠥᠷᠢᠰᠥᠯᠳᠦᠭᠡᠨ ᠤ ᠳᠤᠮᠳᠠ᠂ ᠡᠯ᠎ᠡ ᠵᠦᠢᠯ ᠤᠨ ᠴᠣᠭᠢᠯᠲᠠ ᠳᠤ ᠲᠠᠰᠤᠷᠠᠯᠳᠠ ᠦᠭᠡᠢ ᠬᠡᠷᠡᠭᠯᠡᠭᠡᠨ ᠤ ᠣᠷᠴᠢᠨ | ᠨᠥᠬᠦᠴᠡᠯ ᠢ ᠰᠠᠶᠢᠵᠢᠷᠠᠭᠤᠯᠵᠤ᠂ ᠴᠢᠳᠠᠮᠵᠢᠳᠦ ᠲᠣᠭᠤᠷᠢᠭ ᠤᠨ ᠪᠠᠶᠢᠷᠢᠰᠢᠯ ᠢ ᠰᠢᠯᠢᠳᠡᠭᠵᠢᠭᠦᠯᠵᠦ᠂ ᠤᠯᠠᠮᠵᠢᠯᠠᠯᠲᠤ | ᠡᠵᠡᠩᠨᠡᠯᠲᠡ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠦᠨᠵᠡᠭᠡᠶ ᠤᠶᠠᠯᠳᠠᠯ ᠢ ᠪᠡᠶᠡᠯᠡᠭᠦᠯᠵᠦ᠂ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠢᠯᠡᠳᠲᠡ ᠦᠷ᠎ᠡ ᠪᠦᠲᠦᠮᠵᠢ ᠤᠯᠪᠠ᠃ ᠸᠢᠺᠲᠣᠷ ᠮᠣᠯ ᠭᠠᠵᠠᠷ ᠳᠣᠣᠷᠠᠬᠢ | ᠬᠤᠳᠠᠯᠳᠤᠭᠠᠨ ᠤ ᠵᠡᠭᠡᠯᠢ ᠪᠠ ᠬᠠᠢ ᠯᠠᠩ ᠶᠢᠨ ᠪᠣᠤ ᠵᠡᠭᠡᠯᠢ ᠨᠢ ᠵᠠᠯᠭᠠᠯᠳᠤᠭᠠᠪᠠᠷ ᠡᠵᠡᠩᠨᠡᠯᠲᠡ ᠳᠤ ᠣᠷᠣᠭᠤᠯᠵᠤ᠂ | ᠬᠠᠢ ᠯᠠᠩ ᠤᠨ ᠬᠤᠶᠠᠳᠤᠭᠠᠷ ᠬᠤᠭᠤᠴᠠᠭᠠᠨ ᠤ ︽ᠯᠣᠬᠠᠱᠧᠩ ᠵᠢᠵᠢᠭ ᠪᠠᠯᠭᠠᠰᠤ︾ ᠪᠠᠶᠢᠭᠤᠯᠤᠯᠲᠠ ᠶᠢ ᠪᠠᠶᠢᠭᠤᠯᠵᠤ | ᠂ ᠵᠧᠨ ᠬᠤᠸᠠ ᠪᠠᠷᠠᠭ᠎ᠠ ᠬᠤᠳᠠᠯᠳᠤᠨ ᠠᠪᠬᠤ ᠲᠥᠪ ᠪᠠᠷᠢᠯᠭ᠎ᠠ ᠶᠢ ᠲᠠᠲᠠᠪᠤᠷᠢᠯᠠᠨ ᠨᠤᠷᠠᠭᠠᠬᠤ ᠶᠢ ᠪᠡᠶᠡᠯᠡᠭᠦᠯᠦᠭᠰᠡᠨ | ᠪᠥᠭᠡᠳ ᠫᠠᠶᠢᠰᠠ ᠶᠢ ᠨᠢ ᠠᠪᠴᠤ ᠭᠠᠵᠠᠷ ᠰᠢᠷᠣᠶ ᠬᠠᠩᠭᠠᠭᠠᠵᠤ᠂ ᠶᠤᠸᠠᠨ ᠳ᠋ᠠ ᠶᠢ ᠶᠠ ᠪᠦᠯᠦᠭᠯᠡᠯ ᠤᠨ ᠪᠠᠷᠢᠯᠭ᠎ᠠ | ᠶᠢᠨ ᠭᠡᠷ᠎ᠡ ᠲᠣᠭᠲᠠᠵᠤ᠂ ᠬᠤᠳᠠᠯᠳᠤᠭᠠᠨ ᠤ ᠬᠦᠷᠢᠶᠡᠨ ᠤ ᠬᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ | ᠲᠤᠭᠤᠷᠢᠭ ᠤᠨ ᠥᠷᠢᠰᠥᠯᠳᠦᠬᠦ ᠬᠦᠴᠦᠨ ᠮᠡᠳᠡᠭᠳᠡᠬᠦ᠋ᠢᠴᠡ ᠴᠢᠩᠭᠠᠷᠠᠪᠠ᠃ ︽ᠬᠠᠶᠢᠯᠠᠷ ᠪᠠᠷᠠᠭᠤᠨ ᠵᠠᠮ ᠤᠨ | ᠬᠤᠳᠠᠯᠳᠤᠭᠠᠨ ᠤ ᠭᠦᠷᠢᠶ᠎ᠡ︾ ᠶᠢᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠵᠤ᠂ ᠬᠠᠶᠢᠯᠠᠷ ᠪᠠᠷᠠᠭᠤᠨ ᠵᠠᠮ ᠤᠨ | ᠮᠠᠰᠢᠨ ᠲᠡᠷᠭᠡᠨ ᠤ ᠠᠷᠠᠯᠵᠢᠶ᠎ᠠ ᠨᠢ ᠬᠤᠳᠠᠯᠳᠤᠭᠠᠨ ᠤ ᠦᠢᠯᠡᠰ ᠤᠨ ᠲᠥᠪᠯᠡᠷᠡᠯ ᠤᠨ ᠣᠷᠣᠨ ᠪᠣᠯᠵᠤ᠂ ᠵᠢᠨᠬᠠᠢ | ᠲᠡᠮᠦᠷᠯᠢᠭ ᠮᠠᠰᠢᠨ ᠴᠠᠬᠢᠯᠭᠠᠨ ᠤ ᠠᠵᠤ ᠦᠢᠯᠡᠰ ᠤᠨ ᠲᠥᠪᠯᠡᠷᠡᠯ ᠤᠨ ᠣᠷᠣᠨ ᠨᠢ ᠥᠪᠡᠷᠲᠡᠭᠡᠨ ᠵᠠᠰᠠᠬᠤ ᠣᠷᠣᠨ ᠤ | ᠳᠡᠰ ᠤᠨ ᠦᠢᠯᠡᠴᠢᠯᠡᠭᠡᠨ ᠤ ᠦᠢᠯᠡᠰ ᠴᠤᠭᠯᠠᠷᠠᠭᠰᠠᠨ ᠣᠷᠣᠨ ᠪᠣᠯᠪᠠ᠃ ᠯᠢ ᠹᠤᠩ ᠮᠠᠰᠢᠨ ᠲᠡᠷᠭᠡᠨ ᠤ ᠬᠤᠲᠠ ᠨᠢ | ᠵᠠᠬ᠎ᠠ ᠳᠡᠯᠭᠡᠭᠦᠷ ᠤᠨ ᠬᠤᠪᠢᠷᠠᠯᠲᠠ ᠳᠤ ᠢᠳᠡᠪᠬᠢᠲᠡᠶ ᠵᠣᠬᠢᠴᠠᠭᠤᠯᠤᠨ᠂ ᠪᠠᠭᠤᠬᠤ ᠬᠡᠷᠡᠭᠯᠡᠭᠡᠨ ᠤ ᠠᠷᠭ᠎ᠠ ᠵᠠᠮ ᠪᠠᠷ | ᠮᠠᠰᠢᠨ ᠲᠡᠷᠭᠡ ᠥᠭᠡᠷᠡᠴᠢᠯᠡᠨ ᠲᠣᠨᠣᠭᠯᠠᠬᠤ᠂ ᠤᠷᠤᠯᠳᠤᠭᠠᠨ ᠬᠢᠬᠦ ᠵᠡᠷᠭᠡ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ | ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠵᠦ᠂ ᠬᠥᠬᠡᠬᠤᠲᠠ ᠳᠠᠬᠢ ᠲᠣᠯᠣᠭᠠᠶᠢᠯᠠᠬᠤ ᠪᠠᠶᠢᠷᠢ ᠰᠠᠭᠤᠷᠢ ᠶᠢ ᠤᠯᠠᠮ | ᠨᠢᠭᠡ ᠠᠯᠬᠤᠮ ᠪᠠᠬᠢᠵᠢᠭᠦᠯᠪᠡ᠃ ᠭᠠᠷ ᠳᠠᠮᠵᠢᠭᠰᠠᠨ ᠮᠠᠰᠢᠨ ᠲᠡᠷᠭᠡ ᠪᠣᠷᠣᠯᠠᠭᠤᠯᠬᠤ ᠵᠠᠬ᠎ᠠ ᠳᠡᠯᠭᠡᠭᠦᠷ ᠦᠳᠲᠡᠷ | ᠲᠦᠷᠭᠡᠨ ᠬᠥᠭᠵᠢᠵᠦ᠂ ᠴᠢᠩ ᠷᠢᠢ᠂ ᠴᠢᠩ ᠳ᠋ᠢᠩ᠂ ᠶᠢᠢ ᠹᠠᠨᠭ᠌᠂ ᠲᠦᠡᠭ ᠴᠤᠶᠠᠨ 4 ᠲᠣᠮᠣ ᠬᠡᠯᠪᠡᠷᠢ ᠶᠢᠨ ᠵᠠᠬ᠎ᠠ | ᠳᠡᠯᠭᠡᠭᠦᠷ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠥᠪᠥᠷ ᠮᠣᠩᠭᠤᠯ ᠤᠨ ᠣᠷᠣᠨ ᠤ ᠬᠡᠪᠴᠢᠶ᠎ᠡ ᠪᠠᠷ ᠬᠠᠮᠤᠭ ᠶᠡᠭᠡ | ᠂ ᠵᠢᠷᠤᠮᠵᠢᠭᠤᠯᠬᠤ ᠬᠡᠮᠵᠢᠶ᠎ᠡ ᠬᠠᠮᠤᠭ ᠤᠨ ᠳᠡᠭᠡᠳᠦ ᠭᠠᠷ ᠳᠠᠮᠵᠢᠭᠰᠠᠨ ᠲᠡᠷᠭᠡᠨ ᠤ ᠰᠣᠯᠢᠯᠴᠠᠭᠠᠨ ᠤ ᠵᠠᠬ᠎ᠠ ᠳᠡᠯᠭᠡᠭᠦᠷ | ᠪᠣᠯᠵᠠᠢ᠃ ᠵᠢᠨᠬᠠᠢ ᠲᠡᠮᠦᠷᠯᠢᠭ ᠮᠠᠰᠢᠨ ᠴᠠᠬᠢᠯᠭᠠᠨ ᠤ ᠬᠤᠲᠠ ᠶᠢᠨ ᠬᠤᠶᠠᠳᠤᠭᠠᠷ ᠬᠤᠭᠤᠴᠠᠭ᠎ᠠ ᠨᠢ ᠠᠰᠢᠭᠯᠠᠯᠲᠠ ᠳᠤ | ᠣᠷᠣᠭᠤᠯᠵᠤ᠂ ᠠᠵᠤ ᠦᠢᠯᠡᠰ ᠤᠨ ᠲᠥᠪᠯᠡᠷᠡᠯ ᠤᠨ ᠦᠢᠯᠡᠳᠦᠯ ᠢᠯᠡᠷᠬᠡᠶ ᠪᠤᠯᠵᠤ᠂ ᠨᠥᠯᠥᠭᠡᠯᠡᠨ ᠳᠠᠶᠢᠴᠢᠯᠠᠬᠤ | ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠡᠷᠴᠢᠮᠲᠡᠶ ᠶᠠᠪᠤᠭᠳᠠᠵᠤ ᠪᠠᠶᠢᠨ᠎ᠠ᠃ | ᠶᠡᠷᠦᠩᠬᠡᠶ ᠬᠡᠯᠲᠡᠰ ᠤᠨ ᠠᠵᠤ ᠠᠬᠤᠶ ᠰᠠᠶᠢᠨ ᠬᠥᠭᠵᠢᠯᠲᠡ ᠶᠢᠨ ᠰᠠᠭᠤᠷᠢ ᠲᠠᠯᠪᠢᠵᠤ ᠥᠭᠬᠦ ᠬᠡᠷᠡᠭᠲᠡᠶ᠃ ᠭᠠᠵᠠᠷ | ᠳᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠰᠢᠨᠬᠤᠸᠠ | ᠪᠠᠷᠠᠭᠤᠨ ᠵᠡᠭᠡᠯᠢ ᠶᠢᠨ ᠬᠤᠶᠠᠷ ᠲᠠᠯ᠎ᠠ ᠪᠠᠷ 500 ᠲᠦᠮᠡᠨ ᠮᠥ ᠭᠠᠵᠠᠷ ᠰᠢᠷᠣᠶ ᠶᠢ ᠡᠮᠬᠢᠯᠡᠨ ᠴᠡᠭᠴᠡᠯᠡᠬᠦ ᠶᠢ | ᠪᠡᠶᠡᠯᠡᠭᠦᠯᠦᠨ᠂ ᠶᠡᠷᠦᠩᠬᠡᠶ ᠬᠡᠯᠲᠡᠰ ᠤᠨ ᠠᠵᠤ ᠠᠬᠤᠶ ᠶᠢᠨ ᠬᠥᠭᠵᠢᠯᠲᠡ ᠳᠤ ᠣᠷᠣᠨ ᠵᠠᠶ ᠶᠢ ᠭᠦᠢᠴᠡᠳ | ᠦᠯᠡᠳᠡᠭᠡᠭᠰᠡᠨ ᠪᠠᠶᠢᠨ᠎ᠠ᠃ ᠥᠪᠥᠷ ᠮᠣᠩᠭᠤᠯ ᠤᠨ ᠳ᠋ᠢᠶᠠᠨ ᠬᠤᠨᠭ᠌ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ | ᠵᠡᠷᠭᠡ 134 ᠡᠷᠦᠬᠡ ᠡᠯ᠎ᠡ ᠲᠦᠷᠦᠯ ᠤᠨ ᠠᠵᠤ ᠠᠬᠤᠶᠢᠯᠠᠯ ᠤᠨ ᠶᠡᠷᠦᠩᠬᠡᠶ ᠬᠡᠯᠲᠡᠰ ᠨᠢ ᠰᠠᠭᠤᠷᠢᠯᠠᠵᠤ᠂ ᠥᠪᠥᠷ | ᠮᠣᠩᠭᠤᠯ ᠤᠨ ᠶᠢᠨ ᠲᠦᠦ ᠳ᠋ᠢᠩ ᠰᠢᠩ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠵᠡᠷᠭᠡ 8 ᠳᠤᠮᠤ | ᠬᠡᠯᠪᠡᠷᠢ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠺᠣᠮᠫᠠᠨᠢ ᠢᠷᠡᠵᠦ ᠰᠠᠭᠤᠷᠢᠰᠢᠭᠰᠠᠨ ᠪᠠᠢᠨ᠎ᠠ᠃ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠨ᠎ᠠ᠃ ᠵᠢᠨᠬᠠᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠬᠡᠯᠪᠡᠷᠢ ᠪᠠᠨ ᠬᠤᠪᠢᠷᠠᠭᠤᠯᠤᠨ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠳᠥᠭᠡᠨ | ᠪᠠᠶᠢᠭᠤᠯᠪᠠ᠃ ᠥᠪᠥᠷ ᠮᠣᠩᠭᠤᠯ ᠤᠨ ᠡᠯᠧᠺᠲᠷᠣᠨ ᠬᠤᠳᠠᠯᠳᠤᠭᠠᠨ ᠤ ᠲᠥᠪ ᠪᠣᠯᠤᠨ ᠳᠤᠮᠳᠠ ᠵᠢᠵᠢᠭ ᠠᠵᠤ | ᠠᠬᠤᠶᠢᠯᠠᠯ ᠤᠨ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠠᠶᠢᠭᠤᠯᠵᠤ᠂ 70 ᠭᠠᠷᠤᠶ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠣᠷᠣᠭᠤᠯᠤᠨ ᠠᠪᠴᠢᠷᠠᠵᠤ᠂ ᠠᠷᠠᠯᠵᠢᠶᠠᠨ ᠤ ᠬᠡᠮᠵᠢᠶ᠎ᠡ 10 | ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ ᠰᠣᠶᠣᠯ ᠤᠨ ᠪᠦᠲᠦᠭᠡᠯᠴᠢ ᠶᠢᠨ ᠠᠵᠤ ᠦᠢᠯᠡᠰ ᠲᠦᠷᠭᠡᠨ ᠢᠶᠠᠷ | ᠬᠥᠭᠵᠢᠪᠡ᠃ ᠥᠪᠥᠷ ᠮᠣᠩᠭᠤᠯ ᠤᠨ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠲᠤᠭ᠎ᠠ ᠳᠠᠮᠵᠢᠭᠤᠯᠬᠤ ᠵᠠᠭᠤᠴᠢ ᠶᠢᠨ | ᠲᠥᠪ ᠢ ᠠᠰᠢᠭᠯᠠᠯᠲᠠ ᠳᠤ ᠣᠷᠣᠭᠤᠯᠵᠤ᠂ ᠸᠠᠨ ᠳ᠋ᠠ ᠲᠠᠯᠠᠪᠠᠢ ᠬᠤᠳᠠᠯᠳᠤᠭ᠎ᠠ ᠪᠠᠨ ᠡᠬᠢᠯᠡᠭᠦᠯᠦᠨ ᠡᠵᠡᠩᠨᠡᠵᠦ᠂ ᠮᠡᠩ | ᠯᠢᠶᠠᠨ ᠰᠣᠶᠣᠯ ᠤᠨ ᠦᠵᠡᠭᠦᠯᠦᠯᠭᠡ ᠶᠢᠨ ᠲᠠᠯᠠᠪᠠᠶ ᠶᠢ ᠦᠨᠳᠦᠰᠦᠨ ᠳᠡᠭᠡᠨ ᠪᠠᠶᠢᠭᠤᠯᠤᠨ ᠪᠦᠲᠦᠭᠡᠵᠦ᠂ ᠥᠪᠥᠷ | ᠮᠣᠩᠭᠤᠯ ᠤᠨ ᠤᠯᠠᠭᠠᠨ ᠲᠢᠶᠠᠲᠷ ᠤᠨ ᠣᠯᠠᠨ ᠲᠦᠮᠡᠨ ᠤ ᠤᠷᠠᠯᠢᠭ ᠤᠨ ᠣᠷᠳᠣᠨ ᠵᠢᠩᠬᠢᠨᠢ ᠪᠠᠷ ᠰᠠᠭᠤᠷᠢᠰᠢᠵᠤ᠂ ᠰᠢ | ᠢ ᠺᠢᠨᠣ᠋ ᠶᠢᠨ ᠦᠢᠯᠡᠰ᠂ ᠰᠢᠶᠠᠩᠭᠠᠩ ᠣᠣᠮᠧᠨ ᠤ ᠺᠢᠨᠣ᠋ ᠶᠢᠨ ᠦᠢᠯᠡᠰ ᠶᠢᠨ ᠳᠠᠮᠵᠢᠭᠤᠯᠬᠤ ᠵᠠᠭᠤᠴᠢ ᠵᠡᠷᠭᠡ ᠺᠢᠨᠣ᠋ ᠶᠢᠨ | ᠺᠣᠮᠫᠠᠨᠢ ᠭᠠᠷ ᠤᠨ ᠤᠢᠰᠦᠭ ᠵᠢᠷᠤᠨ ᠰᠠᠭᠤᠷᠢᠰᠢᠭᠰᠠᠨ ᠪᠠᠶᠢᠨ᠎ᠠ᠃ ᠠᠮᠢ ᠠᠬᠤᠶ ᠶᠢᠨ ᠵᠢᠭᠤᠯᠴᠢᠯᠠᠯ ᠤᠨ ᠠᠵᠤ | ᠦᠢᠯᠡᠰ ᠥᠷᠨᠢᠩᠭᠦᠶ ᠬᠥᠭᠵᠢᠪᠡ᠃ ᠦᠵᠡᠮᠵᠢᠲᠦ ᠬᠤᠲᠤᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ | ᠬᠦᠴᠦᠯᠡᠨ ᠠᠬᠢᠭᠤᠯᠵᠤ᠂ ᠵᠡᠭᠦᠨ ᠤᠰᠤᠲᠤ ᠰᠡᠯᠡᠭᠦᠴᠡᠯ ᠵᠤᠭᠠᠴᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ᠠᠩᠬ᠎ᠠ | ᠰᠠᠲᠣᠨ ᠳᠤ ᠬᠡᠪᠴᠢᠶᠡᠯᠡᠭᠳᠡᠵᠦ᠂ ᠭᠡᠦ ᠰᠢᠩ ᠶᠤᠸᠠᠨ᠂ ᠠᠭᠤᠯᠠ ᠠᠪᠠᠷᠢᠬᠤ ᠶᠠᠪᠠᠭᠠᠨ ᠵᠠᠮ ᠵᠡᠷᠭᠡ 5 ᠦᠵᠡᠮᠵᠢ | ᠭᠠᠵᠠᠷ ᠢ ᠵᠠᠯᠭᠠᠭ᠎ᠠ ᠪᠠᠷ ᠪᠠᠶᠢᠭᠤᠯᠵᠤ᠂ 43 ᠲᠠᠷᠢᠶᠠᠴᠢᠨ ᠠᠶᠢᠯ ᠤᠨ ᠵᠢᠭᠤᠯᠴᠢᠯᠠᠯ ᠣᠷᠤᠭᠤᠯᠤᠯᠲᠠ ᠳᠤ ᠣᠷᠣᠪᠠ᠃ | 400 ᠵᠢᠯ ᠤᠨ ᠭᠦᠨ ᠵᠤᠵᠠᠭᠠᠨ ᠵᠤᠤ ᠮᠢᠶᠣᠣ ᠰᠣᠶᠣᠯ ᠢ ᠭᠦᠢᠴᠡᠳ ᠠᠭᠤᠳᠠᠯᠵᠤ᠂ ᠤᠰᠤᠲᠤ ᠵᠤᠤ ᠰᠡᠯᠪᠢᠨ | ᠵᠠᠰᠠᠬᠤ ᠪᠠᠷᠢᠯᠭ᠎ᠠ ᠪᠣᠯᠤᠨ ᠭᠤᠣᠯ ᠰᠡᠳᠦᠪᠲᠦ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢ ᠦᠨᠳᠦᠰᠦᠨ ᠳᠡᠭᠡᠨ | ᠳᠠᠭᠤᠰᠬᠠᠪᠠ᠃ ᠴᠢᠨᠠᠷ ᠴᠢᠨᠰᠠᠭ᠎ᠠ ᠳᠡᠰ ᠳᠡᠪᠰᠢᠭᠦᠯᠬᠦ ᠶᠢ ᠳᠣᠪᠣᠶᠢᠯᠭᠠᠨ᠎ᠠ᠃ ᠳ᠋ᠤᠸᠠᠨ ᠵᠢᠶᠠ ᠶᠣᠣ ᠺᠢᠨᠣ᠋ ᠶᠢᠨ | ᠣᠷᠳᠣᠨ᠂ ᠤᠰᠤᠲᠤ ᠤᠢ ᠰᠢᠭᠤᠶ ᠶᠢᠨ ᠴᠡᠴᠡᠷᠯᠢᠭ᠂ ᠤᠮᠠᠷᠠᠲᠤ ᠲᠦᠢᠯ ᠤᠨ ᠲᠤᠶᠠᠭ᠎ᠠ ᠴᠠᠰᠤᠨ ᠳᠤ ᠭᠤᠯᠭᠤᠬᠤ | ᠲᠠᠯᠠᠪᠤᠷ᠂ ᠳᠠᠯᠠᠨ ᠬᠠᠷ᠎ᠠ ᠠᠭᠤᠯᠠ ᠬᠡᠭᠡᠷ᠎ᠡ ᠶᠢᠨ ᠠᠮᠢᠳᠡᠨ ᠤ ᠬᠦᠷᠢᠶᠡᠯᠡᠩ ᠢ ᠥᠭᠡᠷᠡᠴᠢᠯᠡᠨ ᠪᠠᠶᠢᠭᠤᠯᠵᠤ᠂ ᠮᠡᠩ | ᠯᠢᠶᠠᠨ ᠦᠨᠳᠦᠰᠦᠲᠡᠨ ᠤ ᠲᠠᠸᠠᠷ ᠤᠨ ᠰᠤᠳᠤᠯᠤᠨ ᠨᠡᠭᠡᠭᠡᠬᠦ ᠦᠵᠡᠭᠦᠯᠦᠯᠭᠡ ᠶᠢᠨ ᠲᠥᠪ ᠨᠢ ᠤᠯᠤᠰ ᠤᠨ 4A | ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠪᠥᠬᠦ ᠬᠤᠲᠣᠩ ᠠᠷᠠᠳ ᠤᠨ ᠲᠣᠭᠤᠷᠢᠭ ᠤᠨ | ᠵᠢᠭᠤᠯᠴᠢᠯᠠᠯ ᠤᠨ ᠣᠷᠣᠯᠭ᠎ᠠ 6.6 ᠳ᠋ᠦᠩᠰᠢᠭᠤᠷ ᠲᠥᠭᠦᠷᠢᠭ ᠬᠦᠷᠴᠡᠶ᠃ | ᠬᠤᠶᠠᠷ ᠬᠤᠳᠠ ᠶᠢᠨ ᠰᠠᠭᠤᠷᠢᠰᠢᠬᠤ ᠳᠤ ᠲᠤᠬᠢᠷᠠᠬᠤ ᠲᠦᠪᠰᠢᠨ ᠢ ᠶᠡᠭᠡ ᠪᠠᠷ ᠳᠡᠭᠡᠭᠰᠢᠯᠡᠭᠦᠯᠪᠡ | ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠶ᠃ ᠲᠠᠪᠤᠨ ᠵᠢᠯ ᠤᠨ ᠲᠤᠷᠰᠢ᠂ | ᠣᠬᠤᠷ ᠬᠠᠪᠲᠠᠰᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠦᠪ ᠣᠨᠣᠪᠴᠢᠲᠠᠢ ᠪᠠᠷ ᠬᠦᠴᠦᠯᠡᠵᠦ᠂ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠬᠥᠭᠵᠢᠯᠲᠡ ᠶᠢᠨ ᠰᠠᠭᠤᠷᠢ ᠶᠢ | ᠤᠯᠠᠮ ᠨᠢᠭᠡ ᠠᠯᠬᠤᠮ ᠪᠠᠲᠤᠳᠬᠠᠪᠠ᠃ ᠨᠠᠶᠢᠲᠡ 14 ᠳ᠋ᠦᠩᠰᠢᠭᠤᠷ ᠲᠥᠭᠦᠷᠢᠭ ᠤᠨ ᠪᠡᠯᠨ ᠣᠷᠣᠭᠤᠯᠵᠤ᠂ 87 | ᠵᠣᠷᠪᠠᠰ ᠵᠠᠮ᠂ 7 ᠰᠠᠭᠤᠷᠢ ᠬᠥᠭᠦᠷᠭᠡ ᠪᠠ ᠭᠠᠵᠠᠷ ᠳᠣᠣᠷᠠᠬᠢ ᠬᠤᠭᠤᠯᠠᠢ ᠶᠢ ᠰᠢᠨ᠎ᠡ ᠪᠠᠷ ᠪᠠᠶᠢᠭᠤᠯᠤᠭᠰᠠᠨ ᠪᠠᠶᠢᠨ᠎ᠠ᠃ | ᠬᠤᠶᠠᠷᠳᠤᠭᠠᠷ ᠴᠠᠭᠠᠷᠢᠭᠲᠤ ᠲᠦᠷᠭᠡᠨ ᠵᠠᠮ ᠤᠨ ᠬᠤᠲᠣᠩ ᠠᠷᠠᠳ ᠤᠨ ᠲᠣᠭᠤᠷᠢᠭ ᠤᠨ ᠬᠡᠰᠡᠭ ᠢ ᠪᠦᠬᠦ | ᠱᠤᠭᠤᠮ ᠢᠶᠠᠷ ᠨᠡᠪᠲᠡᠷᠡᠭᠦᠯᠵᠦ᠂ ᠴᠢᠩᠭᠢᠰ ᠬᠠᠭᠠᠨ ᠪᠠᠷᠠᠭᠤᠨ ᠵᠡᠭᠡᠯᠢ ᠠᠯᠤᠰᠯᠠᠭᠰᠠᠨ ᠤᠰᠤᠲᠤ ᠭᠤᠣᠯ ᠬᠥᠭᠦᠷᠭᠡ᠂ | ᠠᠵᠢᠯᠴᠢᠨ ᠲᠠᠷᠢᠶᠠᠴᠢᠨ ᠴᠡᠷᠢᠭ ᠤᠨ ᠵᠠᠮ ᠵᠠᠰᠠᠮᠠᠯ ᠲᠡᠮᠦᠷ ᠵᠠᠮ ᠤᠨ ᠵᠦᠷᠢᠯᠢᠭ ᠬᠥᠭᠦᠷᠭᠡ ᠪᠠ 2 ᠰᠠᠭᠤᠳᠠᠯ ᠠᠮᠢ | ᠠᠬᠤᠶ ᠶᠢᠨ ᠵᠠᠮ ᠠᠯᠤᠰᠯᠠᠭᠰᠠᠨ ᠬᠥᠭᠦᠷᠭᠡ ᠪᠠᠶᠢᠭᠤᠯᠵᠤ᠂ ᠠᠵᠢᠯᠴᠢᠨ ᠬᠤᠶᠢᠲᠤ ᠵᠠᠮ᠂ ᠬᠤᠸᠠ ᠭᠥᠡᠭ ᠵᠠᠮ ᠵᠡᠷᠭᠡ | 9 ᠵᠣᠷᠪᠠᠰ ᠮᠤᠬᠤᠷ ᠵᠠᠮ ᠢ ᠨᠡᠪᠲᠡᠷᠡᠭᠦᠯᠵᠦ᠂ ᠵᠠᠮ ᠨᠡᠪᠲᠡᠷᠡᠯᠭᠡ ᠶᠢᠨ ᠴᠢᠳᠠᠪᠤᠷᠢ ᠶᠡᠭᠡ ᠪᠠᠷ ᠳᠡᠭᠡᠭᠰᠢᠯᠡᠪᠡ᠃ ᠭᠠᠵᠠᠷ | ᠳᠣᠣᠷᠠᠬᠢ ᠲᠡᠮᠦᠷ ᠵᠠᠮ ᠤᠨ ᠨᠢᠭᠡᠳᠦᠭᠡᠷ ᠬᠤᠶᠠᠷᠳᠤᠭᠠᠷ ᠱᠤᠭᠤᠮ᠂ ᠪᠠᠶᠠᠨᠨᠠᠭᠤᠷ ᠴᠡᠬᠤᠳᠦ ᠵᠡᠮ᠂ ᠭᠤᠷᠪᠠᠳᠤᠭᠠᠷ | ᠴᠠᠭᠠᠷᠢᠭᠲᠤ ᠲᠦᠷᠭᠡᠨ ᠵᠠᠮ ᠤᠨ ᠬᠤᠲᠣᠩ ᠠᠷᠠᠳ ᠤᠨ ᠲᠣᠭᠤᠷᠢᠭ ᠤᠨ ᠬᠡᠰᠡᠭ ᠤᠨ ᠪᠦᠳᠦᠭᠡᠨ ᠪᠠᠶᠢᠭᠤᠯᠤᠯᠲᠠ ᠶᠢᠨ | ᠪᠠᠷᠢᠯᠭ᠎ᠠ ᠶᠢ ᠡᠬᠢᠯᠡᠨ ᠬᠡᠷᠡᠭᠵᠢᠭᠦᠯᠵᠦ ᠂ ᠪᠣᠰᠤᠭ᠎ᠠ ᠵᠠᠮ ᠬᠠᠷᠢᠯᠴᠠᠭᠠᠨ ᠤ ᠪᠠᠶᠢᠷᠢᠰᠢᠯ ᠦᠨᠳᠦᠰᠦᠨ ᠳᠡᠭᠡᠨ | ᠪᠦᠷᠢᠯᠳᠦᠪᠡ᠃ ᠨᠠᠶᠢᠲᠡ 8.6 ᠳ᠋ᠦᠩᠰᠢᠭᠤᠷ ᠲᠥᠭᠦᠷᠢᠭ ᠤᠨ ᠪᠡᠯᠨ ᠣᠷᠣᠭᠤᠯᠵᠤ᠂ ᠪᠠᠷᠠᠭᠤᠨ ᠬᠤᠲᠠ ᠶᠢᠨ | ᠴᠡᠴᠡᠷᠯᠢᠭ᠂ ᠭᠤᠤ ᠯᠦᠨ ᠣᠨᠴᠠ ᠠᠭᠤᠳᠠᠮ ᠲᠠᠯᠠᠪᠠᠢ ᠵᠡᠷᠭᠡ 56 ᠬᠡᠰᠡᠭ ᠴᠡᠴᠡᠷᠯᠢᠭ ᠤᠨ ᠨᠣᠭᠤᠭᠠᠨ ᠭᠠᠵᠠᠷ ᠢ | ᠰᠢᠨ᠎ᠡ ᠪᠠᠷ ᠪᠠᠶᠢᠭᠤᠯᠵᠤ᠂ ᠤᠯᠠᠭᠠᠨᠬᠦᠦ ᠴᠡᠴᠡᠷᠯᠢᠭ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠡᠶᠡᠯᠡᠭᠦᠯᠵᠦ᠂ 265 ᠵᠣᠷᠪᠠᠰ ᠵᠠᠮ᠂ 216 ᠵᠢᠵᠢᠭ ᠲᠣᠭᠤᠷᠢᠭ᠂ 73 | ᠰᠤᠷᠭᠠᠭᠤᠯᠢ ᠶᠢᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠵᠦ᠂ ᠨᠣᠭᠤᠭᠠᠷᠠᠭᠤᠯᠤᠯᠲᠠ ᠶᠢᠨ ᠢᠨᠵᠧᠨᠧᠷᠢᠩ ᠢᠯᠡᠳᠲᠡ | ᠦᠷ᠎ᠡ ᠪᠦᠲᠦᠮᠵᠢ ᠤᠯᠪᠠ᠃ ᠪᠥᠬᠦ ᠲᠣᠭᠤᠷᠢᠭ ᠤᠨ ᠬᠤᠳᠠ ᠶᠢᠨ ᠨᠣᠭᠤᠭᠠᠨ ᠭᠠᠵᠠᠷ ᠤᠨ ᠲᠠᠯᠠᠪᠠᠢ 920 ᠲᠦᠮᠡᠨ | ᠲᠡᠭᠰᠢ ᠳᠥᠷᠪᠡᠯᠵᠢᠨ ᠮᠧᠲᠷ ᠬᠦᠷᠴᠦ᠂ ᠨᠣᠭᠤᠭᠠᠨ ᠬᠥᠷᠥᠰᠥ ᠶᠢᠨ ᠨᠤᠷᠮ᠎ᠠ 30.6% ᠳᠤ ᠬᠦᠷᠴᠦ᠂ ᠬᠥᠮᠦᠨ | ᠪᠦᠷᠢ ᠳᠤ ᠲᠡᠭᠰᠢᠳᠬᠡᠭᠰᠡᠨ ᠤᠯᠠᠨ ᠨᠡᠶᠢᠲᠡ ᠶᠢᠨ ᠵᠦᠯᠭᠡ ᠭᠠᠵᠠᠷ ᠲᠡᠯᠡᠪᠡᠢ 13 ᠲᠡᠭᠰᠢ ᠳᠥᠷᠪᠡᠯᠵᠢᠨ ᠮᠧᠲᠷ | ᠭᠦᠷᠦᠲᠡᠯᠡ ᠨᠡᠮᠡᠭᠳᠡᠵᠦ᠂ ᠬᠥᠬᠡᠬᠤᠳᠠ ᠨᠢ ᠲᠥᠪ ᠠᠮᠵᠢᠯᠲᠠ ᠲᠠᠢ ᠪᠠᠷ ᠤᠯᠤᠰ ᠤᠨ ᠴᠡᠴᠡᠷᠯᠢᠭᠵᠢᠭᠦᠯᠦᠭᠰᠡᠨ ᠬᠤᠳᠠ | ᠪᠣᠯᠤᠨ ᠡᠭᠦᠳᠦᠨ ᠪᠠᠶᠢᠭᠤᠯᠬᠤ ᠳᠤ ᠬᠦᠴᠦ ᠨᠡᠮᠡᠭᠦᠷᠢ ᠪᠠᠨ ᠦᠵᠡᠭᠦᠯᠪᠡ ᠃ | ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠠᠵᠢᠯ ᠢᠯᠡᠳᠲᠡ ᠦᠷ᠎ᠡ ᠪᠦᠲᠦᠮᠵᠢ | ᠤᠯᠪᠠ᠃ ᠲᠠᠪᠤᠨ ᠵᠢᠯ ᠤᠨ ᠲᠤᠷᠰᠢ᠂ ᠴᠠᠭ ᠲᠣᠬᠢᠶᠠᠯ ᠢ ᠠᠮᠵᠢᠨ ᠠᠳᠬᠤᠵᠤ᠂ ᠤᠯᠠᠨ ᠠᠷᠭ᠎ᠠ ᠬᠡᠮᠵᠢᠶ᠎ᠡ ᠶᠢ | ᠬᠠᠮᠲᠤ ᠳᠤᠨᠢ ᠬᠡᠷᠡᠭᠵᠢᠭᠦᠯᠵᠦ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ | ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ᠂ | ᠠᠮᠢᠳᠤᠷᠠᠯ ᠤᠨ ᠣᠷᠴᠢᠨ ᠲᠣᠭᠤᠷᠢᠨ ᠲᠦᠢᠯ ᠤᠨ ᠶᠡᠭᠡ ᠪᠠᠷ ᠰᠠᠶᠢᠵᠢᠷᠠᠵᠠᠶ᠃ ᠥᠪᠡᠷ ᠤᠨ ᠪᠡᠯᠡ ᠮᠥᠩᠭᠦ ᠂ ᠡᠳ᠋ ᠤᠨ | ᠵᠠᠰᠠᠭ ᠤᠨ ᠨᠥᠬᠦᠪᠥᠷᠢ ᠪᠡᠯᠡ ᠮᠥᠩᠭᠦ ᠪᠠ ᠪᠠᠩᠬᠢ ᠶᠢᠨ ᠵᠢᠭᠡᠯᠡᠯᠭᠡ ᠶᠢ ᠨᠢᠭᠡᠳᠦᠯᠲᠡᠶ ᠲᠥᠯᠥᠪᠯᠡᠨ ᠠᠰᠢᠭᠯᠠᠵᠤ᠂ | ᠨᠠᠶᠢᠲᠡ 235 ᠳ᠋ᠦᠩᠰᠢᠭᠤᠷ ᠲᠥᠭᠦᠷᠢᠭ ᠤᠨ ᠪᠡᠯᠨ ᠣᠷᠣᠭᠤᠯᠵᠤ᠂ ᠲᠠᠲᠠᠪᠤᠷᠢᠯᠠᠨ ᠨᠤᠷᠠᠭᠠᠵᠤ ᠥᠭᠡᠷᠡᠴᠢᠯᠡᠭᠰᠡᠨ | ᠪᠠᠷᠢᠯᠭ᠎ᠠ ᠶᠢᠨ ᠲᠠᠯᠠᠪᠠᠢ ᠨᠢ 305 ᠲᠦᠮᠡ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠬᠦᠴᠢᠷ ᠪᠡᠷᠬᠡ ᠶᠢ | ᠢᠯᠠᠨ ᠳᠠᠪᠠᠭ᠋ᠤ ᠶᠢ ᠨᠢᠭᠲᠠᠷᠠᠭᠤᠯᠵᠤ᠂ ᠤᠯᠠᠨ ᠵᠢᠯ ᠤᠨ ᠲᠤᠷᠰᠢ ᠨᠡᠶᠢᠭᠡᠮ ᠨᠡᠶᠢᠲᠡ ᠶᠢᠨ ᠠᠩᠬᠠᠷᠤᠯ ᠢ ᠶᠡᠬᠡᠳᠡ | ᠲᠠᠲᠠᠭᠰᠠᠨ ᠭᠤᠸᠠᠩ ᠮᠢᠩ ᠵᠠᠮ ᠤᠨ ᠨᠢᠭᠡᠳᠦᠯᠲᠡᠶ ᠪᠠᠷᠢᠭᠰᠠᠨ ᠠᠰᠠᠷ᠂ ᠵᠦᠩ ᠱᠠᠨ ᠪᠠᠷᠠᠭᠤᠨ ᠵᠠᠮ ᠤᠨ ᠭᠠᠳᠠᠭᠠᠳᠤ | ᠠᠷᠠᠯᠵᠢᠶᠠᠨ ᠤ 28 ᠳ᠋ᠤᠭᠠᠷ ᠲᠣᠭᠠᠲᠤ ᠬᠦᠷᠢᠶᠡᠯᠡᠩ ᠵᠡᠷᠭᠡ 17 ᠭᠠᠵᠠᠷ ᠤᠨ ᠨᠤᠷᠠᠬᠤ ᠠᠶᠤᠯᠲᠠᠶ ᠬᠠᠭᠤᠴᠢᠨ | ᠠᠰᠠᠷ ᠢ ᠪᠦᠬᠦᠨ ᠢ ᠠᠷᠢᠯᠭᠠᠵᠤ᠂ ᠰᠠᠭᠤᠭᠠᠯᠢ ᠠᠷᠠᠳ ᠤᠨ ᠲᠣᠬᠢᠯᠠᠭ ᠣᠷᠣᠨ ᠰᠠᠭᠤᠴᠠ ᠶᠢᠨ ᠵᠡᠭᠦᠳᠦ | ᠪᠡᠶᠡᠯᠡᠭᠳᠡᠭᠰᠡᠨ ᠪᠠᠶᠢᠨ᠎ᠠ᠃ ᠲᠣᠭᠲᠠᠭᠤᠨ ᠢᠶᠠᠷ ᠠᠬᠢᠭᠤᠯᠬᠤ ᠶᠢ ᠪᠠᠷᠢᠮᠲᠠᠯᠠᠨ᠎ᠠ᠃ ᠪᠠᠷᠠᠭᠤᠨ ᠯᠤᠤᠰ ᠤᠨ ᠰᠦᠮ᠎ᠡ᠂ | ᠲᠠᠪᠤᠨ ᠪᠠᠶᠢᠰᠢᠩ ᠵᠡᠷᠭᠡ 5 ᠭᠠᠴᠠᠭ᠎ᠠ ᠶᠢ ᠪᠦᠬᠦ ᠲᠣᠰᠬᠤᠨ ᠢᠶᠠᠷ ᠨᠢ ᠥᠭᠡᠷᠡᠴᠢᠯᠡᠬᠦ ᠶᠢ ᠦᠨᠳᠦᠰᠦᠨ ᠳᠡᠭᠡᠨ | ᠪᠡᠶᠡᠯᠡᠭᠦᠯᠵᠦ᠂ ᠺᠦᠩ ᠵᠢᠶᠠ ᠶᠢᠩ ᠵᠡᠷᠭᠡ 9 ᠭᠠᠴᠠᠭ᠎ᠠ ᠶᠢ ᠪᠦᠬᠦ ᠭᠠᠴᠠᠭ᠎ᠠ ᠪᠠᠷ ᠨᠢ ᠥᠭᠡᠷᠡᠴᠢᠯᠡᠬᠦ ᠶᠢ ᠤᠷᠤᠭᠰᠢᠲᠠᠶ | ᠶᠠᠪᠤᠭᠳᠠᠭᠤᠯᠵᠤ᠂ 1.7 ᠲᠦᠮᠡᠨ ᠢᠵᠢ᠂ ᠶᠡᠷᠦᠩᠬᠡᠶ ᠲᠠᠯᠠᠪᠠᠶ ᠨᠢ 136 ᠲᠦᠮᠡᠨ ᠲᠡᠭᠰᠢ ᠳᠥᠷᠪᠡᠯᠵᠢᠨ ᠮᠧᠲᠷ | ᠲᠠᠯᠠᠪᠠᠶ ᠪᠦᠬᠦᠢ ᠲᠡᠬᠢᠠ ᠪᠤᠴᠠᠬᠤ ᠲᠣᠭᠤᠷᠢᠭ ᠢ ᠲᠤᠰᠢᠶᠠᠨ ᠬᠡᠷᠡᠭᠯᠡᠭᠦᠯᠦᠭᠰᠡᠨ ᠪᠠᠶᠢᠨ᠎ᠠ᠃ ᠠᠮᠢᠳᠤᠯᠢᠭ ᠠᠷᠭ᠎ᠠ | ᠬᠡᠮᠵᠢᠶ᠎ᠡ ᠠᠪᠴᠤ᠂ ᠰᠠᠭᠤᠭᠠᠯᠢ ᠠᠷᠠᠳ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠵᠤᠭᠤᠰᠴᠢᠯᠠᠭᠰᠠᠨ | ᠲᠥᠪᠬᠢᠨᠡᠭᠦᠯᠦᠯᠲᠡ ᠪᠠ ᠪᠦᠯᠬᠦᠮ ᠢᠶᠠᠷ ᠬᠤᠳᠠᠯᠳᠤᠨ ᠠᠪᠬᠤ ᠣᠷᠣᠨ ᠪᠦᠰᠡ ᠶᠢᠨ ᠬᠥᠮᠥᠷᠭᠡ ᠳᠤ ᠬᠠᠳᠠᠭᠠᠯᠠᠵᠤ | ᠪᠠᠶᠢᠭ᠎ᠠ ᠲᠠᠸᠠᠷ ᠤᠨ ᠭᠡᠷ ᠪᠠᠶᠢᠰᠢᠩ ᠤᠨ ᠲᠥᠪᠬᠢᠨᠡᠭᠦᠯᠦᠯᠲᠡ ᠶᠢᠨ ᠠᠷᠭ᠎ᠠ ᠮᠠᠶ᠋ᠢᠭ ᠢ ᠰᠤᠩᠭᠠᠭᠠᠵᠤ᠂ ᠲᠦᠢᠯ ᠤᠨ | ᠶᠡᠭᠡ ᠪᠠᠷ ᠲᠥᠪᠬᠢᠨᠡᠭᠦᠯᠬᠦ ᠦᠶᠡᠯᠡᠯ ᠢ ᠪᠣᠭᠤᠨᠢᠰᠬᠠᠭᠰᠠᠨ ᠪᠠᠶᠢᠨ᠎ᠠ᠃ ᠬᠡᠨᠭ ᠳ᠋ᠠ᠂ ᠳᠤᠮᠳᠠᠳᠤ ᠤᠯᠤᠰ ᠤᠨ ᠲᠡᠮᠦᠷ | ᠵᠠᠮ᠂ ᠹᠦ᠋ ᠯᠢ᠂ ᠸᠠᠨ ᠳ᠋ᠠ ᠵᠡᠷᠭᠡ ᠤᠯᠤᠰ ᠤᠨ ᠳᠣᠲᠣᠭᠠᠳᠤ ᠶᠢᠨ ᠨᠡᠷᠡᠲᠦ ᠭᠠᠵᠠᠷ ᠬᠥᠷᠥᠩᠭᠡ ᠶᠢᠨ ᠨᠡᠭᠡᠭᠡᠯᠲᠡ ᠶᠢᠨ | ᠠᠵᠤ ᠠᠬᠤᠶᠢᠯᠠᠯ ᠬᠤᠶᠢᠨ᠎ᠠ ᠬᠤᠶᠢᠨ᠎ᠠ ᠠᠴᠠ ᠪᠠᠨ ᠰᠠᠭᠤᠷᠢᠰᠢᠵᠤ᠂ ᠬᠡᠨᠭ ᠳ᠋ᠠ ᠶᠠ ᠶᠤᠸᠠᠨ᠂ ᠸᠠᠨ ᠳ᠋ᠠ ᠲᠠᠯᠠᠪᠠᠢ | ᠵᠡᠷᠭᠡ ᠰᠢᠯᠢᠳᠡᠭ ᠪᠠᠷᠢᠯᠭ᠎ᠠ ᠤᠳ ᠢ ᠵᠠᠯᠭᠠᠭ᠎ᠠ ᠪᠠᠷ ᠪᠠᠶᠢᠭᠤᠯᠵᠤ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ | ᠵᠠᠬ᠎ᠠ ᠳᠡᠯᠭᠡᠭᠦᠷ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠵᠦ ᠴᠢᠳᠠᠪᠠ᠃ | ᠬᠤᠳᠠ ᠶᠢᠨ ᠵᠠᠰᠠᠬᠤ ᠴᠢᠳᠠᠪᠤᠷᠢ ᠢᠯᠡᠳᠲᠡ ᠳᠡᠭᠡᠭᠰᠢᠯᠡᠪᠡ᠃ ᠲᠠᠪᠤᠨ ᠵᠢᠯ ᠤᠨ ᠲᠤᠷᠰᠢ᠂ ᠲᠠᠰᠤᠯᠳᠠᠯ | ᠥᠬᠡᠶ ᠪᠠᠷ ᠬᠦᠴᠦᠯᠡᠨ ᠰᠢᠷᠭᠠᠭᠤ ᠳᠠᠭᠠᠭᠠᠮᠠᠭᠠᠶ ᠪᠠᠷ ᠴᠢᠷᠮᠠᠶᠢᠵᠤ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ | ᠡᠷᠬᠡ ᠬᠠᠷᠢᠭᠤᠴᠠᠯᠭ᠎ᠠ ᠨᠢ ᠲᠣᠳᠣᠷᠬᠠᠶ᠂ ᠪᠣᠳᠠᠲᠤ ᠠᠵᠢᠯᠯᠠᠭ᠎ᠠ ᠶᠢ ᠡᠷᠬᠢᠮᠯᠡᠬᠦ᠂ ᠦᠷ᠎ᠡ ᠠᠰᠢᠭ ᠶᠡᠬᠡᠲᠡᠶ | ᠣᠳᠣᠬᠢᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠦᠨᠳᠦᠰᠦᠨ ᠳᠡᠭᠡᠨ | ᠪᠦᠷᠢᠯᠳᠦᠭᠦᠯᠪᠡ᠃ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ | ᠤᠶᠤᠨ ᠤᠬᠠᠭᠠᠨ ᠤ ᠬᠤᠲᠣᠩ ᠠᠷᠠᠳ ᠤᠨ ᠲᠣᠭᠤᠷᠢᠭ ︾ ᠶᠢᠨ ᠵᠢᠯᠣᠭᠤᠳᠬᠤ ᠲᠠᠪᠴᠠᠩ ᠢ ᠪᠠᠶᠢᠭᠤᠯᠵᠤ᠂ ︽ | ᠵᠠᠮ ᠤᠨ ᠤᠷᠲᠤ + ᠲᠠᠰᠤᠯᠪᠤᠷᠢ ᠶᠢᠨ ᠤᠷᠳᠤ︾ ᠤᠷᠳᠤ ᠬᠤᠭᠤᠴᠠᠭᠠᠨ ᠤ ᠪᠥᠳᠥᠮᠵᠢᠳᠤ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠵᠤ᠂ ᠬᠤᠳᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯᠳᠠᠨ 1969 ᠬᠥᠮᠥᠨ | ᠰᠢᠨ᠎ᠡ ᠪᠠᠷ ᠨᠡᠮᠡᠭᠳᠡᠪᠡ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠶᠢ ᠢᠳᠡᠪᠬᠢᠲᠡᠶ ᠶᠠᠪᠤᠭᠤᠯᠵᠤ | ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠠᠬ᠎ᠠ ᠳᠡᠯᠭᠡᠭᠦᠷᠴᠢᠯᠡᠬᠦ ᠠᠵᠢᠯ 325 ᠲᠦᠮᠡᠨ ᠲᠡᠭᠰᠢ ᠳᠥᠷᠪᠡᠯᠵᠢᠨ | ᠮᠧᠲᠷ ᠲᠠᠯᠠᠪᠠᠶ ᠳᠤ ᠬᠥᠷᠴᠠᠢ᠃ ᠬᠤᠳᠠ ᠶᠢᠨ ᠣᠷᠴᠢᠨ ᠠᠬᠤᠶ ᠶᠢ ᠪᠦᠬᠦ ᠲᠠᠯ᠎ᠠ ᠪᠠᠷ ᠴᠡᠭᠴᠡᠯᠡᠨ ᠵᠠᠰᠠᠬᠤ | ᠠᠵᠢᠯᠯᠠᠭ᠎ᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠨᠦᠭᠡᠨ ᠬᠠᠳᠠᠭᠠᠯᠠᠭᠰᠠᠨ ᠬᠤᠭ ᠨᠣᠪᠰᠢ ᠶᠢ ᠴᠡᠪᠡᠷᠯᠡᠨ | ᠲᠡᠭᠡᠭᠡᠪᠦᠷᠢᠯᠡᠬᠦ ᠵᠡᠷᠭᠡ 25 ᠭᠠᠵᠠᠷ ᠲᠠᠬᠢ ᠴᠡᠭᠴᠡᠯᠡᠨ ᠵᠠᠰᠠᠬᠤ ᠠᠵᠢᠯ ᠢ ᠶᠠᠪᠤᠭᠳᠠᠭᠤᠯᠪᠠ᠃ 14 ᠭᠠᠵᠠᠷ ᠲᠠᠬᠢ | ᠵᠡᠮ ᠤᠨ ᠵᠠᠬ᠎ᠠ ᠳᠡᠯᠭᠡᠭᠦᠷ ᠢ ᠴᠠᠭᠠᠵᠠᠯᠠᠵᠤ᠂ 63 ᠲᠦᠮᠡᠨ ᠲᠡᠭᠰᠢ ᠳᠥᠷᠪᠡᠯᠵᠢᠨ ᠮᠧᠲᠷ ︽ᠬᠤᠶᠠᠷ ᠵᠥᠷᠢᠴᠡᠬᠦ︾ | ᠪᠠᠷᠢᠯᠭ᠎ᠠ ᠶᠢ ᠨᠤᠷᠠᠭᠠᠵᠤ᠂ ᠪᠦᠬᠦ ᠬᠤᠲᠠ ᠳᠤ ᠰᠡᠩᠰᠡᠠ ᠭᠡᠷ ᠦᠭᠡᠢ ᠬᠠᠷᠠᠯᠲᠠ ᠶᠢ ᠤᠷᠢᠳᠠᠪᠠᠷ ᠪᠡᠶᠡᠯᠡᠭᠦᠯᠵᠦ᠂ ︽ | ᠪᠤᠵᠠᠷ ᠰᠠᠮᠠᠭᠤᠨ ᠠᠨᠠᠢ︾ ᠬᠠᠭᠤᠴᠢᠨ ᠠᠷᠬᠠᠭ ᠢ ᠲᠦᠢᠯᠪᠤᠷᠢᠲᠠᠶ ᠠᠷᠢᠯᠭᠠᠪᠠ᠃ ︽ᠵᠣᠷᠯᠣᠩ ᠤᠨ ᠬᠤᠪᠢᠰᠬᠠᠯ︾ ᠢ | ᠶᠡᠬᠡᠪᠡᠷ ᠬᠡᠷᠡᠭᠵᠢᠭᠦᠯᠵᠦ᠂ ᠨᠡᠶᠢᠲᠡ 1.9 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠰᠢᠨ᠎ᠡ ᠪᠠᠷ | ᠪᠠᠶᠢᠭᠤᠯᠤᠭᠰᠠᠨ ᠪᠠ ᠳᠡᠭᠡᠭᠰᠢᠯᠡᠭᠦᠯᠦᠨ ᠥᠭᠡᠷᠡᠴᠢᠯᠡᠭᠰᠡᠨ ᠤᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ | 319 ᠰᠠᠭᠤᠳᠠᠯ ᠳᠤ ᠬᠦᠷᠴᠦ᠂ ᠡᠭᠦᠨ ᠳᠤ 35 ᠰᠠᠭᠤᠷᠢ ᠪᠡᠯᠡᠳᠬᠡᠮᠵᠢ ᠲᠥᠬᠦᠭᠡᠷᠦᠮᠵᠢ ᠪᠦᠷᠢᠨ᠂ ᠣᠷᠴᠢᠨ | ᠲᠣᠭᠤᠷᠢᠨ ᠨᠢ ᠭᠤᠶᠢᠳᠠ ᠰᠠᠶᠢᠬᠠᠨ ᠴᠡᠪᠡᠷ ᠲᠡᠭᠰᠢ᠂ ᠬᠠᠮᠢᠶᠠᠷᠤᠯᠲᠠ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠭᠰᠡᠨ | ᠬᠥᠬᠡᠬᠤᠲᠠ ᠦᠷᠳᠡᠭᠡ ᠶᠢ ᠪᠠᠭᠲᠠᠭᠠᠵᠤ᠂ 500 ᠮᠧᠲᠷ ᠲᠤ ᠨᠡᠶᠢᠲᠡ ᠶᠢᠨ ᠵᠣᠷᠯᠣᠩ ᠪᠠᠶᠢᠬᠤ ᠬᠠᠷᠠᠯᠲᠠ ᠶᠢ | ᠦᠨᠳᠦᠰᠦᠨ ᠳᠡᠭᠡᠨ ᠪᠡᠶᠡᠯᠡᠭᠦᠯᠦᠭᠰᠡᠨ ᠪᠠᠶᠢᠨ᠎ᠠ᠃ ︽ᠲᠣᠭᠤᠭᠠᠨ ᠭᠡᠷ ᠤᠨ ᠬᠤᠪᠢᠰᠬᠠᠯ︾ ᠢ ᠪᠦᠬᠦ ᠲᠠᠯ᠎ᠠ ᠪᠠᠷ | ᠥᠷᠨᠢᠭᠦᠯᠵᠦ᠂ 2800 ᠭᠡᠷ ᠬᠤᠭᠤᠯᠠ ᠤᠮᠳᠠᠭᠠᠨ ᠤ ᠦᠢᠯᠡᠴᠢᠯᠡᠭᠡᠨ ᠤ ᠨᠢᠭᠡᠴᠡ ᠨᠢ ︽ᠲᠣᠭᠤᠭᠠᠨ ᠬᠡᠷ ᠤᠨ | ᠭᠡᠭᠡᠨ ᠭᠤᠯᠣᠮᠲᠠ︾ ᠶᠢ ᠪᠡᠶᠡᠯᠡᠭᠦᠯᠵᠦ᠂ ᠬᠤᠭᠤᠯᠠᠨ ᠭᠡᠷ ᠤᠨ ᠬᠤᠭ ᠨᠣᠪᠰᠢ ᠶᠢ ᠦᠨᠳᠦᠰᠦᠨ ᠳᠡᠭᠡᠨ | ᠵᠢᠷᠤᠮᠵᠢᠭᠤᠯᠤᠨ ᠰᠢᠢᠳᠪᠦᠷᠢᠯᠡᠭᠰᠡᠨ ᠪᠠᠶᠢᠨ᠎ᠠ᠃ ᠨᠡᠶᠢᠲᠡ 12 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ | 418 ᠬᠠᠭᠤᠴᠢᠷᠬᠠᠰᠠᠨ ᠵᠢᠵᠢᠭ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠬᠦ ᠪᠠᠷᠢᠯᠭ᠎ᠠ ᠶᠢ ᠪᠡᠶᠡᠯᠡᠭᠦᠯᠵᠦ᠂ 117 | ᠵᠢᠵᠢᠭ ᠲᠣᠭᠤᠷᠢᠭ ᠤᠨ ᠪᠠᠷᠢᠮᠵᠢᠶ᠎ᠠ ᠠᠳᠠᠯ ᠠᠬᠤᠶ ᠶᠢᠨ ᠬᠠᠮᠢᠶᠠᠷᠤᠯᠲᠠ ᠶᠢ ᠪᠡᠶᠡᠯᠡᠭᠦᠯᠪᠡ᠃ ᠭᠤᠶᠤᠵᠢᠭᠤᠯᠬᠤ᠂ | ᠭᠡᠷᠡᠯᠲᠦᠭᠦᠯᠭᠡ ᠶᠢᠨ ᠬᠢᠷᠢ ᠬᠡᠮᠵᠢᠶ᠎ᠡ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠂ ᠨᠡᠶᠢᠲᠡ 7.7 ᠳ᠋ᠦᠩᠰᠢᠭᠤᠷ | ᠲᠥᠭᠦᠷᠢᠭ ᠪᠡᠯᠨ ᠣᠷᠣᠭᠤᠯᠵᠤ᠂ ᠵᠠᠮ ᠱᠤᠭᠤᠮ ᠤᠨ ᠡᠮᠦᠨ᠎ᠡ ᠵᠠᠮ ᠵᠡᠷᠭᠡ 106 ᠵᠣᠷᠪᠢᠰ ᠵᠠᠮ ᠵᠡᠭᠡᠯᠢ ᠶᠢᠨ | ᠦᠵᠡᠮᠵᠢ ᠶᠢ ᠴᠡᠭᠴᠡᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ 17 ᠵᠣᠷᠪᠢᠰ ᠵᠡᠭᠡᠯᠢ ᠭᠤᠳᠤᠮᠵᠢ ᠪᠠ ᠵᠠᠳᠠᠭᠠᠢ | ᠭᠤᠣᠯ᠂ ᠡᠦ ᠯᠢ ᠱᠠ ᠾᠧ ᠦᠵᠡᠮᠵᠢ ᠳᠤ ᠭᠡᠷᠡᠯᠲᠦᠭᠦᠯᠭᠡ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ | ᠲᠣᠭᠤᠷᠢᠭ ᠤᠨ ᠳᠦᠷᠰᠦ ᠪᠠᠶᠢᠳᠠᠯ ᠰᠢᠨ᠎ᠡ ᠬᠤᠪᠢᠷᠠᠯᠲᠠ ᠭᠠᠷᠤᠭᠰᠠᠨ ᠪᠠᠶᠢᠨ᠎ᠠ᠃ | ᠠᠮᠢ ᠠᠬᠤᠶ ᠶᠢᠨ ᠣᠷᠴᠢᠨ ᠠᠬᠤᠶ ᠨᠠᠩ ᠭᠤᠶᠣ ᠰᠠᠶᠢᠬᠠᠨ ᠪᠣᠯᠵᠠᠢ᠃ ᠲᠠᠪᠤᠨ ᠵᠢᠯ ᠤᠨ ᠲᠤᠷᠰᠢ᠂ ᠳᠡᠭᠡᠳᠦ | ᠬᠡᠮᠵᠢᠶ᠎ᠡ ᠪᠠᠷ ᠬᠠᠷᠢᠭᠤᠴᠠᠵᠤ᠂ ᠬᠠᠮᠢᠶᠠᠷᠤᠯᠲᠠ ᠪᠠᠨ ᠴᠢᠩᠭᠠᠷᠠᠭᠤᠯᠤᠨ᠂ ᠴᠠᠭ ᠢᠮᠠᠭᠲᠠ ᠠᠮᠢ ᠠᠬᠤᠶ ᠣᠷᠴᠢᠨ | ᠠᠬᠤᠶ ᠶᠢ ᠬᠠᠮᠠᠭᠠᠯᠠᠬᠤ ᠶᠠᠪᠤᠳᠠᠯ ᠢ ᠲᠤᠪᠤᠶᠢᠮ᠎ᠠ ᠪᠠᠶᠢᠷᠢᠨ ᠳᠤ ᠲᠠᠯᠪᠢᠪᠠ᠃ ᠲᠥᠪ ᠤᠨ ᠣᠷᠴᠢᠨ ᠠᠬᠤᠶ ᠶᠢᠨ | ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠵᠤ ᠴᠡᠭᠴᠡᠯᠡᠨ ᠥᠭᠡᠷᠡᠴᠢᠯᠡᠬᠦ ᠰᠠᠨᠠᠯ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠢ ᠵᠠᠰᠠᠬᠤ ᠶᠢ ᠭᠦᠨᠵᠡᠭᠡᠶ ᠬᠡᠷᠡᠭᠵᠢᠭᠦᠯᠵᠦ᠂ ᠬᠤᠵᠢᠷ ᠭᠧᠤ ᠴᠢᠯᠠᠭᠤ ᠮᠠᠯᠲᠠᠬᠤ ᠲᠠᠯᠠᠪᠠᠢ | ᠶᠢ ᠡᠷᠡᠰ ᠴᠠᠭᠠᠵᠠᠯᠠᠵᠤ᠂ 4 ᠪᠤᠲ᠋ᠤᠨ ᠵᠢᠭᠤᠷᠠᠯᠲᠠ ᠶᠢᠨ ᠥᠷᠲᠡᠭᠡ ᠶᠢ ᠪᠦᠬᠦ ᠪᠠᠷ ᠨᠢ ᠠᠷᠢᠯᠭᠠᠵᠤ᠂ 149 ᠭᠡᠷ ︽ | ᠵᠢᠵᠢᠭ ᠪᠤᠲᠠᠷᠬᠠᠶ ᠪᠣᠬᠢᠷ︾ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ ᠢ ᠨᠡᠭᠦᠯᠭᠡᠨ ᠬᠠᠭᠠᠵᠤ᠂ ᠪᠥᠬᠦ | ᠲᠠᠯ᠎ᠠ ᠪᠠᠷ ᠮᠠᠯᠵᠢᠬᠤ ᠶᠢ ᠴᠠᠭᠠᠵᠠᠯᠠᠬᠤ ᠶᠢ ᠬᠡᠷᠡᠭᠵᠢᠭᠦᠯᠦᠭᠰᠡᠨ ᠪᠠᠶᠢᠨ᠎ᠠ᠃ ᠠᠮᠢ ᠠᠬᠤᠶ ᠶᠢᠨ ᠪᠥᠳᠥᠭᠡᠨ | ᠪᠠᠶᠢᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠬᠦ ᠶᠢ ᠲᠠᠰᠤᠷᠠᠯᠲᠠ ᠦᠭᠡᠶ ᠴᠢᠩᠭᠠᠷᠠᠭᠤᠯᠵᠤ᠂ ᠳᠠᠯᠠᠨ ᠬᠠᠷ᠎ᠠ ᠠᠭᠤᠯᠠ | ᠶᠢᠨ ᠤᠷᠢᠳᠤ ᠪᠡᠯ ᠳᠤ 18799 ᠮᠦ ᠨᠣᠭᠤᠭᠠᠷᠠᠭᠤᠯᠬᠤ ᠪᠠᠷᠢᠯᠭ᠎ᠠ ᠶᠢ ᠪᠡᠶᠡᠯᠡᠭᠦᠯᠵᠦ᠂ ᠤᠢ ᠰᠢᠭᠤᠶ ᠶᠢᠨ | ᠪᠦᠷᠬᠦᠴᠡ ᠶᠢᠨ ᠨᠤᠷᠮ᠎ᠠ 36.79% ᠭᠦᠷᠦᠲᠡᠯᠡ ᠨᠡᠮᠡᠭᠳᠡᠵᠦ᠂ ᠣᠷᠤᠨ ᠤ ᠲᠥᠪ ᠤᠨ ᠠᠮᠢ ᠠᠬᠤᠶ ᠶᠢᠨ | ᠨᠣᠭᠤᠭᠠᠨ ᠬᠠᠯᠬᠠᠪᠴᠢ ᠪᠣᠯᠵᠠᠢ᠃ ᠡᠬᠢ ᠡᠭᠦᠰᠦᠯ ᠠᠴᠠ ᠨᠢ ᠬᠢᠵᠠᠭᠠᠷᠯᠠᠬᠤ ᠶᠢ ᠴᠢᠩᠭᠠᠳᠬᠠᠵᠤ᠂ ᠤᠰᠤᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠢᠰᠲ᠋ᠧᠮ ᠲᠠᠢ ᠠᠬᠢᠭᠤᠯᠬᠤ᠂ ᠭᠦᠩᠵᠦ ᠶᠢᠨ ᠣᠷᠳᠣᠨ ᠤ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠬᠠᠷᠠᠯᠲᠠ ᠪᠠᠨ ᠳᠡᠭᠡᠭᠰᠢᠯᠡᠭᠦᠯᠦᠨ ᠵᠠᠰᠠᠨ ᠥᠭᠡᠷᠡᠴᠢᠯᠡᠬᠦ ᠢᠨᠵᠧᠨᠧᠷᠢᠩ ᠢ | ᠪᠡᠶᠡᠯᠡᠭᠦᠯᠪᠡ᠃ ᠠᠭᠠᠷ ᠮᠠᠨᠳᠠᠯ ᠤᠨ ᠶᠡᠷᠦᠩᠬᠡᠶᠢᠯᠡᠨ ᠵᠠᠰᠠᠬᠤ ᠶᠢ ᠭᠦᠨᠵᠡᠭᠡᠶ ᠬᠡᠷᠡᠭᠵᠢᠭᠦᠯᠵᠦ᠂ ᠹᠠᠨᠭ᠌ ᠲᠠᠢ᠂ ᠺᠣᠯᠢᠨ | ᠴᠠᠬᠢᠯᠭᠠᠨ ᠤ ᠦᠢᠯᠡᠳᠪᠦᠷᠢ ᠶᠢᠨ ᠨᠡᠭᠦᠷᠡᠰᠦᠨ ᠤ ᠲᠡᠯᠡᠪᠡᠢ ᠢ ᠪᠢᠲᠡᠭᠦᠮᠵᠢᠯᠡᠬᠦ ᠪᠠ ᠬᠡᠳᠤ ᠳᠣᠣᠷ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠵᠦ ᠂ 198 ᠲᠠᠪᠴᠠᠩ ᠨᠡᠭᠦᠷᠡᠰᠦ | ᠰᠢᠲᠠᠭᠠᠬᠤ ᠲᠤᠭᠤᠭᠠᠳᠤ ᠵᠤᠤᠬ᠎ᠠ ᠶᠢ ᠵᠠᠳᠠᠯᠠᠨ ᠨᠡᠶᠢᠯᠡᠭᠦᠯᠦᠨ ᠥᠭᠡᠷᠡᠴᠢᠯᠡᠵᠦ᠂ ᠭᠤᠣᠯ ᠪᠣᠯᠬᠤ ᠪᠣᠬᠢᠷᠲᠤᠯ | ᠪᠣᠳᠠᠰ ᠤᠨ ᠬᠠᠶᠠᠭᠳᠠᠮᠠᠯ ᠭᠠᠷᠭᠠᠬᠤ ᠪᠠᠷᠢᠮᠵᠢᠶᠠᠨ ᠳᠤ ᠭᠦᠷᠦᠭᠰᠡᠨ ᠪᠠᠶᠢᠨ᠎ᠠ᠃ | ᠭᠤᠷᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠰᠤᠷᠠᠯᠳᠠ ᠥᠬᠡᠢ ᠨᠡᠮᠡᠭᠳᠡᠪᠡ | ᠠᠷᠠᠳ ᠲᠦᠮᠡᠨ ᠤ ᠠᠮᠢᠳᠤᠷᠠᠯ ᠤᠨ ᠬᠢᠷᠢ ᠬᠡᠮᠵᠢᠶ᠎ᠡ ᠯᠠᠪᠳᠠᠭᠤᠨ ᠢᠶᠠᠷ ᠳᠡᠭᠡᠭᠰᠢᠯᠡᠪᠡ᠃ ᠲᠠᠪᠤᠨ ᠵᠢᠯ ᠤᠨ | ᠲᠤᠷᠰᠢ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠴᠢᠩᠭ᠎ᠠ ᠬᠠᠲᠠᠭᠤ ᠪᠠᠷ ᠲᠥᠷᠥ ᠶᠢᠨ | ᠪᠤᠳᠤᠯᠭ᠎ᠠ ᠶᠢ ᠪᠣᠳᠠᠲᠠᠶᠢᠵᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠭᠦᠢᠴᠡᠳ | ᠬᠦᠷᠲᠡᠭᠡᠵᠦ᠂ ᠤᠯᠠᠨ ᠲᠦᠮᠡᠨ ᠤ ᠵᠣᠯ ᠵᠢᠷᠭᠠᠯ ᠤᠨ ᠰᠡᠳᠬᠢᠭᠳᠡᠯ ᠨᠢ ᠨᠡᠶᠢᠳᠡᠮ ᠳᠡᠭᠡᠨ ᠴᠢᠩᠭᠠᠷᠠᠭᠰᠠᠨ ᠪᠠᠶᠢᠨ᠎ᠠ᠃ | ᠠᠵᠢᠯ ᠣᠯᠭᠤᠵᠤ ᠦᠢᠯᠡᠰ ᠪᠦᠲᠦᠭᠡᠬᠦ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠠᠵᠢᠯ ᠣᠯᠭᠤᠵᠤ | ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ 2 ᠭᠡᠷ ᠥᠪᠡᠷᠲᠡᠭᠡᠨ ᠵᠠᠰᠠᠬᠤ ᠣᠷᠣᠨ | ᠤ ᠳᠡᠰ ᠤᠨ ᠳᠤᠮᠳᠠ ᠵᠢᠵᠢᠭ ᠺᠣᠮᠫᠠᠨᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠦᠬᠦ ᠬᠤᠲᠠ ᠳᠤ | ᠬᠠᠮᠤᠭ ᠤᠷᠢᠳᠠᠪᠠᠷ ᠠᠵᠢᠯ ᠠᠯᠳᠠᠭᠰᠠᠨ ᠲᠠᠷᠢᠶᠠᠴᠢᠳ ᠲᠤ ᠲᠠᠬᠢᠨ ᠠᠵᠢᠯ ᠣᠯᠭᠤᠬᠤ ᠪᠣᠯᠪᠠᠰᠤᠷᠠᠯ ᠤᠨ ᠲᠥᠪ | ᠭᠠᠵᠠᠷ ᠢ ᠪᠠᠶᠢᠭᠤᠯᠵᠤ᠂ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ ᠬᠥᠮᠦᠨ ᠢ ᠨᠡᠶᠢᠲᠡ 29636 | ᠬᠥᠮᠥᠨ ᠢᠶᠠᠷ ᠪᠡᠶᠡᠯᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.8 | %ᠳᠣᠲᠣᠷ᠎ᠠ ᠬᠢᠵᠠᠭᠠᠷᠯᠠᠵᠤ᠂ 2016 ᠣᠨ ᠤ ᠪᠥᠬᠦ ᠤᠯᠤᠰ ᠤᠨ ᠳᠤᠮᠳᠠ ᠵᠢᠵᠢᠭ ᠬᠤᠳᠠ ᠶᠢᠨ ᠰᠢᠨ᠎ᠡ ᠶᠢ | ᠡᠭᠦᠳᠴᠦ ᠠᠳᠠᠯ ᠦᠶ᠋ᠯᠡᠰ ᠴᠣᠭᠴᠠᠯᠠᠬᠤ ᠶᠢᠨ ᠵᠠᠭᠤᠨ ᠬᠦᠴᠦᠷᠬᠡᠭ ᠲᠣᠭᠤᠷᠢᠭ ᠢᠶᠠᠷ ᠦᠨᠡᠯᠡᠭᠳᠡᠪᠡ᠃ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠵᠦ᠂ ᠪᠦᠬᠦ ᠣᠷᠣᠨ ᠤ | 116969 ᠬᠥᠮᠦᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠵᠤ᠂ 5223 ᠬᠥᠮᠦᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ | ᠣᠷᠣᠯᠴᠠᠵᠤ᠂ ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠲᠠᠷᠢᠶᠠᠴᠢᠳ ᠤᠨ ᠨᠡᠶᠢᠭᠡᠮ ᠤᠨ ᠳᠠᠭᠠᠳᠬᠠᠯ ᠳᠤ ᠪᠥᠬᠦᠨ | ᠢ ᠪᠦᠷᠬᠦᠬᠦ ᠢ ᠪᠡᠶᠡᠯᠡᠭᠦᠯᠪᠡ᠃ ᠨᠡᠶᠢᠭᠡᠮ ᠤᠨ ᠠᠪᠤᠷᠠᠨ ᠲᠤᠰᠠᠯᠠᠬᠤ ᠡᠷᠴᠢᠮ ᠢ ᠲᠠᠰᠤᠷᠠᠯᠳᠠ ᠦᠭᠡᠢ ᠴᠢᠩᠭᠠᠷᠠᠭᠤᠯᠵᠤ᠂ | ᠨᠡᠶᠢᠲᠡ 3.5 ᠳ᠋ᠦᠩᠰᠢᠭᠤᠷ ᠲᠥᠭᠦᠷᠢᠭ ᠡᠯ᠎ᠡ ᠲᠥᠷᠥᠯ ᠤᠨ ᠠᠷᠠᠳ ᠤᠨ ᠶᠠᠪᠤᠳᠠᠯ ᠤᠨ ᠪᠡᠯᠡ ᠮᠥᠩᠭᠦ ᠶᠢ ᠲᠠᠯᠪᠢᠵᠤ | ᠂ 6.5 ᠲᠦᠮᠡᠨ ᠬᠥᠮᠦᠨ ᠤᠳᠠᠭ᠎ᠠ ᠤᠯᠠᠨ ᠲᠦᠮᠡᠨ ᠠᠰᠢᠭ ᠭᠦᠷᠲᠡᠪᠡ᠃ ᠬᠥᠳᠡᠭᠡ ᠲᠣᠰᠬᠤᠨ ᠤ ᠤᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠪᠡᠯᠡ ᠣᠷᠣᠭᠤᠯᠤᠯᠲᠠ 2.3 | ᠳ᠋ᠦᠩᠰᠢᠭᠤᠷ ᠲᠥᠭᠦᠷᠢᠭ ᠲᠤ ᠬᠦᠷᠴᠦ᠂ 11 ᠵᠠᠰᠠᠭ ᠵᠠᠬᠢᠷᠭᠠᠨ ᠤ ᠭᠠᠴᠠᠭ᠎ᠠ ᠰᠢᠨ᠎ᠡ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠵᠦᠪ ᠣᠨᠣᠪᠴᠢᠲᠠᠢ ᠶᠠᠳᠠᠭᠤ ᠠᠴᠠ ᠠᠩᠭᠢᠵᠢᠷᠠᠭᠤᠯᠬᠤ | ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠬᠠᠷᠢᠴᠠᠯᠠᠰᠢ ᠥᠭᠡᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦ | ᠲᠠᠯ᠎ᠠ ᠪᠠᠷ ᠦᠭᠡᠶᠢᠰᠬᠡᠪᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠨᠠᠢᠮᠠᠳᠤᠭᠠᠷ | ᠬᠤᠭᠤᠴᠠᠭ᠎ᠠ᠂ ᠶᠢᠰᠦᠳᠦᠭᠡᠷ ᠬᠤᠭᠤᠴᠠᠭᠠᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ | ᠬᠤᠭᠤᠴᠠᠭ᠎ᠠ ᠰᠣᠯᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ 57 ᠨᠡᠶᠢᠭᠡᠮ ᠲᠣᠭᠤᠷᠢᠭ ᠤᠨ ᠠᠯᠪᠠᠨ | ᠬᠡᠷᠡᠭᠯᠡᠭᠡᠨ ᠤ ᠭᠡᠷ ᠪᠠᠶᠢᠰᠢᠩ ᠤᠨ ᠲᠠᠯᠠᠪᠠᠢ ᠪᠥᠬᠦᠨ ᠢᠶᠠᠷ ᠢᠶᠠᠨ ᠪᠠᠷᠢᠮᠵᠢᠶ᠎ᠠ ᠳᠤ ᠬᠦᠷᠪᠡ᠃ | ᠨᠡᠶᠢᠭᠡᠮ ᠤᠨ ᠡᠯ᠎ᠡ ᠵᠦᠢᠯ ᠤᠨ ᠦᠢᠯᠡᠰ ᠴᠡᠴᠡᠭᠯᠡᠨ ᠬᠥᠭᠵᠢᠪᠡ᠃ ᠲᠠᠪᠤᠨ ᠵᠢᠯ ᠤᠨ ᠲᠤᠷᠰᠢ᠂ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠰᠣᠶᠣᠯ ᠪᠣᠯᠪᠠᠰᠤᠷᠠᠯ ᠵᠡᠷᠭᠡ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ | ᠵᠣᠬᠢᠴᠠᠭᠤᠯᠤᠨ ᠠᠬᠢᠭᠤᠯᠵᠤ᠂ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ ᠢ ᠢᠯᠡᠳᠲᠡ ᠴᠢᠩᠭᠠᠷᠠᠪᠠ᠃ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠨᠢ ᠢᠯᠡᠳᠲᠡ ᠦᠷ᠎ᠡ ᠪᠦᠲᠦᠮᠵᠢ | ᠣᠯᠵᠤ᠂ 25 ᠵᠦᠢᠯ ᠤᠨ ᠰᠢᠨ᠎ᠡ ᠮᠡᠷᠭᠡᠵᠢᠯ ᠵᠢᠴᠢ ᠪᠣᠳᠠᠲᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠭᠰᠡᠨ ᠪᠠᠶᠢᠨ᠎ᠠ᠃ | ᠰᠤᠷᠭᠠᠨ ᠬᠥᠮᠦᠵᠢᠯ ᠤᠨ ᠬᠦᠴᠦᠷᠬᠡᠭ ᠣᠷᠣᠨ ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ | ᠃ ᠨᠡᠶᠢᠲᠡ 4.3 ᠳ᠋ᠦᠩᠰᠢᠭᠤᠷ ᠲᠥᠭᠦᠷᠢᠭ ᠪᠡᠯᠨ ᠣᠷᠣᠭᠤᠯᠵᠤ᠂ ᠲᠠᠩ ᠪᠥᠦ ᠯᠠᠩ ᠪᠠᠭ᠎ᠠ ᠰᠤᠷᠭᠠᠭᠤᠯᠢ᠂ | ᠬᠥᠬᠡᠬᠤᠲᠠ ᠶᠢᠨ ᠳᠣᠯᠣᠳᠤᠭᠠᠷ ᠳᠤᠮᠳᠠ ᠰᠤᠷᠭᠠᠭᠤᠯᠢ ᠵᠡᠷᠭᠡ 8 ᠳᠤᠮᠳᠠᠳᠤ ᠪᠠᠭ᠎ᠠ ᠰᠤᠷᠭᠠᠭᠤᠯᠢ᠂ ᠰᠢᠨ᠎ᠡ | ᠬᠡᠦᠬᠡᠳ ᠤᠨ ᠴᠡᠴᠡᠷᠯᠢᠭ ᠢ ᠰᠢᠨ᠎ᠡ ᠪᠣᠶᠤ ᠥᠭᠡᠷᠡᠴᠢᠯᠡᠨ ᠥᠷᠭᠡᠳᠬᠡᠨ ᠪᠠᠶᠢᠭᠤᠯᠵᠤ᠂ ᠰᠤᠷᠭᠠᠨ ᠬᠥᠮᠦᠵᠢᠯ ᠤᠨ | ᠵᠢᠭᠠᠨ ᠰᠤᠷᠭᠠᠬᠤ ᠪᠡᠯᠡᠳᠬᠡᠯ ᠲᠥᠬᠦᠭᠡᠷᠦᠮᠵᠢ ᠪᠦᠷᠢᠨ ᠪᠠᠶᠢᠵᠦ᠂ ᠵᠢᠷᠭᠤᠭᠠᠨ ᠰᠤᠷᠭᠠᠨ ᠬᠥᠮᠦᠵᠢᠯ ᠤᠨ ᠪᠦᠯᠦᠭᠯᠡᠯ | ᠤᠨ ᠬᠤᠯᠪᠣᠭᠠᠲᠤ ᠰᠤᠷᠭᠠᠭᠤᠯᠢ ᠢ ᠵᠣᠬᠢᠶᠠᠨ ᠪᠠᠶᠢᠭᠤᠯᠪᠠ᠃ ᠤᠷᠢᠵᠤ ᠢᠷᠡᠭᠰᠡᠨ ᠪᠠᠭᠰᠢ 447 ᠬᠥᠮᠦᠨ ᠪᠠᠶᠢᠵᠤ᠂ | ᠡᠭᠦᠨ ᠤ ᠳᠣᠲᠣᠷ᠎ᠠ ᠤᠯᠤᠰ ᠤᠨ ᠰᠦᠢᠳᠬᠡᠯ ᠬᠤᠷᠢᠶᠠᠬᠤ ᠦᠭᠡᠶ ᠰᠤᠷᠭᠠᠨ ᠬᠥᠮᠦᠵᠢᠯ ᠤᠨ ᠪᠠᠭᠰᠢ ᠶᠢᠨ ᠮᠡᠷᠭᠡᠵᠢᠯ | ᠰᠤᠷᠤᠭᠴᠢᠳ 72 ᠬᠥᠮᠦᠨ ᠪᠠᠶᠢᠨ᠎ᠠ᠃ ᠵᠢᠭᠠᠨ ᠰᠤᠷᠭᠠᠬᠤ ᠣᠷᠴᠢᠨ ᠨᠥᠬᠦᠴᠡᠯ ᠢ ᠮᠡᠳᠡᠭᠳᠡᠬᠦ᠋ᠢᠴᠡ | ᠰᠠᠶᠢᠵᠢᠷᠠᠭᠤᠯᠵᠤ᠂ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠲᠡᠦᠬᠡᠲᠦ ᠴᠢᠨᠠᠷᠲᠠᠶ | ᠰᠢᠪᠲᠤᠯᠤᠯᠲᠠ ᠶᠢ ᠪᠡᠶᠡᠯᠡᠭᠦᠯᠵᠦ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠨᠢ | ᠦᠨᠳᠦᠰᠦᠨ ᠳᠡᠭᠡᠨ ᠲᠡᠩᠴᠡᠭᠦᠷᠢᠲᠡᠶ ᠣᠷᠣᠨ ᠭᠡᠵᠤ ᠮᠠᠭᠠᠳᠯᠠᠭᠳᠠᠭᠰᠠᠨ ᠪᠠᠶᠢᠨ᠎ᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠡᠮ ᠤᠨ ᠨᠡᠮᠡᠯᠲᠡ | ᠪᠦᠲᠦᠭᠡᠭᠳᠡᠬᠦᠨ ᠢ ᠪᠥᠬᠦ ᠲᠠᠯ᠎ᠠ ᠪᠠᠷ ᠦᠭᠡᠶᠢᠰᠬᠡᠵᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠤᠨ ︽ᠨᠡᠷᠡᠲᠦ ᠡᠮᠴᠢ ᠶᠢᠨ ᠠᠵᠢᠯ ᠤᠨ ᠲᠠᠰᠤᠭ︾ ᠤᠨ ᠡᠮᠨᠡᠬᠦ ᠦᠢᠯᠡᠴᠢᠯᠡᠭᠡ ᠬᠠᠩᠭᠠᠬᠤ | ᠶᠢ ᠢᠳᠡᠪᠬᠢᠲᠠᠢ ᠥᠷᠨᠢᠭᠦᠯᠪᠡ᠃ ᠲᠥᠯᠥᠪᠯᠡᠭᠡ ᠲᠠᠢ ᠪᠠᠷ ᠬᠡᠦᠬᠡᠳ ᠠᠪᠬᠤ ᠤᠯᠤᠰ ᠤᠨ ᠦᠨᠳᠦᠰᠦᠨ ᠪᠤᠳᠤᠯᠭ᠎ᠠ ᠶᠢ | ᠪᠠᠷᠢᠮᠲᠠᠯᠠᠵᠤ᠂ ᠪᠦᠬᠦ ᠲᠠᠯ᠎ᠠ ᠪᠠᠷ ︽ᠬᠤᠶᠠᠷ ᠬᠡᠦᠬᠡᠳ ᠠᠪᠴᠤ ᠪᠣᠯᠬᠤ︾ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠵᠦ᠂ ᠪᠦᠬᠦ ᠤᠯᠤᠰ ᠤᠨ ᠲᠥᠯᠥᠪᠯᠡᠭᠡᠲᠦ ᠦᠷᠡᠵᠢᠯ ᠤᠨ ᠰᠢᠯᠢᠳᠡᠭ ᠦᠢᠯᠡᠴᠢᠯᠡᠭᠡᠨ ᠤ ᠲᠡᠷᠢᠭᠦᠨ ᠨᠢᠭᠡᠴᠢ | ᠪᠠᠷ ᠦᠨᠡᠯᠡᠭᠳᠡᠪᠡ᠃ ᠯᠠᠯᠤ ᠶᠢᠨ ᠰᠦᠮ᠎ᠡ᠂ ᠺᠠᠲ᠋ᠣᠯᠢᠭ ᠱᠠᠰᠢᠨ ᠤ ᠳᠤᠭᠠᠩ᠂ ᠤᠰᠤᠲᠤ ᠵᠤᠤ᠂ ᠵᠣᠣ ᠴᠠᠭᠠᠨ | ᠬᠡᠷᠡᠮ ᠤᠨ ᠪᠠᠭᠤᠷᠢ ᠶᠢ ︽ᠳᠣᠯᠣᠳᠤᠭᠠᠷ ᠪᠦᠯᠦᠭ ᠤᠨ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ | ᠳᠤᠷᠠᠰᠬᠠᠯᠲᠤ ᠬᠠᠮᠠᠭᠠᠯᠠᠬᠤ ᠨᠢᠭᠡᠴᠢ︾ ᠪᠠᠷ ᠳᠣᠭᠲᠠᠭᠠᠪᠠ᠃ ᠬᠤᠲᠣᠩ ᠦᠨᠳᠦᠰᠦᠲᠡᠨ ᠤ ᠪᠥᠬᠡ᠂ ᠬᠤᠲᠣᠩ | ᠦᠨᠳᠦᠰᠦᠲᠡᠨ ᠤ ᠬᠤᠷᠢᠮ ᠤᠨ ᠶᠣᠰᠣᠯᠠᠯ᠂ ᠮᠣᠷᠢᠨ ᠬᠤᠭᠤᠷ ᠦᠢᠯᠡᠳᠬᠦ ᠤᠷᠠᠨ ᠮᠡᠷᠭᠡᠵᠢᠯ ᠨᠢ ᠥᠪᠡᠷᠲᠡᠭᠡᠨ | ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠣᠷᠣᠭᠤᠯᠪᠠ᠃ 140 ᠰᠢᠩᠭᠡᠯᠢᠭ | ᠮᠠᠶ᠋ᠢᠭ ᠤᠨ ᠬᠥᠯ ᠪᠥᠮᠪᠦᠭᠡ ᠶᠢᠨ ᠲᠠᠯᠠᠪᠤᠷ ᠪᠠᠶᠢᠭᠤᠯᠵᠤ᠂ ᠠᠷᠠᠳ ᠲᠤ ᠠᠰᠢᠭ ᠬᠦᠷᠲᠡᠭᠡᠬᠦ ︽ᠡᠷᠦᠬᠡ ᠪᠣᠯᠭᠠᠨ ᠳᠤ | ᠨᠡᠪᠲᠡᠷᠡᠭᠦᠯᠬᠦ︾ ᠷᠠᠳᠢᠣ᠋ ᠨᠡᠪᠲᠡᠷᠡᠭᠦᠯᠭᠡ ᠲᠧᠯᠸᠢᠰ ᠤᠨ ᠢᠨᠵᠧᠨᠧᠷᠢᠩ ᠢ ᠪᠦᠬᠦ ᠲᠠᠯ᠎ᠠ ᠪᠠᠷ ᠪᠦᠷᠬᠦᠬᠦ ᠶᠢ ᠪᠡᠶᠡᠯᠡᠭᠦᠯᠵᠦ᠂ | ︽ᠪᠥᠬᠦ ᠤᠯᠤᠰ ᠤᠨ ᠪᠥᠮᠪᠥᠭᠡᠨ ᠲᠠᠮᠢᠷ ᠤᠨ ᠪᠡᠶ᠎ᠡ ᠴᠢᠭᠢᠷᠠᠭᠵᠢᠭᠤᠯᠬᠤ ᠨᠤᠲᠤᠭ︾ ᠴᠣᠯᠠ ᠶᠢ ᠣᠯᠪᠠ᠃ | ᠤᠶᠤᠨ ᠤ ᠪᠣᠯᠪᠠᠰᠤᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠨᠡᠶᠢᠭᠡᠮ ᠵᠢᠷᠤᠮ ᠤᠨ ᠭᠤᠣᠯᠯᠠᠬᠤ | ᠥᠷᠲᠡᠭ ᠤᠨ ᠦᠵᠡᠯᠲᠡ ᠬᠥᠮᠦᠨ ᠤ ᠰᠡᠳᠬᠢᠯ ᠳᠤ ᠭᠦᠨ ᠰᠠᠭᠤᠭᠳᠠᠵᠠᠶ᠃ ᠭᠤᠷᠪᠠᠳᠤᠭᠠᠷ ᠤᠳᠠᠭᠠᠨ ᠤ ᠪᠦᠬᠦ | ᠤᠯᠤᠰ ᠤᠨ ᠠᠵᠤ ᠠᠬᠤᠶ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠪᠠ ᠠᠵᠤ ᠠᠬᠤᠶ ᠲᠠᠷᠢᠶᠠᠯᠠᠩ ᠤᠨ | ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠷᠠᠳ ᠤᠨ ᠵᠡᠪᠰᠡᠭᠲᠦ ᠬᠦᠴᠦ | ᠂ ᠬᠤᠶᠠᠷ ᠢ ᠬᠦᠷᠢᠶᠡᠯᠡᠨ ᠬᠠᠷᠠᠭᠠᠯᠵᠠᠯ ᠦᠵᠡᠭᠦᠯᠬᠦ᠂ ᠳᠠᠩᠰᠠ᠂ ᠦᠢᠯᠡᠳᠪᠦᠷᠢ ᠬᠤᠳᠠᠯᠳᠤᠭ᠎ᠠ᠂ ᠴᠢᠨᠠᠷ ᠤᠨ ᠬᠢᠨᠠᠯᠲᠠ | ᠂ ᠭᠠᠯ ᠰᠡᠷᠭᠡᠶᠢᠯᠡᠬᠦ᠂ ᠬᠤᠣᠷ᠎ᠠ ᠴᠠᠭᠠᠵᠠᠯᠠᠬᠤ᠂ ᠡᠭᠡ ᠬᠡᠦᠬᠡᠳ᠂ ᠵᠡᠮᠳᠡᠭᠴᠦᠦᠯ᠂ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ ᠵᠡᠷᠭᠡ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠴᠥᠮ ᠰᠢᠨ᠎ᠡ ᠠᠮᠵᠢᠯᠲᠠ ᠪᠦᠲᠦᠮᠵᠢ ᠤᠯᠪᠠ᠃ | ᠨᠡᠶᠢᠭᠡᠮ ᠢ ᠵᠠᠰᠠᠬᠤ ᠬᠢᠷᠢ ᠬᠡᠮᠵᠢᠶ᠎ᠡ ᠶᠢ ᠮᠡᠳᠡᠭᠳᠡᠬᠦ᠋ᠢᠴᠡ ᠳᠡᠭᠡᠭᠰᠢᠯᠡᠭᠦᠯᠪᠡ᠃ ᠲᠠᠪᠤᠨ ᠵᠢᠯ ᠤᠨ ᠲᠤᠷᠰᠢ᠂ | ᠨᠡᠶᠢᠭᠡᠮ ᠤᠨ ᠵᠠᠰᠠᠯᠲᠠ ᠪᠠ ᠠᠷᠠᠳ ᠤᠯᠡᠨ ᠤ ᠵᠣᠯ ᠵᠢᠭᠠᠯ ᠲᠠᠢ ᠠᠮᠢᠳᠤᠷᠠᠬᠤ ᠶᠢ ᠲᠠᠰᠤᠷᠠᠯᠳᠠ ᠦᠭᠡᠢ ᠴᠢᠩᠭᠠᠳᠬᠠᠨ | ᠰᠢᠨ᠎ᠡ ᠶᠢ ᠡᠭᠦᠳᠴᠦ᠂ ᠠᠮᠤᠷ ᠲᠠᠶᠢᠪᠤᠩ ᠤᠨ ᠲᠦᠷᠦᠭᠳᠡᠯ ᠢ ᠤᠯᠠᠮ ᠨᠢᠭᠡ ᠠᠯᠬᠤᠮ ᠴᠢᠩᠭᠠᠷᠠᠪᠠ᠃ | ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠨ᠂ ᠠᠶᠤᠯᠭᠦᠶ ᠦᠢᠯᠡᠳᠪᠦᠷᠢᠯᠡᠯ ᠢ ᠢᠮᠠᠭᠲᠠ ᠲᠡᠷᠢᠭᠦᠨ ᠴᠢᠬᠤᠯᠠ | ᠪᠠᠶᠢᠷᠢᠨ ᠳᠤ ᠲᠠᠯᠪᠢᠵᠤ᠂ ᠠᠮᠤᠷ ᠲᠦᠪᠰᠢᠨ ᠪᠤᠰᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠢ ᠭᠦᠨᠵᠡᠭᠡᠶ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ᠡ᠊ᠨᠳᠡᠯ ᠢ ᠪᠦᠲᠦᠮᠵᠢᠲᠡᠶ ᠬᠤᠷᠢᠭᠯᠠᠨ | ᠵᠣᠭᠰᠣᠭᠠᠵᠤ ᠴᠢᠳᠠᠵᠠᠢ᠃ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠴᠢᠬᠤᠯᠠ ᠶᠡᠭᠡ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠢ ᠪᠦᠲᠦᠮᠵᠢᠲᠡᠶ | ᠠᠷᠭᠠᠴᠠᠭᠠᠭᠰᠠᠨ ᠪᠠᠶᠢᠨ᠎ᠠ᠃ ︽ᠭᠤᠷᠪᠠ ᠶᠢ ᠨᠠᠶᠢᠳᠠᠪᠤᠷᠢᠵᠢᠭᠤᠯᠵᠤ᠂ ᠨᠢᠭᠡ ᠶᠢ ᠰᠢᠢᠳᠪᠦᠷᠢᠯᠡᠬᠦ︾ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠵᠠᠷᠴᠢᠮ ᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠢᠯᠭᠠᠷᠠᠭᠤᠯᠤᠨ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠶ ᠥᠷᠨᠢᠭᠦᠯᠵᠦ᠂ 643 ᠬᠤᠪᠢ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠥᠪᠥᠷ ᠮᠣᠩᠭᠤᠯ ᠤᠨ ᠲᠣᠮᠣ | ᠬᠤᠳᠠᠯᠳᠤᠭᠠᠨ ᠤ ᠲᠠᠯᠠᠪᠤᠷ ᠵᠡᠷᠭᠡ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠪᠦᠲᠦᠮᠵᠢᠲᠡᠶ | ᠬᠥᠲᠥᠯᠥᠨ ᠵᠢᠯᠣᠭᠤᠳᠴᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨ ᠬᠦ | ᠪᠠᠲᠤᠯᠠᠭ᠎ᠠ ᠲᠠᠢ ᠪᠣᠯᠭᠠᠭᠰᠠᠨ ᠪᠠᠶᠢᠨ᠎ᠠ᠃ ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠢ ᠪᠦᠬᠦ | ᠬᠦᠴᠦ ᠪᠠᠷ ᠢᠶᠠᠨ ᠬᠠᠮᠠᠭᠠᠯᠠᠵᠤ᠂ ᠥᠷᠢ ᠰᠢᠷᠢ ᠶᠢ ᠢᠯᠭᠠᠷᠠᠭᠤᠯᠬᠤ ᠬᠥᠯᠥᠰᠥᠨ ᠠᠵᠢᠯᠴᠢᠨ ᠤ ᠴᠠᠯᠢᠩ ᠨᠢ ᠨᠡᠶᠢᠲᠡ | 3 ᠳ᠋ᠦᠩᠰᠢᠭᠤᠷ ᠲᠥᠭᠦᠷᠢᠭ ᠲᠤ ᠬᠦᠷᠴᠡᠶ᠃ ︽ᠴᠣᠬᠢᠯᠲᠠ ᠥᠭᠴᠦ ᠰᠡᠷᠭᠡᠶᠢᠯᠡᠬᠦ ᠪᠠ ᠬᠠᠮᠢᠶᠠᠷᠠᠨ ᠡᠵᠡᠮᠳᠡᠬᠦ︾ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠮᠤᠷ | ᠲᠦᠪᠰᠢᠨ᠂ ᠡᠷᠡᠭᠦᠦ ᠶᠢᠨ ᠬᠡᠷᠡᠭ ᠢ ᠵᠢᠯ ᠳᠠᠷᠠᠭᠠᠯᠠᠨ ᠶᠡᠭᠡ ᠪᠠᠷ ᠳᠣᠷᠣᠭᠰᠢᠯᠠᠵᠤ᠂ ᠨᠡᠶᠢᠭᠡᠮ ᠤᠨ ᠣᠷᠴᠢᠨ ᠲᠣᠭᠤᠷᠢᠨ | ᠤ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠪᠠᠲᠤᠯᠠᠭᠰᠠᠨ ᠪᠠᠶᠢᠨ᠎ᠠ᠃ ᠡᠯ᠎ᠡ ᠦᠨᠳᠦᠰᠦᠲᠡᠨ ᠨᠦᠭᠦᠳ ︽ | ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ︾ ᠭᠤᠣᠯ ᠰᠡᠳᠦᠪ ᠢ ᠪᠠᠲᠤ ᠡᠵᠡᠮᠰᠢᠵᠦ᠂ | ᠰᠢᠨ᠎ᠡ ᠴᠠᠭ ᠦᠶ᠎ᠡ ᠶᠢᠨ ᠦᠨᠳᠦᠰᠦᠲᠡᠨ ᠤ ᠱᠠᠰᠢᠨ ᠰᠤᠷᠲᠠᠬᠤᠨ ᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ | ᠤᠯᠤᠰ ᠤᠨ ᠲᠡᠰ ᠤᠨ ︽ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ | ᠵᠢᠱᠢᠶ᠎ᠡ ᠦᠵᠡᠭᠦᠯᠬᠦ ᠣᠷᠣᠨ︾ ᠪᠣᠯᠤᠭᠰᠠᠨ ᠶᠤᠮ᠃ ᠵᠢᠷᠭᠤᠳᠤᠭᠠᠷ ᠲᠠᠪᠤᠨ ᠵᠢᠯ ᠤᠨ ᠲᠥᠯᠥᠪᠯᠡᠭᠡᠨ ᠤ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠳᠣᠯᠣᠳᠤᠭᠠᠷ | ᠲᠠᠪᠤᠨ ᠵᠢᠯ ᠤᠨ ᠲᠥᠯᠥᠪᠯᠡᠭᠡᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠪᠦᠬᠦ | ᠲᠠᠯ᠎ᠠ ᠪᠠᠷ ᠥᠷᠨᠢᠭᠦᠯᠵᠦ᠂ ᠬᠠᠤᠯᠢ ᠪᠠᠷ ᠵᠠᠰᠠᠬᠤ ᠰᠡᠳᠬᠢᠴᠡ ᠬᠥᠮᠦᠨ ᠤ ᠰᠡᠳᠬᠢᠯ ᠳᠤ ᠭᠦᠨ ᠰᠠᠭᠤᠭᠳᠠᠵᠠᠶ᠃ | ᠲᠦᠷᠪᠡ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠮᠡᠳᠡᠭᠳᠡᠬᠦ᠋ᠢᠴᠡ ᠴᠢᠩᠭᠠᠷᠠᠪᠠ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ | ᠲᠠᠪᠤᠨ ᠵᠢᠯ ᠤᠨ ᠲᠤᠷᠰᠢ᠂ ᠥᠭᠡᠷᠡᠴᠢᠯᠡᠯᠲᠡ ᠶᠢᠨ ᠠᠷᠭ᠎ᠠ ᠪᠠᠷ ᠬᠥᠭᠵᠢᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ | ᠶᠢ ᠪᠠᠷᠢᠮᠲᠠᠯᠠᠵᠤ᠂ ᠠᠵᠤ ᠠᠬᠤᠶ ᠶᠢᠨ ᠪᠠᠶᠢᠭᠤᠯᠤᠯ᠂ ᠨᠡᠶᠢᠭᠡᠮ ᠤᠨ ᠪᠠᠶᠢᠭᠤᠯᠤᠯ᠂ ᠵᠠᠰᠠᠭ ᠵᠠᠬᠢᠷᠭᠠᠨ ᠤ | ᠪᠠᠶᠢᠭᠤᠯᠤᠯ ᠤᠨ ᠥᠭᠡᠷᠡᠴᠢᠯᠡᠯᠲᠡ᠂ ᠥᠭᠡᠷᠡᠴᠢᠯᠡᠯᠲᠡ ᠶᠢᠨ ᠠᠰᠢᠭ ᠢ ᠲᠠᠰᠤᠷᠠᠯᠲᠠ ᠦᠭᠡᠢ ᠪᠠᠳᠠᠷᠠᠭᠤᠯᠬᠤ ᠶᠢ | ᠦᠷᠭᠦᠯᠵᠢᠯᠡᠨ ᠭᠦᠨᠵᠡᠭᠡᠶᠢᠷᠡᠭᠦᠯᠪᠡ᠃ ︽ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠬᠤ︾ | ᠭᠠᠶᠢᠯᠢ ᠶᠢᠨ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠦᠨᠡᠨ ᠬᠦ ᠠᠵᠤ | ᠠᠬᠤᠶᠢᠯᠠᠯ ᠤᠨ ᠭᠠᠶᠢᠯᠢ ᠶᠢᠨ ᠡᠭᠦᠷᠭᠡᠯᠡᠯ ᠢ ᠪᠠᠭᠠᠰᠬᠠᠭᠰᠠᠨ ᠪᠠᠶᠢᠨ᠎ᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠡᠷᠬᠡ ᠶᠢᠨ | ᠲᠣᠳᠣᠷᠬᠠᠶ ᠬᠠᠭᠤᠳᠠᠰᠤ ᠪᠠ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢᠨ ᠳᠦᠷᠢᠮ ᠢ ᠪᠦᠬᠦ ᠲᠠᠯ᠎ᠠ ᠪᠠᠷ | ᠪᠠᠶᠢᠭᠤᠯᠵᠤ᠂ 3011 ᠵᠤᠷᠪᠤᠰ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠡᠷᠬᠡ ᠶᠢ ᠨᠡᠶᠢᠲᠡᠯᠡᠵᠦ᠂ ᠦᠨᠡᠨ ᠬᠦ | ᠡᠷᠬᠡ ᠶᠢ ᠢᠯᠡ ᠪᠠᠷ ᠬᠡᠷᠡᠭᠵᠢᠭᠦᠯᠬᠦ ᠶᠢ ᠢᠮᠠᠭᠲᠠ ᠪᠠᠲᠤᠯᠠᠭᠰᠠᠨ ᠪᠠᠶᠢᠨ᠎ᠠ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠪᠤᠰᠤ ᠬᠢᠨᠠᠨ ᠵᠥᠪᠰᠢᠶᠡᠷᠡᠬᠦ ᠵᠦᠢᠯᠡᠰ ᠢ ᠲᠦᠢᠯᠪᠤᠷᠢᠲᠠᠶ ᠬᠦᠴᠦᠨ ᠦᠭᠡᠢ ᠪᠣᠯᠭᠠᠵᠤ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ | ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠢᠵᠠᠭᠠᠷᠯᠠᠯ ᠢ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ | ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠪᠡᠶᠡᠴᠢ ᠴᠣᠭᠴᠠ 25474 ᠭᠡᠷ ᠪᠠᠶᠢᠵᠦ᠂ ᠵᠠᠬ᠎ᠠ ᠳᠡᠯᠭᠡᠭᠦᠷ ᠤᠨ | ᠠᠮᠢᠳᠤᠯᠢᠭ ᠬᠦᠴᠦᠨ ᠢ ᠢᠯᠡᠳᠲᠡ ᠬᠥᠭᠵᠢᠭᠡᠭᠰᠡᠨ ᠪᠠᠶᠢᠨ᠎ᠠ᠃ ︽ᠬᠤᠶᠠᠷ ᠢ ᠲᠠᠰᠢᠷᠠᠮ ᠢᠶᠠᠷ ᠬᠢᠵᠦ᠂ ᠨᠢᠭᠡ ᠶᠢ | ᠢᠯᠠ ᠪᠣᠯᠭᠠᠬᠤ︾ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠢᠳᠡᠪᠬᠢᠲᠡᠶ ᠬᠡᠷᠡᠭᠵᠢᠭᠦᠯᠵᠦ᠂ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ | ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠨᠠᠩ ᠢᠯᠡᠭᠦᠤ ᠰᠢᠯᠢᠳᠡᠭᠵᠢᠭᠦᠯᠵᠦ᠂ ᠨᠡᠶᠢᠭᠡᠮ ᠤᠨ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠬᠡᠪ ᠤᠨ ᠨᠡᠶᠢᠭᠡᠮ ᠤᠨ | ᠠᠵᠤ ᠠᠬᠤᠶ ᠶᠢᠨ ᠡᠮᠬᠢ ᠵᠢᠷᠤᠮ ᠢ ᠦᠨᠡᠨ ᠬᠦ ᠬᠠᠮᠠᠭᠠᠯᠠᠭᠰᠠᠨ ᠪᠠᠶᠢᠨ᠎ᠠ᠃ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠪᠠ᠃ ᠲᠠᠪᠤᠨ | ᠵᠢᠯ ᠤᠨ ᠲᠤᠷᠰᠢ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠷᠠᠳᠴᠢᠯᠠᠯᠲᠤ | ᠰᠢᠢᠳᠪᠦᠷᠢ ᠲᠣᠭᠲᠠᠭᠠᠬᠤ᠂ ᠬᠠᠤᠯᠢ ᠶᠣᠰᠣ ᠪᠠᠷ ᠪᠣᠳᠣᠯᠭ᠎ᠠ ᠲᠣᠭᠲᠠᠭᠠᠬᠤ ᠶᠢ ᠢᠮᠠᠭᠲᠠ ᠪᠠᠷᠢᠮᠲᠠᠯᠠᠵᠤ᠂ ︽ᠭᠤᠷᠪᠠᠨ | ᠴᠢᠬᠤᠯᠠ ᠨᠢᠭᠡ ᠶᠡᠭᠡ︾ ᠵᠦᠢᠯ ᠤᠨ ᠬᠠᠮᠲᠤ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠬᠠᠤᠯᠢ ᠴᠠᠭᠠᠵᠠ ᠶᠢᠨ ᠵᠥᠪᠯᠡᠭᠴᠢ ᠶᠢ ᠨᠡᠶᠢᠳᠡᠮ | ᠲᠤ ᠪᠠᠨ ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠨᠢ ᠢᠯᠡᠳᠲᠡ ᠦᠷ᠎ᠡ | ᠪᠦᠲᠦᠮᠵᠢ ᠤᠯᠪᠠ᠃ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠳᠤᠮᠳᠠ ︽ | ᠭᠤᠷᠪᠠᠨ ᠴᠢᠩᠭ᠎ᠠ ᠭᠤᠷᠪᠠᠨ ᠪᠣᠳᠠᠲᠠᠶ︾ ᠶᠢᠨ ᠲᠤᠰᠬᠠᠶ ᠰᠡᠳᠦᠪᠲᠦ ᠬᠥᠮᠦᠵᠢᠯ ᠢ ᠲᠥᠯᠬᠢᠨ ᠠᠬᠢᠭᠤᠯᠬᠤ ᠶᠢ | ᠭᠦᠨᠵᠡᠭᠡᠶ ᠥᠷᠨᠢᠭᠦᠯᠵᠦ᠂ ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ ᠤᠨ | ᠠᠵᠢᠯ ᠢ ᠪᠠᠶᠢᠩᠭᠤᠵᠢᠭᠤᠯᠬᠤ ᠶᠠᠪᠤᠳᠠᠯ ᠢ ᠳᠦᠷᠢᠮᠵᠢᠭᠦᠯᠵᠦ᠂ ᠪᠠᠶᠢᠭᠤᠯᠭ᠎ᠠ ᠶᠢᠨ ᠺᠠᠳ᠋ᠷ ᠶᠢᠨ ︽ᠲᠦᠷᠪᠡᠨ ᠤᠬᠠᠮᠰᠠᠷ︾ | ᠢ ᠲᠠᠰᠤᠷᠠᠯᠲᠠ ᠦᠭᠡᠢ ᠴᠢᠩᠭᠠᠳᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠠᠵᠢᠯ ᠤᠨ ᠬᠢᠨᠠᠯᠲᠠ ᠪᠠ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ | ᠨᠡᠶᠢᠲᠡ 1342 ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠠᠨᠠᠭᠤᠯᠭ᠎ᠠ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠵᠦ ᠂ | ᠬᠠᠷᠢᠭᠤᠯᠲᠠ ᠥᠭᠭᠦᠭᠰᠡᠨ ᠨᠤᠷᠮ᠎ᠠ ᠨᠢ 100% ᠬᠦᠷᠴᠦ᠂ ᠬᠠᠨᠤᠮᠵᠢ ᠶᠢᠨ ᠬᠡᠮᠵᠢᠶ᠎ᠡ ᠵᠢᠯ ᠳᠠᠷᠠᠭᠠᠯᠠᠨ | ᠳᠡᠭᠡᠭᠰᠢᠯᠡᠭᠰᠡᠨ ᠪᠠᠶᠢᠨ᠎ᠠ᠃ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ | ᠡᠪᠯᠡᠯ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠰᠠᠨᠠᠯ ᠪᠠ ᠰᠠᠨᠠᠭᠤᠯᠭ᠎ᠠ ᠶᠢ ᠰᠣᠨᠣᠰᠬᠤ ᠶᠠᠪᠤᠳᠠᠯ ᠢ | ᠴᠢᠬᠤᠯᠠᠴᠢᠯᠠᠵᠤ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠪᠡ᠃ | ᠲᠥᠪ ᠬᠤᠷᠢᠶᠠᠨ ᠤ ︽ᠨᠠᠢᠮᠠᠨ ᠵᠦᠢᠯ ᠤᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ︽ᠳᠥᠷᠪᠡᠨ ᠰᠤᠷᠲᠠᠯ︾ ᠢ | ᠦᠨᠡᠨ ᠬᠦ ᠴᠡᠭᠴᠡᠯᠡᠨ ᠵᠠᠰᠠᠵᠤ᠂ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠢ ᠢᠯᠭᠠᠷᠠᠭᠤᠯᠤᠨ | ᠲᠢᠭᠯᠡᠨ ᠨᠡᠭᠦᠵᠦ ᠭᠠᠷᠭᠠᠬᠤ ᠪᠠ ᠠᠯᠪᠠᠨ ᠶᠠᠪᠤᠳᠠᠯ ᠳᠤ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ | ᠤᠷᠤᠭᠰᠢᠲᠠᠶ ᠪᠡᠶᠡᠯᠡᠭᠦᠯᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠲᠥᠰᠦᠪ ᠢ ᠶᠡᠭᠡ ᠪᠠᠷ | ᠪᠠᠭᠠᠰᠬᠠᠭᠰᠠᠨ ᠪᠠᠶᠢᠨ᠎ᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠰᠤᠷᠠᠯᠲᠠ ᠦᠭᠡᠢ ᠢᠯᠵᠢᠷᠡᠯ ᠢ | ᠡᠰᠡᠷᠭᠦᠴᠡᠬᠦ᠂ ᠦᠵᠡᠯ ᠰᠠᠨᠠᠭ᠎ᠠ ᠪᠠ ᠪᠠᠶᠢᠭᠤᠯᠤᠯ ᠤᠨ ᠰᠡᠷᠭᠡᠶᠢᠯᠡᠬᠦ ᠱᠤᠭᠤᠮ ᠬᠤᠪᠢᠷᠠᠬᠤ ᠶᠢ ᠰᠡᠷᠭᠡᠶᠢᠯᠡᠬᠦ᠂ ᠠᠷᠢᠭᠤᠨ | ᠴᠢᠬᠡᠴᠢ ᠪᠠᠷ ᠵᠠᠰᠠᠭ ᠪᠠᠷᠢᠬᠤ᠂ ᠪᠣᠳᠠᠲᠤ ᠠᠵᠢᠯᠯᠠᠭ᠎ᠠ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠵᠠᠰᠠᠭ ᠤᠨ | ᠣᠷᠳᠣᠨ ᠤ ᠳᠦᠷᠢ ᠲᠥᠷᠬᠦ ᠶᠢ ᠲᠠᠰᠤᠷᠠᠯᠲᠠ ᠦᠭᠡᠢ ᠢᠯᠡᠷᠡᠭᠦᠯᠦᠭᠰᠡᠨ ᠪᠠᠶᠢᠨ᠎ᠠ᠃ | ᠲᠥᠯᠥᠭᠡᠯᠡᠭᠴᠢᠳ ᠡ᠄ ᠥᠩᠭᠡᠷᠡᠭᠰᠡᠨ ᠲᠠᠪᠤᠨ ᠵᠢᠯ ᠪᠣᠯ᠂ ᠠᠵᠠ ᠲᠣᠬᠢᠶᠠᠯ ᠢ ᠴᠢᠩᠭ᠎ᠠ ᠠᠳᠬᠤᠵᠤ᠂ | ᠥᠷᠢᠰᠥᠯᠳᠦᠭᠡᠨ ᠢ ᠠᠷᠭᠠᠴᠠᠭᠰᠠᠨ᠂ ᠠᠵᠤ ᠠᠬᠤᠶ ᠨᠡᠶᠢᠭᠡᠮ ᠤᠨ ᠪᠦᠬᠦ ᠲᠠᠯ᠎ᠠ ᠪᠠᠷ ᠬᠥᠭᠵᠢᠭᠰᠡᠨ ᠲᠠᠪᠤᠨ ᠵᠢᠯ | ᠪᠣᠯᠤᠨ᠎ᠠ᠃ ᠵᠣᠷᠢᠭᠲᠠᠶ ᠪᠠᠷ ᠬᠠᠶᠢᠨ ᠰᠦᠪᠡᠭᠴᠢᠯᠡᠵᠦ᠂ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠢᠷᠡᠭᠡᠳᠦᠶ ᠶᠢᠨ | ᠠᠯᠤᠰ ᠲᠤ ᠰᠠᠭᠤᠷᠢ ᠲᠠᠯᠪᠢᠵᠤ ᠥᠭᠭᠦᠭᠰᠡᠨ ᠲᠠᠪᠤᠨ ᠵᠢᠯ ᠪᠤᠯᠤᠨ᠎ᠠ᠃ ᠨᠢᠭᠡ ᠰᠡᠳᠬᠢᠯ ᠨᠢᠭᠡ ᠵᠣᠷᠢᠭ ᠢᠶᠠᠷ | ᠬᠦᠴᠦᠯᠡᠨ ᠲᠡᠮᠡᠴᠡᠵᠦ᠂ ᠬᠠᠮᠲᠤ ᠪᠠᠷ ᠰᠠᠶᠢᠨ ᠰᠠᠶᠢᠬᠠᠨ᠂ ᠵᠣᠯ ᠵᠢᠷᠭᠠᠯᠲᠤ ᠠᠮᠢᠳᠤᠷᠠᠯ ᠢ ᠬᠥᠪᠴᠢᠯᠡᠭᠰᠡᠨ ᠲᠠᠪᠤᠨ | ᠵᠢᠯ ᠪᠣᠯᠤᠨ᠎ᠠ᠃ ᠪᠢᠳᠡ ᠵᠠᠯᠭᠠᠮᠵᠢᠯᠠᠬᠤ ᠶᠢᠨ ᠳᠤᠮᠳᠠ ᠰᠢᠨ᠎ᠡ ᠶᠢ ᠡᠭᠦᠳᠴᠦ᠂ ᠬᠥᠭᠵᠢᠯᠲᠡ ᠶᠢᠨ ᠳᠤᠮᠳᠠ | ᠰᠢᠪᠲᠤᠯᠤᠯᠲᠠ ᠭᠠᠷᠭᠠᠵᠤ᠂ ᠡᠯ᠎ᠡ ᠵᠦᠢᠯ ᠤᠨ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠴᠢᠬᠤᠯᠠ ᠶᠡᠭᠡ | ᠠᠮᠵᠢᠯᠲᠠ ᠤᠯᠪᠠ᠃ ᠡᠳᠡᠭᠡᠷ ᠠᠮᠵᠢᠯᠲᠠ ᠪᠦᠲᠦᠮᠵᠢ ᠶᠢ ᠣᠯᠣᠭᠰᠠᠨ ᠨᠢ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠪᠠ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠲᠣᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ | ᠲᠠᠯᠪᠢᠨ᠂ ᠶᠡᠬᠡᠪᠡᠷ ᠳᠡᠮᠵᠢᠭᠰᠡᠨ ᠤ ᠦᠷ᠎ᠡ ᠳ᠋ᠦᠩ ᠮᠥᠨ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠪᠦᠯᠬᠦᠮᠳᠡᠨ ᠲᠡᠮᠡᠴᠡᠵᠦ᠂ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠥᠨ᠃ ᠡ᠊ᠨᠳᠡ ᠪᠢ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ | ᠲᠦᠮᠡᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ | ᠲᠦ᠋ᠷᠦ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ | ᠬᠤᠳᠠᠯᠳᠤᠭᠠᠴᠢᠳ ᠤᠨ ᠬᠤᠯᠪᠣᠭ᠎ᠠ᠂ ᠠᠷᠠᠳ ᠤᠨ ᠪᠦᠯᠬᠦᠮ ᠤᠳ᠂ ᠰᠠᠭᠤᠭ᠎ᠠ ᠣᠷᠣᠨ ᠤ ᠠᠷᠠᠳ ᠤᠨ ᠴᠢᠯᠥᠭᠡᠯᠡᠬᠦ | ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ᠂ ᠳᠣᠲᠣᠭᠠᠳᠤ ᠶᠢ | ᠬᠠᠮᠠᠭᠠᠯᠠᠬᠤ ᠠᠷᠠᠳ ᠤᠨ ᠴᠠᠭᠳᠠᠭ᠎ᠠ᠂ ᠰᠠᠭᠤᠭ᠎ᠠ ᠣᠷᠣᠨ ᠤ ᠡᠯ᠎ᠡ ᠨᠢᠭᠡᠴᠡ᠂ ᠬᠤᠲᠣᠩ ᠦᠨᠳᠦᠰᠦᠲᠡᠨ ᠤ | ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠬᠥᠭᠵᠢᠯᠲᠡ ᠶᠢᠨ ᠡᠯ᠎ᠡ | ᠡᠲᠡᠭᠡᠳ ᠤᠨ ᠨᠠᠶᠢᠵᠢ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠵᠦ ᠪᠠᠶᠢᠨ᠎ᠠ︕ | ᠲᠠᠪᠤᠨ ᠵᠢᠯ ᠤᠨ ᠲᠤᠷᠰᠢᠬᠢ ᠲᠡᠮᠡᠴᠡᠯ ᠤᠨ ᠥᠩᠭᠡᠷᠡᠯᠲᠡ ᠠᠴᠠ ᠦᠵᠡᠪᠡᠯ᠂ ᠡᠳᠡᠭᠡᠷ ᠠᠮᠵᠢᠯᠲᠠ | ᠪᠦᠲᠦᠮᠵᠢ ᠶᠢ ᠣᠯᠤᠭᠰᠠᠨ ᠨᠢ ᠬᠢᠯᠪᠠᠷ ᠪᠤᠰᠤ ᠶᠤᠮ᠃ ᠲᠤᠷᠰᠢᠯᠭ᠎ᠠ ᠪᠣᠯ ᠲᠦᠢᠯ ᠤᠨ ᠡᠷᠬᠢᠮ ᠨᠠᠨᠳᠢᠨ ᠶᠤᠮ᠂ ᠪᠢᠳᠠ | ᠭᠦᠨᠵᠡᠭᠡᠶ ᠣᠶᠢᠯᠭᠠᠭᠰᠠᠨ ᠨᠢ᠄ | ᠡᠷᠬᠡᠪᠰᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ | ᠪᠣᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠤᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠲᠦᠷᠪᠡᠨ ᠤᠬᠠᠮᠰᠠᠷ︾ | ᠢ ᠪᠠᠲᠤ ᠪᠠᠬᠢ ᠪᠤᠢ ᠪᠣᠯᠭᠠᠵᠤ᠂ ᠤᠯᠤᠰ ᠲᠦᠷᠤ ᠶᠢᠨ ᠵᠣᠭᠰᠣᠴᠠ ᠶᠢ ᠡᠵᠡᠮᠳᠡᠬᠦ ᠶᠢ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠶ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ | ᠰᠦᠷ ᠢ ᠡᠷᠡᠰ ᠬᠠᠮᠠᠭᠠᠯᠠᠬᠤ ᠬᠡᠷᠡᠭᠲᠡᠶ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠦᠬᠦ ᠬᠤᠲᠠ ᠶᠢᠨ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠤᠲᠣᠩ ᠦᠨᠳᠦᠰᠦᠲᠡᠨ ᠤ ᠲᠣᠭᠤᠷᠢᠭ ᠤᠨ ᠠᠵᠤ ᠠᠬᠤᠶ ᠨᠡᠶᠢᠭᠡᠮ ᠤᠨ ᠪᠦᠬᠦ ᠲᠠᠯ᠎ᠠ ᠪᠠᠷ ᠵᠣᠬᠢᠴᠠᠩᠭᠤᠶ ᠪᠠᠷ | ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠶ᠃ | ᠡᠷᠬᠡᠪᠰᠢ ᠬᠥᠭᠵᠢᠯᠲᠡ ᠭᠡᠬᠦ ᠡᠨᠡ ᠬᠦ ᠭᠤᠣᠯ ᠰᠢᠵᠢᠮ ᠢ ᠪᠠᠲᠤ ᠴᠢᠩᠭ᠎ᠠ ᠠᠳᠬᠤᠬᠤ ᠬᠡᠷᠡᠭᠲᠡᠶ᠃ ᠠᠵᠤ | ᠠᠬᠤᠶ ᠶᠢᠨ ᠪᠦᠲᠦᠭᠡᠨ ᠪᠠᠶᠢᠭᠤᠯᠤᠯᠲᠠ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠤᠱᠯᠠᠭᠤᠯᠤᠨ᠂ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠬᠦ ᠶᠢ ᠠᠬᠢᠭᠤᠯᠵᠤ᠂ ᠬᠤᠲᠠ ᠲᠣᠭᠤᠷᠢᠭ ᠤᠨ | ᠴᠢᠳᠠᠮᠵᠢᠳᠦ ᠪᠠᠶᠢᠷᠢᠰᠢᠯ ᠢ ᠬᠦᠴᠦᠯᠡᠨ ᠰᠢᠯᠢᠳᠡᠭᠵᠢᠭᠦᠯᠵᠦ᠂ ᠬᠤᠲᠠ ᠬᠥᠳᠡᠭᠡ ᠶᠢᠨ ᠲᠡᠩᠴᠡᠭᠦᠷᠢᠲᠡᠶ ᠵᠣᠬᠢᠴᠠᠩᠭᠤᠶ | ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ | ᠡᠷᠬᠡᠪᠰᠢ ᠬᠥᠮᠦᠨ ᠢᠶᠠᠷ ᠦᠨᠳᠦᠰᠦ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠶᠠᠪᠤᠳᠠᠯ ᠢ ᠠᠯᠢᠪᠠ ᠠᠵᠢᠯ ᠤᠨ ᠡᠭᠦᠰᠦᠯᠲᠡ ᠪᠠ ᠲᠡᠭᠦᠰᠦᠯᠲᠡ ᠪᠣᠯᠭᠠᠵᠤ᠂ ᠠᠷᠠᠳ ᠤᠨ | ᠠᠮᠢᠳᠤᠷᠠᠯ ᠳᠤ ᠠᠰᠢᠭ ᠲᠤᠰᠠ ᠣᠯᠭᠤᠬᠤ ᠶᠢ ᠢᠯᠡᠭᠦᠬᠡᠨ ᠪᠣᠳᠣᠯᠬᠢᠯᠠᠵᠤ᠂ ᠵᠣᠪᠠᠭᠤᠷᠢ ᠵᠦᠳᠡᠭᠦᠷᠢ ᠶᠢ ᠢᠯᠡᠭᠦᠬᠡᠨ | ᠠᠷᠢᠯᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠠᠷᠠᠳ ᠤᠯᠠᠨ ᠤ ᠬᠦᠷᠲᠡᠮᠵᠢ ᠶᠢᠨ | ᠮᠡᠳᠡᠷᠡᠮᠵᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠠᠮᠤᠷ ᠲᠦᠪᠰᠢᠨ ᠤ ᠰᠡᠳᠬᠢᠯᠭᠡ ᠶᠢ ᠨᠠᠩ ᠪᠠᠲᠤᠯᠠᠭ᠎ᠠ ᠲᠠᠢ | ᠪᠣᠯᠭᠠᠬᠤ ᠬᠡᠷᠡᠭᠲᠡᠢ᠃ | ᠡᠷᠬᠡᠪᠰᠢ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠦᠬᠦ ᠬᠦᠴᠦ ᠪᠠᠷ ᠢᠶᠠᠨ ᠬᠠᠮᠠᠭᠠᠯᠠᠨ᠎ᠠ᠃ | ᠬᠥᠭᠵᠢᠭᠦᠯᠬᠦ ᠪᠠ ᠲᠣᠭᠲᠠᠭᠤᠨ ᠪᠠᠶᠢᠯᠭᠠᠬᠤ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠨᠠᠮ ᠤᠨ | ᠦᠨᠳᠦᠰᠦᠲᠡᠨ ᠱᠠᠰᠢᠨ ᠰᠤᠷᠲᠠᠬᠤᠨ ᠤ ᠲᠤᠬᠠᠶ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠡᠶᠢᠭᠡᠮ ᠤᠨ ᠪᠦᠬᠦ ᠲᠠᠯ᠎ᠠ ᠪᠠᠷ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ︽ | ᠲᠣᠭᠲᠠᠭᠤᠨ︾ ᠪᠠᠶᠢᠭᠰᠠᠨ ᠰᠠᠭᠤᠷᠢ ᠶᠢ ᠬᠦᠴᠦᠯᠡᠨ ᠪᠠᠬᠢᠵᠢᠭᠦᠯᠵᠦ᠂ ︽ᠤᠷᠤᠭᠰᠢᠯᠠᠭᠤᠯᠬᠤ︾ ᠬᠦᠴᠦᠨ | ᠬᠤᠷᠠᠮᠳᠤᠭᠤᠯᠵᠤ᠂ ᠰᠡᠳᠬᠢᠯ ᠰᠠᠨᠠᠭ᠎ᠠ ᠪᠠᠨ ᠨᠢᠭᠡᠳᠬᠡᠨ ᠦᠵᠡᠰᠬᠦᠯᠡᠩᠲᠦ ᠰᠠᠶᠢᠬᠠᠨ ᠪᠠᠷᠠᠭᠤᠨ ᠬᠤᠲᠠ ᠪᠠᠶᠢᠭᠤᠯᠤᠨ᠎ᠠ | ᠃ | ᠡᠷᠬᠡᠪᠰᠢ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠬᠤ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠪᠠ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠯᠠᠪᠳᠠᠭᠤᠨ ᠪᠠᠲᠤᠲᠠᠢ | ᠠᠬᠢᠭᠤᠯᠵᠤ᠂ ᠤᠶᠤᠨ ᠰᠠᠨᠠᠭᠠᠨ ᠤ ᠳᠦᠷᠰᠦ ᠪᠠᠶᠢᠳᠠᠯ ᠪᠠ ᠪᠤᠴᠠᠯᠲᠠ ᠦᠭᠡᠶ ᠲᠡᠮᠡᠴᠡᠬᠦ ᠣᠪᠣᠷ ᠪᠠᠶᠢᠳᠠᠯ ᠬᠡᠵᠢᠶᠡᠳᠡ | ᠬᠤᠶᠢᠷᠭᠤᠰᠢᠬᠤ ᠦᠬᠡᠢ ᠪᠠᠶᠢᠵᠦ᠂ ᠪᠦᠲᠦᠭᠡᠯᠴᠢ ᠴᠢᠨᠠᠷᠲᠠᠢ ᠠᠵᠢᠯ ᠪᠠᠷ ᠥᠷᠨᠢᠭᠦᠯᠵᠦ᠂ ︽ᠬᠠᠳᠠᠭᠠᠰᠤ ᠬᠠᠳᠠᠬᠤ︾ | ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠂ ᠦᠢᠯᠡᠴᠢᠯᠡᠭᠡᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ | ᠬᠡᠳᠦ᠋ᠢᠪᠡᠷ ᠬᠥᠮᠦᠰ ᠢ ᠵᠣᠷᠢᠭᠵᠢᠭᠤᠯᠤᠮ᠎ᠠ ᠠᠮᠵᠢᠯᠲᠠ ᠣᠯᠣᠭᠰᠠᠨ ᠪᠣᠯᠪᠠᠴᠤ ᠠᠰᠠᠭᠤᠳᠠᠯ ᠢ ᠪᠠᠰᠠ | ᠣᠮᠲᠣᠭᠠᠶᠢᠯᠠᠵᠤ ᠪᠣᠯᠤᠰᠢ ᠦᠭᠡᠢ ᠪᠠᠶᠢᠨ᠎ᠠ᠃ ᠭᠤᠣᠯ ᠢᠯᠡᠷᠡᠯ ᠨᠢ᠄ ᠤᠳᠤ ᠦᠶ᠎ᠡ ᠶᠢᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠭᠦᠢᠴᠡᠳ ᠦᠭᠡᠢ᠂ ᠳᠡᠭᠡᠳᠦ ᠳᠡᠰ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ | ᠤᠳᠠᠭᠠᠰᠢᠷᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠡᠭᠦᠷᠭᠡ ᠬᠦᠨᠳᠦ ᠵᠠᠮ ᠬᠤᠯᠠ | ᠪᠠᠶᠢᠨ᠎ᠠ᠃ ᠬᠤᠲᠠ ᠶᠢᠨ ᠲᠣᠭᠤᠷᠢᠭ ᠤᠨ ᠬᠥᠭᠵᠢᠯᠲᠡ ᠶᠢᠨ ᠣᠷᠣᠨ ᠵᠠᠶ ᠬᠢᠵᠠᠭᠠᠷᠯᠠᠭᠳᠠᠵᠤ᠂ ᠠᠰᠢᠭᠯᠠᠵᠤ ᠪᠣᠯᠬᠤ | ᠭᠠᠵᠠᠷ ᠰᠢᠷᠣᠶ ᠬᠤᠪᠣᠷ᠂ ᠪᠠᠷᠢᠯᠭ᠎ᠠ ᠶᠢᠨ ᠨᠥᠭᠡᠴᠡ ᠬᠦᠷᠦᠯᠴᠡᠬᠦ ᠦᠭᠡᠢ᠂ ᠲᠦᠰᠢᠭ ᠲᠤᠯᠭᠠᠭᠤᠷᠢ ᠶᠢᠨ ᠬᠦᠴᠦᠨ | ᠮᠡᠬᠦᠰᠳᠡᠵᠦ᠂ ᠬᠥᠭᠵᠢᠯᠲᠡ ᠶᠢᠨ ᠳᠠᠯᠳᠠ ᠬᠦᠴᠦᠨ ᠢ ᠮᠥᠨ ᠯᠡ ᠭᠦᠨᠵᠡᠭᠡᠶ ᠠᠭᠤᠳᠠᠯᠤᠨ ᠮᠠᠯᠲᠠᠬᠤ ᠬᠡᠷᠡᠭᠲᠡᠢ᠃ | ᠰᠢᠨ᠎ᠡ ᠨᠡᠮᠡᠯᠲᠡ ᠭᠠᠶᠢᠯᠢ ᠶᠢᠨ ᠢᠷᠡᠯᠳᠡ ᠨᠢ ᠬᠦᠷᠦᠯᠴᠡᠬᠦ ᠥᠭᠡᠢ᠂ ᠬᠡᠷᠡᠭᠯᠡᠵᠦ ᠪᠣᠯᠬᠤ ᠡᠳ᠋ ᠤᠨ ᠬᠦᠴᠦᠨ | ᠬᠢᠵᠠᠭᠠᠷᠲᠠᠶ᠂ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠬᠦ ᠲᠣᠪᠤᠶᠢᠮ᠎ᠠ ᠣᠷᠣᠰᠢᠵᠤ ᠪᠠᠶᠢᠨ᠎ᠠ᠃ ᠠᠷᠠᠳ ᠤᠨ | ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠳᠠᠯ ᠪᠤᠢ᠂ ᠬᠠᠤᠯᠢ ᠪᠠᠷ ᠵᠠᠰᠠᠬᠤ ᠬᠡᠯᠪᠡᠷᠢ ᠶᠢᠨ | ᠵᠠᠰᠠᠭ ᠤᠨ ᠣᠷᠳᠣᠨ ᠢ ᠪᠠᠶᠢᠭᠤᠯᠬᠤ᠂ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ ᠣᠷᠳᠣᠨ ᠤ ᠪᠠᠶᠢᠭᠤᠯᠤᠯᠲᠠ | ᠵᠡᠷᠭᠡ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠡᠳᠡᠭᠡᠷ ᠠᠰᠠᠭᠤᠳᠠᠯ ᠢ ᠪᠢᠳᠠ ᠡᠷᠬᠡᠪᠰᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠶᠢᠰᠢᠳᠠ ᠶᠢᠨ ᠠᠵᠢᠯ ᠤᠨ ᠳᠤᠮᠳᠠ ᠪᠠᠨ ᠬᠢᠨᠠᠮᠠᠭᠠᠶ | ᠰᠢᠢᠳᠪᠦᠷᠢᠯᠡᠬᠦ ᠬᠡᠷᠡᠭᠲᠡᠶ᠃ | ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠠᠨᠠᠭᠤᠯᠭ᠎ᠠ | ᠰᠠᠶ᠋ᠢᠬᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠲᠡᠭᠦᠰᠦᠯ᠎ᠡ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠣᠭᠲᠠᠭᠠᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠴᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠬᠦ ᠶᠢ ᠳᠤᠷᠠᠳᠤᠨ ᠭᠠᠷᠭᠠᠵᠤ᠂ ᠳᠠᠬᠢᠭᠠᠳ ᠪᠦᠬᠦ ᠲᠠᠯ᠎ᠠ ᠪᠠᠷ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠶᠢ ᠳᠤᠷᠠᠳᠤᠨ ᠭᠠᠷᠭᠠᠵᠠᠶ᠃ | ᠰᠢᠨ᠎ᠡ ᠦᠵᠡᠯ ᠰᠠᠨᠠᠭ᠎ᠠ ᠰᠢᠨ᠎ᠡ ᠴᠠᠭ ᠦᠶ᠎ᠡ ᠶᠢ ᠬᠥᠲᠥᠯᠥᠨ ᠳᠠᠭᠠᠭᠤᠯᠬᠤ᠂ ᠰᠢᠨ᠎ᠡ ᠡᠭᠦᠷᠭᠡ ᠰᠢᠨ᠎ᠡ ᠠᠶᠠᠨ ᠵᠠᠮ ᠢ | ᠡᠬᠢᠯᠡᠭᠦᠯᠵᠦ᠂ ᠪᠢᠳᠡ ᠡᠷᠬᠡᠪᠰᠢ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠬᠥᠭᠵᠢᠭᠦᠯᠬᠦ ᠤᠬᠠᠮᠰᠠᠷ ᠪᠠ ᠬᠠᠷᠢᠭᠤᠴᠠᠯᠭᠠᠲᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠬᠠᠷᠠᠯᠲᠠ ᠶᠢᠨ ᠤᠳᠤᠷᠢᠳᠤᠮᠵᠢ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ | ᠂ ᠪᠦᠬᠦ ᠲᠠᠯ᠎ᠠ ᠶᠢ ᠡᠵᠡᠮᠳᠡᠨ᠂ ᠴᠠᠭ ᠲᠣᠬᠢᠶᠠᠯ ᠢ ᠠᠮᠵᠢᠨ ᠠᠳᠬᠤᠵᠤ᠂ ᠡᠷᠡᠰ ᠵᠣᠷᠢᠭ ᠢᠶᠠᠷ ᠰᠢᠨ᠎ᠡ ᠶᠢ ᠡᠭᠦᠳᠴᠦ᠂ | ᠳᠠᠪᠠᠭᠤᠯᠢᠭ ᠢᠶᠠᠨ ᠵᠤᠵᠠᠭᠠᠨ ᠳᠡᠪᠢᠰᠴᠦ᠂ ᠬᠥᠭᠵᠢᠯᠲᠡ ᠲᠡᠩᠴᠡᠭᠦᠷᠢ ᠦᠭᠡᠢ ᠪᠠᠶᠢᠬᠤ᠂ ᠭᠦᠢᠴᠡᠳ ᠪᠤᠰᠤ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠡᠰᠦᠷᠡᠯᠳᠠ ᠤᠢᠭᠡᠢ ᠬᠠᠩᠭᠠᠬᠤ ᠬᠡᠷᠡᠭᠲᠡᠶ᠃ | ᠬᠤᠶᠢᠰᠢᠳᠠ ᠶᠢᠨ ᠲᠠᠪᠤᠨ ᠵᠢᠯ ᠳᠤ᠂ ᠮᠠᠨ ᠤ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠶᠡᠷᠦᠩᠬᠡᠶ ᠰᠡᠳᠬᠢᠴᠡ ᠪᠣᠯ᠄ ᠲᠤᠮᠳᠠᠳᠤ ᠤᠯᠣᠰ ᠤᠨ ᠤᠠᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ | ᠲᠤᠭ ᠢ ᠦᠠᠳᠣᠷ ᠮᠠᠨᠳᠤᠭᠤᠯᠤᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ | ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠲᠤᠤᠱᠯᠠᠭᠤᠯᠵᠤ᠂ ︽1248︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ︽ᠭᠤᠷᠪᠠᠨ | ᠵᠡᠷᠭᠡ ᠳᠡᠪᠰᠢᠬᠦ︾ ᠶᠢ ᠲᠦᠷᠭᠡᠳᠬᠡᠵᠦ᠂ ︽ᠭᠤᠷᠪᠠᠨ ᠶᠡᠭᠡ ᠳᠡᠭᠡᠭᠰᠢᠯᠡᠭᠦᠯᠬᠦ︾ ᠶᠢ ᠬᠡᠷᠡᠭᠵᠢᠭᠦᠯᠵᠦ᠂ ︽ᠭᠤᠷᠪᠠᠨ | ᠶᠡᠭᠡ ᠰᠢᠰᠲ᠋ᠧᠮ︾ ᠢ ᠲᠡᠭᠦᠯᠳᠡᠷᠵᠢᠭᠦᠯᠵᠦ᠂ ᠠᠵᠤ ᠠᠬᠤᠶ ᠶᠢᠨ ᠴᠡᠴᠡᠭᠯᠡᠯ ᠪᠠ ᠬᠥᠭᠵᠢᠯ᠂ ᠣᠷᠴᠢᠨ ᠲᠣᠭᠤᠷᠢᠨ ᠨᠢ | ᠭᠤᠶᠢᠳᠠ ᠰᠠᠶᠢᠬᠠᠨ ᠪᠥᠭᠡᠳ ᠣᠷᠣᠰᠢᠨ ᠰᠠᠭᠤᠬᠤ ᠳᠤ ᠠᠶᠠᠲᠠᠶ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ | ᠪᠠᠶᠢᠳᠠᠯ ᠲᠠᠢ ᠣᠳᠣᠬᠢᠴᠢᠯᠠᠭᠰᠠᠨ ᠲᠥᠪ ᠬᠤᠳᠠ ᠶᠢᠨ ᠲᠡᠷᠢᠭᠦᠨ ᠵᠡᠷᠭᠡ ᠶᠢᠨ ᠭᠤᠣᠯ ᠬᠤᠳᠠ ᠶᠢᠨ ᠲᠣᠭᠤᠷᠢᠭ ᠢ | ᠪᠦᠲᠦᠭᠡᠨ ᠪᠠᠶᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠠᠭᠤᠤ ᠶᠡᠭᠡ ᠢᠯᠠᠯᠲᠠ ᠣᠯᠤᠨ᠎ᠠ᠃ | | ᠳᠡᠭᠡᠷ᠎ᠡ ᠳᠤᠷᠠᠳᠤᠭᠰᠠᠨ ᠶᠡᠷᠦᠩᠬᠡᠶ ᠰᠡᠳᠬᠢᠴᠡ ᠪᠣᠯ᠂ ᠮᠠᠨ ᠤ ᠲᠣᠭᠤᠷᠢᠭ ᠤᠨ ᠬᠤᠶᠢᠰᠢᠳᠠ ᠶᠢᠨ ᠲᠠᠪᠤᠨ | ᠵᠢᠯ ᠤᠨ ᠬᠥᠭᠵᠢᠯᠲᠡ ᠶᠢᠨ ᠭᠤᠣᠯ ᠡᠭᠦᠷᠭᠡ ᠪᠣᠯᠤᠨ᠎ᠠ᠄ | ᠨᠢᠭᠡ ︽ᠭᠤᠷᠪᠠᠨ ᠵᠡᠷᠭᠡ ᠳᠡᠪᠰᠢᠬᠦ︾ ᠶᠢ ᠲᠦᠷᠭᠡᠳᠬᠡᠵᠦ ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ᠂ | ᠥᠷᠢᠰᠥᠯᠳᠦᠬᠦ ᠴᠢᠳᠠᠪᠤᠷᠢ ᠪᠠᠨ ᠨᠡᠮᠡᠭᠳᠡᠭᠦᠯᠦᠨ᠎ᠡ | ᠬᠤᠳᠠᠯᠳᠤᠭ᠎ᠠ ᠠᠷᠠᠯᠵᠢᠶᠠᠨ ᠤ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ | ᠲᠦᠷᠭᠡᠳᠬᠡᠨ᠎ᠡ᠃ ᠭᠠᠵᠠᠷ ᠳᠣᠣᠷᠠᠬᠢ ᠲᠡᠮᠦᠷ ᠵᠠᠮ ᠤᠨ ᠠᠵᠤ ᠠᠬᠤᠶ ᠶᠢᠨ ᠦᠢᠯᠡᠴᠢᠯᠡᠭᠡ ᠶᠢ ᠤᠶᠠᠯᠳᠤᠭᠤᠯᠵᠤ᠂ ︽ | ᠵᠦᠩ ᠱᠠᠨ ᠪᠠᠷᠠᠭᠤᠨ ᠵᠠᠮ ᠤᠨ ᠬᠤᠳᠠᠯᠳᠤᠭᠠᠨ ᠤ ᠬᠦᠷᠢᠶ᠎ᠡ︾ ᠶᠢᠨ ᠳᠡᠰ ᠳᠡᠪᠰᠢᠭᠦᠯᠬᠦ ᠶᠢ ᠪᠤᠵᠠᠭᠠᠶᠢᠷᠠᠭᠤᠯᠤᠨ᠎ᠠ᠃ | ᠰᠢᠨᠬᠤᠸᠠ ᠲᠠᠯᠠᠪᠠᠶ ᠶᠢᠨ ᠡᠷᠭᠢᠨ ᠲᠣᠭᠤᠷᠢᠨ ᠤ ᠬᠤᠳᠠᠯᠳᠤᠭ᠎ᠠ ᠶᠢ ᠥᠭᠡᠷᠡᠴᠢᠯᠡᠬᠦ ᠬᠥᠭᠵᠢᠯᠲᠡ ᠶᠢᠨ ᠠᠯᠬᠤᠴᠠ ᠶᠢ | ᠲᠦᠷᠭᠡᠳᠬᠡᠵᠦ᠂ ᠰᠢᠨᠬᠤᠸᠠ ᠲᠠᠯᠠᠪᠠᠶ ᠬᠢᠭᠡᠳ ᠡᠷᠬᠢᠨ ᠲᠣᠭᠤᠷᠢᠨ ᠤ ᠭᠠᠵᠠᠷ ᠳᠣᠣᠷᠠᠬᠢ ᠣᠷᠣᠨ ᠵᠠᠶ ᠶᠢ ᠡᠮᠬᠢᠯᠡᠨ | ᠨᠡᠶᠢᠯᠡᠭᠦᠯᠦᠨ ᠠᠰᠢᠭᠯᠠᠬᠤ ᠪᠠᠷᠢᠯᠭ᠎ᠠ ᠶᠢ ᠡᠬᠢᠯᠡᠭᠦᠯᠵᠦ᠂ ᠬᠤᠳᠠᠯᠳᠤᠭ᠎ᠠ ᠬᠦᠷᠢᠶᠡᠨ ᠤ ᠬᠢᠨ ᠦᠢᠯᠡᠴᠢᠯᠡᠭᠡ ᠶᠢᠨ | ᠴᠢᠳᠠᠪᠤᠷᠢ ᠶᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠪᠠᠷ ᠡᠯᠪᠡᠭ ᠳᠡᠯᠪᠡᠭ ᠨᠡᠷᠡᠲᠦ | ᠲᠡᠮᠳᠡᠭ ᠲᠠᠢ᠂ ᠡᠵᠡᠩᠨᠡᠯᠲᠡ ᠶᠢᠨ ᠬᠡᠯᠪᠡᠷᠢ ᠪᠠᠶᠢᠳᠠᠯ ᠣᠯᠠᠨ ᠡᠰᠢᠲᠦ᠂ ᠣᠨᠴᠠᠯᠢᠭ ᠢᠶᠠᠷ ᠲᠤᠪᠦ᠋ᠢᠮ ᠲᠣᠮᠣ | ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠪᠦᠳᠦᠬᠡᠨ ᠪᠠᠶᠢᠭᠤᠯᠵᠤ᠂ ᠥᠩᠭᠡᠷᠡᠭᠡᠯᠲᠡ ᠶᠢᠨ | ᠮᠠᠶ᠋ᠢᠭ᠍ᠲᠦ᠂ ᠣᠶᠤᠨ ᠤᠬᠠᠭᠠᠨ ᠤ ᠬᠡᠯᠪᠡᠷᠢ ᠨᠢ ᠰᠢᠨ᠎ᠡ ᠪᠠᠷ ᠬᠥᠭᠵᠢᠭᠰᠡᠨ ᠠᠷᠠᠯᠵᠢᠶ᠎ᠠ ᠬᠤᠳᠠᠯᠳᠤᠭᠠᠨ ᠤ ᠦᠢᠯᠡᠰ ᠢ | ᠪᠤᠶᠢᠵᠢᠭᠤᠯᠵᠤ᠂ ᠴᠠᠭ ᠤᠨ ᠥᠩᠭᠡᠲᠦ᠂ ᠤᠳᠤ ᠦᠶ᠎ᠡ ᠶᠢᠨ᠂ ᠴᠢᠯᠥᠭᠡᠲᠡᠶ ᠶᠠᠪᠤᠯᠴᠠᠬᠤ ᠥᠪᠥᠷ ᠮᠣᠩᠭᠤᠯ ᠤᠨ | ᠪᠠᠷᠠᠭ᠎ᠠ ᠬᠤᠳᠠᠯᠳᠤᠨ ᠠᠪᠬᠤ ᠳ᠋ᠧᠪᠠᠵᠢᠨ ᠢ ᠦᠢᠯᠡᠳᠦᠨ᠎ᠡ᠃ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠶᠠᠯ ᠢ ᠡᠵᠡᠮᠳᠡᠵᠦ᠂ ︽ᠬᠠᠶᠢᠯᠠᠷ ᠪᠠᠷᠠᠭᠤᠨ ᠵᠠᠮ ᠤᠨ | ᠬᠤᠳᠠᠯᠳᠤᠭᠠᠨ ᠤ ᠬᠦᠷᠢᠶ᠎ᠡ︾ ᠶᠢ ᠳᠡᠭᠡᠭᠰᠢᠯᠡᠭᠦᠯᠦᠨ ᠥᠭᠡᠷᠡᠴᠢᠯᠡᠨ᠎ᠡ᠃ ᠲᠡᠮᠦᠷᠯᠢᠭ ᠮᠠᠰᠢᠨ ᠴᠠᠬᠢᠯᠭᠠᠨ ᠂ ᠮᠠᠰᠢᠨ | ᠲᠡᠷᠭᠡ ᠵᠡᠷᠭᠡ ᠲᠤᠰᠬᠠᠶ ᠵᠠᠬ᠎ᠠ ᠳᠡᠯᠭᠡᠭᠦᠷ ᠢ ᠳᠡᠰ ᠳᠡᠪᠰᠢᠭᠦᠯᠦᠨ ᠥᠭᠡᠷᠡᠴᠢᠯᠡᠬᠦ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠵᠤ᠂ ᠪᠦᠯᠦᠭ ᠪᠦᠲᠦᠭᠡᠭᠳᠡᠬᠦᠨ ᠤ ᠳᠡᠯᠭᠡᠨ ᠦᠵᠡᠭᠦᠯᠭᠡ᠂ ᠬᠡᠷᠡᠭᠯᠡᠭᠡᠨ ᠤ ᠪᠡᠶᠡᠴᠢ ᠣᠶᠢᠯᠠᠭᠠᠯᠲᠠ᠂ | ᠮᠡᠳᠡᠭᠡ ᠵᠠᠩᠭᠢ ᠶᠢᠨ ᠨᠡᠶᠢᠲᠡᠯᠡᠯ᠂ ᠲᠠᠸᠠᠷ ᠠᠷᠠᠯᠵᠢᠶᠠᠯᠠᠬᠤ᠂ ᠤᠯᠤᠰ ᠤᠨ ᠬᠤᠭᠤᠷᠣᠨᠳᠣᠬᠢ ᠲᠠᠰᠤᠯᠤᠨ ᠪᠤᠳᠤᠯᠲᠠ᠂ | ᠤᠯᠠᠨ ᠤᠯᠤᠰ ᠤᠨ ᠡᠳ᠋ ᠪᠠᠷᠠᠭ᠎ᠠ ᠶᠢᠨ ᠭᠦᠢᠯᠭᠡᠭᠡ ᠵᠡᠷᠭᠡ ᠴᠢᠳᠠᠮᠵᠢ ᠶᠢ ᠨᠢᠭᠡ ᠴᠣᠭᠴᠠ ᠪᠣᠯᠭᠠᠭᠰᠠᠨ ᠲᠠᠸᠠᠷ | ᠬᠤᠳᠠᠯᠳᠤᠨ ᠠᠪᠬᠤ ᠲᠥᠪ ᠢ ᠪᠠᠶᠢᠭᠤᠯᠤᠨ᠎ᠠ᠃ ᠬᠤᠶᠠᠷᠳᠤᠭᠠᠷ ᠴᠢᠩᠭᠠᠷᠠᠭ ᠤᠨ ᠳᠣᠲᠤᠷᠠᠬᠢ ᠪᠠᠷᠢᠯᠭ᠎ᠠ ᠶᠢᠨ | ᠮᠠᠲ᠋ᠧᠷᠢᠶᠠᠯ ᠤᠨ ᠵᠠᠬ᠎ᠠ ᠳᠡᠯᠭᠡᠭᠦᠷ ᠢ ᠡᠮᠬᠢ ᠵᠢᠷᠤᠮ ᠲᠠᠢ ᠪᠠᠷ ᠭᠠᠳᠠᠭᠰᠢ ᠶᠠᠪᠤᠬᠤ ᠶᠢ ᠬᠥᠲᠥᠯᠥᠨ ᠵᠢᠯᠣᠭᠤᠳᠴᠤ᠂ | ᠤᠯᠤᠰ ᠤᠨ ᠳᠣᠲᠣᠭᠠᠳᠤ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠦᠲᠦᠮᠵᠢᠲᠡᠶ ᠵᠣᠯᠭᠠᠭᠤᠯᠵᠤ᠂ ᠣᠷᠣᠰ | ᠮᠣᠩᠭᠤᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠢ ᠬᠤᠯᠪᠣᠨ᠎ᠠ᠃ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ᠂ ᠨᠡᠷᠡᠳᠥ ᠲᠡᠮᠳᠡᠭ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠬᠤ᠂ ᠶᠠᠰᠤ ᠴᠢᠨᠠᠷ ᠤᠨ ᠳᠡᠰ | ᠳᠡᠪᠰᠢᠬᠦ ᠶᠢ ᠲᠦᠯᠬᠢᠨ ᠠᠬᠢᠭᠤᠯᠬᠤ᠂ ᠳᠣᠣᠷ᠎ᠠ ᠦᠵᠦᠬᠦᠷ ᠤᠨ ᠪᠦᠲᠦᠭᠡᠭᠳᠡᠬᠦᠨ ᠢ ᠰᠢᠭᠰᠢᠭᠳᠡᠭᠦᠯᠬᠦ ᠵᠡᠷᠭᠡ ᠠᠷᠭ᠎ᠠ | ᠮᠠᠶ᠋ᠢᠭ ᠢ ᠳᠠᠮᠵᠢᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠵᠦ᠂ ᠪᠣᠳᠠᠲᠤ | ᠴᠣᠭᠴᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠰᠢᠨ᠎ᠡ ᠠᠮᠢᠳᠤ ᠰᠣᠷᠭᠤᠭ ᠬᠦᠴᠦᠨ ᠴᠢᠳᠠᠯ ᠢ | ᠬᠥᠭᠵᠢᠭᠡᠵᠦ᠂ ᠬᠡᠷᠡᠭᠯᠡᠭᠡᠨ ᠤ ᠲᠡᠰ ᠳᠡᠪᠰᠢᠬᠦ ᠪᠠᠷ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ | ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦ ᠶᠢ ᠲᠦᠷᠭᠡᠳᠬᠡᠬᠦ ᠬᠡᠷᠡᠭᠲᠡᠶ᠃ | ᠪᠠᠶᠠᠨᠨᠠᠭᠤᠷ ᠴᠡᠬᠤᠳᠦ ᠵᠡᠮ ᠪᠣᠯᠤᠨ ᠭᠠᠵᠠᠷ ᠳᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠤᠨ ᠪᠦᠲᠦᠭᠡᠨ | ᠪᠠᠶᠢᠭᠤᠯᠤᠯᠲᠠ ᠤᠨ ᠠᠰᠢᠭᠲᠠᠶ ᠠᠵᠠ ᠲᠣᠬᠢᠶᠠᠯ ᠳᠤ ᠲᠦᠰᠢᠭᠯᠡᠵᠦ᠂ ᠲᠤᠮᠳᠠᠳᠤ ᠤᠯᠤᠰ ᠤᠨ ᠪᠥᠲᠥᠭᠡᠨ | ᠪᠠᠶᠢᠭᠤᠯᠤᠯᠲᠠ ᠶᠢᠨ ᠭᠤᠷᠪᠠᠨ ᠲᠣᠪᠴᠢᠶ᠎ᠠ᠂ ᠱᠠᠩᠬᠠᠶ ᠶᠢᠨ ᠲᠣᠭᠠᠨ ᠤ ᠠᠵᠤ ᠦᠢᠯᠡᠰ ᠤᠨ ᠪᠦᠯᠦᠭᠯᠡᠯ ᠵᠡᠷᠭᠡ | ᠤᠯᠤᠰ ᠤᠨ ᠳᠣᠲᠣᠭᠠᠳᠤ ᠶᠢᠨ ᠨᠡᠷᠡᠲᠦ ᠠᠵᠤ ᠠᠬᠤᠶᠢᠯᠠᠯ ᠣᠷᠣᠭᠤᠯᠵᠤ᠂ ᠳᠠᠭᠠᠤ ᠰᠤᠭᠤᠮ ᠤᠨ ᠭᠠᠵᠠᠷ ᠰᠢᠷᠣᠶ ᠢ | ᠡᠮᠬᠢᠯᠡᠬᠦ ᠶᠢ ᠲᠦᠷᠭᠡᠳᠬᠡᠵᠦ᠂ ᠬᠥᠭᠵᠢᠯᠲᠡ ᠶᠢᠨ ᠣᠷᠣᠨ ᠵᠠᠶ ᠶᠢ ᠨᠠᠩ ᠶᠡᠭᠡ ᠰᠤᠯᠠᠯᠠᠵᠤ᠂ ᠶᠡᠷᠦᠩᠬᠡᠶ ᠬᠡᠯᠲᠡᠰ ᠤᠨ | ᠠᠵᠤ ᠠᠬᠤᠶ᠂ ᠠᠰᠠᠷ ᠪᠠᠶᠢᠰᠢᠩ ᠤᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠲᠣᠭᠤᠨᠣᠯᠵᠢᠯᠠᠭᠰᠠᠨ ᠰᠢᠨ᠎ᠡ | ᠬᠥᠭᠵᠢᠯᠲᠡ ᠶᠢᠨ ᠲᠡᠩᠭᠡᠯᠢᠭ ᠢ ᠪᠤᠢ ᠪᠣᠯᠭᠠᠨ᠎ᠠ᠃ ᠲᠣᠭᠤᠷᠢᠭ ᠤᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ | ᠣᠷᠣᠨ ᠤ ᠰᠢᠨ᠎ᠡ ᠵᠠᠰᠠᠭ ᠵᠠᠬᠢᠷᠭᠠᠨ ᠤ ᠲᠥᠪ ᠲᠠᠢ ᠤᠶᠠᠯᠳᠤᠵᠤ᠂ ᠪᠦᠷᠢᠳᠦᠭᠦᠯᠬᠦ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠠᠯᠭᠠᠬᠤ ᠦᠢᠯᠡᠴᠢᠯᠡᠭᠡ ᠰᠠᠶᠢᠲᠤᠷ | ᠬᠢᠵᠦ᠂ ᠲᠣᠮᠣ ᠬᠡᠯᠪᠡᠷᠢ ᠶᠢᠨ ᠲᠥᠪ ᠤᠨ ᠠᠵᠤ ᠠᠬᠤᠶᠢᠯᠠᠯ᠂ ᠠᠷᠠᠳ ᠤᠨ ᠠᠵᠤ ᠠᠬᠤᠶᠢᠯᠠᠯ᠂ ᠤᠯᠤᠰ | ᠠᠯᠤᠰᠯᠠᠭᠰᠠᠨ ᠺᠣᠮᠫᠠᠨᠢ ᠶᠢᠨ ᠭᠠᠵᠠᠷ ᠣᠷᠣᠨ ᠤ ᠶᠡᠷᠦᠩᠬᠡᠶ ᠬᠡᠯᠲᠡᠰ ᠢᠷᠡᠵᠦ ᠰᠠᠭᠤᠷᠢᠰᠢᠬᠤ ᠶᠢ ᠳᠠᠲᠠᠨ᠎ᠠ᠃ ᠠᠵᠤ | ᠦᠢᠯᠡᠰ ᠤᠨ ᠤᠳᠤᠷᠢᠳᠤᠮᠵᠢ ᠪᠣᠯᠤᠭᠰᠠᠨ ᠮᠥᠩᠭᠦᠨ ᠭᠦᠢᠯᠭᠡᠭᠡ ᠳᠠᠭᠠᠳᠬᠠᠯ᠂ ᠪᠦᠲᠦᠭᠡᠯᠴᠢ ᠵᠢᠷᠤᠭ ᠲᠥᠯᠥᠪᠯᠡᠭᠡ᠂ | ᠮᠡᠳᠡᠭᠡ ᠵᠠᠩᠭᠢ ᠶᠢᠨ ᠮᠡᠷᠭᠡᠵᠢᠯ᠂ ᠵᠠᠭᠤᠴᠢ ᠵᠥᠪᠯᠡᠯᠭᠡ ᠥᠭᠬᠦ ᠵᠡᠷᠭᠡ ᠦᠢᠯᠡᠳᠪᠦᠷᠢᠯᠡᠯ ᠤᠨ ᠴᠢᠨᠠᠷᠲᠠᠶ | ᠦᠢᠯᠡᠴᠢᠯᠡᠭᠡᠨ ᠤ ᠦᠢᠯᠡᠰ ᠢ ᠬᠤᠷᠠᠨ ᠬᠦᠭᠵᠢᠬᠦ ᠶᠢ ᠬᠥᠲᠥᠯᠥᠨ ᠵᠢᠯᠣᠭᠤᠳᠴᠤ᠂ ᠲᠤᠰᠬᠠᠶᠢᠵᠢᠬᠤ ᠪᠠ ᠦᠷᠳᠡᠭ ᠤᠨ | ᠬᠡᠯᠬᠢᠶᠡᠨ ᠤ ᠳᠡᠭᠡᠳᠦ ᠳᠡᠰ ᠥᠭᠡᠳᠡ ᠰᠤᠩᠭᠠᠭᠠᠬᠤ ᠬᠡᠷᠡᠭᠲᠡᠢ᠃ ᠪᠠᠭᠤᠳᠠᠯ ᠬᠤᠭᠤᠯᠠ ᠤᠮᠳᠠᠭᠠᠨ᠂ ᠰᠤᠷᠭᠠᠨ | ᠬᠥᠮᠦᠵᠢᠯ ᠤᠨ ᠪᠣᠯᠪᠠᠰᠤᠷᠠᠭᠤᠯᠤᠯ᠂ ᠡᠷᠡᠭᠦᠯ ᠮᠡᠨᠳᠤ ᠨᠠᠰᠤᠵᠢᠯ ᠤᠨ ᠠᠰᠠᠷᠠᠮᠵᠢ᠂ ᠤᠷᠤᠯᠳᠤᠭᠠᠨ ᠤ ᠤᠷᠠᠨ | ᠰᠠᠶᠢᠬᠠᠨ ᠤ ᠲᠣᠭᠯᠠᠯᠲᠠ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠲᠠᠪᠠᠯᠲᠠᠲᠤ ᠬᠥᠭᠵᠢᠯ ᠢ | ᠲᠦᠯᠬᠢᠨ ᠠᠬᠢᠭᠤᠯᠵᠤ᠂ ᠨᠠᠷᠢᠯᠢᠬᠵᠢᠭᠤᠯᠬᠤ ᠪᠠ ᠴᠢᠨᠠᠷ ᠰᠠᠶᠢᠲᠠᠶ ᠪᠣᠯᠭᠠᠬᠤ ᠬᠤᠪᠢᠷᠠᠭᠤᠯᠤᠯᠲᠠ ᠶᠢ ᠠᠬᠢᠭᠤᠯᠤᠨ᠎ᠠ᠃ | ᠢᠨᠲ᠋ᠤᠷ ᠰᠦᠯᠵᠢᠶᠡᠨ ᠤ ᠮᠡᠷᠭᠡᠵᠢᠯ ᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠪᠦᠷᠢᠯᠡᠯ ᠠᠮᠢᠳᠤᠷᠠᠯ ᠤᠨ | ᠬᠦᠷᠢᠶᠡᠨ ᠳᠤ ᠥᠷᠭᠡᠨ ᠢᠶᠠᠷ ᠬᠡᠷᠡᠭᠯᠡᠬᠦ ᠶᠢ ᠠᠬᠢᠭᠤᠯᠵᠤ᠂ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ | ᠪᠠ ︽ᠬᠤᠣᠰ ᠱᠤᠷᠠᠭ︾ ᠬᠤᠳᠠᠯᠳᠤᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ | ᠬᠡᠷᠡᠭᠲᠡᠶ᠃ ᠴᠢᠬᠤᠯᠠ ᠶᠡᠭᠡ ᠳᠦᠷᠦᠯ ᠤᠨ ᠪᠠᠷᠢᠯᠭ᠎ᠠ ᠶᠢ ᠳᠡᠮᠵᠢᠬᠦ᠂ ᠨᠡᠶᠢᠭᠡᠮ ᠤᠨ ᠪᠡᠯᠡ ᠣᠷᠤᠭᠤᠯᠤᠯᠲᠠ᠂ | ᠳᠦᠷᠦ ᠶᠢᠨ ᠪᠤᠲᠤᠯᠭ᠎ᠠ ᠶᠢᠨ ᠲᠦᠯᠬᠢᠴᠡ ᠬᠦᠴᠦ ᠪᠣᠯᠤᠨ ᠪᠦᠬᠦ ᠲᠠᠯ᠎ᠠ ᠶᠢᠨ ᠦᠢᠯᠡᠴᠢᠯᠡᠭᠡ ᠪᠠᠷ ᠳᠠᠮᠵᠢᠵᠤ᠂ | ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠦᠰᠦᠨ ᠪᠤᠶᠢᠵᠢᠬᠤ | ᠣᠷᠴᠢᠨ ᠨᠥᠬᠦᠴᠡᠯ ᠢ ᠬᠠᠩᠭᠠᠭᠠᠵᠤ᠂ ᠳᠡᠭᠡᠳᠦ ᠳᠡᠰ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ | ᠳᠠᠪᠠᠭᠤᠯᠢᠭ ᠲᠠᠯ᠎ᠠ ᠶᠢ ᠲᠦᠷᠭᠡᠪᠴᠢᠯᠡᠨ ᠪᠣᠢ ᠪᠤᠯᠭᠠᠨ᠎ᠠ ᠃ | ᠰᠣᠶᠣᠯ ᠵᠤᠭᠠᠴᠠᠯ ᠤᠨ ᠠᠵᠤ ᠦᠢᠯᠡᠰ ᠤᠨ ᠲᠡᠰ ᠳᠡᠪᠰᠢᠬᠦ ᠶᠢ ᠲᠦᠷᠭᠡᠳᠬᠡᠬᠦ ᠬᠡᠷᠡᠭᠲᠡᠶ᠃ ᠰᠡᠯᠡᠭᠦᠦ ᠴᠠᠭ | ᠦᠶ᠎ᠡ ᠶᠢᠨ ᠵᠤᠭᠠᠴᠠᠯ ᠤᠨ ᠰᠢᠨ᠎ᠡ ᠬᠡᠷᠡᠭᠴᠡᠭᠡ ᠶᠢ ᠲᠠᠭᠠᠵᠤ᠂ ᠰᠣᠳᠣᠨ ᠲᠠᠸᠠᠷᠴᠢᠯᠠᠬᠤ᠂ ᠨᠡᠷᠡᠲᠦ ᠲᠡᠮᠳᠡᠭᠲᠦ᠂ | ᠪᠣᠬᠢᠷᠲᠤᠯ ᠦᠭᠡᠢ ᠪᠠᠷ ᠬᠥᠭᠵᠢᠯᠲᠡ ᠶᠢᠨ ᠴᠢᠭᠯᠡᠯ ᠪᠣᠯᠭᠠᠵᠤ᠂ ᠪᠦᠭᠦ ᠣᠷᠣᠨ ᠪᠦᠰᠡ ᠶᠢᠨ ᠪᠦᠬᠦᠯᠢ ᠴᠠᠭ ᠤᠨ ᠪᠥᠬᠦ | ᠦᠵᠡᠮᠵᠢ ᠶᠢᠨ ᠠᠵᠤ ᠦᠢᠯᠡᠰ ᠤᠨ ᠵᠢᠭᠤᠯᠴᠢᠯᠠᠯ ᠤᠨ ᠪᠠᠶᠢᠷᠢᠰᠢᠯ ᠢ ᠪᠠᠶᠢᠭᠤᠯᠵᠤ᠂ ︽ᠦᠵᠡᠰᠬᠦᠯᠡᠩᠲᠦ ᠰᠠᠶᠢᠬᠠᠨ | ᠪᠠᠷᠠᠭᠤᠨ ᠬᠤᠲᠠ︾ ᠰᠣᠶᠣᠯ ᠵᠤᠭᠠᠴᠠᠯ ᠤᠨ ᠨᠡᠷᠡᠲᠦ ᠲᠡᠮᠳᠡᠭ ᠢ ᠡᠭᠦᠳᠬᠦ ᠶᠢ ᠬᠦᠴᠦᠯᠡᠨ ᠴᠢᠷᠮᠠᠶᠢᠨ᠎ᠠ᠃ ᠳᠠᠯᠠᠨ | ᠬᠠᠷ᠎ᠠ ᠠᠭᠤᠯᠠ ᠶᠢᠨ ᠤᠷᠢᠳᠤ ᠪᠡᠯ ᠢᠶᠠᠷ ᠭᠤᠣᠯ ᠠᠴᠢᠶᠠᠯᠠᠪᠤᠷᠢ ᠪᠣᠯᠭᠠᠵᠤ᠂ ᠮᠠᠨ ᠤ ᠲᠣᠭᠤᠷᠢᠭ ᠤᠨ ᠲᠡᠦᠬᠡ | ᠰᠣᠶᠣᠯ ᠤᠨ ᠭᠦᠨ ᠵᠤᠵᠠᠭᠠᠨ᠂ ᠠᠮᠢ ᠠᠬᠤᠶ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠭ᠎ᠠ ᠳᠠᠪᠠᠭᠤᠯᠢᠭ ᠲᠠᠯ᠎ᠠ ᠪᠠᠨ | ᠭᠦᠢᠴᠡᠳ ᠪᠠᠳᠠᠷᠠᠭᠤᠯᠵᠤ᠂ ᠮᠣᠩᠭᠤᠯ ᠶᠤᠸᠠᠨ ᠤ ᠰᠣᠶᠣᠯ ᠂ ᠱᠠᠰᠢᠨ ᠰᠤᠷᠲᠠᠬᠤᠨ ᠤ ᠰᠣᠶᠣᠯ᠂ ᠠᠷᠠᠳ ᠤᠨ ᠵᠠᠩ | ᠳᠠᠳᠬᠠᠯ ᠤᠨ ᠰᠣᠶᠣᠯ᠂ ᠣᠳᠣ ᠦᠶ᠎ᠡ ᠶᠢᠨ ᠤᠷᠠᠯᠢᠭ ᠤᠨ ᠰᠣᠶᠣᠯ ᠬᠢᠭᠡᠳ ᠵᠢᠭᠤᠯᠴᠢᠯᠠᠯ ᠤᠨ ᠦᠢᠯᠡᠰ ᠤᠨ | ᠠᠭᠤᠰᠤᠯᠴᠠᠬᠤ ᠬᠥᠭᠵᠢᠯᠲᠡ ᠶᠢ ᠠᠬᠢᠭᠤᠯᠤᠨ᠎ᠠ᠃ ᠤᠯᠠᠭᠠᠨᠬᠦᠦ ᠴᠡᠴᠡᠷᠯᠢᠭ᠂ ᠡᠬᠡ ᠣᠷᠣᠨᠴᠢ ᠦᠵᠡᠯ ᠤᠨ | ᠬᠥᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠪᠢᠰᠬᠠᠯ ᠤᠨ ᠰᠣᠶᠣᠯ ᠤᠨ | ᠠᠭᠤᠯᠤᠭᠳᠠᠬᠤᠨ ᠢ ᠠᠭᠤᠳᠠᠯᠵᠤ᠂ ᠦᠵᠡᠮᠵᠢᠲᠦ ᠣᠷᠣᠨ ᠤ ᠢᠵᠢ ᠪᠦᠷᠢᠳᠦᠭᠦᠯᠬᠦ ᠪᠡᠯᠡᠳᠬᠡᠮᠵᠢ ᠶᠢ | ᠲᠡᠭᠦᠯᠳᠡᠷᠵᠢᠭᠦᠯᠵᠦ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠬᠦᠰᠡᠯᠡᠩ ᠢᠲᠡᠭᠡᠯ | ᠵᠣᠷᠢᠭ ᠤᠨ ᠬᠥᠮᠦᠵᠢᠯ ᠤᠨ ᠴᠢᠳᠠᠮᠵᠢ ᠪᠣᠯᠤᠨ ᠠᠵᠤ ᠦᠢᠯᠡᠰ ᠤᠨ ᠬᠥᠭᠵᠢᠯᠲᠡ ᠶᠢ ᠭᠦᠨᠵᠡᠭᠡᠶ ᠠᠭᠤᠰᠤᠯᠴᠠᠬᠤ ᠶᠢ | ᠠᠬᠢᠭᠤᠯᠬᠤ ᠶᠢ ᠪᠡᠶᠡᠯᠡᠭᠦᠯᠦᠨ᠎ᠡ᠃ ᠦᠨᠳᠦᠰᠦᠲᠡᠨ ᠤ ᠤᠷᠠᠨ ᠰᠠᠶᠢᠬᠠᠨ ᠤ ᠲᠣᠭᠯᠠᠯᠲᠠ᠂ ᠺᠢᠨᠣ᠋ ᠲᠧᠯᠸᠢᠰ ᠦᠢᠯᠡᠳᠬᠦ | ᠂ ᠰᠣᠨᠢᠨ ᠮᠡᠳᠡᠭᠡ ᠬᠡᠪᠯᠡᠯ᠂ ᠰᠣᠶᠣᠯ ᠤᠨ ᠪᠦᠲᠦᠭᠡᠯᠴᠢ ᠰᠠᠨᠠᠭ᠎ᠠ᠂ ᠺᠠᠷᠲ᠋ᠣᠨ ᠵᠢᠷᠤᠭ ᠤᠨ ᠲᠣᠭᠯᠠᠭᠠᠮ ᠵᠡᠷᠭᠡ ᠠᠵᠤ | ᠠᠬᠤᠶᠢᠯᠠᠯ ᠪᠣᠯᠤᠨ ᠵᠦᠢᠯᠡᠰ ᠲᠥᠪᠯᠡᠷᠡᠬᠦ ᠶᠢ ᠬᠥᠲᠥᠯᠥᠨ ᠵᠢᠯᠣᠭᠤᠳᠴᠤ᠂ ᠦᠨᠳᠦᠰᠦᠲᠡᠨ ᠤ ᠰᠣᠶᠣᠯ ᠵᠤᠭᠠᠴᠠᠯ ᠤᠨ | ᠦᠢᠯᠡᠳᠬᠦᠨ ᠢ ᠰᠤᠳᠤᠯᠤᠨ ᠨᠡᠭᠡᠭᠡᠬᠦ ᠶᠢ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ | ᠲᠦᠯᠬᠢᠨ ᠠᠬᠢᠭᠤᠯᠤᠨ᠎ᠠ᠃ ᠰᠢᠩ ᠬᠤᠸᠠ ᠪᠠᠶᠠᠷ ᠤᠨ ᠡᠳᠦᠷ᠂ ᠮᠥᠰᠥ ᠴᠠᠰᠤᠨ ᠤ ᠪᠠᠶᠠᠷ ᠤᠨ ᠡᠳᠦᠷ ᠵᠡᠷᠭᠡ ᠭᠤᠣᠯ | ᠰᠡᠳᠦᠪᠲᠦ ᠰᠣᠶᠣᠯ ᠤᠨ ᠠᠵᠢᠯᠯᠠᠭ᠎ᠠ ᠶᠢ ᠳᠠᠮᠵᠢᠵᠤ᠂ ᠵᠦᠪ ᠣᠨᠣᠪᠴᠢᠲᠠᠢ ᠪᠠᠷ ᠡᠵᠡᠩᠨᠡᠯᠲᠡ ᠪᠣᠷᠣᠯᠠᠭᠤᠯᠤᠯᠲᠠ | ᠲᠠᠨᠢᠯᠴᠠᠭᠤᠯᠵᠤ᠂ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠮᠠᠨ ᠤ | ᠲᠣᠭᠤᠷᠢᠭ ᠪᠠᠨ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠶᠡᠭᠡ ᠣᠷᠣᠨ ᠪᠣᠯᠭᠠᠬᠤ ᠪᠠᠷ ᠴᠢᠷᠮᠠᠶᠢᠨ᠎ᠠ᠃ | ᠬᠤᠶᠠᠷ ︽ᠭᠤᠷᠪᠠᠨ ᠶᠡᠭᠡ ᠳᠡᠭᠡᠭᠰᠢᠯᠡᠭᠦᠯᠬᠦ︾ ᠶᠢ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠶᠠᠰᠤ | ᠴᠢᠨᠠᠷᠲᠠᠢ ᠬᠤᠳᠠ ᠤᠨ ᠲᠣᠭᠤᠷᠢᠭ ᠢ ᠪᠦᠲᠦᠭᠡᠨ ᠪᠠᠶᠢᠭᠤᠯᠵᠤ᠂ ᠳᠠᠭᠠᠭᠠᠴᠠ ᠬᠦᠴᠦ ᠶᠢ ᠨᠡᠮᠡᠭᠳᠡᠭᠦᠯᠦᠨ᠎ᠡ | ᠲᠥᠯᠥᠪᠵᠢᠭᠦᠯᠭᠡ ᠪᠥᠳᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠶ᠃ ᠤᠳᠤ ᠪᠠᠶᠢᠭ᠎ᠠ ᠪᠠᠶᠢᠷᠢᠰᠢᠯ ᠪᠠᠷ ᠬᠤᠲᠠ ᠤᠨ ᠲᠣᠭᠤᠷᠢᠭ ᠤᠨ ᠴᠢᠳᠠᠮᠵᠢ ᠶᠢᠨ ᠣᠷᠣᠨ | ᠪᠠᠶᠢᠷᠢ᠂ ᠰᠣᠶᠣᠯ ᠤᠨ ᠣᠨᠴᠠᠯᠢᠭ᠂ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠬᠦᠴᠦᠨ ᠵᠦᠢᠯ ᠢ | ᠦᠨᠳᠦᠰᠦᠯᠡᠬᠦ ᠶᠢ ᠶᠡᠷᠦᠩᠬᠡᠶᠢᠯᠡᠨ ᠪᠣᠳᠣᠯᠬᠢᠯᠠᠵᠤ᠂ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠪᠠ | ᠬᠠᠮᠢᠶᠠᠷᠤᠨ ᠡᠵᠡᠮᠳᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠤᠲᠠ ᠶᠢ ᠰᠢᠨᠵᠢᠯᠡᠬᠦ ᠤᠬᠠᠭᠠᠨᠴᠢ ᠪᠥᠭᠡᠳ ᠡᠮᠬᠢ | ᠵᠢᠷᠤᠮ ᠲᠠᠢ ᠬᠥᠭᠵᠢᠭᠦᠯᠬᠦ ᠶᠢ ᠳᠦᠯᠬᠢᠨ ᠠᠬᠢᠭᠤᠯᠤᠨ᠎ᠠ᠃ ᠰᠢᠷ᠎ᠠ ᠮᠠᠩᠬ᠎ᠠ ᠵᠡᠷᠭᠡ 14 ᠬᠤᠳᠠ ᠶᠢᠨ ᠳᠣᠲᠣᠷᠠᠬᠢ | ᠲᠣᠰᠬᠤᠨ ᠪᠠ 20 ᠬᠤᠲᠠ ᠶᠢᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠲᠦᠢᠯᠪᠤᠷᠢᠲᠠᠶ ᠰᠠᠶᠢᠵᠢᠷᠠᠭᠤᠯᠤᠨ᠎ᠠ᠃ ᠳᠥᠭᠦᠮ | ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠬᠤᠭᠤᠰᠣᠨ ᠭᠠᠵᠠᠷ ᠭᠠᠷᠭᠠᠬᠤ ᠶᠢ ᠭᠦᠢᠴᠡᠳ ᠠᠰᠢᠭᠯᠠᠵᠤ᠂ | ᠪᠣᠳᠠᠲᠠᠶ ᠪᠠᠶᠢᠳᠠᠯ ᠳᠠᠭᠠᠨ ᠲᠣᠬᠢᠷᠠᠭᠤᠯᠬᠤ᠂ ᠬᠥᠭᠵᠢᠯᠲᠡ ᠶᠢ ᠲᠦᠯᠬᠢᠨ ᠠᠬᠢᠭᠤᠯᠬᠤ ᠠᠵᠤ ᠦᠢᠯᠡᠰ ᠢ ᠪᠠᠶᠢᠭᠤᠯᠵᠤ᠂ | ᠤᠯᠠᠨ ᠨᠡᠶᠢᠳᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠲᠥᠯᠥᠪᠵᠢᠭᠦᠯᠦᠨ ᠪᠥᠳᠥᠭᠡᠨ ᠪᠠᠶᠢᠭᠤᠯᠵᠤ᠂ ᠣᠷᠣᠰᠢᠨ | ᠰᠠᠭᠤᠬᠤ ᠪᠠ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ ᠲᠣᠭᠤᠷᠢᠭ ᠢ ᠬᠦᠴᠦᠯᠡᠨ ᠪᠤᠢ ᠪᠣᠯᠭᠠᠨ᠎ᠠ᠃ ᠨᠢᠭᠡᠳᠦᠯᠲᠡᠶ | ᠲᠥᠯᠥᠪᠵᠢᠭᠦᠯᠭᠡ ᠪᠠᠷ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠲᠣᠣᠷ ᠰᠦᠯᠵᠢᠶ᠎ᠡ ᠶᠢ | ᠪᠠᠶᠢᠭᠤᠯᠵᠤ᠂ ᠭᠠᠵᠠᠷ ᠳᠣᠣᠷᠠᠬᠢ ᠲᠡᠮᠦᠷ ᠵᠠᠮ ᠤᠨ ᠨᠢᠭᠡ ᠬᠤᠶᠠᠷᠳᠤᠭᠠᠷ ᠱᠤᠭᠤᠮ᠂ ᠪᠠᠶᠠᠨᠨᠠᠭᠤᠷ ᠴᠡᠬᠤᠳᠦ ᠵᠡᠮ ᠂ | ᠬᠠᠶᠢᠯᠠᠷ ᠪᠠᠷᠠᠭᠠᠳ ᠴᠡᠬᠤᠳᠦ ᠵᠡᠮ ᠂ ᠭᠤᠷᠪᠠᠳᠤᠭᠠᠷ ᠴᠠᠭᠠᠷᠢᠭᠲᠤ ᠲᠦᠷᠭᠡᠨ ᠵᠠᠮ ᠢᠶᠠᠷ ᠲᠦᠷᠭᠡᠨ ᠵᠠᠮ | ᠬᠠᠷᠢᠯᠴᠠᠭᠠᠨ ᠤ ᠰᠢᠰᠲ᠋ᠧᠮ ᠤᠨ ᠦᠨᠳᠦᠰᠦᠨ ᠪᠣᠷᠣ ᠲᠥᠯᠥᠪ ᠪᠣᠯᠭᠠᠨ᠎ᠠ᠃ ᠰᠢᠨ᠎ᠡ ᠪᠠᠷ ᠪᠠᠶᠢᠭᠤᠯᠤᠭᠰᠠᠨ ᠬᠡᠦ ᠭᠠᠨᠭ᠌ | ᠵᠡᠭᠦᠨ ᠵᠠᠮ᠂ ᠠᠯᠠᠱᠠ ᠵᠠᠮ ᠠᠯᠤᠰᠯᠠᠨ ᠲᠡᠮᠦᠷ ᠵᠠᠮ ᠤᠨ ᠬᠥᠭᠦᠷᠭᠡ ᠪᠠ ᠪᠠᠶᠢᠭᠤᠯᠤᠭᠰᠠᠨ ᠬᠤᠶᠡᠷ ᠵᠣᠷᠪᠢᠰ ᠭᠤᠯᠳᠤ | ᠭᠤᠣᠯ ᠵᠠᠮ ᠨᠢ ᠪᠡᠯᠡᠳᠬᠡᠯ ᠠᠯᠪᠠ ᠶᠢᠨ ᠳ᠋ᠢᠸᠢᠽᠢ ᠶᠢᠨ ᠬᠤᠶᠢᠲᠤ ᠵᠠᠮ ᠲᠠᠢ ᠨᠡᠪᠲᠡᠷᠡᠵᠦ᠂ ︽ᠠᠷᠪᠠᠨ ᠬᠥᠨᠳᠡᠯᠡᠨ | ᠨᠠᠢᠮᠠᠨ ᠭᠤᠯᠳᠤ︾ ᠵᠠᠮ ᠤᠨ ᠰᠦᠯᠵᠢᠶᠡᠨ ᠤ ᠶᠡᠭᠡ ᠪᠠᠶᠢᠷᠢᠰᠢᠯ ᠢ ᠪᠤᠢ ᠪᠣᠯᠭᠠᠨ᠎ᠠ᠃ ᠵᠠᠮ ᠬᠠᠷᠢᠯᠴᠠᠭᠠᠨ ᠤ ᠵᠣᠬᠢᠶᠠᠨ | ᠪᠠᠶᠢᠭᠤᠯᠤᠯᠲᠠ ᠶᠢ ᠬᠦᠴᠦᠯᠡᠨ ᠰᠢᠯᠢᠳᠡᠭᠵᠢᠭᠦᠯᠵᠦ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠲᠣᠣᠷ ᠰᠦᠯᠵᠢᠶ᠎ᠡ | ᠶᠢ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠲᠦᠭᠵᠢᠷᠡᠯ᠂ ᠲᠡᠷᠭᠡ ᠵᠣᠭᠰᠣᠭᠠᠬᠤ ᠳᠤ ᠬᠦᠴᠢᠷᠲᠡᠢ ᠵᠡᠷᠭᠡ ︽ | ᠬᠤᠲᠠ ᠶᠢᠨ ᠡᠪᠡᠳᠴᠢᠨ︾ ᠢ ᠪᠦᠲᠦᠭᠡᠮᠵᠢᠲᠡᠢ ᠪᠠᠷ ᠨᠠᠮᠳᠠᠭᠤᠯᠤᠨ᠎ᠠ᠃ | ᠬᠤᠳᠡ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠬᠤᠳᠠ ᠶᠢᠨ ᠬᠠᠮᠢᠶᠠᠷᠤᠯᠲᠠ ᠶᠢᠨ ᠬᠦᠷᠢᠶᠡᠨ ᠤ ᠪᠠᠶᠢᠭᠤᠯᠤᠮᠵᠢ ᠶᠢ ᠶᠡᠷᠦᠩᠬᠡᠶᠢᠯᠡᠨ ᠪᠠᠶᠢᠭᠤᠯᠬᠤ ᠶᠢ ᠪᠡᠶᠡᠯᠡᠭᠦᠯᠵᠦ᠂ | ᠬᠤᠳᠠ ᠶᠢᠨ ᠬᠠᠮᠢᠶᠠᠷᠤᠯᠲᠠ ᠶᠢᠨ ᠲᠣᠣᠷ ᠰᠦᠯᠵᠢᠶ᠎ᠡ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ︽ᠣᠶᠤᠨ | ᠤᠬᠠᠭᠠᠨᠲᠤ ᠬᠤᠲᠣᠩ ᠠᠷᠠᠳ ᠤᠨ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠵᠠᠬ᠎ᠠ ᠳᠡᠯᠭᠡᠭᠦᠷᠴᠢᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠲᠣᠭᠲᠠᠩᠭᠤᠶ ᠬᠤᠲᠠ ᠶᠢᠨ ᠬᠠᠮᠢᠶᠠᠷᠤᠯᠲᠠ ᠠᠴᠠ ᠬᠥᠳᠡᠯᠦᠩᠭᠦᠢ ᠬᠤᠲᠠ ᠶᠢᠨ ᠬᠠᠮᠢᠶᠠᠷᠤᠯᠲᠠ ᠵᠦᠭ ᠪᠠ | ᠰᠠᠨᠠᠭᠠᠴᠢᠯᠠᠭ᠎ᠠ ᠦᠭᠡᠢ ᠬᠠᠮᠢᠶᠠᠷᠤᠯᠲᠠ ᠠᠴᠠ ᠰᠠᠨᠠᠭᠠᠴᠢᠯᠠᠭᠠᠲᠤ ᠬᠠᠮᠢᠶᠠᠷᠤᠯᠲᠠ ᠵᠦᠭ ᠬᠤᠪᠢᠷᠠᠬᠤ ᠶᠢ ᠪᠡᠶᠡᠯᠡᠭᠦᠯᠵᠦ᠂ | ᠬᠤᠳᠠ ᠶᠢᠨ ᠬᠠᠮᠢᠶᠠᠷᠠᠬᠤ ᠠᠴᠠ ᠬᠤᠳᠠ ᠶᠢ ᠵᠠᠰᠠᠬᠤ ᠥᠭᠡᠳᠡ ᠲᠦᠯᠭᠡᠨ ᠠᠬᠢᠭᠤᠯᠤᠨ᠎ᠠ᠃ ᠬᠠᠭᠤᠴᠢᠨ ᠲᠣᠭᠤᠷᠢᠭ ᠢ | ᠥᠭᠡᠷᠡᠴᠢᠯᠡᠬᠦ ᠪᠠ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠦᠨᠡᠨ ᠬᠦ | ᠴᠢᠩᠭᠠᠳᠬᠠᠵᠤ᠂ ᠨᠢᠭᠡᠨᠲᠡ ᠪᠠᠶᠢᠭ᠎ᠠ ᠪᠠᠷᠢᠯᠭ᠎ᠠ ᠳᠤ ᠴᠠᠬᠢᠯᠭᠠᠨ ᠱᠠᠳᠤ ᠨᠡᠮᠡᠵᠦ ᠤᠭᠰᠠᠷᠠᠬᠤ᠂ ᠴᠢᠨᠠᠷ ᠢᠯᠭᠠᠨ ᠤᠰᠤ | ᠬᠠᠩᠭᠠᠬᠤ ᠂ ᠢᠯᠴᠢ ᠬᠠᠩᠭᠠᠬᠤ ᠶᠢ ᠬᠡᠮᠵᠢᠬᠦ᠂ ᠣᠶᠤᠨ ᠤᠬᠠᠭᠠᠨ ᠤ ᠨᠡᠶᠢᠭᠡᠮ ᠲᠣᠭᠤᠷᠢᠭ ᠤᠨ ︽ᠪᠥᠬᠦᠨ ᠳᠤ | ᠲᠤᠬᠢᠷᠠᠬᠤ ᠺᠠᠷᠲ︾ ᠶᠢᠨ ᠬᠠᠮᠢᠶᠠᠷᠤᠯᠲᠠ ᠵᠡᠷᠭᠡ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ ᠂ ᠪᠠᠷᠢᠮᠵᠢᠶᠠᠲᠤ | ᠠᠳᠠᠯ ᠠᠬᠤᠶ ᠶᠢᠨ ᠦᠢᠯᠡᠴᠢᠯᠡᠭᠡ ᠶᠢ ᠨᠡᠶᠢᠳᠡᠮ ᠪᠦᠷᠬᠦᠬᠦ ᠶᠢ ᠪᠡᠶᠡᠯᠡᠭᠦᠯᠵᠦ᠂ ᠬᠠᠭᠤᠴᠢᠨ ᠲᠣᠭᠤᠷᠢᠭ ᠤᠨ | ᠰᠠᠭᠤᠷᠢ ᠢᠵᠢ ᠪᠦᠷᠢᠳᠦᠭᠦᠯᠬᠦ ᠪᠡᠯᠡᠳᠬᠡᠮᠵᠢ ᠨᠢ ᠲᠡᠭᠦᠯᠳᠡᠷ ᠪᠤᠰᠤ᠂ ᠬᠠᠮᠢᠶᠠᠷᠤᠯᠲᠠ ᠨᠢ ᠶᠡᠭᠡ ᠬᠦᠴᠢᠷᠲᠡᠶ ᠵᠡᠷᠭᠡ | ᠲᠤᠪᠤᠶᠢᠮ᠎ᠠ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠨ᠎ᠡ᠃ ᠥᠷᠭᠡᠨ ᠤᠯᠠᠨ ᠬᠤᠳᠠ ᠶᠢᠨ ᠠᠷᠠᠳ ᠢ | ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠬᠤᠳᠠ ᠶᠢᠨ ᠤᠬᠠᠮᠰᠠᠷ ᠢ ᠴᠢᠩᠭᠠᠷᠠᠭᠤᠯᠵᠤ᠂ ︽ᠬᠤᠳᠠ ᠪᠣᠯ | ᠮᠢᠨᠦ ᠭᠡᠷ᠂ ᠬᠠᠮᠢᠶᠠᠷᠤᠯᠲᠠ ᠨᠢ ᠤᠯᠠᠨ ᠳᠤ ᠲᠦᠰᠢᠭᠯᠡᠨ᠎ᠡ︾ ᠭᠡᠬᠦ ᠦᠵᠡᠯᠲᠡ ᠶᠢ ᠪᠠᠲᠤ ᠪᠠᠬᠢ ᠪᠤᠢ ᠪᠣᠯᠭᠠᠵᠤ᠂ | ᠬᠤᠳᠠ ᠶᠢᠨ ᠠᠷᠠᠳ ᠬᠠᠮᠢᠶᠠᠷᠬᠤ ᠶᠢ ᠬᠠᠮᠵᠢᠯᠴᠠᠬᠤ ᠤᠬᠠᠮᠰᠠᠷᠲᠤ ᠴᠢᠨᠠᠷ ᠪᠣᠯᠤᠨ ᠢᠳᠡᠪᠬᠢ ᠴᠢᠨᠠᠷ ᠢ ᠬᠥᠭᠵᠢᠭᠡᠵᠦ᠂ | ᠬᠤᠲᠠ ᠨᠢ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠬᠤ ᠬᠠᠷᠠᠯᠲᠠ ᠶᠢ ᠬᠠᠮᠲᠤ ᠪᠠᠷ ᠪᠡᠶᠡᠯᠡᠭᠦᠯᠦᠨ᠎ᠡ᠃ | ᠠᠮᠢ ᠠᠬᠤᠶ ᠶᠢᠨ ᠬᠠᠮᠠᠭᠠᠯᠠᠯᠲᠠ ᠶᠢᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ᠠᠭᠠᠷ᠂ ᠤᠰᠤ᠂ ᠨᠣᠭᠤᠭᠠᠷᠠᠭᠤᠯᠬᠤ ᠨᠥᠬᠦᠴᠡᠯ ᠪᠠᠶᠢᠳᠠᠯ ᠢ ᠰᠠᠶᠢᠵᠢᠷᠠᠭᠤᠯᠬᠤ ᠲᠠᠢ ᠨᠢᠭᠲᠠ ᠤᠶᠠᠯᠳᠠᠵᠣ᠂ | ᠵᠠᠰᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤᠪᠠᠷ | ᠣᠷᠣᠰᠢᠬᠤ ᠠᠮᠢ ᠠᠬᠤᠶ ᠶᠢᠨ ᠣᠷᠴᠢᠨ ᠨᠥᠬᠦᠴᠡᠯ ᠢ ᠴᠢᠷᠮᠠᠶᠢᠨ ᠪᠠᠶᠢᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠶᠢ | ᠤᠶᠠᠯᠳᠠᠵᠣ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠳᠠᠯᠠᠨ ᠬᠠᠷ᠎ᠠ | ᠠᠭᠤᠯᠠᠨ ᠤ ᠠᠮᠢ ᠠᠬᠤᠶ ᠶᠢᠨ ᠬᠠᠮᠠᠭᠠᠯᠠᠯᠲᠠ ᠶᠢᠨ ᠢᠨᠵᠧᠨᠧᠷᠢᠩ ᠢ ᠭᠦᠨᠵᠡᠭᠡᠶ ᠲᠦᠯᠬᠢᠨ ᠠᠬᠢᠭᠤᠯᠵᠤ᠂ ᠬᠤᠵᠢᠷ | ᠭᠧᠤ ᠠᠮᠢ ᠠᠬᠤᠶ ᠶᠢ ᠰᠡᠷᠭᠦᠭᠡᠨ ᠵᠠᠰᠠᠬᠤ ᠶᠢ ᠪᠡᠶᠡᠯᠡᠭᠦᠯᠵᠦ᠂ ᠠᠮᠢ ᠠᠬᠤᠶ ᠶᠢᠨ ᠬᠠᠯᠬᠠᠪᠴᠢ ᠶᠢ ᠬᠠᠮᠠᠭᠠᠯᠠᠬᠤ | ᠬᠡᠷᠡᠭᠲᠡᠶ᠃ ᠤᠰᠤᠲᠤ ᠤᠰᠤᠨ ᠴᠥᠭᠦᠷᠥᠮ ᠪᠠ ᠤᠰᠤᠨ ᠵᠠᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ ᠢ | ᠪᠡᠶᠡᠯᠡᠭᠦᠯᠵᠦ᠂ ᠡᠦ ᠯᠢ ᠱᠠ ᠾᠧ᠂ ᠵᠠᠳᠠᠭᠠᠢ ᠭᠤᠣᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ︽ | ᠭᠤᠣᠯ ᠤᠨ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠤᠨ ᠵᠠᠮ ᠤᠨ ᠦᠶᠡᠷ ᠢ | ᠰᠡᠷᠭᠡᠶᠢᠯᠡᠬᠦ᠂ ᠤᠰᠤᠲᠤᠯ ᠢ ᠠᠷᠢᠯᠭᠠᠬᠤ᠂ ᠠᠮᠢ ᠠᠬᠤᠶ ᠪᠣᠯᠤᠨ ᠦᠵᠡᠮᠵᠢ ᠵᠡᠷᠭᠡ ᠶᠡᠷᠦᠩᠬᠡᠶᠢᠯᠡᠭᠰᠡᠨ ᠴᠢᠳᠠᠪᠤᠷᠢ ᠶᠢ | ᠨᠢᠭᠡᠳᠦᠯᠲᠡᠶ ᠲᠥᠯᠥᠪᠯᠡᠵᠦ᠂ ︽ᠤᠰᠤ ᠲᠤᠩᠭᠠᠯᠠᠭ᠂ ᠡᠷᠭᠢ ᠨᠣᠭᠤᠭᠠᠨ᠂ ᠦᠵᠡᠮᠵᠢ ᠰᠠᠶᠢᠬᠠᠨ︾ ᠬᠠᠷᠠᠯᠲᠠ ᠶᠢ | ᠪᠡᠶᠡᠯᠡᠭᠦᠯᠦᠨ᠎ᠡ᠃ ᠨᠣᠭᠤᠭᠠᠨ ᠬᠥᠷᠥᠰᠥ ᠭᠠᠵᠠᠷ ᠤᠨ ᠡᠬᠢ ᠪᠠᠶᠠᠯᠢᠭ ᠤᠨ ᠣᠷᠣᠨ ᠵᠠᠶ ᠶᠢᠨ ᠲᠠᠷᠬᠠᠯᠲᠠ ᠶᠢ | ᠰᠢᠯᠢᠳᠡᠭᠵᠢᠭᠦᠯᠵᠦ᠂ ᠭᠤᠣᠯ ᠮᠥᠷᠡᠨ ᠪᠠ ᠵᠠᠮ ᠢᠶᠠᠷ ᠨᠢᠷᠤᠭᠤᠪᠴᠢ ᠪᠣᠯᠭᠠᠨ ᠪᠠᠶᠢᠭᠤᠯᠵᠤ᠂ ᠴᠡᠴᠡᠷᠯᠢᠭ ᠪᠠ | ᠨᠣᠭᠤᠭᠠᠨ ᠬᠥᠷᠥᠰᠥ ᠭᠠᠵᠠᠷ ᠢᠶᠠᠷ ᠲᠦᠰᠢᠭ ᠲᠤᠯᠭᠠᠭᠤᠷᠢ ᠪᠣᠯᠭᠠᠭᠰᠠᠨ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ | ᠢ ᠪᠠᠶᠢᠭᠤᠯᠤᠨ᠎ᠠ᠃ ᠭᠤᠣᠯᠳᠠᠯᠭ᠎ᠠ ᠲᠠᠢ ᠭᠠᠵᠠᠷ ᠤᠨ ᠬᠡᠰᠡᠭ ᠲᠤ ᠨᠣᠭᠤᠭᠠᠨ ᠬᠥᠷᠥᠰᠥᠲᠦ ᠴᠡᠴᠡᠷᠯᠢᠭ ᠵᠠᠰᠠᠨ | ᠥᠭᠡᠷᠡᠴᠢᠯᠡᠵᠦ ᠪᠥᠳᠥᠭᠡᠨ ᠪᠠᠶᠢᠭᠤᠯᠬᠤ ᠶᠢ ᠴᠢᠩᠭᠠᠳᠬᠠᠵᠤ᠂ ᠲᠡᠮᠳᠡᠭ ᠤᠨ ᠴᠢᠨᠠᠷᠲᠠᠶ ᠨᠣᠭᠤᠭᠠᠷᠠᠭᠤᠯᠤᠯᠲᠠ ᠶᠢᠨ | ᠦᠵᠡᠮᠵᠢ ᠶᠢᠨ ᠵᠠᠩᠭᠢᠶᠠᠰᠤ ᠶᠢ ᠦᠢᠯᠡᠳᠴᠦ᠂ ᠬᠤᠳᠠ ᠶᠢᠨ ᠨᠣᠭᠤᠭᠠᠨ ᠭᠠᠵᠠᠷ ᠤᠨ ᠶᠡᠷᠦᠩᠬᠡᠶ ᠬᠡᠮᠵᠢᠶ᠎ᠡ ᠶᠢ | ᠥᠷᠭᠡᠳᠬᠡᠵᠦ᠂ 2022 ᠣᠨ ᠪᠣᠯᠬᠤ ᠳᠤ ᠬᠤᠲᠠ ᠶᠢᠨ ᠲᠣᠭᠤᠷᠢᠭ ᠤᠨ ᠨᠣᠭᠤᠭᠠᠨ ᠬᠥᠷᠥᠰᠥ ᠶᠢᠨ ᠨᠤᠷᠮ᠎ᠠ ᠢ | 33 % ᠠᠴᠠ ᠳᠣᠣᠷ᠎ᠠ ᠪᠣᠯᠭᠠᠬᠤ ᠦᠭᠡᠢ᠃ | ᠭᠤᠷᠪᠠ ︽ᠭᠤᠷᠪᠠᠨ ᠶᠡᠭᠡ ᠰᠢᠰᠲ᠋ᠧᠮ︾ ᠶᠢ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ | ᠨᠢᠭᠲᠠᠷᠠᠭᠤᠯᠬᠤ ᠬᠦᠴᠦᠨ ᠢ ᠴᠢᠩᠭᠠᠷᠠᠭᠤᠯᠤᠨ᠎ᠠ | ᠲᠦᠭᠡᠮᠡᠯ ᠬᠠᠷᠠᠭᠠᠯᠵᠠᠯ ᠤᠨ ᠴᠢᠨᠠᠷᠲᠠᠶ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠢᠳᠡᠪᠬᠢᠲᠡᠶ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠠᠵᠢᠯ | ᠣᠯᠭᠤᠯᠲᠠ ᠶᠢᠨ ᠪᠦᠬᠦ ᠲᠠᠯᠠᠲᠤ ᠦᠢᠯᠡᠴᠢᠯᠡᠭᠡ ᠬᠠᠩᠭᠠᠵᠤ᠂ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠶᠢ | ᠲᠦᠯᠭᠢᠨ ᠠᠬᠢᠭᠤᠯᠤᠨ᠎ᠠ᠃ ᠠᠷᠠᠳ ᠳᠠᠶᠠᠭᠠᠷ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠪᠠ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠨᠢ ᠵᠣᠬᠢᠬᠤ ᠨᠠᠰᠤᠨ ᠤ ᠬᠤᠳᠠ | ᠬᠥᠳᠡᠭᠡ ᠶᠢᠨ ᠰᠠᠭᠤᠭᠠᠯᠢ ᠠᠷᠠᠳ ᠢ ᠪᠦᠷᠬᠦᠬᠦ ᠶᠢ ᠪᠠᠲᠤᠯᠠᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠦᠬᠤ ᠶᠢ ᠠᠬᠢᠭᠤᠯᠤᠨ᠎ᠠ᠃ ᠬᠤᠲᠠ ᠬᠥᠳᠡᠭᠡ ᠶᠢᠨ | ᠨᠡᠶᠢᠭᠡᠮ ᠤᠨ ᠠᠪᠤᠷᠠᠨ ᠲᠤᠰᠠᠯᠠᠬᠤ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠠᠮᠢᠳᠤᠷᠠᠯ ᠤᠨ ᠬᠠᠮᠤᠭ ᠲᠤᠤᠷ᠎ᠠ | ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ | ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠶᠢ ᠶᠡᠬᠡᠪᠡᠷ | ᠥᠷᠨᠢᠭᠦᠯᠵᠦ᠂ ᠤᠯᠠᠨ ᠠᠷᠭ᠎ᠠ ᠬᠡᠮᠵᠢᠶ᠎ᠡ ᠶᠢ ᠬᠠᠮᠲᠤ ᠳᠤᠨᠢ ᠬᠡᠷᠡᠭᠵᠢᠭᠦᠯᠵᠦ᠂ ᠳᠠᠬᠢᠨ ᠶᠠᠳᠠᠭᠤᠷᠠᠬᠤ | ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠲᠠᠯᠪᠢᠵᠤ᠂ ᠶᠠᠳᠠᠭᠤ ᠠᠴᠠ ᠠᠩᠭᠢᠵᠢᠷᠠᠬᠤ ᠪᠠᠬᠢᠯᠡᠯᠲᠡ ᠡᠪᠳᠡᠬᠦ | ᠪᠠᠶᠢᠯᠳᠤᠭᠠᠨ ᠳᠤ ᠯᠠᠪᠲᠠᠢ ᠢᠯᠠᠯᠲᠠ ᠣᠯᠣᠨ᠎ᠠ᠃ | ᠠᠳᠠᠯᠢ ᠲᠡᠭᠰᠢ ᠴᠢᠨᠠᠷᠲᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠡᠪ | ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠥᠭᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ | ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠰᠤᠷᠭᠠᠭᠤᠯᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠳᠡᠭᠡᠳᠦ ᠬᠡᠪ ᠴᠢᠨᠠᠷ | ᠪᠦᠬᠦᠢ ᠪᠠᠭᠰᠢ ᠶᠢᠨ ᠡᠩᠨᠡᠭᠡ ᠶᠢ ᠪᠤᠶᠢᠵᠢᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠬᠥᠭᠵᠢᠯᠲᠡ ᠶᠢ | ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠲᠤᠮᠤ ᠲᠣᠭᠤᠷᠢᠭ ᠠᠴᠠ ᠰᠤᠷᠭᠠᠨ ᠬᠥᠮᠦᠵᠢᠯ ᠤᠨ ᠬᠦᠴᠦᠷᠬᠡᠭ | ᠲᠣᠭᠤᠷᠢᠭ ᠲᠡᠰᠢ ᠠᠭᠢᠬᠤ ᠶᠢ ᠪᠡᠶᠡᠯᠡᠭᠦᠯᠦᠨ᠎ᠡ᠃ ᠰᠣᠶᠣᠯ ᠤᠨ ᠦᠢᠯᠡᠰ ᠤᠨ ᠬᠥᠭᠵᠢᠯᠲᠡ ᠶᠢ ᠶᠡᠬᠡᠪᠡᠷ ᠲᠦᠯᠬᠢᠨ | ᠠᠬᠢᠭᠤᠯᠵᠤ᠂ ᠤᠳᠬ᠎ᠠ ᠤᠷᠠᠯᠢᠭ ᠪᠡᠶ᠎ᠡ ᠲᠠᠮᠢᠷ ᠤᠨ ᠶᠡᠷᠦᠩᠬᠡᠶᠢᠯᠡᠭᠰᠡᠨ ᠲᠠᠯᠠᠪᠠᠶ ᠨᠤᠭᠤᠳ ᠤᠨ ᠪᠦᠲᠦᠭᠡᠨ | ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠭᠤᠷᠪᠠᠳᠤᠭᠠᠷ ᠳᠡᠰ ᠤᠨ ᠰᠣᠶᠣᠯ ᠤᠨ ᠵᠢᠭᠰᠠᠭᠠᠯ ᠤᠨ | ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠭᠰᠡᠨ᠂ | ᠬᠤᠳᠠ ᠬᠥᠳᠡᠭᠡ ᠶᠢ ᠬᠠᠮᠤᠷᠤᠭᠰᠠᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠠᠯᠲᠠ ᠶᠢ ᠭᠦᠨᠵᠡᠭᠡᠶᠢᠷᠡᠭᠦᠯᠵᠦ᠂ | ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠣᠣᠷ ᠰᠦᠯᠵᠢᠶ᠎ᠡ ᠪᠠᠶᠢᠭᠤᠯᠵᠤ᠂ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠤᠭᠰᠠᠨ | ᠦᠢᠯᠡᠴᠢᠯᠡᠭᠡᠨ ᠤ ᠵᠠᠭᠪᠤᠷ ᠢ ᠶᠡᠬᠡᠪᠡᠷ ᠳᠡᠯᠭᠡᠷᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠬᠢᠨᠠᠨ ᠬᠠᠮᠢᠶᠠᠷᠬᠤ | ᠡᠭᠦᠷᠭᠡ ᠴᠢᠳᠠᠪᠤᠷᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠶᠤᠯᠭᠦᠶ ᠶᠢᠨ ᠬᠢᠨᠠᠨ ᠬᠠᠮᠢᠶᠠᠷᠬᠤ ᠮᠡᠳᠡᠭᠡ | ᠵᠠᠩᠭᠢᠵᠢᠯᠲᠠ ᠶᠢ ᠲᠦᠯᠬᠢᠨ ᠠᠬᠢᠭᠤᠯᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ | ᠬᠤᠳᠠ ᠶᠢ ᠠᠮᠵᠢᠯᠲᠠ ᠪᠠᠷ ᠡᠭᠦᠳᠦᠨ ᠪᠠᠶᠢᠭᠤᠯᠤᠨ᠎ᠠ᠃ | ᠣᠳᠣᠬᠢᠴᠢᠯᠠᠭᠰᠠᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠤᠳᠤᠷᠢᠳᠬᠤ ᠡᠷᠬᠡ ᠶᠢ ᠪᠠᠲᠤ ᠡᠵᠡᠮᠰᠢᠵᠦ᠂ ᠨᠡᠶᠢᠭᠡᠮ ᠵᠢᠷᠤᠮ ᠤᠨ | ᠭᠤᠣᠯᠯᠠᠬᠤ ᠥᠷᠲᠡᠭ ᠤᠨ ᠦᠵᠡᠯᠲᠡ ᠶᠢ ᠨᠠᠷᠢᠨ ᠬᠢᠨᠠᠮᠠᠭᠠᠶ ᠪᠤᠶᠢᠵᠢᠭᠤᠯᠤᠨ ᠭᠦᠢᠴᠡᠳᠬᠡᠵᠦ᠂ ᠶᠣᠰᠣ ᠮᠣᠷᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠶᠣᠰᠣ ᠮᠣᠷᠠᠯ ᠤᠨ ᠬᠢᠵᠠᠭᠠᠷᠯᠠᠯ ᠢ ᠴᠢᠩᠭᠠᠳᠬᠠᠨ᠂ ᠬᠤᠳᠠ ᠶᠢᠨ ᠪᠣᠯᠪᠠᠰᠤᠨ ᠤ | ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠢᠯᠠ ᠵᠠᠬᠢᠳᠠᠯ ᠰᠤᠷᠪᠤᠯᠵᠢᠯᠠᠭ᠎ᠠ ᠶᠢ ᠪᠤᠢ ᠪᠣᠯᠭᠠᠵᠤ᠂ | ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠭ᠎ᠠ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ | ᠵᠢᠷᠤᠮᠵᠢᠭᠤᠯᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠲᠦᠷᠭᠡᠨ ᠰᠢᠢᠳᠪᠦᠷᠢᠯᠡᠵᠦ᠂ | ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃ ᠶᠡᠷᠦᠩᠬᠡᠶᠢᠯᠡᠨ | ᠵᠠᠰᠠᠬᠤ ᠶᠢ ᠪᠠᠷᠢᠮᠲᠠᠯᠠᠵᠤ᠂ ᠪᠣᠰᠤᠭ᠎ᠠ ᠴᠣᠭᠴᠠᠲᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ | ᠰᠢᠰᠲ᠋ᠧᠮ ᠢ ᠰᠢᠨ᠎ᠡ ᠪᠠᠷ ᠡᠭᠦᠳᠴᠦ᠂ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠶᠢ ᠴᠢᠩᠭᠠᠳᠬᠠᠵᠤ᠂ ᠤᠯᠠᠨ | ᠨᠡᠶᠢᠲᠡ ᠶᠢᠨ ᠠᠮᠤᠷ ᠲᠦᠪᠰᠢᠨ ᠢ ᠪᠦᠬᠦ ᠬᠦᠴᠦ ᠪᠠᠷ ᠢᠶᠠᠨ ᠬᠠᠮᠠᠭᠠᠯᠠᠨ᠎ᠠ᠃ ᠨᠠᠮ ᠤᠨ ᠦᠨᠳᠦᠰᠦᠲᠡᠨ ᠱᠠᠰᠢᠨ | ᠰᠤᠷᠲᠠᠬᠤᠨ ᠤ ᠲᠤᠬᠠᠶ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠡᠶ᠎ᠡ ᠨᠠᠶᠢᠷᠠᠮᠳᠠᠭᠤ ᠂ ᠨᠡᠶᠢᠭᠡᠮ ᠤᠨ ᠡᠶ᠎ᠡ ᠵᠣᠬᠢᠴᠠᠯᠳᠤ | ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠳᠤᠯᠠᠨ᠎ᠠ᠂᠃ | 2018 ᠣᠨ ᠤ ᠠᠵᠢᠯ ᠤᠨ ᠲᠤᠬᠠᠶ ᠰᠠᠨᠠᠭᠤᠯᠭ᠎ᠠ | 2018 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ | ᠡᠬᠢᠯᠡᠯᠲᠡ ᠶᠢᠨ ᠵᠢᠯ ᠪᠣᠯᠤᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠪᠡᠶᠡᠯᠡᠭᠦᠯᠬᠦ | ᠴᠢᠬᠤᠯᠠ ᠨᠢᠭᠡ ᠵᠢᠯ ᠮᠥᠨ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ | ᠤᠯᠬᠤ ᠵᠠᠩᠭᠢᠯᠠᠭ᠎ᠠ ᠶᠢᠨ ᠵᠢᠯ ᠮᠥᠨ᠃ ᠡᠭᠦᠷᠭᠡ ᠬᠠᠲᠠᠭᠤ ᠪᠡᠷᠬᠡ᠂ ᠦᠡᠭᠭᠡ ᠭᠡᠷᠡᠯᠳᠡᠢ ᠡᠭᠦᠷᠭᠡ᠃ | 2018 ᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ | ᠰᠢᠵᠢᠮ ᠪᠣᠯᠭᠠᠵᠤ᠂ ︽1248︾ ᠢᠨᠵᠧᠨᠧᠷᠢᠩ ᠢᠶᠠᠷ ᠭᠠᠷᠳᠠᠯ ᠪᠣᠯᠭᠠᠵᠤ᠂ ᠲᠣᠭᠲᠠᠭᠤᠨ ᠢᠶᠠᠷ ᠤᠷᠤᠭᠰᠢᠯᠠᠭᠤᠯᠬᠤ | ᠠᠵᠢᠯ ᠤᠨ ᠶᠡᠷᠦᠩᠬᠡᠶ ᠠᠶᠠᠰ ᠢ ᠪᠠᠷᠢᠮᠲᠠᠯᠠᠵᠤ᠂ ᠰᠢᠨ᠎ᠡ ᠡᠬᠢᠯᠡᠯᠲᠡ ᠳᠤ ᠵᠣᠭᠰᠣᠨ᠂ ᠰᠢᠨ᠎ᠡ ᠦᠵᠡᠯ ᠰᠠᠨᠠᠭ᠎ᠠ ᠶᠢ | ᠲᠤᠤᠱᠯᠠᠭᠤᠯᠵᠤ᠂ ᠰᠢᠨ᠎ᠡ ᠠᠵᠢᠯᠯᠠᠭ᠎ᠠ ᠪᠠᠨ ᠳᠡᠯᠭᠡᠨ ᠦᠵᠡᠭᠦᠯᠵᠦ᠂ ᠰᠢᠨ᠎ᠡ ᠶᠢ ᠡᠭᠦᠳᠴᠦ ᠬᠥᠲᠥᠯᠥᠨ ᠳᠠᠭᠠᠭᠤᠯᠬᠤ | ᠶᠢ ᠨᠡᠩ ᠴᠢᠬᠤᠯᠠᠴᠢᠯᠠᠵᠤ᠂ ᠬᠤᠳᠠ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠵᠤ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠠᠪᠤᠳᠠᠯ ᠢ ᠨᠡᠩ ᠴᠢᠬᠤᠯᠠᠴᠢᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠨᠡᠩ ᠢᠯᠡᠭᠦᠦ ᠴᠢᠬᠤᠯᠠᠴᠢᠯᠠᠵᠤ᠂ ᠡᠯ᠎ᠡ ᠦᠨᠳᠦᠰᠦᠲᠡᠨ ᠠᠷᠠᠳ ᠣᠯᠠᠨ ᠢ ᠪᠦᠯᠬᠦᠮᠳᠡᠭᠦᠯᠦᠨ | ᠳᠠᠭᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠵᠤ᠂ ᠠᠭᠤᠤ | ᠶᠡᠭᠡ ᠳᠤᠮᠳᠠᠳᠤ ᠶᠢᠨ ᠵᠡᠭᠦᠳᠦ ᠶᠢ ᠬᠠᠮᠲᠤ ᠪᠠᠷ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ᠃ | ᠭᠤᠣᠯ ᠪᠣᠯᠬᠤ ᠵᠢᠱᠢᠶ᠎ᠡ ᠬᠤᠭᠤᠴᠠᠭᠠᠨ ᠤ ᠬᠠᠷᠠᠯᠲᠠ ᠨᠤᠭᠤᠳ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠪᠦᠬᠦ ᠦᠷᠳᠡᠭ ᠢ 6% ᠪᠠᠷ ᠨᠡᠮᠡᠭᠳᠡᠭᠦᠯᠵᠦ᠂ ᠤᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠦᠪ ᠤᠨ ᠣᠷᠣᠯᠭ᠎ᠠ ᠶᠢ 5% ᠪᠠᠷ ᠨᠡᠮᠡᠭᠳᠡᠭᠦᠯᠵᠦ᠂ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ | 5% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ | 7% ᠪᠠᠷ ᠨᠡᠮᠡᠭᠳᠡᠭᠦᠯᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢ 7 % ᠪᠠᠷ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠠᠵᠢᠯ ᠢ ᠭᠤᠣᠯᠳᠠᠯᠭ᠎ᠠ ᠲᠠᠢ ᠰᠠᠶᠢᠲᠤᠷ | ᠠᠳᠬᠤᠬᠤ ᠬᠡᠷᠡᠭᠲᠡᠶ᠃ | ᠨᠢᠭᠡ ᠪᠠᠷᠢᠯᠭ᠎ᠠ ᠶᠢᠨ ᠵᠦᠢᠯ ᠤᠨ ᠳᠠᠶᠢᠴᠢᠯᠠᠬᠤ ᠶᠢ ᠬᠦᠴᠦᠲᠡᠶ ᠠᠳᠬᠤᠵᠤ᠂ ᠬᠥᠭᠵᠢᠯᠲᠡ ᠶᠢᠨ | ᠬᠥᠳᠡᠯᠭᠡᠭᠴᠢ ᠬᠦᠴᠦ ᠶᠢ ᠢᠳᠡᠪᠬᠢᠵᠢᠭᠦᠯᠦᠨ᠎ᠡ | ᠠᠵᠤ ᠦᠢᠯᠡᠰ ᠤᠨ ᠤᠳᠤᠷᠢᠳᠤᠮᠵᠢ ᠶᠢ ᠳᠣᠪᠣᠶᠢᠯᠭᠠᠵᠤ᠂ ᠠᠷᠠᠯᠵᠢᠶᠠᠴᠢᠨ ᠤᠷᠢᠬᠤ ᠠᠵᠢᠯ ᠢ ᠰᠠᠶᠢᠲᠤᠷ | ᠠᠳᠬᠤᠬᠤ ᠬᠡᠷᠡᠭᠲᠡᠶ᠃ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠳᠡᠭᠡᠳᠦ ᠱᠠᠲᠤᠨ ᠤ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠭᠦᠢᠴᠡᠳ ᠰᠠᠶᠢᠲᠤᠷ | ᠬᠡᠷᠡᠭᠯᠡᠵᠦ᠂ ᠠᠵᠤ ᠦᠢᠯᠡᠰ ᠢ ᠲᠡᠳᠬᠦᠨ ᠳᠡᠮᠵᠢᠬᠦ ᠰᠠᠭᠤᠷᠢ ᠮᠥᠩᠭᠦ ᠪᠠᠶᠢᠭᠤᠯᠬᠤ ᠵᠡᠷᠭᠡ ᠬᠡᠯᠪᠡᠷᠢ ᠪᠠᠷ ᠳᠠᠮᠵᠢᠵᠤ᠂ | ᠪᠠᠷᠢᠯᠭ᠎ᠠ ᠶᠢᠨ ᠵᠦᠢᠯ ᠢ ᠣᠷᠣᠭᠤᠯᠤᠨ ᠠᠪᠴᠢᠷᠠᠬᠤ ᠲᠠᠲᠠᠬᠤ ᠬᠦᠴᠦᠨ ᠢᠶᠠᠨ ᠨᠡᠮᠡᠭᠳᠡᠭᠦᠯᠦᠨ᠎ᠡ᠃ ᠠᠷᠠᠯᠵᠢᠶᠠᠴᠢᠨ | ᠤᠷᠢᠬᠤ ᠠᠷᠭ᠎ᠠ ᠮᠠᠶ᠋ᠢᠭ ᠢᠶᠠᠨ ᠰᠢᠨ᠎ᠡ ᠪᠠᠷ ᠡᠭᠦᠳᠴᠦ᠂ ᠤᠳᠤ ᠪᠠᠶᠢᠭ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠭᠠᠳᠠᠭᠠᠳᠤ ᠳᠤ ᠰᠠᠭᠤᠭ᠎ᠠ ᠬᠤᠳᠠᠯᠳᠤᠭᠠᠴᠢᠨ ᠤᠷᠢᠬᠤ ᠪᠠᠶᠢᠭᠤᠯᠤᠮᠵᠢ ᠶᠢ ᠡᠬᠢᠯᠡᠭᠦᠯᠵᠦ᠂ ᠠᠵᠤ ᠠᠬᠤᠶᠢᠯᠠᠯ᠂ | ᠬᠤᠳᠠᠯᠳᠤᠭᠠᠨ ᠤ ᠡᠪᠯᠡᠯ ᠤᠨ ᠬᠦᠴᠦᠨ ᠳᠤ ᠲᠦᠰᠢᠭᠯᠡᠵᠦ᠂ ᠵᠦᠪ ᠣᠨᠣᠪᠴᠢᠲᠠᠢ ᠪᠠᠷ ᠬᠤᠳᠠᠯᠳᠤᠭᠠᠴᠢᠨ ᠤᠷᠢᠬᠤ | ᠶᠢ ᠶᠡᠬᠡᠪᠡᠷ ᠥᠷᠨᠢᠭᠦᠯᠵᠦ᠂ ᠬᠤᠳᠠᠯᠳᠤᠭ᠎ᠠ ᠪᠠᠷ ᠬᠤᠳᠠᠯᠳᠤᠭᠠᠴᠢᠨ ᠤᠷᠢᠵᠤ᠂ ᠬᠤᠳᠠᠯᠳᠤᠭᠠᠴᠢᠨ ᠤᠷᠢᠬᠤ ᠠᠮᠵᠢᠯᠲᠠ | ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠣᠨᠢᠯᠠᠵᠤ᠂ | ᠬᠤᠳᠠᠯᠳᠤᠭᠠᠴᠢᠨ ᠤᠷᠢᠬᠤ ᠭᠤᠣᠯᠳᠠᠯᠭ᠎ᠠ ᠶᠢ ᠲᠤᠪᠤᠶᠢᠯᠭᠠᠨ᠂ ᠨᠢᠭᠡ ᠪᠦᠯᠦᠭ ᠪᠡᠯᠡ ᠣᠷᠣᠭᠤᠯᠤᠯᠲᠠ ᠶᠢᠨ ᠲᠤᠭ᠎ᠠ | ᠬᠡᠮᠵᠢᠶ᠎ᠡ ᠶᠡᠭᠡ᠂ ᠦᠢᠯᠡᠳᠬᠦᠨ ᠤ ᠦᠷᠲᠡᠭ ᠦᠷ᠎ᠡ ᠠᠰᠢᠭ ᠨᠢ ᠥᠨᠳᠥᠷ᠂ ᠠᠵᠢᠯ ᠣᠯᠭᠤᠬᠤ ᠬᠡᠪᠴᠢᠶ᠎ᠡ ᠨᠢ ᠠᠷᠪᠢᠨ | ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠷ ᠴᠢᠩᠭ᠎ᠠ ᠪᠦᠭᠡᠳ ᠰᠠᠶᠢᠨ ᠪᠠᠷᠢᠯᠭ᠎ᠠ ᠶᠢᠨ ᠵᠦᠢᠯ ᠢ ᠬᠦᠴᠦ | ᠲᠠᠯᠪᠢᠨ ᠣᠷᠤᠭᠤᠯᠤᠨ ᠠᠪᠴᠢᠷᠠᠵᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠳᠤ ᠴᠢᠩᠭ᠎ᠠ ᠬᠦᠴᠦᠲᠡᠶ ᠲᠦᠰᠢᠭ ᠲᠤᠯᠭᠠᠭᠤᠷᠢ ᠬᠠᠩᠭᠠᠨ᠎ᠠ᠃ | ᠳᠦᠯᠬᠢᠨ ᠠᠬᠢᠭᠤᠯᠬᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠪᠠᠶᠢᠳᠠᠯ ᠳᠤ ᠵᠣᠬᠢᠴᠠᠬᠤ ᠪᠠᠷᠢᠯᠭ᠎ᠠ ᠶᠢᠨ | ᠵᠦᠢᠯ ᠢ ᠬᠥᠭᠵᠢᠭᠦᠯᠬᠦ ᠬᠡᠷᠡᠭᠲᠡᠶ᠃ ᠪᠠᠷᠢᠯᠭ᠎ᠠ ᠶᠢᠨ ᠵᠦᠢᠯ ᠤᠨ ᠪᠦᠳᠦᠭᠡᠨ ᠪᠠᠶᠢᠭᠤᠯᠤᠯᠲᠠ ᠨᠢ ᠣᠷᠣᠨ ᠪᠦᠰᠡ ᠶᠢᠨ | ᠬᠥᠭᠵᠢᠯᠲᠡ ᠶᠢ ᠲᠦᠯᠬᠢᠨ ᠠᠬᠢᠭᠤᠯᠬᠤ ᠨᠢᠭᠡᠳᠦᠭᠡᠷ ᠭᠠᠷᠳᠠᠴᠠ ᠪᠣᠯᠭᠠᠵᠤ᠂ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠶᠢ ᠭᠦᠨᠵᠡᠭᠡᠶ ᠰᠤᠳᠤᠯᠵᠤ᠂ ᠮᠠᠨ ᠤ ᠲᠣᠭᠤᠷᠢᠭ ᠤᠨ ᠲᠤᠰ ᠪᠡᠶ᠎ᠡ ᠶᠢᠨ ᠠᠵᠤ ᠦᠢᠯᠡᠰ ᠤᠨ | ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠵᠤ᠂ ᠨᠢᠭᠡ ᠪᠦᠯᠦᠭ ᠬᠥᠭᠵᠢᠯᠲᠡ ᠶᠢᠨ ᠳᠠᠯᠳᠠ ᠬᠦᠴᠦᠨ ᠶᠡᠭᠡ᠂ | ᠵᠠᠬ᠎ᠠ ᠳᠡᠯᠭᠡᠭᠦᠷ ᠤᠨ ᠬᠥᠭᠵᠢᠯ ᠤᠨ ᠲᠥᠯᠥᠪ ᠰᠠᠶᠢᠲᠠᠶ ᠥᠭᠡᠳᠡᠷᠬᠡᠭ ᠪᠠᠷᠢᠯᠭ᠎ᠠ ᠶᠢᠨ ᠵᠦᠢᠯ ᠢ ᠭᠤᠣᠯᠳᠠᠯᠭ᠎ᠠ ᠲᠠᠢ ᠪᠠᠷ | ᠲᠥᠯᠥᠪᠯᠡᠨ ᠪᠡᠯᠡᠳᠬᠡᠵᠦ᠂ ᠪᠠᠷᠢᠯᠭ᠎ᠠ ᠶᠢᠨ ᠵᠦᠢᠯ ᠤᠨ ᠦᠷᠭᠦᠯᠵᠢᠯᠡᠭᠰᠡᠨ ᠨᠡᠭᠡᠭᠡᠨ ᠬᠥᠭᠵᠢᠭᠦᠯᠬᠦ ᠶᠢ ᠪᠡᠶᠡᠯᠡᠭᠦᠯᠦᠨ᠎ᠡ᠃ | ᠤᠳᠤᠷᠢᠳᠬᠤ ᠺᠠᠳ᠋ᠷ ᠪᠣᠯᠤᠨ ᠭᠠᠵᠠᠷ ᠣᠷᠣᠨ ᠤ ᠰᠠᠯᠠᠭ᠎ᠠ ᠮᠥᠴᠢᠷ ᠤᠨ ᠪᠦᠦ ᠯᠢᠶᠠᠨ ᠪᠠᠷᠢᠯᠭ᠎ᠠ ᠶᠢᠨ ᠲᠦᠷᠢᠮ ᠢ | ᠦᠷᠭᠦᠯᠵᠢᠯᠡᠨ ᠬᠡᠷᠡᠭᠵᠢᠭᠦᠯᠵᠦ᠂ ᠬᠠᠷᠢᠯᠴᠠᠨ ᠬᠤᠯᠪᠣᠯᠳᠤᠵᠤ ᠬᠠᠷᠢᠯᠴᠠᠨ ᠨᠥᠬᠦᠴᠡᠯᠳᠦᠬᠦ᠂ ᠨᠡᠶᠢᠯᠡᠯ ᠬᠦᠴᠦᠨ ᠢ ᠪᠤᠢ | ᠪᠣᠯᠭᠠᠨ᠂ ᠪᠠᠷᠢᠯᠭ᠎ᠠ ᠶᠢᠨ ᠵᠦᠢᠯ ᠤᠨ ᠬᠡᠷᠡᠭᠵᠢᠭᠦᠯᠬᠦ ᠶᠠᠪᠤᠴᠠ ᠳᠤᠮᠳᠠᠬᠢ ᠪᠡᠯᠡ ᠮᠥᠩᠭᠦ᠂ ᠨᠤᠷᠠᠭᠠᠵᠤ ᠨᠡᠭᠦᠯᠭᠡᠬᠦ᠂ | ᠭᠠᠵᠠᠷ ᠰᠢᠷᠣᠶ ᠲᠠᠲᠠᠪᠤᠷᠢᠯᠠᠬᠤ ᠵᠡᠷᠭᠡ ᠲᠦᠪᠡᠭᠲᠡᠶ ᠠᠰᠠᠭᠤᠳᠠᠯ ᠢ ᠴᠠᠭ ᠲᠤᠬᠠᠶ ᠲᠤᠨᠢ ᠵᠣᠬᠢᠴᠠᠭᠤᠯᠤᠨ | ᠰᠢᠢᠳᠪᠦᠷᠢᠯᠡᠵᠦ᠂ ᠶᠡᠷᠦᠩᠬᠡᠶ ᠪᠡᠯᠡ ᠣᠷᠣᠭᠤᠯᠤᠯᠲᠠ ᠨᠢ 112 ᠳ᠋ᠦᠩᠰᠢᠭᠤᠷ ᠲᠥᠭᠦᠷᠢᠭ ᠤᠨ ᠹᠦ᠋ ᠯᠢ ᠬᠤᠸᠠ | ᠲᠢᠩ᠂ ᠬᠡᠨᠭ ᠳ᠋ᠠ ᠹᠧᠢ ᠰᠦᠢ ᠬᠤᠲᠠ ᠵᠡᠷᠭᠡ ᠴᠢᠬᠤᠯᠠ ᠶᠡᠭᠡ ᠪᠠᠷᠢᠯᠭ᠎ᠠ ᠶᠢ ᠤᠷᠤᠭᠰᠢᠲᠠᠶ ᠬᠡᠷᠡᠭᠵᠢᠭᠦᠯᠬᠦ ᠶᠢ | ᠦᠨᠡᠨ ᠬᠦ ᠪᠠᠲᠤᠯᠠᠨ᠎ᠠ᠃ | ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠤᠯᠠᠨ ᠲᠠᠯ᠎ᠠ ᠪᠠᠷ ᠪᠡᠯᠡ ᠮᠥᠩᠭᠦ | ᠲᠠᠲᠠᠨ ᠠᠪᠴᠢᠷᠠᠨ᠎ᠠ᠃ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠪᠠ ᠪᠡᠯᠡ ᠮᠥᠩᠭᠦ ᠶᠢᠨ ᠳᠡᠮᠵᠢᠯᠭᠡ ᠦᠵᠡᠭᠦᠯᠬᠦ | ᠶᠢ ᠪᠦᠬᠦ ᠬᠦᠴᠦ ᠪᠠᠷ ᠴᠢᠷᠮᠠᠶᠢᠵᠤ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ᠂ ᠲᠠᠷᠢᠶᠠᠯᠠᠩ ᠤᠨ | ᠬᠥᠭᠵᠢᠭᠦᠯᠦᠯᠲᠡ ᠶᠢᠨ ᠪᠠᠩᠬᠢ ᠵᠢᠴᠢ ᠪᠤᠰᠤᠳ ᠬᠤᠳᠠᠯᠳᠤᠭᠠᠨ ᠤ ᠪᠠᠩᠬᠢ ᠶᠢᠨ ᠪᠡᠯᠡ ᠮᠥᠩᠭᠦ ᠶᠢ ᠠᠮᠢᠳᠤᠯᠢᠭ | ᠰᠠᠶᠢᠬᠠᠨ ᠢᠶᠠᠷ ᠬᠡᠷᠡᠭᠯᠡᠵᠦ᠂ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠲᠠᠢ ᠰᠠᠯᠤᠯ ᠤᠢᠭᠡᠢ ᠲᠡᠭᠠᠵᠦ᠂ | ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ᠂ ᠭᠠᠵᠠᠷ ᠲᠠᠷᠢᠶ᠎ᠠ ᠶᠢ ᠲᠡᠭᠰᠢᠯᠡᠬᠦ᠂ ᠨᠡᠶᠢᠭᠡᠮ ᠤᠨ ᠠᠵᠢᠯ | ᠦᠢᠯᠡᠰ ᠵᠡᠷᠭᠡ ᠬᠦᠷᠢᠶᠡᠨ ᠤ ᠰᠠᠭᠤᠷᠢ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠵᠠᠰᠠᠭ ᠤᠨ ᠮᠥᠩᠭᠦ᠂ ᠮᠥᠩᠭᠦᠨ | ᠤ ᠠᠵᠤ ᠠᠬᠤᠶᠢᠯᠠᠯ ᠤᠨ ᠬᠤᠷᠰᠢᠯᠴᠠᠭ᠎ᠠ ᠶᠢ ᠴᠢᠩᠭᠠᠳᠬᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠵᠦ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠢ ᠬᠥᠭᠵᠢᠭᠡᠨ᠎ᠡ᠃ ᠭᠥᠢ ᠳ᠋ᠡ᠂ ᠰᠢᠨ | ᠷᠦᠩ᠂ ᠰᠢᠩ ᠶᠦᠢ ᠵᠡᠷᠭᠡ ᠣᠷᠣᠨ ᠤ ᠲᠦᠷᠦᠯ ᠤᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠲᠠᠪᠴᠠᠩ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠬᠦᠷᠦᠩᠭᠡ ᠶᠢᠨ ᠡᠵᠡᠩᠨᠡᠯᠲᠡ ᠶᠢᠨ ᠬᠢᠵᠠᠭᠠᠷᠲᠤ | ᠺᠣᠮᠫᠠᠨᠢ ᠪᠠᠶᠢᠭᠤᠯᠵᠤ᠂ ᠠᠵᠤ ᠠᠬᠤᠶᠢᠯᠠᠯ ᠤᠨ ᠵᠠᠰᠠᠬᠤ ᠰᠢᠰᠲ᠋ᠧᠮ ᠶᠢ ᠲᠡᠭᠦᠯᠳᠡᠷᠵᠢᠭᠦᠯᠬᠦ ᠶᠢ ᠬᠥᠲᠥᠯᠥᠨ | ᠵᠢᠯᠣᠭᠤᠳᠴᠤ᠂ ᠨᠠᠷᠢᠯᠢᠭ ᠬᠠᠮᠢᠶᠠᠷᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠤᠬᠠᠮᠰᠠᠷ ᠢᠶᠠᠨ ᠨᠡᠮᠡᠭᠳᠡᠭᠦᠯᠵᠦ᠂ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠦᠷᠳᠡᠭ ᠢ ᠪᠠᠲᠤᠯᠠᠬᠤ ᠪᠠ ᠦᠷᠳᠡᠭ ᠢ ᠨᠡᠮᠡᠭᠳᠡᠭᠦᠯᠬᠦ ᠶᠢ | ᠪᠡᠶᠡᠯᠡᠭᠦᠯᠦᠨ᠎ᠡ᠃ ᠤᠳᠤ ᠪᠠᠶᠢᠭ᠎ᠠ PPP ᠪᠠᠷᠢᠯᠭ᠎ᠠ ᠶᠢᠨ ᠵᠦᠢᠯ ᠤᠨ ᠬᠢᠨᠠᠨ ᠬᠠᠮᠢᠶᠠᠷᠬᠤ ᠶᠢ ᠴᠢᠩᠭᠠᠳᠬᠠᠵᠤ᠂ | ᠵᠢᠷᠤᠮᠵᠢᠭᠤᠨ ᠠᠵᠢᠯᠯᠠᠬᠤ ᠶᠢ ᠦᠨᠡᠨ ᠬᠦ ᠪᠠᠲᠤᠯᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ | ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠰᠡᠷᠭᠡᠶᠢᠯᠡᠵᠦ᠂ ᠰᠠᠶᠢᠨ ᠴᠢᠨᠠᠷᠲᠠᠢ ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ | ᠃ | ᠬᠤᠶᠠᠷ ᠠᠵᠤ ᠦᠢᠯᠡᠰ ᠤᠨ ᠪᠣᠶᠢᠵᠢᠯᠲᠠ ᠶᠢ ᠰᠠᠶᠢᠨ ᠠᠳᠬᠤᠵᠤ᠂ ᠠᠵᠤ ᠠᠬᠤᠶ ᠶᠢᠨ ᠪᠣᠳᠠᠲᠤ ᠬᠦᠴᠦᠨ ᠢ | ᠳᠡᠭᠡᠭᠰᠢᠯᠡᠭᠦᠯᠦᠨ᠎ᠡ | ᠤᠯᠠᠮᠵᠢᠯᠠᠯᠲᠤ ᠬᠤᠳᠠᠯᠳᠤᠭᠠᠨ ᠤ ᠬᠦᠷᠢᠶᠡᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ᠃ | ᠰᠢᠨᠬᠤᠸᠠ ᠲᠠᠯᠠᠪᠠᠶ ᠶᠢᠨ ᠡᠷᠭᠢᠨ ᠲᠣᠭᠤᠷᠢᠨ ᠤ ᠰᠢᠵᠢᠷ ᠠᠯᠲᠠᠨ ᠭᠠᠵᠠᠷ ᠢ ᠪᠦᠬᠦ ᠲᠠᠯ᠎ᠠ ᠪᠠᠷ ᠨᠡᠭᠡᠭᠡᠨ ᠬᠥᠭᠵᠢᠭᠦᠯᠬᠦ | ᠶᠢ ᠲᠦᠷᠭᠡᠳᠬᠡᠵᠦ᠂ ᠬᠠᠢ ᠯᠠᠩ ᠤᠨ ᠬᠤᠶᠠᠳᠤᠭᠠᠷ ᠬᠤᠭᠤᠴᠠᠭᠠᠨ ᠤ ︽ᠯᠣᠬᠠᠱᠧᠩ ᠵᠢᠵᠢᠭ ᠪᠠᠯᠭᠠᠰᠤ︾ | ᠪᠠᠶᠢᠭᠤᠯᠤᠯᠲᠠ ᠡᠵᠡᠩᠨᠡᠯᠲᠡ ᠳᠤ ᠣᠷᠣᠬᠤ ᠶᠢ ᠪᠠᠲᠤᠯᠠᠵᠤ᠂ ᠵᠧᠨ ᠬᠤᠸᠠ ᠪᠦᠯᠦᠭᠯᠡᠯ ᠤᠨ ᠶᠡᠷᠦᠩᠬᠡᠶ ᠪᠡᠯᠡ | ᠣᠷᠣᠭᠤᠯᠤᠯᠲᠠ ᠨᠢ 26 ᠳ᠋ᠦᠩᠰᠢᠭᠤᠷ ᠲᠥᠭᠦᠷᠢᠭ ᠤᠨ ᠪᠠᠷᠢᠯᠭ᠎ᠠ ᠶᠢ ᠡᠬᠢᠯᠡᠭᠦᠯᠦᠨ ᠪᠥᠳᠥᠭᠡᠨ ᠪᠠᠶᠢᠭᠤᠯᠵᠤ᠂ | ᠶᠤᠸᠠᠨ ᠳ᠋ᠠ ᠶᠢ ᠶᠧ ᠪᠦᠯᠦᠭᠯᠡᠯ ᠤᠨ ᠪᠠᠷᠢᠯᠭ᠎ᠠ ᠶᠢ ᠡᠬᠢᠯᠡᠨ ᠬᠡᠷᠡᠭᠵᠢᠭᠦᠯᠵᠦ᠂ ᠰᠦ ᠨᠢᠩ ᠪᠦᠯᠦᠭᠯᠡᠯ ᠤᠨ ᠬᠤᠳᠠ | ᠶᠢᠨ ᠶᠡᠷᠦᠩᠬᠡᠶ ᠴᠣᠭᠴᠠ ᠪᠥᠬᠦᠢ ᠪᠠᠷᠢᠯᠭ᠎ᠠ ᠠᠮᠵᠢᠯᠲᠠ ᠣᠯᠬᠤ ᠪᠠᠷ ᠴᠢᠷᠮᠠᠶᠢᠨ᠎ᠠ᠃ ᠤᠳᠤ ᠪᠠᠶᠢᠭ᠎ᠠ ᠬᠤᠳᠠ ᠶᠢᠨ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠨᠢᠭᠡ | ᠪᠦᠯᠦᠭ ᠠᠯᠳᠠᠷᠰᠢᠯ ᠤᠨ ᠬᠡᠮᠵᠢᠶ᠎ᠡ ᠪᠠᠷ ᠥᠨᠳᠥᠷ᠂ ᠲᠥᠪᠯᠡᠷᠡᠯ ᠤᠨ ᠬᠦᠴᠦᠨ ᠢᠶᠠᠷ ᠴᠢᠩᠭ᠎ᠠ ᠨᠡᠷᠡᠲᠦ ᠳᠡᠯᠭᠡᠭᠦᠷ᠂ | ᠬᠤᠯᠪᠣᠯᠳᠤᠭᠰᠠᠨ ᠳᠡᠯᠭᠡᠭᠦᠷ ᠣᠷᠣᠭᠤᠯᠵᠤ᠂ ᠬᠤᠳᠠ ᠶᠢᠨ ᠠᠷᠠᠳ ᠤᠯᠠᠨ ᠤ ᠲᠠᠰ ᠳᠠᠪᠬᠤᠷᠭ᠎ᠠ ᠶᠢᠨ ᠬᠡᠷᠡᠭᠯᠡᠭᠡᠨ ᠤ | ᠬᠡᠷᠡᠭᠴᠡᠭᠡ ᠶᠢ ᠬᠠᠩᠭᠠᠬᠤ ᠬᠡᠷᠡᠭᠲᠡᠶ᠃ ᠬᠤᠳᠠᠯᠳᠤᠭᠠᠨ ᠤ ᠣᠷᠴᠢᠨ ᠨᠥᠬᠦᠴᠡᠯ ᠢ ᠤᠯᠠᠮ ᠨᠢᠭᠡ ᠠᠯᠬᠤᠮ | ᠥᠭᠡᠷᠡᠴᠢᠯᠡᠵᠦ᠂ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠬᠤᠲᠠ ᠶᠢᠨ ᠬᠤᠳᠠᠯᠳᠤᠭᠠᠨ ᠨᠢ | ᠢᠳᠡᠭᠡᠨ ᠤᠮᠳᠠᠭᠠᠨ ᠠᠮᠲᠠᠲᠤ ᠢᠳᠡᠭᠡᠨ᠂ ᠵᠤᠭ᠎ᠠ ᠴᠡᠩᠭᠡᠯ᠂ ᠲᠣᠭᠯᠠᠬᠤ ᠤᠷᠠᠯᠢᠭ ᠤᠨ ᠲᠣᠭᠯᠠᠯᠲᠠ᠂ ᠺᠢᠨᠣ᠋ ᠲᠧᠯᠸᠢᠰ | ᠲᠣᠭᠯᠠᠭᠠᠮ ᠵᠡᠷᠭᠡ ᠨᠡᠶᠢᠭᠡᠮ ᠤᠨ ᠬᠠᠷᠢᠯᠴᠠᠭᠠᠨ ᠤ ᠴᠢᠳᠠᠪᠬᠢ ᠪᠠᠷ ᠭᠤᠣᠯ ᠬᠡᠯᠪᠡᠷᠢ ᠪᠠᠨ ᠬᠤᠪᠢᠷᠠᠭᠤᠯᠤᠭᠰᠠᠨ ᠪᠠᠷᠠᠭ᠎ᠠ | ᠬᠤᠳᠠᠯᠳᠤᠨ ᠠᠪᠬᠤ ᠴᠢᠳᠠᠪᠤᠷᠢ ᠪᠠᠷ ᠭᠤᠣᠯ ᠪᠣᠯᠭᠠᠬᠤ ᠶᠢ ᠠᠬᠢᠭᠤᠯᠤᠨ᠎ᠠ᠃ ︽ᠢᠨᠲ᠋ᠤᠷ ᠰᠦᠯᠵᠢᠶ᠎ᠡ +︾ | ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠸᠧᠢ ᠳ᠋ᠧᠦ ᠯᠢ᠂ ᠦᠨᠳᠦᠰᠦᠲᠡᠨ ᠤ ᠬᠤᠳᠠᠯᠳᠤᠭᠠᠨ ᠤ | ᠳᠡᠯᠭᠡᠭᠦᠷ ᠵᠡᠷᠭᠡ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠤᠨ ᠳᠡᠭᠡᠷ᠎ᠡ ᠳᠣᠣᠷ᠎ᠠ ᠱᠣᠭᠤᠮ ᠤᠨ ᠡᠵᠡᠩᠨᠡᠬᠦ ᠶᠢ | ᠭᠦᠨᠵᠡᠭᠡᠶ ᠨᠡᠶᠢᠯᠡᠯ ᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠪᠣᠳᠠᠲᠤ ᠴᠣᠭᠴᠠ ᠶᠢᠨ ᠬᠤᠳᠠᠯᠳᠤᠭᠠᠨ ᠤ | ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠮᠠᠰᠢᠨ ᠲᠡᠷᠭᠡᠨ ᠤ ᠠᠷᠠᠯᠵᠢᠶ᠎ᠠ | ᠬᠤᠳᠠᠯᠳᠤᠭᠠᠨ ᠤ ᠦᠢᠯᠡᠰ ᠤᠨ ᠲᠥᠪᠯᠡᠷᠡᠯ ᠤᠨ ᠣᠷᠣᠨ ᠢ ᠪᠤᠵᠠᠭᠠᠶᠢᠷᠠᠭᠤᠯᠵᠤ᠂ ᠮᠠᠰᠢᠨ ᠲᠡᠷᠭᠡᠨ ᠤ ᠠᠷᠠᠯᠵᠢᠶ᠎ᠠ | ᠠᠵᠤ ᠦᠢᠯᠡᠰ ᠤᠨ ᠲᠥᠪᠯᠡᠷᠡᠨ ᠬᠤᠷᠠᠬᠤ᠂ ᠬᠡᠪᠴᠢᠶᠡᠵᠢᠬᠦ᠂ ᠦᠵᠦᠭᠦᠷᠯᠡᠨ ᠬᠥᠭᠵᠢᠭᠦᠯᠬᠦ ᠶᠢ ᠲᠦᠯᠬᠢᠨ | ᠠᠬᠢᠭᠤᠯᠤᠨ᠎ᠠ᠃ ᠵᠢᠨᠬᠠᠢ ᠲᠡᠮᠦᠷᠯᠢᠭ ᠮᠠᠰᠢᠨ ᠴᠠᠬᠢᠯᠭᠠᠨ ᠤ ᠵᠠᠬ᠎ᠠ ᠳᠡᠯᠭᠡᠭᠦᠷ ᠤᠨ ᠡᠯᠧᠺᠲᠷᠣᠨ ᠬᠤᠳᠠᠯᠳᠤᠭᠠᠨ ᠤ | ᠬᠢᠯᠢ ᠠᠯᠤᠰᠯᠠᠭᠰᠠᠨ ᠠᠷᠠᠯᠵᠢᠶ᠎ᠠ ᠶᠢ ᠳᠡᠮᠵᠢᠵᠦ᠂ ᠵᠢᠨᠬᠠᠢ ᠲᠡᠮᠦᠷᠯᠢᠭ ᠮᠠᠰᠢᠨ ᠴᠠᠬᠢᠯᠭᠠᠨ ᠤ ᠬᠤᠲᠠ ᠶᠢᠨ | ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠨ ᠪᠠᠶᠢᠭᠤᠯᠤᠨ᠎ᠠ᠃ ᠪᠡᠭᠡᠵᠢᠩ ᠤᠨ ᠬᠤᠶᠠᠷᠳᠤᠭᠠᠷ | ᠬᠤᠳᠠᠯᠳᠤᠭᠠᠨ ᠤ ᠳ᠋ᠠ ᠬᠤᠩ ᠮᠧᠨ ᠮᠢᠬᠠᠨ ᠢᠳᠡᠭᠡᠨ ᠤ ᠬᠢᠵᠠᠭᠠᠷᠲᠤ ᠺᠣᠮᠫᠠᠨᠢ ᠶᠢ ᠣᠷᠣᠭᠤᠯᠤᠨ ᠠᠪᠴᠢᠷᠠᠵᠤ᠂ 3 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠸᠠᠨ ᠬᠦᠢ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ | ᠥᠭᠡᠷᠡᠴᠢᠯᠡᠨ ᠲᠡᠰ ᠳᠡᠪᠰᠢᠭᠦᠯᠵᠦ᠂ ᠤᠯᠤᠰ ᠤᠨ ᠳᠣᠲᠣᠭᠠᠳᠤ ᠶᠢᠨ ᠲᠤᠮᠤ ᠬᠡᠯᠪᠡᠷᠢ ᠶᠢᠨ ᠲᠠᠷᠢᠶᠠᠯᠠᠩ ᠤᠨ | ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠶᠡᠷᠦᠩᠬᠡᠶᠢᠯᠡᠨ ᠪᠥᠭᠡᠮ ᠢᠶᠠᠷ ᠬᠤᠳᠠᠯᠳᠤᠬᠤ ᠠᠷᠠᠯᠵᠢᠶᠠᠨ ᠤ ᠵᠠᠬ᠎ᠠ | ᠳᠡᠯᠭᠡᠭᠦᠷ ᠢ ᠪᠦᠲᠦᠭᠡᠨ ᠪᠠᠶᠢᠭᠤᠯᠤᠨ᠎ᠠ᠃ ᠬᠤᠶᠢᠲᠤ ᠭᠤᠷᠪᠠᠳᠤᠭᠠᠷ ᠲᠦᠷᠭᠡᠨ ᠵᠠᠮ ᠤᠨ ᠳᠠᠭᠠᠤ ᠳᠤ ᠰᠢᠨ᠎ᠡ ᠪᠠᠷ | ᠮᠠᠰᠢᠨ ᠲᠡᠷᠭᠡᠨ ᠤ ᠰᠡᠯᠪᠢᠭ ᠬᠡᠷᠡᠭᠰᠡᠯ ᠤᠨ ᠬᠤᠲᠠ᠂ ᠪᠠᠷᠢᠯᠭ᠎ᠠ ᠶᠢᠨ ᠮᠠᠲ᠋ᠧᠷᠢᠶᠠᠯ ᠬᠤᠳᠠᠯᠳᠤᠬᠤ ᠭᠠᠵᠠᠷ ᠵᠡᠷᠭᠡ ᠲᠤᠮᠤ | ᠬᠡᠯᠪᠡᠷᠢ ᠶᠢᠨ ᠲᠤᠰᠬᠠᠶ ᠵᠠᠬ᠎ᠠ ᠳᠡᠯᠭᠡᠭᠦᠷ ᠪᠠᠶᠢᠭᠤᠯᠬᠤ ᠶᠢ ᠲᠥᠯᠥᠪᠵᠢᠭᠦᠯᠵᠦ᠂ ᠭᠤᠣᠯ ᠬᠤᠳᠠ ᠶᠢᠨ ᠲᠣᠭᠤᠷᠢᠭ ᠤᠨ | ᠵᠠᠮ ᠬᠠᠷᠢᠯᠴᠠᠭᠠᠨ ᠤ ᠳᠠᠷᠤᠯᠲᠠ ᠶᠢ ᠡᠶᠡᠳᠡᠭᠦᠯᠦᠨ ᠵᠣᠬᠢᠴᠠᠭᠤᠯᠵᠤ᠂ ᠰᠢᠨ᠎ᠡ ᠠᠷᠠᠯᠵᠢᠶ᠎ᠠ ᠬᠤᠳᠠᠯᠳᠤᠭ᠎ᠠ | ᠴᠤᠭᠯᠠᠷᠠᠭᠰᠠᠨ ᠲᠣᠭᠤᠷᠢᠭ ᠢ ᠪᠠᠶᠢᠭᠤᠯᠤᠨ᠎ᠠ᠃ | ᠠᠵᠤ ᠦᠢᠯᠡᠰ ᠤᠨ ᠪᠠᠶᠢᠷᠢᠰᠢᠭᠤᠯᠤᠯ ᠢ ᠪᠦᠬᠦᠯᠢ ᠴᠣᠭᠴᠠ ᠪᠠᠷ ᠰᠢᠯᠢᠳᠡᠭᠵᠢᠭᠦᠯᠬᠦ ᠶᠢ ᠪᠡᠶᠡᠯᠡᠭᠦᠯᠬᠦ ᠬᠡᠷᠡᠭᠲᠡᠶ᠃ | ᠤᠳᠤ ᠦᠶ᠎ᠡ ᠶᠢᠨ ᠠᠵᠤ ᠦᠢᠯᠡᠰ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠰᠢᠨ᠎ᠡ ᠶᠢ ᠡᠭᠦᠳᠬᠦ ᠂ | ᠨᠡᠶᠢᠯᠡᠭᠦᠯᠬᠦ᠂ ᠲᠥᠪᠯᠡᠷᠡᠨ ᠬᠥᠭᠵᠢᠬᠦ ᠶᠢ ᠪᠡᠶᠡᠯᠡᠭᠦᠯᠦᠨ᠎ᠡ᠃ ᠵᠢᠮᠲᠥ.ᠵᠠᠮ ᠬᠠᠷᠢᠯᠴᠠᠭ᠎ᠠ ᠪᠠ ᠪᠠᠶᠠᠨᠨᠠᠭᠤᠷ ᠴᠡᠬᠤᠳᠦ ᠵᠡᠮ | ᠤᠨ ᠪᠦᠳᠦᠭᠡᠠ ᠪᠠᠶᠢᠭᠤᠯᠤᠯᠲᠠ ᠶᠢᠨ ᠳᠠᠪᠠᠭᠤᠯᠢᠭ ᠢ ᠭᠦᠨᠵᠡᠭᠡᠶ ᠠᠭᠤᠳᠠᠯᠵᠤ᠂ ᠭᠤᠨᠭ᠌ ᠮᠢᠩ ᠬᠤᠲᠠ᠂ ᠪᠠᠶ ᠳ᠋ᠦ᠋ | ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠤᠨ ᠪᠠᠷᠢᠯᠭ᠎ᠠ᠂ ᠫᠠᠨᠭ᠌ ᠬᠡᠦ ᠬᠤᠤ ᠰᠢᠨ ᠬᠤᠳᠠᠯᠳᠤᠭᠠᠨ ᠤ | ᠲᠠᠯᠠᠪᠠᠢ ᠵᠡᠷᠭᠡ ᠰᠤᠯᠠ ᠲᠠᠯᠪᠢᠵᠤ ᠪᠠᠶᠢᠭ᠎ᠠ ᠭᠠᠵᠠᠷ ᠬᠦᠷᠦᠭᠭᠡ ᠶᠢ ᠲᠦᠷᠭᠡᠪᠴᠢᠯᠡᠨ ᠠᠬᠢᠭᠤᠯᠵᠤ᠂ ᠶᠡᠷᠦᠩᠬᠡᠶ | ᠬᠡᠯᠲᠡᠰ ᠤᠨ ᠠᠵᠤ ᠠᠬᠤᠶ ᠶᠢᠨ ᠲᠥᠪᠯᠡᠷᠡᠨ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠶ᠃ ᠱᠧᠩ ᠸᠠᠨ ᠬᠤᠩ | ᠶᠤᠸᠠᠨ ᠪᠦᠯᠦᠭᠯᠡᠯ ᠲᠠᠢ ᠵᠠᠯᠭᠠᠬᠤ ᠡᠷᠴᠢᠮ ᠢᠶᠠᠨ ᠴᠢᠩᠭᠠᠳᠬᠠᠵᠤ᠂ ︽ᠥᠭᠦᠯᠡᠨ ᠬᠡᠯᠡᠬᠦ ᠲᠠᠯ᠎ᠠ ᠨᠤᠲᠤᠭ︾ | ᠪᠠᠶᠢᠭᠤᠯᠬᠤ ᠵᠦᠢᠯᠡᠰ ᠢᠶᠠᠷ ᠠᠴᠢᠶᠠᠯᠠᠪᠤᠷᠢ ᠪᠣᠯᠭᠠᠵᠤ᠂ ᠥᠪᠥᠷ ᠮᠣᠩᠭᠤᠯ ᠤᠨ ᠶᠡᠭᠡ ᠬᠤᠳᠠᠯᠳᠤᠭᠠᠨ ᠤ ᠬᠤᠲᠠ ᠶᠢᠨ | ᠪᠠᠷᠢᠯᠭ᠎ᠠ ᠪᠣᠯᠤᠨ ᠵᠢᠨᠬᠠᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠠᠭᠤᠷᠢᠨ ᠭᠠᠵᠠᠷ ᠤᠨ ᠬᠡᠯᠪᠡᠷᠢ ᠪᠠᠨ | ᠬᠤᠪᠢᠷᠠᠭᠤᠯᠤᠨ ᠬᠥᠭᠵᠢᠭᠦᠯᠬᠦ ᠶᠢ ᠪᠡᠶᠡᠯᠡᠭᠦᠯᠦᠨ᠎ᠡ᠃ ᠴᠢᠩᠭᠢᠰ ᠬᠠᠭᠠᠨ ᠪᠠᠷᠠᠭᠤᠨ ᠵᠡᠭᠡᠯᠢ ᠶᠢᠨ ᠰᠣᠶᠣᠯ ᠤᠨ ᠠᠵᠤ | ᠦᠢᠯᠡᠰ ᠤᠨ ᠲᠥᠪᠯᠡᠷᠡᠭᠰᠡᠨ ᠳᠠᠪᠠᠭᠤᠯᠢᠭ ᠢ ᠪᠠᠳᠠᠷᠠᠭᠤᠯᠵᠤ᠂ ᠮᠡᠩ ᠯᠢᠶᠠᠨ ᠰᠤᠳᠤᠯᠤᠨ ᠨᠡᠭᠡᠭᠡᠬᠦ ᠲᠥᠪ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂ ᠮᠡᠩ ᠯᠢᠶᠠᠨ ᠲᠣᠭᠯᠠᠯᠲᠠ ᠶᠢᠨ ᠲᠥᠪ ᠡᠵᠡᠩᠨᠡᠬᠦ ᠶᠢ | ᠪᠠᠲᠤᠯᠠᠵᠤ᠂ ᠹᠦ᠋ ᠯᠢ ᠬᠤᠸᠠ ᠲᠢᠩ ᠪᠠᠷᠢᠯᠭ᠎ᠠ ᠶᠢ ᠡᠷᠲᠡᠬᠡᠨ ᠡᠬᠢᠯᠡᠭᠦᠯᠬᠦ᠂ ᠬᠤᠲᠠ ᠨᠣᠭᠤᠭᠠᠷᠠᠬᠤ ᠬᠦᠷᠢᠶᠡᠯᠡᠩ ᠤᠨ | ᠬᠤᠶᠠᠳᠤᠭᠠᠷ ᠬᠤᠭᠤᠴᠠᠭᠠᠨ ᠤ ᠵᠦᠢᠯᠡᠰ ᠢ ᠡᠬᠢᠯᠡᠨ ᠬᠡᠷᠡᠭᠵᠢᠭᠦᠯᠬᠦ᠂ ᠬᠡᠨᠭ ᠳ᠋ᠠ ᠶᠠ ᠶᠤᠸᠠᠨ ᠬᠤᠶᠠᠳᠤᠭᠠᠷ | ᠬᠤᠭᠤᠴᠠᠭᠠᠨ ᠤ ᠪᠠᠷᠢᠯᠭ᠎ᠠ ᠶᠢ ᠲᠦᠷᠭᠡᠬᠡᠨ ᠨᠠᠶᠢᠳᠠᠪᠤᠷᠢᠵᠢᠭᠤᠯᠬᠤ ᠶᠢ ᠲᠥᠯᠬᠢᠨ ᠠᠬᠢᠭᠤᠯᠵᠤ᠂ ᠰᠢᠨ ᠴᠡᠩ ᠬᠤᠪᠢ | ᠡᠵᠡᠮᠳᠡᠬᠦ᠂ ᠳ᠋ᠢ ᠺᠠᠠ ᠨᠦᠡᠭ᠂ ᠢ ᠵᠢᠶᠠ ᠵᠡᠷᠭᠡ ᠨᠠᠷᠠᠲᠤ ᠠᠵᠤ ᠠᠬᠤᠶᠢᠯᠠᠯ ᠢ ᠣᠷᠣᠭᠤᠯᠵᠤ ᠢᠷᠡᠬᠦ ᠪᠠᠷ ᠴᠢᠷᠮᠠᠶᠢᠨ᠎ᠠ᠃ | ᠳᠠᠯᠠᠨ ᠬᠠᠷ᠎ᠠ ᠠᠭᠤᠯᠠ ᠶᠢᠨ ᠤᠷᠢᠳᠤ ᠪᠡᠯ ᠤᠨ ᠴᠢᠨᠠᠷ ᠰᠠᠶᠢᠲᠠᠶ ᠠᠮᠢ ᠠᠬᠤᠶ ᠶᠢᠨ ᠡᠬᠢ ᠪᠠᠶᠠᠯᠢᠭ ᠲᠤ | ᠲᠦᠰᠢᠭᠯᠡᠵᠦ᠂ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠵᠤ | ᠂ ᠰᠠᠭᠤᠷᠢ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠪᠡᠢ ᠺᠦ᠋ ᠽᠢ ᠡᠷᠲᠡᠨ ᠤ ᠲᠠᠶᠢᠰᠠ ᠰᠡᠯᠪᠢᠨ | ᠵᠠᠰᠠᠬᠤ ᠪᠠ ᠶᠦᠩ ᠠᠨ ᠰᠧ ᠬᠡᠶᠢᠳ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠤᠰᠤᠲᠤ ᠵᠤᠤ ᠰᠡᠯᠪᠢᠨ | ᠵᠠᠰᠠᠬᠤ᠂ ᠢᠦᠢ ᠱᠧᠩ ᠯᠡ ᠹᠠᠨᠭ᠌ ᠬᠦᠷᠢᠶᠡᠯᠡᠩ ᠵᠡᠷᠭᠡ ᠰᠣᠶᠣᠯ ᠵᠤᠭᠠᠴᠠᠯ ᠤᠨ ᠦᠢᠯᠡᠰ ᠢ ᠲᠦᠷᠭᠡᠪᠴᠢᠯᠡᠨ | ᠠᠬᠢᠭᠤᠯᠵᠤ᠂ ᠮᠣᠩᠭᠤᠯ ᠲᠥᠪᠡᠳ ᠡᠮ ᠡᠮᠨᠡᠯᠭᠡ ᠶᠢᠨ ᠰᠣᠶᠤᠯ ᠢ ᠭᠦᠢᠴᠡᠳ ᠠᠭᠤᠳᠠᠯᠵᠤ᠂ ᠪᠦᠭᠦ ᠬᠤᠲᠠ | ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ᠵᠤᠭᠠᠴᠠᠯ ᠰᠡᠯᠡᠭᠦᠴᠡᠯ ᠤᠨ ᠲᠤᠬᠠᠶ ᠵᠢᠭᠤᠯᠴᠢᠯᠠᠯ ᠤᠨ ᠦᠵᠡᠮᠵᠢᠲᠦ | ᠣᠷᠣᠨ ᠢ ᠪᠠᠶᠢᠭᠤᠯᠤᠨ᠎ᠠ᠃ | ᠭᠤᠷᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠣᠰᠢᠨ ᠰᠠᠭᠤᠬᠤ ᠳᠤ | ᠲᠣᠬᠢᠷᠠᠮᠵᠢᠲᠠᠶ ᠣᠷᠴᠢᠨ ᠨᠥᠬᠦᠴᠡᠯ ᠢ ᠪᠤᠢ ᠪᠣᠯᠭᠠᠨ᠎ᠠ | ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠬᠤᠳᠠ ᠶᠢᠨ ᠬᠡᠪ ᠴᠢᠨᠠᠷ ᠢ ᠳᠡᠭᠡᠭᠰᠢᠯᠡᠭᠦᠯᠬᠦ | ᠬᠡᠷᠡᠭᠲᠡᠶ᠃ ᠨᠢᠭᠡᠳᠦᠯᠲᠡᠶ ᠲᠥᠯᠥᠪᠵᠢᠭᠦᠯᠭᠡ ᠪᠠᠷ ᠪᠡᠯᠡ ᠮᠥᠩᠭᠦ ᠶᠢ ᠬᠡᠷᠡᠭᠯᠡᠬᠦ᠂ ᠲᠥᠪᠯᠡᠷᠡᠨ ᠵᠠᠯᠭᠠᠯᠳᠤᠭᠰᠠᠨ ᠳᠥᠭᠦᠮ | ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠪᠠᠷ ᠭᠤᠣᠯᠳᠠᠯᠭ᠎ᠠ ᠪᠣᠯᠭᠠᠵᠤ᠂ ᠣᠷᠣᠨ ᠰᠠᠭᠤᠴᠠ ᠶᠢᠨ ᠣᠷᠴᠢᠨ | ᠨᠥᠬᠦᠴᠡᠯ ᠢ ᠰᠠᠶᠢᠵᠢᠷᠠᠭᠤᠯᠵᠤ᠂ ᠬᠥᠭᠵᠢᠯᠲᠡ ᠶᠢᠨ ᠣᠷᠣᠨ ᠵᠠᠶ ᠶᠢ ᠭᠦᠢᠴᠡᠳ ᠪᠠᠳᠠᠷᠠᠭᠤᠯᠬᠤ ᠬᠡᠷᠡᠭᠲᠡᠶ᠃ 2.5 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠶᠡᠷᠦᠩᠬᠡᠶ ᠲᠠᠯᠠᠪᠠᠶ ᠨᠢ 3.2 ᠲᠦᠮᠡᠨ ᠲᠡᠭᠰᠢ ᠳᠥᠷᠪᠡᠯᠵᠢᠨ | ᠮᠧᠲᠷ ᠲᠠᠯᠠᠪᠠᠶ ᠪᠦᠬᠦᠢ ᠠᠵᠢᠯᠴᠢᠨ ᠲᠠᠷᠢᠶᠠᠴᠢᠨ ᠴᠡᠷᠢᠭ ᠵᠠᠮ ᠤᠨ ᠰᠢᠯᠤᠭᠤᠨ ᠠᠰᠠᠷ᠂ ᠰᠢᠨᠬᠤᠸᠠ ᠪᠠᠷᠠᠭᠤᠨ ᠵᠡᠭᠡᠯᠢ | ᠶᠢᠨ ᠲᠡᠮᠦᠷ ᠵᠠᠮ ᠤᠨ ᠲᠣᠭᠤᠷᠢᠭ᠂ ᠬᠥᠳᠡᠯᠭᠡᠬᠦ ᠬᠦᠴᠦᠨ ᠤ ᠮᠠᠰᠢᠨ ᠤ ᠦᠢᠯᠡᠳᠪᠦᠷᠢ ᠶᠢᠨ ᠪᠠᠶᠢᠷᠢ ᠵᠡᠷᠭᠡ ᠲᠠᠪᠤᠨ | ᠬᠤᠳᠠ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠵᠠᠰᠠᠨ ᠥᠭᠡᠷᠡᠴᠢᠯᠡᠬᠦ ᠢᠨᠵᠧᠨᠧᠷᠢᠩ ᠢ | ᠪᠠᠶᠢᠭᠤᠯᠤᠨ᠎ᠠ᠃ ᠴᠠᠭᠠᠨ ᠪᠠᠶᠢᠰᠢᠩ᠂ ᠺᠦᠩ ᠵᠢᠶᠠ ᠶᠢᠩ ᠵᠡᠷᠭᠡ ᠳᠦᠷᠪᠡᠨ ᠬᠤᠳᠠ ᠲᠠᠬᠢ ᠲᠣᠰᠬᠤᠨ ᠤᠨ | ᠪᠦᠬᠦ᠋ᠢᠯᠡ ᠲᠣᠰᠬᠤᠨ ᠢ ᠵᠠᠰᠠᠨ ᠥᠭᠡᠷᠡᠴᠢᠯᠡᠬᠦ ᠢᠨᠵᠧᠨᠧᠷᠢᠩ ᠢ ᠴᠢᠷᠮᠠᠶᠢᠨ ᠪᠡᠶᠡᠯᠡᠭᠦᠯᠦᠨ᠎ᠡ᠃ 32 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠶᠡᠷᠦᠩᠬᠡᠶ ᠲᠠᠯᠠᠪᠠᠶ ᠨᠢ 60 ᠲᠦᠮᠡᠨ ᠲᠡᠭᠰᠢ ᠳᠥᠷᠪᠡᠯᠵᠢᠨ ᠮᠧᠲᠷ | ᠪᠠᠷᠢᠯᠭ᠎ᠠ ᠶᠢᠨ ᠰᠢᠷ᠎ᠠ ᠮᠠᠩᠬ᠎ᠠ ᠶᠢᠨ ᠪᠦᠬᠦ ᠲᠣᠰᠬᠤᠨ ᠢᠶᠠᠷ ᠨᠢ ᠥᠭᠡᠷᠡᠴᠢᠯᠡᠬᠦ ᠢᠨᠵᠧᠨᠧᠷᠢᠩ ᠢ ᠪᠦᠬᠦ | ᠬᠦᠴᠦ ᠪᠠᠷ ᠢᠶᠠᠨ ᠠᠬᠢᠭᠤᠯᠵᠤ᠂ ᠲᠡᠬᠢᠠ ᠪᠤᠴᠠᠵᠤ ᠲᠥᠪᠬᠢᠨᠡᠭᠦᠯᠬᠦ ᠰᠡᠷ ᠪᠠᠢᠰᠢᠩ ᠤᠨ ᠪᠥᠲᠥᠭᠡᠨ ᠪᠠᠢᠭᠤᠯᠤᠯᠲᠠ ᠶᠢ | ᠳᠠᠬᠢᠨ ᠡᠬᠢᠯᠡᠭᠦᠯᠵᠦ᠂ ᠭᠠᠴᠠᠭᠠᠨ ᠤ ᠠᠷᠠᠳ ᠲᠤᠰ ᠭᠠᠵᠠᠷ ᠲᠤᠨᠢ ᠲᠥᠪᠬᠢᠨᠡᠭᠦᠯᠬᠦ ᠬᠡᠷᠡᠭᠴᠡᠭᠡ ᠶᠢ ᠬᠠᠩᠭᠠᠬᠤ | ᠬᠡᠷᠡᠭᠲᠡᠶ᠃ ᠳᠤᠭᠤᠶ ᠠᠭᠤᠯᠠ᠂ ᠪᠠᠷᠠᠭᠤᠨ ᠤᠰᠤᠲᠤ ᠵᠡᠷᠭᠡ ᠲᠠᠪᠤᠨ ᠭᠠᠴᠠᠭᠠᠨ ᠤ ᠠᠷᠠᠳ ᠤᠨ ᠲᠡᠬᠢᠠ ᠪᠤᠴᠠᠬᠤ | ᠵᠢᠵᠢᠭ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠣᠭᠤᠷᠢᠭ ᠤᠨ | ᠭᠠᠴᠠᠭᠠᠨ ᠤ ᠠᠷᠠᠳ ᠤᠨ ᠰᠠᠭᠤᠷᠢᠰᠢᠬᠤ ᠬᠦᠰᠡᠯ ᠢ ᠡᠷᠲᠡᠬᠡᠨ ᠪᠡᠶᠡᠯᠡᠭᠦᠯᠦᠨ᠎ᠡ᠃ | ᠰᠠᠭᠤᠷᠢ ᠲᠥᠬᠦᠭᠡᠷᠦᠮᠵᠢ ᠶᠢᠨ ᠪᠦᠳᠤᠭᠡᠨ ᠪᠠᠶᠢᠭᠤᠯᠤᠯᠲᠠ ᠪᠠᠷ ᠬᠤᠳᠠ ᠶᠢᠨ ᠳᠤᠲᠠᠭᠳᠠᠯ ᠲᠠᠢ ᠲᠠᠯ᠎ᠠ ᠶᠢ | ᠨᠥᠬᠦᠪᠦᠷᠢᠯᠡᠨ᠎ᠡ᠃ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠰᠡᠨ ᠵᠠᠮ ᠬᠠᠷᠢᠯᠴᠠᠭᠠᠨ ᠤ ᠲᠣᠣᠷ | ᠰᠦᠯᠵᠢᠶᠡᠨ ᠤ ᠰᠢᠰᠲ᠋ᠧᠮ ᠢ ᠪᠦᠬᠦ ᠬᠦᠴᠦ ᠪᠠᠷ ᠢᠶᠠᠨ ᠴᠣᠭᠴᠠᠯᠠᠨ ᠪᠠᠶᠢᠭᠤᠯᠵᠤ᠂ ᠭᠤᠣᠯ ᠬᠤᠳᠠ ᠶᠢᠨ | ᠲᠣᠭᠤᠷᠢᠭ ᠤᠨ ᠵᠠᠮ ᠬᠠᠷᠢᠯᠴᠠᠭᠠᠨ ᠤ ᠳᠠᠷᠤᠯᠲᠠ ᠶᠢ ᠪᠦᠲᠦᠮᠵᠢᠲᠡᠶ ᠪᠠᠷ ᠨᠠᠮᠳᠠᠭᠤᠯᠤᠨ᠎ᠠ᠃ ᠶᠡᠷᠦᠩᠬᠡᠶ ᠤᠷᠳᠤ ᠨᠢ | 10.4 ᠺᠢᠯᠣᠮᠧᠲᠷ᠂ ᠶᠡᠷᠦᠩᠬᠡᠶ ᠪᠡᠯᠡ ᠣᠷᠣᠭᠤᠯᠤᠯᠲᠠ ᠨᠢ 76.9 ᠳ᠋ᠦᠩᠰᠢᠭᠤᠷ ᠲᠥᠭᠦᠷᠢᠭ ᠤᠨ ᠪᠠᠶᠠᠨᠨᠠᠭᠤᠷ ᠵᠠᠮ | ᠤᠨ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠪᠦᠭᠦ ᠲᠣᠭᠤᠷᠢᠭ ᠤᠨ ᠬᠦᠴᠦ ᠪᠠᠷ ᠠᠬᠢᠭᠤᠯᠵᠤ᠂ ᠭᠤᠣᠯ | ᠱᠤᠭᠤᠮ ᠤᠨ ᠲᠡᠷᠭᠡ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠭᠤᠷᠪᠠᠳᠤᠭᠠᠷ ᠴᠠᠭᠠᠷᠢᠭᠲᠤ ᠲᠦᠷᠭᠡᠨ ᠵᠠᠮ ᠪᠠ ᠬᠠᠶᠢᠯᠠᠷ | ᠪᠠᠷᠠᠭᠤᠨ ᠵᠠᠮ ᠤᠨ ᠴᠡᠬᠤᠳᠦ ᠵᠡᠮ ᠢ ᠲᠠᠲᠠᠪᠤᠷᠢᠯᠠᠨ ᠨᠤᠷᠠᠭᠠᠵᠤ ᠡᠭᠦᠷᠭᠡ ᠶᠢ ᠪᠦᠬᠦ ᠬᠦᠴᠦᠨ ᠢᠶᠠᠷ ᠢᠶᠠᠨ ᠴᠢᠷᠮᠠᠶᠢᠨ | ᠪᠡᠶᠡᠯᠡᠭᠦᠯᠵᠦ᠂ ᠵᠢᠮᠢᠰ ᠤᠨ ᠬᠦᠷᠢᠶᠡᠯᠡᠩ ᠤᠨ ᠵᠡᠭᠦᠨ ᠵᠠᠮ᠂ ᠵᠠᠳᠠᠭᠠᠢ ᠭᠤᠣᠯ ᠤᠨ ᠵᠡᠭᠦᠨ ᠵᠠᠮ ᠵᠡᠷᠭᠡ ᠳᠠᠪᠤᠨ | ᠵᠦᠢᠯ ᠤᠨ ᠮᠤᠬᠤᠷ ᠵᠠᠮ ᠢ ᠪᠠᠶᠢᠭᠤᠯᠤᠨ ᠲᠡᠷᠭᠡ ᠨᠡᠪᠲᠡᠷᠡᠭᠦᠯᠬᠦ ᠪᠠᠷ ᠬᠦᠴᠦᠯᠡᠨ ᠴᠢᠷᠮᠠᠶᠢᠵᠤ᠂ ᠨᠠᠷᠠᠰᠤ ᠪᠠᠭ᠎ᠠ ᠵᠡᠭᠡᠯᠢ | ᠭᠤᠳᠤᠮᠵᠢ ᠵᠡᠷᠭᠡ 40 ᠵᠦᠢᠯ ᠤᠨ ᠵᠠᠮ ᠢ ᠰᠡᠯᠪᠢᠨ ᠵᠠᠰᠠᠵᠤ ᠥᠭᠡᠷᠡᠴᠢᠯᠡᠨ᠎ᠡ᠃ 5 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ᠂ ᠬᠤᠲᠤᠭᠲᠤ ᠪᠣᠯᠣᠳ ᠤᠨ ᠵᠡᠭᠦᠨ ᠵᠠᠮ᠂ ᠰᠠᠯᠬᠢ ᠬᠠᠯᠬᠠᠯᠠᠬᠤ ᠤᠢ ᠶᠢᠨ ᠡᠮᠦᠨ᠎ᠡ ᠵᠡᠭᠡᠯᠢ ᠵᠡᠷᠭᠡ | 5 ᠵᠦᠢᠯ ᠤᠨ ᠬᠤᠲᠠ ᠶᠢᠨ ᠶᠠᠪᠤᠳᠠᠯ ᠤᠨ ᠵᠠᠮ ᠬᠠᠷᠢᠯᠴᠠᠭᠠᠨ ᠤ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ | ᠡᠬᠢᠯᠡᠭᠦᠯᠦᠨ᠎ᠡ᠃ ᠴᠡᠴᠡᠷᠯᠢᠭ ᠤᠨ ᠨᠣᠭᠤᠭᠠᠷᠠᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠷᠠᠴᠢᠯᠠᠨ | ᠬᠠᠮᠠᠭᠠᠯᠠᠬᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ 5000 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠭᠤᠷᠪᠠᠨ ᠰᠠᠭᠤᠷᠢ ᠦᠵᠡᠮᠵᠢ ᠶᠢᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ 74 ᠵᠣᠷᠪᠢᠰ ᠵᠠᠮ ᠤᠨ | ᠨᠣᠭᠤᠭᠠᠷᠠᠭᠤᠯᠤᠯᠲᠠ ᠶᠢᠨ ᠰᠢᠨ᠎ᠡ ᠪᠠᠷ ᠲᠠᠷᠢᠬᠤ᠂ ᠨᠥᠬᠦᠵᠦ ᠲᠠᠷᠢᠬᠤ ᠠᠵᠢᠯ ᠢ ᠪᠡᠶᠡᠯᠡᠭᠦᠯᠦᠨ᠎ᠡ᠃ | ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠷ ᠬᠤᠳᠡ ᠶᠢᠨ ᠳᠦᠷᠰᠦ ᠪᠠᠶᠢᠳᠠᠯ ᠢ ᠰᠠᠶᠢᠵᠢᠷᠠᠭᠤᠯᠤᠨ᠎ᠠ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠶᠡᠷᠦᠩᠬᠡᠶᠢᠯᠡᠨ ᠡᠮᠬᠢᠯᠡᠨ ᠵᠠᠰᠠᠬᠤ ᠠᠵᠢᠯ ᠤᠨ ᠭᠦᠨᠵᠡᠭᠡᠶᠢᠷᠡᠨ ᠬᠦᠭᠵᠢᠬᠦ ᠶᠢ ᠲᠦᠯᠬᠢᠨ ᠠᠬᠢᠭᠤᠯᠵᠤ᠂ ᠣᠷᠴᠢᠨ | ᠲᠣᠭᠤᠷᠢᠨ ᠤ ᠠᠷᠢᠭᠤᠨ ᠴᠡᠪᠡᠷ ᠤᠷᠲᠤ ᠬᠤᠭᠤᠴᠠᠭ᠎ᠠ ᠪᠠᠷ ᠴᠡᠪᠡᠷ ᠪᠠᠶᠢᠬᠤ ᠶᠢ ᠪᠡᠶᠡᠯᠡᠭᠦᠯᠦᠨ᠎ᠡ᠃ ᠬᠤᠳᠠ ᠶᠢᠨ | ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ︽ | ᠵᠠᠮ ᠨᠢ ᠣᠷᠳᠣ︾᠂ ︽ᠲᠠᠰᠤᠯᠪᠤᠷᠢ ᠶᠢᠨ ᠤᠷᠳᠤ ︾ ᠬᠠᠷᠢᠭᠤᠴᠠᠯᠭ᠎ᠠ ᠶᠢ ᠳᠠᠭᠰᠢᠷᠠᠭᠤᠯᠵᠤ᠂ ᠬᠠᠮᠢᠶᠠᠷᠤᠯᠲᠠ ᠶᠢᠨ | ᠶᠠᠪᠤᠴᠠ ᠶᠢ ᠪᠦᠷᠢᠨᠰᠢᠭᠦᠯᠦᠨ ᠵᠢᠷᠤᠮᠵᠢᠭᠤᠯᠤᠨ᠎ᠠ᠃ ︽ᠣᠶᠤᠨ ᠤᠬᠠᠭᠠᠨᠲᠤ ᠬᠤᠲᠣᠩ ᠠᠷᠠᠳ ᠤᠨ ᠲᠣᠭᠤᠷᠢᠭ︾ | ᠲᠠᠪᠴᠠᠩ ᠲᠤ ᠲᠦᠰᠢᠭᠯᠡᠵᠦ᠂ ᠤᠯᠠᠨ ᠲᠠᠯ᠎ᠠ ᠶᠢᠨ ᠬᠢᠨ ᠤ ᠮᠡᠳᠡᠭᠡ ᠵᠠᠩᠭᠢᠲᠤ ᠡᠬᠢ ᠪᠠᠶᠠᠯᠢᠭ ᠢ ᠪᠦᠲᠦᠮᠵᠢᠲᠡᠶ | ᠡᠮᠬᠢᠯᠡᠨ ᠨᠡᠶᠢᠯᠡᠭᠦᠯᠵᠦ᠂ ᠲᠤᠮᠤ ᠳ᠋ᠠᠶᠢᠲ᠋ᠠ ᠶᠢᠨ ᠬᠡᠷᠡᠭᠯᠡᠭᠡᠨ ᠢ ᠠᠬᠢᠭᠤᠯᠵᠤ᠂ ᠤᠶᠤᠨ ᠤ ᠬᠠᠮᠢᠶᠠᠷᠤᠯᠲᠠ ᠶᠢ | ᠪᠡᠶᠡᠯᠡᠭᠦᠯᠦᠨ᠎ᠡ᠃ ︽ᠵᠣᠷᠯᠣᠩ ᠤᠨ ᠬᠤᠪᠢᠰᠬᠠᠯ︾ ᠢ ᠦᠷᠭᠦᠯᠵᠢᠯᠡᠨ ᠲᠦᠯᠬᠢᠨ ᠠᠬᠢᠭᠤᠯᠵᠤ᠂ ᠬᠤᠷᠢᠨ ᠨᠠᠢᠮᠠᠨ | ᠰᠠᠭᠤᠷᠢ ᠤᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠰᠢᠨ᠎ᠡ ᠪᠠᠷ ᠪᠠᠶᠢᠭᠤᠯᠤᠨ᠎ᠠ᠃ ︽ᠬᠠᠮᠢᠶᠠᠷᠬᠤ ᠪᠠ | ᠡᠷᠬᠢᠯᠡᠬᠦ ᠶᠢ ᠰᠠᠯᠭᠠᠬᠤ︾ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ | ᠴᠡᠪᠡᠷᠯᠡᠨ ᠬᠠᠮᠠᠭᠠᠯᠠᠬᠤ 800 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠣᠯᠤᠨ 319 ᠰᠠᠭᠤᠳᠠᠯ | ᠨᠡᠶᠢᠲᠡ ᠶᠢᠨ ᠵᠣᠷᠯᠣᠩ ᠢ ᠵᠠᠬ᠎ᠠ ᠳᠡᠯᠭᠡᠭᠦᠷᠴᠢᠯᠡᠨ ᠬᠠᠮᠢᠶᠠᠷᠠᠨᠠ᠃ ᠬᠠᠮᠢᠶᠠᠷᠤᠨ ᠡᠵᠡᠮᠳᠡᠬᠦ ᠡᠷᠴᠢᠮ ᠢᠶᠠᠨ | ᠴᠢᠩᠭᠠᠷᠠᠭᠤᠯᠵᠤ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ᠂ ᠬᠠᠤᠯᠢ ᠠᠴᠠ ᠵᠥᠷᠢᠴᠡᠵᠦ ᠪᠠᠶᠢᠭᠤᠯᠬᠤ ᠦᠵᠡᠭᠳᠡᠯ ᠢ | ᠡᠷᠡᠰ ᠬᠤᠷᠢᠭᠯᠠᠨ ᠵᠣᠭᠰᠣᠭᠠᠵᠤ᠂ ᠳᠤᠷ᠎ᠠ ᠪᠠᠷ ᠢᠶᠠᠨ ᠱᠢᠭᠠᠷᠤ ᠰᠢᠷᠤᠢ ᠴᠢᠳᠬᠤᠬᠤ ᠦᠢᠯᠡ ᠠᠵᠢᠯᠯᠠᠭ᠎ᠠ ᠳᠤ ᠬᠦᠨᠳᠦ | ᠴᠣᠬᠢᠯᠲᠠ ᠥᠭᠭᠦᠨ᠎ᠡ᠃ ᠵᠠᠮ ᠬᠠᠷᠢᠯᠴᠠᠭᠠᠨ ᠤ ᠡᠮᠬᠢ ᠲᠢᠭᠯᠡᠮ ᠤᠨ ᠬᠠᠮᠢᠶᠠᠷᠤᠯᠲᠠ ᠶᠢ ᠴᠢᠩᠭᠠᠳᠬᠠᠵᠤ᠂ | ᠲᠦᠭᠵᠢᠬᠦ ᠶᠢ ᠪᠠᠭᠠᠰᠬᠠᠨ ᠨᠡᠪᠲᠡᠷᠡᠬᠦ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠭᠤᠷᠪᠠᠨ ᠵᠦᠢᠯ ᠤᠨ | ᠳᠤᠷ᠎ᠠ ᠪᠠᠷ ᠢᠶᠠᠨ ᠪᠠᠶᠢᠬᠤ ᠦᠵᠡᠭᠳᠡᠯ︾ ᠤᠨ ᠵᠢᠵᠢᠭ ᠵᠠᠷ᠂ ᠫᠠᠶᠢᠰᠠ ᠢᠯᠡᠷᠬᠡᠶᠢᠯᠡᠯ ᠪᠣᠯᠤᠨ ᠭᠡᠷ ᠤᠨ ᠭᠠᠳᠠᠨᠠᠬᠢ | ᠲᠤᠮᠤ ᠬᠡᠯᠪᠡᠷᠢ ᠶᠢᠨ ᠵᠠᠷ ᠢ ᠶᠡᠬᠡᠪᠡᠷ ᠴᠡᠭᠴᠡᠯᠡᠨ ᠵᠠᠰᠠᠨ᠎ᠠ᠃ ᠬᠠᠭᠤᠴᠢᠨ ᠲᠣᠭᠤᠷᠢᠭ ᠤᠨ ᠪᠠᠷᠢᠮᠵᠢᠶᠠᠵᠢᠭᠤᠯᠤᠭᠰᠠᠨ | ᠠᠳᠠᠯ ᠠᠬᠤᠶ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ | ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠠᠷ ᠡᠶ᠎ᠡ ᠵᠣᠬᠢᠴᠠᠯ ᠲᠠᠢ ᠬᠥᠭᠵᠢᠨ᠎ᠡ᠃ ᠨᠣᠮᠢᠨ ᠤᠰᠤ | ᠬᠥᠬᠡᠮᠳᠦᠭ ᠠᠭᠤᠯᠠ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ ᠮᠥᠨ ᠭᠡᠬᠦ ᠦᠵᠡᠯᠲᠡ ᠶᠢ ᠪᠠᠲᠤ ᠪᠠᠬᠢ ᠪᠤᠢ | ᠪᠣᠯᠭᠠᠵᠤ᠂ ᠳᠠᠯᠠᠨ ᠬᠠᠷ᠎ᠠ ᠠᠭᠤᠯᠠ ᠶᠢᠨ ᠤᠷᠢᠳᠤ ᠪᠡᠯ ᠤᠨ 10000 ᠮᠦ ᠨᠣᠭᠤᠭᠠᠷᠠᠭᠤᠯᠬᠤ ᠡᠭᠦᠷᠭᠡ ᠶᠢ ᠪᠦᠬᠦ | ᠲᠠᠯ᠎ᠠ ᠪᠠᠷ ᠪᠡᠶᠡᠯᠡᠭᠦᠯᠵᠦ᠂ ᠬᠤᠵᠢᠷ ᠭᠧᠤ ᠭᠠᠵᠠᠷ ᠤᠨ ᠪᠠᠶᠢᠴᠠ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ | ᠢᠨᠵᠧᠨᠧᠷᠢᠩ ᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠠᠵᠢᠯᠯᠠᠭ᠎ᠠ ᠶᠢ | ᠭᠦᠨᠵᠡᠭᠡᠶ ᠲᠦᠯᠬᠢᠨ ᠠᠬᠢᠭᠤᠯᠵᠤ᠂ ᠶᠡᠷᠦᠩᠬᠡᠶ ᠪᠡᠯᠡ ᠣᠷᠣᠭᠤᠯᠤᠯᠲᠠ ᠨᠢ 3000 ᠲᠦᠮᠡᠨ ᠲᠥᠭᠦᠷᠢᠭ᠂ | ᠡᠳᠦᠷ ᠲᠤ ᠰᠢᠢᠳᠪᠦᠷᠢᠯᠡᠬᠦ ᠴᠢᠳᠠᠪᠤᠷᠢ ᠶᠢ 1000 ᠲᠣᠨ ᠤ ᠬᠥᠳᠡᠭᠡ ᠲᠣᠰᠬᠤᠨ ᠤ ᠠᠮᠢᠳᠤᠷᠠᠯ ᠤᠨ ᠪᠤᠵᠠᠷ | ᠤᠰᠤ ᠶᠢ ᠴᠤᠭᠯᠠᠭᠤᠯᠤᠨ ᠰᠢᠢᠳᠪᠦᠷᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ 20 ᠲᠣᠨ ᠠᠭᠤᠷ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠬᠦᠤᠤᠯᠤ | ᠶᠢ ᠪᠥᠬᠦ ᠲᠠᠯ᠎ᠠ ᠪᠠᠷ ᠰᠢᠭᠰᠢᠭᠳᠡᠭᠦᠯᠵᠦ᠂ ᠢᠯᠴᠢ ᠬᠠᠩᠭᠠᠬᠤ ᠨᠤᠷᠮ᠎ᠠ ᠶᠢ ᠲᠠᠰᠤᠷᠠᠯᠳᠠ ᠦᠭᠡᠢ ᠥᠨᠳᠦᠷ ᠬᠡᠮᠵᠢᠶ᠎ᠡ ᠪᠠᠷ | ᠲᠥᠪᠯᠡᠷᠡᠭᠦᠯᠵᠦ᠂ ᠰᠠᠭᠤᠭᠠᠯᠢ ᠠᠷᠠᠳ ᠤᠨ ᠨᠡᠭᠦᠷᠡᠰᠦ ᠰᠢᠲᠠᠭᠠᠬᠤ ᠨᠡᠭᠦᠷᠡᠰᠦ ᠴᠡᠪᠡᠷᠵᠢᠭᠦᠯᠬᠦ ᠶᠢ ᠣᠷᠣᠯᠠᠬᠤ ᠠᠵᠢᠯ ᠢ | ᠲᠥᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠢᠯᠴᠢ ᠬᠠᠩᠭᠠᠬᠤ ᠬᠠᠷᠢᠴᠠᠯ ᠢ ᠠᠯᠬᠤᠮ ᠠᠯᠬᠤᠮ ᠢᠶᠠᠷ | ᠨᠡᠮᠡᠭᠳᠡᠭᠦᠯᠵᠦ᠂ ᠬᠦᠬᠦᠷ ᠤᠨ ᠳᠠᠪᠬᠤᠷ ᠢᠰᠦᠯ᠂ ᠠᠽᠣᠲ ᠤᠨ ᠢᠰᠦᠮᠡᠭ ᠪᠣᠳᠠᠰ ᠤᠨ ᠭᠠᠳᠠᠭᠰᠢᠯᠠᠭᠤᠯᠤᠯᠲᠠ ᠶᠢ | ᠦᠨᠡᠨᠬᠦ ᠪᠠᠭᠠᠰᠬᠠᠵᠤ᠂ ᠬᠤᠳᠠ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ | | ᠲᠦᠷᠪᠡ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠰᠠᠭᠤᠷᠢ ᠶᠢ | ᠪᠠᠬᠢᠵᠢᠭᠦᠯᠦᠨ᠎ᠡ | ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠠᠵᠢᠯ ᠣᠯᠭᠤᠬᠤ | ᠦᠢᠯᠡᠴᠢᠯᠡᠭᠡᠨ ᠤ ᠢᠨᠵᠧᠨᠧᠷᠢᠩ ᠢ ᠭᠦᠨᠵᠡᠭᠡᠶ ᠲᠦᠯᠬᠢᠨ ᠠᠬᠢᠭᠤᠯᠵᠤ᠂ ᠭᠤᠷᠪᠠᠨ ᠱᠠᠲᠤᠨ ᠤ ᠠᠵᠢᠯ ᠣᠯᠭᠤᠬᠤ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠲᠣᠭᠲᠠᠴᠠ ᠢ | ᠲᠡᠭᠦᠯᠳᠡᠷᠵᠢᠭᠦᠯᠵᠦ᠂ ᠬᠥᠳᠡᠯᠮᠦᠷᠢ ᠶᠢᠨ ᠬᠦᠴᠦᠨ ᠬᠡᠷᠡᠭᠯᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠵᠠᠬ᠎ᠠ ᠳᠡᠯᠭᠡᠭᠦᠷ ᠢ | ᠰᠢᠨ᠎ᠡ ᠪᠠᠷ ᠪᠠᠶᠢᠭᠤᠯᠤᠨ᠎ᠠ᠃ ᠠᠳᠠᠯ ᠦᠢᠯᠡᠰ ᠪᠦᠲᠦᠭᠡᠬᠦ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠪᠦᠬᠦ ᠵᠢᠯ ᠳᠤ 6000 ᠠᠴᠠ ᠳᠡᠭᠡᠭᠰᠢ ᠬᠥᠮᠦᠨ ᠰᠢᠨ᠎ᠡ ᠪᠠᠷ ᠠᠵᠢᠯ ᠣᠯᠭᠤᠬᠤ ᠶᠢ ᠪᠠᠲᠤᠯᠠᠵᠤ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 3.8 % ᠳᠣᠲᠣᠷ᠎ᠠ ᠬᠢᠵᠠᠭᠠᠷᠯᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠠᠶᠤᠯᠭᠦᠶ ᠶᠢᠨ ᠲᠣᠣᠷ ᠢ ᠪᠠᠲᠤ ᠪᠠᠬᠢ ᠪᠣᠯᠭᠠᠵᠤ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠢ ᠬᠡᠷᠡᠭᠵᠢᠭᠦᠯᠵᠦ᠂ ᠥᠭᠡᠷ᠎ᠡ ᠭᠠᠵᠠᠷ ᠲᠤ ᠡᠮᠨᠡᠭᠦᠯᠦᠭᠰᠡᠨ | ᠵᠠᠷᠤᠳᠠᠯ ᠢ ᠰᠢᠭᠤᠳ ᠲᠠᠰᠤᠯᠤᠨ ᠪᠣᠳᠣᠬᠤ ᠶᠢ ᠢᠳᠡᠪᠬᠢᠲᠡᠶ ᠥᠷᠨᠢᠭᠦᠯᠵᠦ᠂ ᠠᠵᠢᠯ ᠦᠢᠯᠡᠰ ᠤᠨ ᠨᠢᠭᠡᠴᠢ ᠶᠢᠨ | ᠨᠠᠰᠤᠵᠢᠯ ᠤᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠲᠦᠷᠭᠡᠳᠬᠡᠵᠦ᠂ ᠨᠡᠶᠢᠭᠡᠮ ᠤᠨ ᠳᠠᠭᠠᠳᠬᠠᠯ ᠢ | ᠰᠢᠯᠵᠢᠭᠦᠯᠦᠨ ᠵᠠᠯᠭᠠᠯᠳᠤᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ | ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠲᠦᠭᠡᠨ ᠪᠠᠶᠢᠭᠤᠯᠬᠤ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠠᠮᠢᠳᠤᠷᠠᠯ ᠤᠨ ᠬᠠᠮᠤᠭ ᠳᠣᠣᠷ᠎ᠠ ᠪᠠᠲᠤᠯᠠᠭ᠎ᠠ᠂ ᠲᠠᠪᠤᠨ ᠪᠠᠲᠤᠯᠠᠭ᠎ᠠ | ᠶᠢᠨ ᠠᠰᠠᠷᠠᠨ ᠲᠡᠵᠢᠭᠡᠬᠦ᠂ ᠡᠮ ᠡᠮᠴᠢᠯᠡᠭᠡᠨ ᠤ ᠠᠪᠤᠷᠠᠨ ᠲᠤᠰᠠᠯᠠᠬᠤ᠂ ᠭᠠᠮᠰᠢᠭ ᠠᠴᠠ ᠠᠪᠤᠷᠠᠬᠤ ᠭᠠᠮᠰᠢᠭ ᠠᠴᠠ | ᠳᠡᠮᠵᠢᠬᠦ᠂ ᠨᠢᠭᠦᠯᠡᠰᠦᠩᠭᠦᠶ ᠶᠢᠨ ᠠᠪᠤᠷᠠᠨ ᠲᠤᠰᠠᠯᠠᠯᠲᠠ ᠵᠡᠷᠭᠡ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠬᠦ | ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠨᠡᠶᠢᠭᠡᠮ ᠤᠨ ᠬᠦᠴᠦᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠠᠶᠢᠭᠤᠯᠬᠤ ᠶᠢ ᠵᠣᠷᠢᠭᠵᠢᠭᠤᠯᠵᠤ᠂ | ᠮᠦᠰᠯᠢᠮ ᠨᠠᠰᠤᠵᠢᠯ ᠤᠨ ᠪᠠᠶᠢᠷᠢ ᠶᠢᠨ ᠬᠤᠶᠠᠳᠤᠭᠠᠷ ᠬᠤᠭᠤᠴᠠᠭ᠎ᠠ ᠨᠢ ᠠᠰᠢᠭᠯᠠᠯᠲᠠ ᠳᠤ ᠣᠷᠣᠭᠤᠯᠬᠤ ᠶᠢ | ᠪᠠᠲᠤᠯᠠᠵᠤ᠂ ᠶᠢᠦ ᠶᠢᠦ ᠪᠠᠶᠢᠰᠢᠩ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠢ ᠨᠡᠭᠦᠯᠭᠡᠨ ᠪᠠᠶᠢᠭᠤᠯᠬᠤ ᠶᠢ | ᠢᠳᠡᠪᠬᠢᠲᠡᠶ ᠲᠦᠯᠬᠢᠨ ᠠᠬᠢᠭᠤᠯᠤᠨ᠎ᠠ᠃ | ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠬᠤ ᠬᠡᠷᠡᠭᠲᠡᠶ᠃ ᠰᠤᠷᠭᠠᠨ | ᠬᠥᠮᠦᠵᠢᠯ ᠤᠨ ᠦᠢᠯᠡᠰ ᠢ ᠰᠢᠯᠢᠳᠡᠭᠵᠢᠭᠦᠯᠦᠨ ᠬᠦᠭᠵᠢᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ | ᠳᠥᠴᠢᠳᠦᠭᠡᠷ ᠳᠤᠮᠳᠠᠳᠤ ᠰᠤᠷᠭᠠᠭᠤᠯᠢ᠂ ᠬᠤᠷᠢᠳᠤᠭᠠᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠬᠢ | ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ | ᠬᠤᠪᠢᠶᠠᠷᠢ ᠰᠤᠷᠭᠠᠭᠤᠯᠢ ᠶᠢᠨ ᠪᠦᠳᠦᠬᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠦᠨ᠎ᠡ᠃ ᠰᠤᠷᠭᠠᠨ | ᠬᠥᠮᠦᠵᠢᠯ ᠤᠨ ᠬᠠᠲᠠᠭᠤ ᠪᠣᠳᠠᠲᠤ ᠬᠦᠴᠦᠨ ᠤᠯᠠᠮ ᠨᠢᠭᠡ ᠠᠯᠬᠤᠮ ᠪᠠᠲᠤᠳᠬᠠᠵᠤ᠂ ᠶᠡᠷᠦᠩᠬᠡᠶ ᠪᠡᠯᠡ | ᠣᠷᠣᠭᠤᠯᠤᠯᠲᠠ ᠨᠢ 2.1 ᠳ᠋ᠦᠩᠰᠢᠭᠤᠷ ᠲᠥᠭᠦᠷᠢᠭ ᠤᠨ ᠬᠥᠬᠡᠬᠤᠲᠠ ᠶᠢᠨ ᠳᠣᠯᠣᠳᠤᠭᠠᠷ ᠳᠤᠮᠳᠠᠳᠤ ᠰᠤᠷᠭᠠᠭᠤᠯᠢ᠂ | ᠲᠠᠯ᠎ᠠ ᠶᠢᠨ ᠪᠤᠯᠠᠭ ᠪᠠᠭ᠎ᠠ ᠰᠤᠷᠭᠠᠭᠤᠯᠢ᠂ ᠨᠢᠭᠡ ᠲᠠᠰᠤᠯᠭ᠎ᠠ ᠭᠡᠷ ᠪᠠᠭ᠎ᠠ ᠰᠤᠷᠭᠠᠭᠤᠯᠢ ᠶᠢᠨ ᠠᠰᠢᠭᠯᠠᠯᠲᠠ ᠳᠤ | ᠣᠷᠣᠭᠤᠯᠬᠤ ᠶᠢ ᠪᠠᠲᠤᠯᠠᠵᠤ᠂ ᠶᠡᠷᠦᠩᠬᠡᠶ ᠪᠡᠯᠡ ᠣᠷᠣᠭᠤᠯᠤᠯᠲᠠ ᠨᠢ 3000 ᠲᠦᠮᠡᠨ ᠲᠥᠭᠦᠷᠢᠭ ᠤᠨ | ᠬᠤᠶᠠᠷᠳᠤᠭᠠᠷ ᠠᠵᠢᠯ ᠮᠡᠷᠭᠡᠵᠢᠯ ᠤᠨ ᠬᠤᠶᠢᠲᠤ ᠰᠤᠷᠭᠠᠭᠤᠯᠢ᠂ ᠬᠤᠷᠢᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ | ᠵᠢᠭᠠᠨ ᠰᠤᠷᠭᠠᠬᠤ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠦᠨ᠎ᠡ᠃ | ᠰᠤᠷᠭᠠᠨ ᠬᠥᠮᠦᠵᠢᠯ ᠤᠨ ᠪᠦᠯᠦᠭᠯᠡᠯ ᠬᠤᠯᠪᠣᠭᠠᠯᠵᠢᠨ ᠬᠦᠭᠵᠢᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠴᠢᠨᠠᠷ | ᠰᠠᠶᠢᠲᠠᠶ ᠰᠤᠷᠭᠠᠨ ᠬᠥᠮᠦᠵᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠰᠣᠶᠣᠯ ᠪᠡᠶ᠎ᠡ ᠶᠢᠨ ᠲᠠᠮᠢᠷ ᠤᠨ | ᠦᠢᠯᠡᠰ ᠢ ᠶᠡᠬᠡᠪᠡᠷ ᠬᠥᠭᠵᠢᠭᠦᠯᠵᠦ᠂ ᠶᠡᠷᠦᠩᠬᠡᠶ ᠪᠡᠯᠡ ᠣᠷᠣᠭᠤᠯᠤᠯᠲᠠ ᠨᠢ 1.8 ᠳ᠋ᠦᠩᠰᠢᠭᠤᠷ ᠲᠥᠭᠦᠷᠢᠭ ᠤᠨ | ᠬᠤᠲᠣᠩ ᠠᠷᠠᠳ ᠤᠨ ᠲᠣᠭᠤᠷᠢᠭ ᠤᠨ ᠰᠣᠶᠣᠯ ᠤᠨ ᠶᠡᠷᠦᠩᠬᠡᠶᠢᠯᠡᠭᠰᠡᠨ ᠲᠠᠯᠠᠪᠠᠶ ᠶᠢᠨ ᠣᠷᠳᠣᠨ ᠤ ᠪᠦᠲᠦᠭᠡᠨ | ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠶᠡᠷᠦᠩᠬᠡᠶ ᠪᠡᠯᠡ ᠣᠷᠣᠭᠤᠯᠤᠯᠲᠠ ᠨᠢ 6.1 ᠳ᠋ᠦᠩᠰᠢᠭᠤᠷ | ᠲᠥᠭᠦᠷᠢᠭ ᠤᠨ ᠥᠪᠥᠷ ᠮᠣᠩᠭᠤᠯ ᠤᠨ ᠤᠯᠠᠭᠠᠨ ᠲᠢᠶᠠᠲᠷ ᠤᠨ ᠣᠯᠠᠨ ᠲᠦᠮᠡᠨ ᠤ ᠤᠷᠠᠯᠢᠭ ᠤᠨ ᠣᠷᠳᠣᠨ ᠢ | ᠡᠬᠢᠯᠡᠨ ᠪᠦᠲᠦᠭᠡᠨ ᠪᠠᠶᠢᠭᠤᠯᠵᠤ᠂ 72 ᠭᠠᠵᠠᠷ ᠲᠠᠬᠢ ᠤᠯᠠᠨ ᠲᠦᠮᠡᠨ ᠤ ᠰᠣᠶᠣᠯ ᠤᠨ ᠠᠵᠢᠯᠯᠠᠭᠠᠨ ᠤ ᠲᠠᠯᠠᠪᠤᠷ ᠢ | ᠥᠭᠡᠷᠡᠴᠢᠯᠡᠨ ᠳᠡᠭᠡᠭᠰᠢᠯᠡᠭᠦᠯᠵᠦ᠂ ᠪᠦᠬᠦ ᠤᠯᠤᠰ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠰᠢᠰᠲ᠋ᠧᠮ ᠤᠨ ᠳᠠᠭᠤᠷᠢᠶᠠᠯ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠤᠨ᠎ᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠪᠥᠷ ᠮᠣᠩᠭᠤᠯ ᠤᠨ | ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢ ᠨᠡᠭᠦᠯᠭᠡᠬᠦ ᠶᠢ ᠤᠶᠠᠯᠳᠤᠭᠤᠯᠵᠤ᠂ ᠪᠡᠭᠡᠵᠢᠩ ᠤᠨ ᠠᠨ | ᠵᠧᠨ ᠡᠮᠨᠡᠯᠭᠡ ᠶᠢᠨ ᠬᠤᠷᠢᠶ᠎ᠠ᠂ ᠵᠢᠶᠠᠩᠰᠦ ᠮᠤᠵᠢ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠢᠳᠡᠪᠬᠢᠲᠡᠶ | ᠵᠣᠯᠭᠠᠯᠴᠠᠵᠤ᠂ ᠠᠯᠳᠠᠷᠰᠢᠯ ᠲᠠᠢ ᠡᠮᠨᠡᠯᠭᠡ ᠶᠢᠨ ᠬᠤᠷᠢᠶᠠᠨ ᠤ ᠬᠤᠪᠢᠶᠠᠷᠢ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ᠎ᠠ᠃ | ᠶᠢᠦ ᠶᠢᠦ ᠪᠠᠶᠢᠰᠢᠩ ᠤᠨ ᠡᠷᠡᠭᠦᠯ ᠮᠡᠨᠳᠦ ᠶᠢᠨ ᠡᠮ ᠡᠮᠨᠡᠯᠭᠡ ᠶᠢᠨ ᠠᠵᠤ ᠦᠢᠯᠡᠰ ᠤᠨ ᠪᠠᠷᠢᠯᠭ᠎ᠠ ᠶᠢ ᠲᠦᠷᠭᠡᠪᠴᠢᠯᠡᠨ | ᠠᠬᠢᠭᠤᠯᠵᠤ᠂ ᠬᠤᠲᠣᠩ ᠦᠨᠳᠦᠰᠦᠲᠡᠨ ᠤ ᠡᠮᠨᠡᠯᠭᠡ ᠶᠢᠨ ᠬᠤᠷᠢᠶ᠎ᠠ ᠨᠢ ᠡᠷᠡᠭᠦᠯᠵᠢᠭᠦᠯᠬᠦ ᠴᠢᠳᠠᠪᠤᠷᠢ ᠪᠠᠷ ᠭᠤᠣᠯ | ᠪᠣᠯᠭᠠᠭᠰᠠᠨ ᠡᠮᠴᠢᠯᠡᠭᠡᠨ ᠤ ᠪᠠᠶᠢᠭᠤᠯᠤᠮᠵᠢ ᠪᠤᠯᠠᠭᠠᠨ ᠬᠤᠪᠢᠷᠠᠭᠤᠯᠬᠤ ᠶᠢ ᠠᠬᠢᠭᠤᠯᠵᠤ᠂ 2 ᠭᠡᠷ | ᠪᠠᠷᠢᠮᠵᠢᠶᠠᠵᠢᠭᠤᠯᠤᠭᠰᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠡᠮᠴᠢᠯᠡᠭᠡᠨ ᠤ ᠪᠠᠶᠢᠭᠤᠯᠤᠮᠵᠢ ᠶᠢ ᠰᠢᠨ᠎ᠡ | ᠪᠠᠷ ᠨᠡᠮᠡᠭᠳᠡᠭᠦᠯᠦᠨ᠎ᠡ᠃ ᠬᠠᠶᠢᠯᠠᠷ ᠪᠠᠷᠠᠭᠤᠨ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ︽ᠡᠮᠨᠡᠯᠭᠡ ᠶᠢᠨ | ᠬᠤᠯᠪᠣᠭᠠᠲᠤ ᠴᠣᠭᠴᠠ︾ ᠬᠠᠮᠲᠤᠷᠠᠨ ᠠᠵᠢᠯᠯᠠᠬᠤ ᠶᠢ ᠴᠢᠩᠭᠠᠳᠬᠠᠵᠤ᠂ ᠲᠠᠰ ᠬᠤᠪᠢᠶᠠᠨ ᠣᠨᠣᠰᠢᠯᠠᠨ ᠡᠮᠴᠢᠯᠡᠬᠦ | ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠤᠨ ︽ᠨᠡᠷᠡᠲᠦ ᠡᠮᠴᠢ ᠶᠢᠨ ᠠᠵᠢᠯ ᠤᠨ ᠲᠠᠰᠤᠭ︾ ᠢ ᠪᠥᠬᠦ ᠲᠠᠯ᠎ᠠ ᠪᠠᠷ ᠬᠠᠮᠤᠷᠬᠤ ᠶᠢ | ᠪᠡᠶᠡᠯᠡᠭᠦᠯᠦᠨ᠎ᠡ᠃ ᠲᠥᠯᠥᠪᠯᠡᠭᠡ ᠲᠠᠢ ᠪᠠᠷ ᠬᠡᠦᠬᠡᠳ ᠠᠪᠬᠤ ᠦᠢᠯᠡᠴᠢᠯᠡᠭᠡᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ︽ᠬᠤᠶᠠᠷ ᠬᠡᠦᠬᠡᠳ ᠠᠪᠴᠤ ᠪᠣᠯᠬᠤ ᠴᠠᠭ ᠦᠶ᠎ᠡ︾ ᠶᠢᠨ ᠴᠢᠭᠢᠷᠠᠭ ᠲᠥᠷᠥᠭᠦᠯᠵᠦ ᠲᠣᠷᠨᠢᠭᠤᠨ | ᠥᠰᠬᠡᠬᠦ ᠠᠵᠢᠯ ᠢ ᠰᠠᠶᠢᠲᠤᠷ ᠬᠢᠨ᠎ᠡ᠃ ᠢᠳᠡᠭᠡᠨ ᠤ ᠠᠶᠤᠯᠭᠦᠢ ᠶᠢ ᠴᠢᠩᠭ᠎ᠠ ᠬᠢᠨᠠᠨ ᠬᠠᠮᠢᠶᠠᠷᠴᠤ᠂ ᠠᠷᠠᠳ ᠤᠯᠠᠨ ᠢ | ᠢᠳᠡᠬᠦ ᠳᠤ ᠰᠠᠨᠠᠭ᠎ᠠ ᠠᠮᠤᠷ ᠪᠣᠯᠭᠠᠨ᠎ᠠ᠃ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠯᠠᠪᠳᠠᠭᠤᠨ ᠢᠶᠠᠷ | ᠠᠩᠭᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠨ | ᠬᠠᠷᠠᠭᠠᠯᠵᠠᠯ ᠦᠵᠡᠭᠦᠯᠬᠦ᠂ ᠪᠦᠷᠢᠳᠬᠡᠯ᠂ ᠳᠠᠩᠰᠠ᠂ ᠠᠷᠠᠳ ᠤᠨ ᠰᠡᠷᠭᠡᠶᠢᠯᠡᠯᠲᠡ᠂ ᠦᠢᠯᠡᠳᠪᠦᠷᠢ ᠬᠤᠳᠠᠯᠳᠤᠭ᠎ᠠ᠂ | ᠴᠢᠨᠠᠷ ᠤᠨ ᠬᠢᠨᠠᠯᠲᠠ᠂ ᠭᠠᠯ ᠰᠡᠷᠭᠡᠶᠢᠯᠡᠬᠦ᠂ ᠬᠤᠣᠷ᠎ᠠ ᠴᠠᠭᠠᠵᠠᠯᠠᠬᠤ᠂ ᠡᠭᠡ ᠬᠡᠦᠬᠡᠳ᠂ ᠵᠡᠮᠳᠡᠭᠴᠦᠦᠯ᠂ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ | ᠨᠡᠶᠢᠭᠡᠮ ᠤᠨ ᠡᠶ᠎ᠡ ᠵᠣᠬᠢᠴᠠᠯᠳᠤ ᠲᠣᠭᠲᠠᠭᠤᠨ ᠪᠠᠶᠢᠳᠠᠯ ᠢ ᠰᠠᠶᠢᠲᠤᠷ ᠠᠳᠬᠤᠬᠤ ᠬᠡᠷᠡᠭᠲᠡᠶ᠃ ᠨᠠᠮ ᠤᠨ | ᠦᠨᠳᠦᠰᠦᠲᠡᠨ ᠱᠠᠰᠢᠨ ᠰᠤᠷᠲᠠᠬᠤᠨ ᠤ ᠲᠤᠬᠠᠶ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢ | ᠬᠠᠤᠯᠢ ᠪᠠᠷ ᠵᠠᠰᠠᠬᠤ ᠶᠢ ᠲᠥᠯᠬᠢᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠣᠯᠠᠨ ᠲᠦᠮᠡᠨ ᠢ ᠰᠤᠷᠭᠠᠨ | ᠬᠥᠮᠦᠵᠢᠭᠦᠯᠵᠦ ᠬᠥᠲᠥᠯᠥᠨ ᠵᠢᠯᠣᠭᠤᠳᠴᠤ᠂ ᠵᠦᠢ ᠵᠣᠬᠢᠰᠲᠠᠶ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠡᠮᠬᠢ | ᠵᠢᠷᠤᠮ ᠲᠠᠢ ᠪᠠᠷ ᠱᠠᠳᠤ ᠳᠠᠷᠠᠭᠠᠯᠠᠨ ᠲᠤᠰᠬᠠᠵᠤ᠂ ᠶᠡᠬᠡᠬᠡᠨ ᠬᠦᠴᠦ ᠣᠷᠣᠭᠤᠯᠵᠤ ᠪᠠᠶᠢᠭᠠᠳ ᠨᠢᠭᠡ ᠪᠦᠯᠦᠭ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ | ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ | ᠪᠠᠶᠢᠷᠢ ᠶᠢᠨ ᠬᠤᠣᠰ ᠬᠠᠷᠢᠭᠤᠴᠠᠯᠭ᠎ᠠ᠂ ᠲᠤᠰᠢᠶᠠᠯ ᠲᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠠᠶᠤᠯᠭᠦᠶ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ | ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠶᠡᠭᠡ | ᠣᠨᠴᠠ ᠶᠡᠭᠡ ᠠᠶᠤᠯᠭᠦᠶ ᠶᠢᠨ ᠭᠡᠨᠡᠳᠡᠯ ᠬᠡᠷᠡᠭ ᠭᠠᠷᠬᠤ ᠶᠢ ᠡᠷᠡᠰ ᠴᠠᠭᠠᠵᠠᠯᠠᠬᠤ ᠬᠡᠷᠡᠭᠲᠡᠶ᠃ ᠭᠡᠨᠡᠳᠲᠡ ᠡᠭᠦᠰᠬᠦ | ᠤᠯᠠᠨ ᠨᠡᠶᠢᠲᠡ ᠶᠢᠨ ᠬᠡᠷᠡᠭ ᠶᠠᠪᠤᠳᠠᠯ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠲᠣᠣᠷᠯᠢᠭ ᠬᠠᠷᠢᠭᠤᠴᠠᠯᠭ᠎ᠠ ᠶᠢᠨ ᠲᠦᠷᠢᠮ ᠢ ᠢᠳᠡᠪᠬᠢᠲᠡᠶ | ᠶᠠᠪᠤᠭᠤᠯᠵᠤ᠂ ᠪᠣᠰᠤᠭ᠎ᠠ ᠴᠣᠭᠴᠠᠲᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ | ᠪᠠᠶᠢᠭᠤᠯᠵᠤ᠂ ᠠᠷᠠᠳ ᠣᠯᠠᠨ ᠤ ᠠᠮᠤᠷ ᠲᠠᠶᠢᠪᠤᠩ ᠲᠦᠷᠦᠭᠳᠡᠯ ᠢ ᠨᠡᠮᠡᠭᠳᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠣᠭᠠᠴᠢᠯᠠᠭᠰᠠᠨ ᠨᠡᠶᠢᠳᠡ ᠶᠢᠨ ᠵᠠᠷᠯᠠᠭ | ᠲᠠᠪᠴᠠᠩ ᠢ ᠪᠠᠶᠢᠭᠤᠯᠵᠤ᠂ ᠢᠲᠡᠭᠡᠯ ᠵᠢᠷᠤᠮᠯᠠᠬᠤ ᠶᠢ ᠬᠠᠮᠲᠤᠷᠠᠭᠰᠠᠨ ᠤᠷᠮᠠᠰᠢᠭᠤᠯᠬᠤ ᠪᠠ ᠢᠲᠡᠭᠡᠯ ᠠᠯᠳᠠᠪᠠᠯ | ᠬᠤᠯᠪᠣᠭᠠᠯᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ᠎ᠠ᠃ ︽ᠳᠣᠯᠣᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠠᠷᠠᠳ ᠤᠨ ᠬᠠᠤᠯᠢ ᠪᠠᠷ ᠵᠠᠰᠠᠬᠤ | ᠦᠵᠡᠯᠲᠡ ᠶᠢ ᠳᠡᠭᠡᠭᠰᠢᠯᠡᠭᠦᠯᠦᠨ᠎ᠡ᠃ | ᠲᠠᠪᠤ ᠡᠭᠦᠷᠭᠡ ᠴᠢᠳᠠᠪᠤᠷᠢ ᠪᠠᠨ ᠯᠠᠪᠲᠠᠢ ᠬᠤᠪᠢᠷᠠᠭᠤᠯᠵᠤ᠂ ᠲᠦᠷᠦ ᠪᠠᠷᠢᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ | | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠦᠢᠯᠡᠴᠢᠯᠡᠭᠡ ᠬᠢᠬᠦ ᠵᠠᠰᠠᠭ ᠤᠨ ᠣᠷᠳᠣᠨ᠂ | ᠠᠷᠢᠭᠤᠨ ᠴᠢᠬᠡᠴᠢ ᠵᠠᠰᠠᠭ ᠤᠨ ᠣᠷᠳᠣᠨ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ | ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ | ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ | ᠪᠤᠳᠤᠯᠲᠠ ᠶᠢᠨ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠴᠢᠬᠤᠯᠠᠴᠢᠯᠠᠨ ᠦᠵᠡᠨ᠎ᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ᠂ ᠰᠠᠨᠠᠭᠤᠯᠭ᠎ᠠ᠂ | ᠰᠢᠭᠦᠮᠵᠢᠯᠡᠯ ᠪᠠ ᠰᠠᠨᠠᠯ᠂ ᠵᠢᠴᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ | ᠰᠢᠢᠳᠪᠦᠷᠢᠯᠡᠬᠦ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ | ᠨᠡᠶᠢᠭᠡᠮ ᠤᠨ ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠵᠦ᠂ ᠤᠯᠠᠨ ᠲᠦᠮᠡᠨ ᠤ ᠰᠡᠳᠬᠢᠯ | ᠬᠠᠨᠤᠮᠵᠢᠲᠠᠶ ᠪᠠᠶᠢᠬᠤ ᠬᠡᠮᠵᠢᠶ᠎ᠡ ᠶᠢ ᠦᠨᠡᠨ ᠬᠦ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠥᠪᠯᠡᠭᠴᠢ ᠶᠢᠨ ᠳᠦᠷᠢᠮ ᠢ ᠲᠡᠭᠦᠯᠳᠡᠷᠵᠢᠭᠦᠯᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠶᠢᠨ ᠬᠡᠷᠡᠭ ᠶᠠᠪᠤᠳᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠢ ᠲᠥᠯᠬᠢᠨ | ᠠᠬᠢᠭᠤᠯᠵᠤ᠂ ᠵᠠᠰᠠᠭ ᠤᠨ ᠣᠷᠳᠣᠨ ᠠᠵᠤ ᠠᠬᠤᠶ ᠶᠢᠨ ᠵᠥᠪᠯᠡᠭᠴᠢ ᠶᠢᠨ ᠲᠦᠷᠢᠮ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠠᠤᠯᠢ ᠶᠣᠰᠣ ᠪᠠᠷ ᠪᠣᠳᠣᠯᠭ᠎ᠠ ᠲᠣᠭᠲᠠᠭᠠᠬᠤ᠂ ᠠᠷᠠᠳᠴᠢᠯᠠᠯᠲᠤ | ᠪᠣᠳᠣᠯᠭ᠎ᠠ ᠲᠣᠭᠲᠠᠭᠠᠬᠤ ᠶᠢ ᠲᠥᠯᠬᠢᠨ ᠠᠬᠢᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ | ᠴᠢᠯᠥᠭᠡᠲᠡᠶ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠵᠠᠰᠠᠭ ᠤᠨ ᠣᠷᠳᠣᠨ ᠤ ᠡᠷᠬᠡ ᠶᠢᠨ ᠲᠣᠳᠣᠷᠬᠠᠶ | ᠬᠠᠭᠤᠳᠠᠰᠤ ᠪᠠ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠬᠥᠳᠡᠯᠦᠩᠭᠦᠶ ᠪᠠᠷ ᠬᠠᠮᠢᠶᠠᠷᠴᠤ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ᠂ ︽ᠬᠤᠶᠠᠷ ᠢ ᠲᠠᠰᠢᠷᠠᠮ ᠢᠶᠠᠷ ᠬᠢᠬᠦ᠂ ᠨᠢᠭᠡ ᠶᠢ | ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ ᠵᠠᠰᠠᠭ ᠤᠨ ᠣᠷᠳᠣᠨ ᠤ | ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ︽ᠢᠨᠲ᠋ᠤᠷ ᠰᠦᠯᠵᠢᠶ᠎ᠡ | + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠯᠧᠺᠲᠷᠣᠨ ᠵᠠᠰᠠᠭ ᠤᠨ | ᠶᠠᠪᠤᠳᠠᠯ ᠪᠠ ᠰᠦᠯᠵᠢᠶᠡᠨ ᠳᠡᠭᠡᠷ᠎ᠡ ᠠᠵᠢᠯ ᠶᠠᠪᠤᠳᠠᠯ ᠰᠢᠢᠳᠪᠦᠷᠢᠯᠡᠬᠦ ᠶᠢ ᠳᠡᠯᠭᠡᠷᠡᠭᠦᠯᠵᠦ ᠂ ᠠᠵᠢᠯ ᠤᠨ ᠦᠷ᠎ᠡ | ᠪᠦᠲᠦᠭᠡᠮᠵᠢ ᠪᠠᠨ ᠦᠨᠡᠨ ᠬᠦ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠲᠤᠰᠢᠶᠠᠯ ᠢᠶᠠᠨ | ᠭᠦᠢᠴᠡᠳᠬᠡᠬᠦ ᠶᠢ ᠠᠬᠢᠭᠤᠯᠵᠤ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠭᠦᠢᠴᠡᠳᠬᠡᠨ᠎ᠡ᠃ ᠺᠠᠳ᠋ᠷ ᠤᠨ ᠰᠤᠷᠲᠠᠯ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ᠂ ᠰᠢᠪᠠᠳᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ᠂ | ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠪᠠ ᠠᠯᠳᠠᠭ᠎ᠠ ᠪᠤᠷᠤᠭᠤ ᠶᠢ ᠪᠠᠭᠲᠠᠭᠠᠨ ᠵᠠᠯᠠᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠦᠬᠡᠨᠴᠡ ᠵᠠᠰᠠᠭ ᠵᠠᠯᠬᠠᠭᠤ ᠵᠠᠰᠠᠭ ᠬᠤᠶᠢᠷᠭᠤ ᠵᠠᠰᠠᠭ ᠢ ᠡᠷᠡᠰ ᠴᠡᠭᠴᠡᠯᠡᠵᠦ᠂ ᠵᠠᠰᠠᠭ ᠪᠠᠷᠢᠬᠤ | ᠰᠠᠶᠢᠨ ᠰᠠᠶᠢᠬᠠᠨ ᠣᠷᠴᠢᠨ ᠨᠥᠬᠦᠴᠡᠯ᠂ ᠤᠯᠤᠰ ᠲᠦᠷᠦ ᠶᠢᠨ ᠠᠮᠢ ᠠᠬᠤᠶ ᠪᠣᠯᠤᠨ ᠠᠵᠢᠯ ᠬᠢᠵᠦ ᠦᠢᠯᠡᠰ | ᠪᠤᠰᠬᠠᠬᠤ ᠠᠭᠤᠵᠢᠭᠤ ᠲᠠᠯᠪᠢᠭᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ | ᠲᠥᠯᠥᠭᠡᠯᠡᠭᠴᠢᠳ ᠡ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠰᠢᠨ᠎ᠡ ᠴᠠᠭ ᠦᠶ᠎ᠡ ᠨᠢᠭᠡᠨᠲᠡ | ᠣᠷᠣᠵᠤ ᠢᠷᠡᠵᠡᠢ᠃ ᠰᠢᠨ᠎ᠡ ᠴᠠᠭ ᠦᠶ᠎ᠡ ᠰᠢᠨ᠎ᠡ ᠠᠭᠤᠷ ᠠᠮᠢᠰᠬᠤᠯ ᠪᠠᠶᠢᠬᠤ ᠬᠡᠷᠡᠭᠲᠡᠶ᠂ ᠨᠡᠩ ᠴᠤ ᠰᠢᠨ᠎ᠡ ᠦᠢᠯᠡᠰ | ᠪᠦᠲᠦᠭᠡᠬᠦ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠪᠢᠳᠡ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠶᠢᠨ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ ᠬᠤᠷᠢᠶᠠᠨ ᠤ | ᠡᠷᠡᠰ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠰᠡᠳᠬᠢᠯ ᠰᠢᠭᠤᠳᠠᠨ ᠴᠢᠷᠮᠠᠶᠢᠵᠤ᠂ ᠲᠣᠯᠣᠭᠠᠶ ᠥᠨᠳᠡᠶᠢᠯ ᠦᠭᠡᠢ | ᠴᠢᠷᠮᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠢᠯᠠᠯᠲᠠ ᠣᠯᠬᠤ ᠪᠠᠷ ᠦᠷᠭᠦᠯᠵᠢᠯᠡᠨ | ᠲᠡᠮᠡᠴᠡᠵᠡᠭᠡᠶ᠎ᠡ︕ |