| | ᠰᠤᠷᠪᠤᠯᠵᠢᠯᠠᠭᠰᠠᠨ ᠴᠠᠭ᠄ 2018 ᠣᠨ ᠤ 4 ᠳ᠋ᠦ᠋ᠭᠡᠷ ᠰᠠᠷ᠎ᠠ ᠶᠢᠨ 27 ᠤ ᠡᠳᠦᠷ ᠤᠨ ᠦᠳᠡ ᠶᠢᠨ | ᠡᠮᠦᠨᠡᠬᠢ 10 ᠴᠠᠭ | ᠰᠤᠷᠪᠤᠯᠵᠢᠯᠠᠭ᠎ᠠ ᠬᠦᠯᠢᠶᠡᠭᠴᠢ᠄ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ | ᠠᠶᠢᠮᠠᠭ ᠤᠨ ᠳᠠᠷᠤᠭ᠎ᠠ ᠭᠤᠤ ᠱᠢ ᠴᠢᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠮᠥᠩᠭᠦᠨ ᠭᠦᠢᠯᠭᠡᠭᠡ ᠪᠣᠯ ᠣᠳᠣ ᠦᠶ᠎ᠡ ᠶᠢᠨ ᠠᠵᠤ ᠠᠬᠤᠢ ᠶᠢᠨ ᠭᠤᠣᠯᠯᠠᠭᠴᠢ ᠪᠠᠶᠢᠵᠤ᠂ ᠮᠥᠩᠭᠦᠨ | ᠭᠦᠢᠯᠭᠡᠭᠡ ᠥᠷᠨᠢᠨ ᠬᠥᠭᠵᠢᠪᠡᠯ᠂ ᠠᠵᠤ ᠠᠬᠤᠢ ᠳᠠᠷᠤᠢ ᠥᠷᠨᠢᠨ ᠬᠥᠭᠵᠢᠳᠡᠭ᠃ ᠪᠣᠳᠠᠲᠤ ᠴᠣᠭᠴᠠᠲᠤ ᠠᠵᠤ | ᠠᠬᠤᠢ ᠳᠤ ᠦᠢᠯᠡᠴᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠶᠢ ᠬᠠᠩᠭᠠᠬᠤ ᠪᠣᠯ᠂ | ᠮᠥᠩᠭᠦᠨ ᠭᠦᠢᠯᠭᠡᠭᠡᠨ ᠤ ᠦᠨᠳᠦᠰᠦ ᠪᠣᠯᠣᠨ᠎ᠠ᠃ ᠥᠨᠥᠳᠥᠷ᠂ ᠪᠢᠳᠡ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ | ᠭᠡᠰᠢᠭᠦᠨ᠂ ᠳᠡᠳ᠋ ᠠᠶᠢᠮᠠᠭ ᠤᠨ ᠳᠠᠷᠤᠭ᠎ᠠ ᠭᠤᠤ ᠱᠢ ᠴᠢᠨ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠦᠯᠵᠢᠶ᠎ᠡ ᠶᠢᠨ ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ᠬᠢᠩᠭᠠᠨ ᠠᠶᠢᠮᠠᠭ ᠤᠨ ᠪᠣᠳᠠᠲᠤ | ᠴᠣᠭᠴᠠᠲᠤ ᠠᠵᠤ ᠠᠬᠤᠢ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠠᠮᠢᠶ᠎ᠠ ᠪᠦᠬᠦᠢ ᠠᠭᠤᠯᠭ᠎ᠠ ᠶᠢᠨ | ᠲᠤᠬᠠᠢ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠥᠷᠭᠡᠨ ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ | ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ | ᠣᠷᠣᠯᠴᠠᠬᠤ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠵᠣᠯ ᠢᠶᠠᠷ ᠬᠢᠩᠭᠠᠨ ᠠᠶᠢᠮᠠᠭ ᠤᠨ | ᠨᠠᠮ ᠤᠨ ᠬᠤᠷᠢᠶᠠᠨ ᠤ ᠭᠡᠰᠢᠭᠦᠨ᠂ ᠳᠡᠳ᠋ ᠠᠶᠢᠮᠠᠭ ᠤᠨ ᠳᠠᠷᠤᠭ᠎ᠠ ᠭᠤᠤ ᠱᠢ ᠴᠢᠨ ᠢ ᠤᠷᠢᠵᠤ᠂ ᠬᠢᠩᠭᠠᠨ | ᠠᠶᠢᠮᠠᠭ ᠤᠨ ᠪᠣᠳᠠᠲᠤ ᠴᠣᠭᠴᠠᠲᠤ ᠠᠵᠤ ᠠᠬᠤᠢ ᠳᠤ ᠮᠥᠩᠭᠦᠨ ᠭᠦᠢᠯᠭᠡᠭᠡ ᠪᠠᠷ ᠦᠢᠯᠡᠴᠢᠯᠡᠬᠦ ᠬᠤᠯᠪᠣᠭᠳᠠᠯ ᠪᠦᠬᠦᠢ | ᠪᠠᠶᠢᠳᠠᠯ ᠢ ᠣᠯᠠᠨ ᠲᠠᠢ ᠰᠦᠯᠵᠢᠶ᠎ᠡ ᠪᠠᠷ ᠰᠠᠨᠠᠯ ᠰᠣᠯᠢᠯᠴᠠᠭᠤᠯᠬᠤ ᠪᠣᠯᠣᠯ᠎ᠠ᠃ ᠭᠤᠤ ᠠᠶᠢᠮᠠᠭ ᠤᠨ ᠳᠠᠷᠤᠭ᠎ᠠ ᠶᠢ | ᠪᠠᠶᠠᠷᠯᠠᠨ ᠤᠭᠲᠤᠵᠤ ᠪᠠᠶᠢᠨ᠎ᠠ᠃ | ᠭᠤᠤ ᠱᠢ ᠴᠢᠨ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ | ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ ᠡᠨᠡ ᠬᠦ ᠲᠣᠬᠢᠶᠠᠯ ᠢ | ᠠᠰᠢᠭᠯᠠᠨ᠂ ᠪᠢ ᠬᠢᠩᠭᠠᠨ ᠠᠶᠢᠮᠠᠭ ᠤᠨ ᠡᠮᠦᠨ᠎ᠡ ᠠᠴᠠ ᠶᠡᠷᠦ ᠠᠴᠠ ᠮᠠᠨ ᠤ ᠠᠶᠢᠮᠠᠭ ᠤᠨ ᠠᠵᠤ ᠠᠬᠤᠢ ᠶᠢᠨ | ᠬᠥᠭᠵᠢᠯᠲᠡ ᠶᠢ ᠬᠠᠷᠠᠭᠠᠯᠵᠠᠵᠤ᠂ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠴᠢᠩ | ᠰᠡᠳᠬᠢᠯ ᠤᠨ ᠪᠠᠶᠠᠷ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ | ᠬᠥᠲᠥᠯᠥᠭᠴᠢ᠄ ᠣᠳᠣᠬᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠩᠭᠠᠨ ᠠᠶᠢᠮᠠᠭ ᠲᠤ | ᠦᠢᠯᠡᠴᠢᠯᠡᠵᠦ ᠪᠠᠶᠢᠭ᠎ᠠ ᠶᠡᠷᠦᠩᠬᠡᠢ ᠪᠠᠶᠢᠳᠠᠯ ᠨᠢ ᠶᠠᠮᠠᠷ ᠪᠠᠶᠢᠬᠤ ᠲᠤᠬᠠᠢ ᠭᠤᠤ ᠠᠶᠢᠮᠠᠭ ᠤᠨ ᠳᠠᠷᠤᠭ᠎ᠠ ᠪᠢᠳᠡᠨ ᠳᠤ | ᠲᠠᠨᠢᠯᠴᠠᠭᠤᠯᠤᠭᠠᠳ ᠥᠭᠭᠦᠨ᠎ᠡ ᠦᠦ︖ | ᠭᠤᠤ ᠱᠢ ᠴᠢᠨ᠄ 2017 ᠣᠨ ᠤ ᠡᠴᠦᠰ ᠪᠣᠯᠲᠠᠯ᠎ᠠ᠂ ᠬᠢᠩᠭᠠᠨ ᠠᠶᠢᠮᠠᠭ ᠲᠤ ᠡᠯ᠎ᠡ ᠲᠥᠷᠥᠯ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠡᠶᠢᠲᠡ 81 ᠪᠠᠶᠢᠵᠤ᠂ ᠲᠡᠭᠦᠨ ᠤ ᠳᠣᠲᠣᠷ᠎ᠠ ᠪᠠᠩᠬᠢ 17 ︵ᠲᠣᠰᠬᠤᠨ | ᠪᠠᠯᠭᠠᠰᠤ ᠶᠢᠨ ᠪᠠᠩᠬᠢ 3᠂ ᠢᠲᠡᠭᠡᠮᠵᠢ ᠶᠢᠨ ᠬᠤᠷᠰᠢᠶ᠎ᠠ 5᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ 1 | ᠪᠠᠭᠲᠠᠨ᠎ᠠ︶᠂ ᠳᠠᠭᠠᠳᠬᠠᠯ ᠤᠨ ᠪᠠᠶᠢᠭᠤᠯᠤᠮᠵᠢ 28᠂ ᠲᠡᠮᠳᠡᠭᠲᠦ ᠶᠢᠨ ᠪᠠᠶᠢᠭᠤᠯᠤᠮᠵᠢ 1᠂ ᠪᠠᠭ᠎ᠠ ᠲᠣᠭᠠᠨ ᠤ | ᠵᠢᠭᠡᠯᠡᠯᠭᠡ ᠶᠢᠨ ᠺᠣᠮᠫᠠᠨᠢ 24᠂ ᠳᠠᠭᠠᠭᠠᠯᠲᠠ ᠶᠢᠨ ᠪᠠᠶᠢᠭᠤᠯᠤᠮᠵᠢ 10᠂ ᠠᠷᠠᠳ ᠤᠨ ᠳᠤᠮᠳᠠᠬᠢ ᠵᠢᠭᠡᠯᠡᠯᠭᠡ ᠶᠢ | ᠳᠠᠩᠰᠠᠯᠠᠨ ᠲᠡᠮᠳᠡᠭᠯᠡᠬᠦ ᠲᠥᠪ 1 ᠪᠠᠶᠢᠳᠠᠭ᠃ 2017 ᠣᠨ ᠳᠤ᠂ ᠪᠦᠬᠦ ᠠᠶᠢᠮᠠᠭ ᠤᠨ ᠮᠥᠩᠭᠦᠨ ᠭᠦᠢᠯᠭᠡᠭᠡᠨ ᠤ | ᠠᠵᠢᠯᠯᠠᠭᠠᠨ ᠲᠣᠭᠲᠠᠪᠤᠷᠢᠲᠠᠢ᠃ ᠠᠶᠢᠮᠠᠭ ᠤᠨ ᠳᠣᠲᠣᠭᠠᠳᠤ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠨᠢ 583.2 ᠳ᠋ᠦᠩᠰᠢᠭᠤᠷ ᠲᠥᠭᠦᠷᠢᠭ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.5 ᠳ᠋ᠦᠩᠰᠢᠭᠤᠷ ᠲᠥᠭᠦᠷᠢᠭ ᠨᠡᠮᠡᠭᠳᠡᠵᠦ᠂ 1.3% ᠪᠠᠷ | ᠨᠡᠮᠡᠭᠳᠡᠪᠡ︔ ᠵᠢᠭᠡᠯᠡᠯᠭᠡ ᠶᠢᠨ ᠦᠯᠡᠳᠡᠪᠦᠷᠢ ᠨᠢ 666.1 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 21 ᠳ᠋ᠦᠩᠰᠢᠭᠤᠷ ᠲᠥᠭᠦᠷᠢᠭ ᠨᠡᠮᠡᠭᠳᠡᠵᠦ᠂ 3.3% ᠪᠠᠷ ᠨᠡᠮᠡᠭᠳᠡᠵᠡᠢ᠃ ᠰᠢᠨ᠎ᠡ ᠪᠠᠷ | ᠲᠠᠷᠬᠠᠭᠠᠭᠰᠠᠨ ᠵᠢᠭᠡᠯᠡᠯᠭᠡ ᠨᠡᠶᠢᠲᠡ 279.9 ᠳ᠋ᠦᠩᠰᠢᠭᠤᠷ ᠲᠥᠭᠦᠷᠢᠭ ᠲᠤ ᠬᠦᠷᠪᠡ︔ ᠶᠡᠷᠦᠩᠬᠡᠢ ᠵᠣᠭᠤᠰ | ᠬᠠᠳᠠᠭᠠᠯᠠᠵᠤ ᠵᠢᠭᠡᠯᠡᠭᠰᠡᠨ ᠬᠠᠷᠢᠴᠠᠯ ᠨᠢ 114 % ᠪᠠᠶᠢᠵᠤ᠂ ᠳᠡᠭᠡᠷ᠎ᠡ ᠵᠢᠯ ᠤᠨ ᠬᠢ ᠠᠴᠠ ᠵᠠᠭᠤᠨ ᠤ 2 ᠢᠶᠠᠷ | ᠨᠡᠮᠡᠭᠳᠡᠵᠡᠢ᠃ ᠪᠡᠶᠡᠯᠡᠭᠦᠯᠦᠭᠰᠡᠨ ᠳᠠᠭᠠᠳᠬᠠᠯ ᠤᠨ ᠰᠦᠢᠳᠬᠡᠯ ᠤᠨ ᠣᠷᠣᠯᠭ᠎ᠠ 15.4 ᠳ᠋ᠦᠩᠰᠢᠭᠤᠷ ᠲᠥᠭᠦᠷᠢᠭ᠂ | ᠲᠥᠯᠥᠪᠦᠷᠢ ᠶᠢᠨ ᠵᠠᠷᠤᠯᠭ᠎ᠠ 3.7 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 899% ᠪᠠᠷ ᠨᠡᠮᠡᠭᠳᠡᠭᠰᠡᠨ ᠪᠠᠶᠢᠨ᠎ᠠ᠃ | ᠬᠥᠲᠥᠯᠥᠭᠴᠢ᠄ ᠬᠢᠩᠭᠠᠨ ᠠᠶᠢᠮᠠᠭ ᠮᠥᠩᠭᠦᠨ ᠭᠦᠢᠯᠭᠡᠭᠡᠨ ᠤ ᠬᠥᠭᠵᠢᠯᠲᠡ ᠶᠢ ᠲᠦᠭᠡᠮᠡᠯ ᠬᠠᠷᠠᠭᠠᠯᠵᠠᠬᠤ | ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠲᠤᠬᠠᠢ ᠭᠤᠤ ᠠᠶᠢᠮᠠᠭ ᠤᠨ ᠳᠠᠷᠤᠭ᠎ᠠ ᠲᠠᠨᠢᠯᠴᠠᠭᠤᠯᠤᠭᠠᠳ ᠥᠭᠭᠦᠨ᠎ᠡ ᠦᠦ︖ | | ᠭᠤᠤ ᠱᠢ ᠴᠢᠨ᠄ ︽ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠤ ᠬᠥᠭᠵᠢᠯᠲᠡ ᠶᠢ ᠲᠦᠭᠡᠮᠡᠯ | ᠬᠠᠷᠠᠭᠠᠯᠵᠠᠬᠤ ᠲᠥᠯᠥᠪᠵᠢᠭᠦᠯᠭᠡ ︵2017 — 2020 ᠣᠨ︶︾ ᠶᠢ ᠲᠣᠭᠲᠠᠭᠠᠨ ᠨᠡᠶᠢᠲᠡᠯᠡᠵᠦ᠂ ᠮᠥᠩᠭᠦᠨ | ᠭᠦᠢᠯᠭᠡᠭᠡ ᠶᠢ ᠲᠦᠭᠡᠮᠡᠯ ᠬᠠᠷᠠᠭᠠᠯᠵᠠᠬᠤ ᠵᠢᠱᠢᠭᠰᠡᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ | ᠂ ᠳᠥᠷᠪᠡᠨ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠪᠠ᠂ ᠨᠢᠭᠡ ᠳᠤ᠂ ᠮᠥᠩᠭᠦᠨ ᠭᠦᠢᠯᠭᠡᠭᠡ ᠶᠢ | ᠲᠦᠭᠡᠮᠡᠯ ᠬᠠᠷᠠᠭᠠᠯᠵᠠᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ︔ ᠬᠤᠶᠠᠷ ᠲᠤ᠂ ᠮᠥᠩᠭᠦᠨ | ᠭᠦᠢᠯᠭᠡᠭᠡ ᠶᠢ ᠲᠦᠭᠡᠮᠡᠯ ᠬᠠᠷᠠᠭᠠᠯᠵᠠᠬᠤ ᠦᠢᠯᠡᠴᠢᠯᠡᠭᠡ ᠶᠢ ᠰᠢᠨᠡᠴᠢᠯᠡᠨ᠎ᠡ︔ ᠭᠤᠷᠪᠠ ᠳᠤ᠂ ᠮᠥᠩᠭᠦᠨ ᠭᠦᠢᠯᠭᠡᠭᠡ ᠶᠢ | ᠲᠦᠭᠡᠮᠡᠯ ᠬᠠᠷᠠᠭᠠᠯᠵᠠᠬᠤ ᠬᠥᠮᠥᠵᠢᠯ ᠪᠠ ᠮᠥᠩᠭᠦᠨ ᠭᠦᠢᠯᠭᠡᠭᠡᠨ ᠤ ᠬᠡᠷᠡᠭᠯᠡᠭᠴᠢ᠂ ᠦᠢᠯᠡᠴᠢᠯᠡᠬᠦ ᠭᠤᠣᠯ | ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠶᠢ ᠴᠢᠩᠭᠠᠳᠬᠠᠨ᠎ᠠ︔ ᠳᠥᠷᠪᠡ ᠳᠤ᠂ ᠪᠠᠲᠤᠯᠠᠬᠤ ᠠᠷᠭ᠎ᠠ ᠬᠡᠮᠵᠢᠶ᠎ᠡ ᠶᠢ | ᠴᠢᠩᠭᠠᠷᠠᠭᠤᠯᠤᠨ᠎ᠠ᠃ | ᠬᠥᠲᠥᠯᠥᠭᠴᠢ᠄ ᠬᠢᠩᠭᠠᠨ ᠠᠶᠢᠮᠠᠭ ᠤᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ | ᠰᠢᠰᠲ᠋ᠧᠮᠵᠢ ᠶᠢᠨ ᠪᠠᠶᠢᠭᠤᠯᠤᠯᠲᠠ ᠨᠢ ᠶᠠᠮᠠᠷ ᠪᠣᠢ︖ ᠶᠡᠷᠦᠩᠬᠡᠢ ᠪᠠᠶᠢᠳᠠᠯ ᠨᠢ ᠶᠠᠮᠠᠷ ᠪᠣᠢ︖ ᠡᠨᠡ ᠲᠤᠬᠠᠢ ᠭᠤᠤ | ᠠᠶᠢᠮᠠᠭ ᠤᠨ ᠳᠠᠷᠤᠭ᠎ᠠ ᠶᠠᠷᠢᠭᠠᠳ ᠥᠭᠭᠦᠨ᠎ᠡ ᠦᠦ︖ | ᠭᠤᠤ ᠱᠢ ᠴᠢᠨ᠄ ︽ᠮᠥᠩᠭᠦᠨ ᠭᠦᠢᠯᠭᠡᠭᠡᠨ ᠤ ᠦᠢᠯᠡᠴᠢᠯᠡᠭᠡ ᠳᠤ ᠭᠤᠣᠯ ᠴᠣᠭᠴᠠ ᠪᠠᠶᠢᠬᠤ᠂ ᠮᠥᠩᠭᠦᠨ | ᠭᠦᠢᠯᠭᠡᠭᠡᠨ ᠤ ᠰᠣᠯᠢᠯᠴᠠᠭ᠎ᠠ ᠳᠤ ᠵᠠᠬ᠎ᠠ ᠳᠡᠯᠭᠡᠭᠦᠷ ᠪᠠᠶᠢᠬᠤ᠂ ᠮᠥᠩᠭᠦᠨ ᠭᠦᠢᠯᠭᠡᠭᠡᠨ ᠤ ᠲᠥᠬᠦᠷᠵᠢᠯᠲᠡ ᠳᠤ | ᠵᠠᠭᠤᠴᠢᠯᠠᠭᠤᠷ ᠪᠠᠶᠢᠬᠤ︾ ᠰᠡᠳᠬᠢᠮᠵᠢ ᠶᠣᠰᠣᠭᠠᠷ᠂ ᠬᠢᠩᠭᠠᠨ ᠠᠶᠢᠮᠠᠭ ᠨᠢ ᠮᠥᠩᠭᠦᠨ ᠭᠦᠢᠯᠭᠡᠭᠡᠨ ᠤ | ᠦᠢᠯᠡᠴᠢᠯᠡᠭᠡ ᠶᠢᠨ ᠬᠠᠩᠭᠠᠯᠭ᠎ᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠥᠩᠭᠦᠨ | ᠭᠦᠢᠯᠭᠡᠭᠡᠨ ᠤ ᠦᠢᠯᠡᠴᠢᠯᠡᠭᠡ ᠶᠢᠨ ᠬᠠᠮᠤᠷᠬᠤ ᠨᠣᠷᠮ᠎ᠠ ᠶᠢ ᠪᠦᠲᠦᠮᠵᠢᠲᠡᠢ ᠳᠡᠭᠡᠭᠰᠢᠯᠡᠭᠦᠯᠵᠡᠢ᠃ ᠨᠢᠭᠡ ᠳᠤ᠂ ᠡᠯ᠎ᠡ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠦᠯᠵᠢᠶᠡᠨ ᠤ ᠴᠡᠭ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ | ᠬᠥᠲᠥᠯᠥᠨ ᠵᠢᠯᠣᠭᠤᠳᠴᠤ᠂ ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠰᠲᠠᠢ | ᠪᠠᠶᠢᠷᠢᠯᠠᠭᠤᠯᠬᠤ ᠶᠢ ᠠᠬᠢᠭᠤᠯᠪᠠ᠃ ᠬᠤᠶᠠᠷ ᠲᠤ᠂ ᠪᠦᠬᠦ ᠠᠶᠢᠮᠠᠭ ᠤᠨ ᠳᠠᠭᠠᠭᠠᠯᠲᠠ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ 2 ᠳᠠᠭᠠᠭᠠᠯᠲᠠ ᠶᠢᠨ ᠺᠣᠮᠫᠠᠨᠢ ᠶᠢ ᠰᠢᠨ᠎ᠡ ᠪᠠᠷ | ᠲᠣᠬᠢᠷᠠᠭᠤᠯᠤᠭᠰᠠᠨ ᠠᠴᠠ᠂ ᠪᠦᠬᠦ ᠠᠶᠢᠮᠠᠭ ᠳᠠᠬᠢ ᠳᠠᠭᠠᠭᠠᠯᠲᠠ ᠶᠢᠨ ᠺᠣᠮᠫᠠᠨᠢ ᠨᠢᠭᠡᠨᠲᠡ 10 ᠪᠣᠯᠵᠤ᠂ | ᠳᠠᠩᠰᠠᠯᠠᠭᠤᠯᠤᠭᠰᠠᠨ ᠬᠥᠷᠥᠩᠭᠡ ᠨᠢ 5.9 ᠳ᠋ᠦᠩᠰᠢᠭᠤᠷ ᠲᠥᠭᠦᠷᠢᠭ ᠲᠤ ᠬᠦᠷᠴᠦ᠂ ᠳᠠᠭᠠᠭᠠᠯᠲᠠ ᠲᠠᠢ | ᠵᠢᠭᠡᠯᠡᠯᠭᠡ ᠶᠢᠨ ᠦᠯᠡᠳᠡᠪᠦᠷᠢ ᠨᠢ 8.5 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 18.1% ᠪᠠᠷ ᠨᠡᠮᠡᠭᠳᠡᠵᠦ᠂ 2524 ᠳᠤᠮᠳᠠ ᠵᠢᠵᠢᠭ ᠠᠵᠤ ᠠᠬᠤᠶᠢᠯᠠᠯ ᠳᠤ ᠪᠡᠯᠡ ᠲᠣᠬᠢᠷᠠᠭᠤᠯᠵᠤ ᠳᠠᠭᠠᠭᠠᠯᠲᠠ | ᠬᠢᠬᠦ ᠦᠢᠯᠡᠴᠢᠯᠡᠭᠡ ᠬᠠᠩᠭᠠᠭᠰᠠᠨ ᠪᠠᠶᠢᠨ᠎ᠠ᠃ ᠭᠤᠷᠪᠠ ᠳᠤ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ | ᠲᠦᠭᠰᠢᠭᠦᠷᠢ ᠶᠢ ᠡᠵᠡᠮᠳᠡᠬᠦ ᠪᠠ ᠪᠠᠶᠢᠷᠢᠯᠠᠭᠤᠯᠬᠤ ᠶᠢ ᠰᠠᠶᠢᠲᠤᠷ ᠠᠳᠬᠤᠭᠰᠠᠨ ᠤᠷᠢᠳᠠᠯ ᠳᠣᠣᠷ᠎ᠠ ᠶᠡᠷᠦᠩᠬᠡᠢ | ᠬᠡᠮᠵᠢᠶ᠎ᠡ ᠶᠢ ᠨᠡᠮᠡᠭᠳᠡᠭᠦᠯᠵᠦ᠂ 1 ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢ ᠰᠢᠨ᠎ᠡ ᠪᠠᠷ | ᠲᠣᠬᠢᠷᠠᠭᠤᠯᠤᠭᠰᠠᠨ ᠠᠴᠠ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ ᠶᠡᠷᠦᠩᠬᠡᠢ ᠲᠤᠭ᠎ᠠ ᠨᠢ 24 ᠪᠣᠯᠵᠤ᠂ | ᠳᠠᠩᠰᠠᠯᠠᠭᠤᠯᠤᠭᠰᠠᠨ ᠬᠥᠷᠥᠩᠭᠡ ᠮᠥᠩᠭᠦ ᠨᠢ 9.7 ᠳ᠋ᠦᠩᠰᠢᠭᠤᠷ ᠲᠥᠭᠦᠷᠢᠭ ᠲᠤ ᠬᠦᠷᠴᠦ᠂ ᠵᠢᠭᠡᠯᠡᠯᠭᠡ ᠶᠢᠨ | ᠦᠯᠡᠳᠡᠪᠦᠷᠢ ᠨᠢ 8.9 ᠳ᠋ᠦᠩᠰᠢᠭᠤᠷ ᠲᠥᠭᠦᠷᠢᠭ ᠪᠠᠶᠢᠵᠤ᠂ 2017 ᠣᠨ ᠳᠤ ᠨᠡᠶᠢᠲᠡ 345 ᠤᠳᠠᠭ᠎ᠠ᠂ 2.7 | ᠳ᠋ᠦᠩᠰᠢᠭᠤᠷ ᠲᠥᠭᠦᠷᠢᠭ ᠵᠢᠭᠡᠯᠡᠯᠭᠡ ᠣᠷᠣᠭᠤᠯᠵᠠᠢ᠃ ᠳᠥᠷᠪᠡ ᠳᠤ᠂ ᠠᠶᠢᠮᠠᠭ ᠤᠨ ᠠᠷᠠᠳ ᠤᠨ ᠳᠤᠮᠳᠠᠬᠢ | ᠵᠢᠭᠡᠯᠡᠯᠭᠡ ᠶᠢ ᠳᠠᠩᠰᠠᠯᠠᠨ ᠲᠡᠮᠳᠡᠭᠯᠡᠬᠦ ᠲᠥᠪ ᠤᠨ ᠦᠢᠯᠡᠳᠦᠯ ᠢ ᠪᠠᠳᠠᠷᠠᠭᠤᠯᠵᠤ᠂ 2017 ᠣᠨ ᠳᠤ 8153 | ᠲᠦᠮᠡᠨ ᠲᠥᠭᠦᠷᠢᠭ ᠢ ᠠᠮᠵᠢᠯᠲᠠ ᠲᠠᠢ ᠵᠣᠯᠭᠠᠭᠤᠯᠵᠤ᠂ 13 ᠲᠥᠷᠥᠯ ᠵᠦᠢᠯ ᠢ ᠵᠣᠯᠭᠠᠭᠤᠯᠤᠨ ᠠᠮᠵᠢᠯᠲᠠ ᠣᠯᠵᠠᠢ᠃ | | ᠬᠥᠲᠥᠯᠥᠭᠴᠢ᠄ ᠬᠢᠩᠭᠠᠨ ᠠᠶᠢᠮᠠᠭ ︽ᠮᠥᠩᠭᠦᠨ ᠭᠦᠢᠯᠭᠡᠭᠡᠨ ᠤ ᠭᠤᠷᠪᠠᠨ ᠵᠦᠢᠯ ᠤᠨ ᠠᠵᠢᠯᠯᠠᠭᠠᠨ ᠤ | ᠲᠥᠯᠥᠪᠯᠡᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠲᠤᠬᠠᠢ ᠭᠤᠤ | ᠠᠶᠢᠮᠠᠭ ᠤᠨ ᠳᠠᠷᠤᠭ᠎ᠠ ᠲᠠᠨᠢᠯᠴᠠᠭᠤᠯᠵᠤ ᠥᠭᠭᠦᠨ᠎ᠡ ᠦᠦ︖ | ᠭᠤᠤ ᠱᠢ ᠴᠢᠨ᠄ ᠬᠢᠩᠭᠠᠨ ᠠᠶᠢᠮᠠᠭ ︽ᠮᠥᠩᠭᠦᠨ ᠭᠦᠢᠯᠭᠡᠭᠡᠨ ᠤ ᠭᠤᠷᠪᠠᠨ ᠵᠦᠢᠯ ᠤᠨ ᠠᠵᠢᠯᠯᠠᠭᠠᠨ ᠤ | ᠲᠥᠯᠥᠪᠯᠡᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ᠂ ᠭᠤᠣᠯᠳᠠᠭᠤ ᠭᠤᠷᠪᠠᠨ ᠵᠦᠢᠯ ᠤᠨ ᠠᠷᠭ᠎ᠠ | ᠬᠡᠮᠵᠢᠶ᠎ᠡ ᠠᠪᠴᠠᠢ᠃ ᠨᠢᠭᠡ ᠳᠤ᠂ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ᠃ ᠵᠣᠬᠢᠶᠠᠨ ᠪᠠᠶᠢᠭᠤᠯᠬᠤ ᠪᠠᠶᠢᠭᠤᠯᠤᠮᠵᠢ ᠶᠢ ᠪᠠᠶᠢᠭᠤᠯᠵᠤ᠂ ᠬᠢᠩᠭᠠᠨ | ᠠᠶᠢᠮᠠᠭ ᠤᠨ ︽ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ ᠬᠡᠷᠡᠭᠵᠢᠭᠦᠯᠬᠦ ᠰᠠᠨᠠᠯ︾ ᠪᠠ | ︽ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ ᠱᠠᠩᠨᠠᠨ ᠨᠥᠬᠦᠪᠦᠷᠢᠯᠡᠬᠦ ᠠᠷᠭ᠎ᠠ︾ ᠶᠢ | ᠲᠤᠭᠤᠷᠪᠢᠪᠠ᠃ ᠣᠯᠠᠨ ᠳᠡᠰ ᠳᠠᠪᠬᠤᠷᠭᠠᠲᠤ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠲᠣᠬᠢᠷᠠᠭᠤᠯᠬᠤ ᠲᠥᠷᠥᠯ | ᠵᠦᠢᠯ ᠤᠨ ᠬᠥᠮᠥᠷᠭᠡ ᠶᠢᠨ ᠪᠠᠶᠢᠭᠤᠯᠤᠯᠲᠠ ᠵᠢᠴᠢ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ | ᠳᠡᠯᠭᠡᠭᠦᠷ ᠲᠤ ᠭᠠᠷᠭᠠᠬᠤ ᠪᠡᠯᠡᠳᠬᠡᠯ ᠡᠬᠢ ᠪᠠᠶᠠᠯᠢᠭ ᠢ ᠶᠡᠭᠡ ᠪᠠᠷ ᠬᠥᠮᠥᠵᠢᠭᠦᠯᠦᠨ ᠪᠤᠶᠢᠵᠢᠭᠤᠯᠵᠤ᠂ ᠯᠠᠢ ᠳ᠋ᠧ | ᠮᠣᠷᠢᠨ ᠤ ᠦᠢᠯᠡᠰ᠂ ᠾᠧ ᠮᠠ ᠰᠢᠬᠢᠷ ᠤᠨ ᠦᠢᠯᠡᠰ ᠪᠠ ᠮᠧᠩ ᠶᠠᠩ ᠮᠠᠯᠵᠢᠯ ᠤᠨ ᠦᠢᠯᠡᠰ ᠵᠡᠷᠭᠡ ᠥᠰᠦᠯᠲᠡ ᠶᠢᠨ | ᠴᠢᠨᠠᠷ ᠢᠶᠠᠷ ᠰᠠᠶᠢᠨ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠵᠠᠢ᠃ ᠣᠳᠣᠬᠠᠨ ᠳᠤ | ᠬᠢᠩᠭᠠᠨ ᠠᠶᠢᠮᠠᠭ ᠤᠨ ᠣᠯᠠᠨ ᠳᠡᠰ ᠳᠠᠪᠬᠤᠷᠭᠠᠲᠤ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠲᠣᠬᠢᠷᠠᠭᠤᠯᠬᠤ | ᠲᠥᠷᠥᠯ ᠵᠦᠢᠯ ᠤᠨ ᠬᠥᠮᠥᠷᠭᠡ ᠳᠤ ᠣᠷᠣᠭᠰᠠᠨ ᠭᠤᠣᠯᠳᠠᠯᠭ᠎ᠠ ᠲᠠᠢ ᠬᠥᠭᠵᠢᠭᠦᠯᠬᠦ ᠠᠵᠤ ᠠᠬᠤᠶᠢᠯᠠᠯ 24 | ᠪᠠᠶᠢᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠳᠤ ᠳᠠᠩᠰᠠᠯᠠᠭᠳᠠᠨ ᠲᠡᠮᠳᠡᠭᠯᠡᠭᠳᠡᠪᠡ᠃ ᠥᠪᠥᠷ ᠮᠣᠩᠭᠤᠯ ᠤᠨ | ᠰᠲ᠋ᠣᠺ ᠤᠨ ᠡᠷᠬᠡ ᠶᠢᠨ ᠰᠣᠯᠢᠯᠴᠠᠭᠠᠨ ᠤ ᠲᠥᠪ ᠲᠠᠢ ᠵᠣᠬᠢᠴᠠᠭᠤᠯᠤᠨ ᠬᠢᠩᠭᠠᠨ ᠠᠶᠢᠮᠠᠭ ᠤᠨ ᠲᠠᠯ᠎ᠠ ᠨᠤᠲᠤᠭ ᠤᠨ | ᠱᠧᠩ ᠶᠧ ᠪᠠ ᠢᠦᠢ ᠹᠧᠩ ᠠᠮᠤ ᠲᠣᠰᠣ ᠳᠤ ᠰᠦᠢᠳᠬᠡᠯ ᠦᠭᠡᠢ ᠪᠠᠷ ᠫᠠᠶᠢᠰᠠ ᠡᠯᠭᠦᠵᠦ ᠥᠭᠴᠡᠢ᠃ ᠳ᠋ᠠ ᠮᠢᠨ | ᠲᠠᠷᠢᠮᠠᠯ ᠤᠨ ᠦᠢᠯᠡᠰ᠂ ᠯᠠᠢ ᠳ᠋ᠧ ᠮᠣᠷᠢᠨ ᠤ ᠦᠢᠯᠡᠰ ᠬᠤᠶᠠᠷ ᠠᠵᠤ ᠠᠬᠤᠶᠢᠯᠠᠯ ᠨᠢ ᠥᠪᠡᠷᠲᠡᠭᠡᠨ ᠵᠠᠰᠠᠬᠤ | ᠣᠷᠣᠨ ᠤ 2016 ᠣᠨ ᠤ ᠣᠯᠠᠨ ᠳᠡᠰ ᠳᠠᠪᠬᠤᠷᠭᠠᠲᠤ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ | ᠲᠣᠬᠢᠷᠠᠭᠤᠯᠬᠤ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ 150 ᠲᠦᠮᠡᠨ ᠲᠥᠭᠦᠷᠢᠭ ᠣᠯᠪᠠ᠃ ᠬᠤᠶᠠᠷ ᠲᠤ᠂ | ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠲᠥᠷᠥᠯ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ᠃ ᠤᠯᠤᠰ ᠤᠨ ᠥᠮᠴᠢᠯᠡᠯᠲᠦ 2 ᠳᠠᠭᠠᠭᠠᠯᠲᠠ ᠬᠢᠬᠦ ᠪᠠᠶᠢᠭᠤᠯᠤᠮᠵᠢ ᠶᠢ ᠶᠡᠭᠡ ᠪᠠᠷ ᠴᠢᠨᠠᠷᠯᠢᠭ ᠬᠢᠵᠦ᠂ | ᠤᠷᠢᠳ ᠢᠶᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠳᠤ 1 ᠪᠡᠯᠡ ᠲᠣᠬᠢᠷᠠᠭᠤᠯᠵᠤ ᠳᠠᠭᠠᠭᠠᠯᠲᠠ ᠬᠢᠬᠦ | ᠺᠣᠮᠫᠠᠨᠢ ᠲᠣᠬᠢᠷᠠᠭᠤᠯᠤᠭᠰᠠᠨ ᠠᠴᠠ᠂ ᠣᠳᠣᠬᠠᠨ ᠳᠤ ᠬᠢᠩᠭᠠᠨ ᠠᠶᠢᠮᠠᠭ ᠨᠢᠭᠡᠨᠲᠡ ᠤᠯᠤᠰ ᠤᠨ ᠥᠮᠴᠢᠯᠡᠯᠲᠦ ᠪᠡᠯᠡ | ᠲᠣᠬᠢᠷᠠᠭᠤᠯᠵᠤ ᠳᠠᠭᠠᠭᠠᠯᠲᠠ ᠬᠢᠬᠦ ᠪᠠᠶᠢᠭᠤᠯᠤᠮᠵᠢ ᠪᠠᠷ ᠭᠤᠣᠯ ᠤᠳᠤᠷᠢᠳᠤᠮᠵᠢ ᠪᠣᠯᠭᠠᠵᠤ᠂ ᠬᠤᠳᠠᠯᠳᠤᠭᠠᠨ ᠤ ᠪᠡᠯᠡ | ᠲᠣᠬᠢᠷᠠᠭᠤᠯᠵᠤ ᠳᠠᠭᠠᠭᠠᠯᠲᠠ ᠬᠢᠬᠦ ᠪᠠᠶᠢᠭᠤᠯᠤᠮᠵᠢ ᠪᠠᠷ ᠨᠥᠬᠦᠪᠦᠷᠢ ᠪᠣᠯᠭᠠᠨ᠂ ᠠᠶᠢᠮᠠᠭ ᠤᠨ ᠳᠡᠰ ᠤᠨ ᠪᠡᠯᠡ | ᠲᠣᠬᠢᠷᠠᠭᠤᠯᠵᠤ ᠳᠠᠭᠠᠭᠠᠯᠲᠠ ᠬᠢᠬᠦ ᠪᠠᠶᠢᠭᠤᠯᠤᠮᠵᠢ ᠪᠠᠷ ᠭᠤᠣᠯᠯᠠᠭᠴᠢ ᠪᠣᠯᠭᠠᠵᠤ᠂ ᠬᠤᠰᠢᠭᠤ ᠰᠢᠶᠠᠨ ᠤ ᠪᠡᠯᠡ | ᠲᠣᠬᠢᠷᠠᠭᠤᠯᠵᠤ ᠳᠠᠭᠠᠭᠠᠯᠲᠠ ᠬᠢᠬᠦ ᠪᠠᠶᠢᠭᠤᠯᠤᠮᠵᠢ ᠪᠠᠷ ᠰᠠᠭᠤᠷᠢ ᠪᠣᠯᠭᠠᠭᠰᠠᠨ ᠪᠡᠯᠡ ᠲᠣᠬᠢᠷᠠᠭᠤᠯᠵᠤ ᠳᠠᠭᠠᠭᠠᠯᠲᠠ | ᠬᠢᠬᠦ ᠠᠵᠢᠯ ᠲᠥᠷᠥᠯ ᠤᠨ ᠰᠢᠰᠲ᠋ᠧᠮᠵᠢ ᠶᠢ ᠪᠠᠶᠢᠭᠤᠯᠵᠤ ᠡᠬᠢᠯᠡᠵᠡᠢ᠃ ᠠᠶᠢᠮᠠᠭ᠂ ᠬᠤᠰᠢᠭᠤ ᠰᠢᠶᠠᠨ ᠬᠤᠶᠠᠷ | ᠱᠠᠲᠤᠨ ᠤ ᠵᠠᠰᠠᠭ ᠤᠨ ᠣᠷᠳᠣᠨ ᠤ ᠲᠦᠭᠰᠢᠭᠦᠷᠢ ᠶᠢ ᠨᠥᠬᠦᠨ ᠲᠥᠯᠥᠪᠦᠷᠢᠯᠡᠬᠦ ᠮᠥᠩᠭᠦ ᠶᠢ ᠲᠣᠬᠢᠷᠠᠭᠤᠯᠪᠠ᠃ | ᠭᠤᠷᠪᠠ ᠳᠤ᠂ ᠮᠥᠩᠭᠦᠨ ᠭᠦᠢᠯᠭᠡᠭᠡ ᠪᠠᠷ ᠶᠠᠳᠠᠭᠤ ᠠᠴᠠ ᠠᠩᠭᠢᠵᠢᠷᠠᠭᠤᠯᠬᠤ ᠰᠢᠢᠳᠪᠦᠷᠢᠲᠦ ᠠᠵᠢᠯᠯᠠᠭᠠᠨ ᠢ | ᠬᠠᠪᠰᠤᠷᠤᠨ ᠠᠬᠢᠭᠤᠯᠬᠤ ᠠᠵᠢᠯᠯᠠᠭᠠᠨ ᠤ ᠲᠥᠯᠥᠪᠯᠡᠭᠡ ᠶᠢ ᠠᠬᠢᠭᠤᠯᠵᠠᠢ᠃ ᠮᠥᠩᠭᠦᠨ ᠭᠦᠢᠯᠭᠡᠭᠡ ᠪᠠᠷ ᠶᠠᠳᠠᠭᠤ ᠶᠢ | ᠲᠡᠳᠬᠦᠬᠦ ᠡᠷᠴᠢᠮ ᠢ ᠤᠯᠠᠮ ᠴᠢᠨᠠᠭᠰᠢᠳᠠ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠵᠦ | ᠨᠡᠭᠡᠭᠡᠨ ᠠᠰᠢᠭᠯᠠᠬᠤ ᠳᠤᠮᠳᠠᠬᠢ ᠬᠥᠰᠢᠭᠦᠷᠭᠡ ᠪᠠ ᠲᠤᠯᠭᠠᠭᠤᠷᠢᠯᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠣᠨᠣᠴᠢᠲᠠᠢ ᠪᠠᠷ ᠢᠯᠭᠠᠨ ᠲᠠᠨᠢᠬᠤ᠂ ᠣᠨᠣᠴᠢᠲᠠᠢ ᠪᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠣᠨᠣᠴᠢᠲᠠᠢ ᠪᠠᠷ | ᠬᠦᠴᠦᠯᠡᠬᠦ ᠶᠢ ᠪᠠᠷᠢᠮᠲᠠᠯᠠᠪᠠ᠃ ᠬᠢᠩᠭᠠᠨ ᠠᠶᠢᠮᠠᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ᠂ ᠪᠠᠭᠠᠵᠢ ᠬᠡᠷᠡᠭᠰᠡᠯ᠂ ᠳᠦᠷᠢᠮ ᠤᠨ ᠰᠢᠨᠡᠴᠢᠯᠡᠯᠲᠡ ᠶᠢ ᠢᠳᠡᠪᠬᠢᠲᠡᠢ ᠠᠬᠢᠭᠤᠯᠵᠤ᠂ ᠶᠠᠳᠠᠭᠤ | ᠬᠦᠴᠢᠷᠲᠡᠢ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠤᠷ᠂ ᠲᠤᠰᠬᠠᠶᠢᠵᠢᠭᠰᠠᠨ ᠲᠣᠮᠣ ᠡᠷᠦᠬᠡ᠂ ᠮᠠᠯᠴᠢᠨ | ᠲᠠᠷᠢᠶᠠᠴᠢᠨ ᠲᠦᠮᠡᠨ ᠤ ᠲᠤᠰᠬᠠᠶᠢᠵᠢᠭᠰᠠᠨ ᠬᠤᠷᠰᠢᠶᠠᠵᠢᠯ ᠪᠠ ᠲᠣᠯᠣᠭᠠᠶᠢᠯᠠᠭᠴᠢ ᠠᠵᠤ ᠠᠬᠤᠶᠢᠯᠠᠯ ᠤᠨ | ᠬᠥᠭᠵᠢᠯᠲᠡ ᠶᠢ ᠢᠳᠡᠪᠬᠢᠲᠡᠢ ᠳᠡᠮᠵᠢᠵᠦ᠂ ᠶᠠᠳᠠᠭᠤ ᠬᠦᠴᠢᠷᠲᠡᠢ ᠭᠠᠵᠠᠷ ᠣᠷᠣᠨ ᠪᠠ ᠶᠠᠳᠠᠭᠤ ᠬᠦᠴᠢᠷᠲᠡᠢ ᠣᠯᠠᠨ | ᠲᠦᠮᠡᠨ ᠤ ᠶᠠᠳᠠᠭᠤ ᠠᠴᠠ ᠠᠩᠭᠢᠵᠢᠷᠠᠬᠤ ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠷᠠᠭᠤᠯᠪᠠ᠃ ᠪᠦᠬᠦ | ᠠᠶᠢᠮᠠᠭ ᠢᠶᠠᠷ ᠢᠶᠠᠨ ᠶᠠᠳᠠᠭᠤ ᠠᠴᠠ ᠠᠩᠭᠢᠵᠢᠷᠠᠬᠤ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠣᠯᠬᠤ ᠳᠤ | ᠬᠦᠴᠦᠲᠡᠢ ᠮᠥᠷᠲᠡᠭᠡᠨ ᠪᠦᠲᠦᠮᠵᠢᠲᠡᠢ ᠮᠥᠩᠭᠦᠨ ᠭᠦᠢᠯᠭᠡᠭᠡᠨ ᠤ ᠲᠤᠯᠭᠠᠭᠤᠷᠢᠯᠠᠯ ᠬᠠᠩᠭᠠᠪᠠ᠃ 2017 ᠣᠨ ᠤ | 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠠᠶᠢᠮᠠᠭ ᠤᠨ ᠳᠣᠲᠣᠭᠠᠳᠤ ᠶᠢᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠵᠢᠭᠡᠯᠡᠯᠭᠡ ᠲᠠᠯᠪᠢᠭᠰᠠᠨ ᠦᠯᠡᠳᠡᠪᠦᠷᠢ ᠨᠢ | 196.9 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 73.5 ᠳ᠋ᠦᠩᠰᠢᠭᠤᠷ | ᠲᠥᠭᠦᠷᠢᠭ ᠨᠡᠮᠡᠭᠳᠡᠵᠦ᠂ 59.6% ᠪᠠᠷ ᠨᠡᠮᠡᠭᠳᠡᠪᠡ︔ ᠲᠤᠬᠠᠢ ᠶᠢᠨ ᠵᠢᠯ ᠳᠤ ᠨᠡᠶᠢᠲᠡ 32.7 ᠳ᠋ᠦᠩᠰᠢᠭᠤᠷ | ᠲᠥᠭᠦᠷᠢᠭ ᠰᠢᠨ᠎ᠡ ᠪᠠᠷ ᠣᠷᠣᠭᠤᠯᠪᠠ᠃ | ᠬᠥᠲᠥᠯᠥᠭᠴᠢ᠄ ᠬᠢᠩᠭᠠᠨ ᠠᠶᠢᠮᠠᠭ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠮᠢ ᠠᠬᠤᠢ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠲᠤᠬᠠᠢ ᠭᠤᠤ ᠠᠶᠢᠮᠠᠭ ᠤᠨ | ᠳᠠᠷᠤᠭ᠎ᠠ ᠶᠠᠷᠢᠭᠠᠳ ᠥᠭᠭᠦᠨ᠎ᠡ ᠦᠦ︖ | ᠭᠤᠤ ᠱᠢ ᠴᠢᠨ᠄ ᠨᠢᠭᠡ ᠳᠤ᠂ ᠬᠠᠤᠯᠢ ᠪᠤᠰᠤ ᠶᠢ ᠰᠢᠢᠳᠪᠦᠷᠢᠯᠡᠬᠦ ᠠᠵᠢᠯ ᠤᠨ ᠤᠳᠤᠷᠢᠳᠤᠯᠭ᠎ᠠ ᠶᠢ | ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠴᠠᠭ ᠤᠨ ᠪᠠᠶᠢᠳᠠᠯ ᠳᠣᠣᠷᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠰᠡᠷᠡᠮᠵᠢᠯᠡᠭᠦᠯᠬᠦ ᠤᠬᠠᠭᠤᠯᠭ᠎ᠠ ᠬᠥᠮᠥᠵᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ᠂ ︽ᠮᠥᠩᠭᠦᠨ ᠭᠦᠢᠯᠭᠡᠭᠡᠨ ᠤ ᠬᠠᠷᠠᠭᠠᠯᠵᠠᠯ ᠤᠨ ᠢᠨᠵᠧᠨᠧᠷᠢᠩ︾ | ᠲᠠᠢ ᠤᠶᠠᠯᠳᠤᠭᠤᠯᠤᠨ ᠬᠠᠤᠯᠢ ᠪᠤᠰᠤ ᠪᠠᠷ ᠬᠥᠷᠥᠩᠭᠡ ᠬᠤᠷᠠᠮᠳᠤᠭᠤᠯᠬᠤ ᠠᠵᠢᠯᠯᠠᠭ᠎ᠠ ᠶᠢ ᠡᠬᠢ ᠢᠷᠡᠯᠲᠡ ᠠᠴᠠ ᠨᠢ | ᠪᠦᠲᠦᠮᠵᠢᠲᠡᠢ ᠬᠤᠷᠢᠭᠯᠠᠵᠤ᠂ ᠨᠡᠶᠢᠭᠡᠮ ᠨᠡᠶᠢᠲᠡ ᠶᠢᠨ ᠰᠡᠷᠡᠮᠵᠢᠯᠡᠬᠦ ᠦᠵᠡᠯ ᠤᠬᠠᠮᠰᠠᠷ ᠪᠠ ᠢᠯᠭᠠᠨ ᠲᠠᠨᠢᠬᠤ | ᠴᠢᠳᠠᠪᠤᠷᠢ ᠶᠢ ᠳᠡᠭᠡᠭᠰᠢᠯᠡᠭᠦᠯᠵᠦ᠂ ᠤᠬᠠᠭᠤᠯᠬᠤ ᠭᠦᠨᠴᠡ ᠶᠢᠨ ᠲᠠᠯ᠎ᠠ ᠪᠠᠷ᠂ ︽ᠵᠢᠷᠭᠤᠭ᠎ᠠ ᠳᠤ ᠣᠷᠣᠬᠤ︾ ︵ | ᠬᠥᠳᠡᠭᠡ ᠲᠣᠰᠬᠤᠨ ᠳᠤ ᠣᠷᠣᠬᠤ᠂ ᠪᠠᠶᠢᠭᠤᠯᠭ᠎ᠠ ᠳᠤ ᠣᠷᠣᠬᠤ᠂ ᠦᠢᠯᠡᠳᠪᠦᠷᠢ ᠳᠤ ᠣᠷᠣᠬᠤ᠂ ᠰᠤᠷᠭᠠᠭᠤᠯᠢ ᠶᠢᠨ | ᠬᠦᠷᠢᠶᠡᠨ ᠳᠤ ᠣᠷᠣᠬᠤ᠂ ᠭᠡᠷ ᠪᠦᠯᠢ ᠳᠤ ᠣᠷᠣᠬᠤ︶ ᠪᠠᠷ ᠳᠠᠮᠵᠢᠭᠤᠯᠵᠤ ᠦᠨᠳᠦᠰᠦᠨ ᠱᠠᠲᠤᠨ ᠲᠡᠶᠢᠰᠢ ᠤᠯᠠᠮ | ᠴᠢᠨᠠᠭᠰᠢᠳᠠ ᠥᠷᠭᠡᠵᠢᠭᠦᠯᠦᠨ ᠰᠤᠩᠭᠠᠵᠠᠢ︔ ᠤᠬᠠᠭᠤᠯᠬᠤ ᠬᠡᠯᠪᠡᠷᠢ ᠶᠢᠨ ᠲᠠᠯ᠎ᠠ ᠪᠠᠷ᠂ ᠡᠯ᠎ᠡ ᠲᠥᠷᠥᠯ ᠤᠨ | ᠵᠠᠭᠤᠴᠢᠯᠠᠭᠤᠷ ᠤᠨ ᠶᠡᠷᠦᠩᠬᠡᠶᠢᠯᠡᠭᠰᠡᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠣᠨᠢᠨ ᠰᠡᠳᠬᠦᠯ᠂ ᠷᠠᠳᠢᠣ᠋᠂ | ᠲᠧᠯᠸᠢᠰ᠂ ᠨᠡᠶᠢᠲᠡ ᠶᠢᠨ ᠮᠠᠰᠢᠨ ᠲᠡᠷᠭᠡᠨ ᠤ ᠵᠠᠷ ᠮᠡᠳᠡᠭᠡ ᠵᠡᠷᠭᠡ ᠤᠯᠠᠮᠵᠢᠯᠠᠯᠲᠤ ᠤᠬᠠᠭᠤᠯᠭ᠎ᠠ ᠶᠢᠨ ᠠᠷᠭ᠎ᠠ | ᠪᠠᠷᠢᠯ ᠢᠶᠠᠷ ᠥᠷᠨᠢᠭᠦᠯᠬᠦ ᠠᠴᠠ ᠭᠠᠳᠠᠨ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢᠲᠤ ᠬᠢᠩᠭᠠᠨ᠂ ᠮᠥᠩᠭᠦᠨ | ᠭᠦᠢᠯᠭᠡᠭᠡᠨ ᠤ ᠠᠯᠪᠠᠨ ᠭᠡᠷ ᠤᠨ ᠸᠢᠴᠠᠲ ᠤᠨ ᠨᠡᠶᠢᠲᠡ ᠣᠯᠠᠨ ᠤ ᠨᠣᠮᠧᠷ ᠵᠡᠷᠭᠡ ᠰᠦᠯᠵᠢᠶᠡᠨ ᠤ ᠲᠠᠪᠴᠠᠩ ᠤᠨ | ᠦᠢᠯᠡᠳᠦᠯ ᠢ ᠰᠠᠶᠢᠲᠤᠷ ᠠᠰᠢᠭᠯᠠᠬᠤ ᠶᠢᠨ ᠬᠠᠮᠲᠤ᠂ 5 ᠳ᠋ᠤᠭᠠᠷ ᠰᠠᠷ᠎ᠠ ᠠᠴᠠ ᠡᠬᠢᠯᠡᠨ ᠪᠦᠬᠦ ᠠᠶᠢᠮᠠᠭ ᠤᠨ | ᠬᠡᠪᠴᠢᠶᠡᠨ ᠳᠤ ᠬᠠᠤᠯᠢ ᠪᠤᠰᠤ ᠪᠠᠷ ᠬᠥᠷᠥᠩᠭᠡ ᠴᠤᠭᠯᠠᠭᠤᠯᠬᠤ ᠶᠢ ᠰᠡᠷᠡᠮᠵᠢᠯᠡᠵᠦ ᠴᠣᠬᠢᠯᠲᠠ ᠥᠭᠬᠦ | ᠤᠬᠠᠭᠤᠯᠭ᠎ᠠ ᠶᠢᠨ ᠰᠠᠷ᠎ᠠ ᠶᠢᠨ ᠬᠥᠳᠡᠯᠭᠡᠭᠡᠨ ᠢ ᠲᠥᠪᠯᠡᠷᠡᠭᠦᠯᠦᠨ ᠥᠷᠨᠢᠭᠦᠯᠦᠨ᠎ᠡ᠃ ᠬᠤᠶᠠᠷ ᠲᠤ᠂ ᠲᠤᠰᠬᠠᠢ | ᠵᠦᠢᠯ ᠤᠨ ᠴᠡᠭᠴᠡᠯᠡᠯᠲᠡ ᠶᠢ ᠴᠢᠩᠭᠠᠳᠬᠠᠪᠠ᠃ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠡᠷᠡᠭᠦᠯ ᠪᠤᠰᠤ ᠵᠢᠭᠡᠯᠡᠯᠭᠡ ᠶᠢ ᠢᠳᠡᠪᠬᠢᠲᠡᠢ ᠨᠠᠮᠳᠠᠭᠠᠵᠠᠢ᠃ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ | ᠲᠥᠯᠥᠪᠵᠢᠭᠦᠯᠵᠦ ᠬᠠᠤᠯᠢ ᠪᠤᠰᠤ ᠪᠠᠷ ᠬᠥᠷᠥᠩᠭᠡ ᠴᠤᠭᠯᠠᠭᠤᠯᠬᠤ ᠵᠢᠴᠢ ᠮᠠᠯᠵᠢᠬᠤ ᠲᠠᠷᠢᠶᠠᠯᠠᠬᠤ ᠣᠷᠣᠨ ᠤ ᠥᠨᠳᠥᠷ | ᠬᠦᠦ ᠲᠠᠢ ᠵᠢᠭᠡᠯᠡᠯᠭᠡ ᠶᠢᠨ ᠠᠰᠠᠭᠤᠳᠠᠯ ᠪᠠ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠲᠦᠭᠰᠢᠭᠦᠷᠢ ᠶᠢ | ᠰᠡᠷᠡᠮᠵᠢᠯᠡᠬᠦ ᠪᠠ ᠴᠣᠬᠢᠯᠲᠠ ᠥᠭᠬᠦ ᠶᠢ ᠰᠠᠶᠢᠲᠤᠷ ᠬᠢᠵᠦ᠂ ᠡᠯ᠎ᠡ ᠲᠥᠷᠥᠯ ᠤᠨ ᠰᠣᠯᠢᠯᠴᠠᠭᠠᠨ ᠤ ᠲᠠᠯᠠᠪᠤᠷ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠵᠦᠢᠯ ᠤᠨ ᠠᠵᠢᠯᠯᠠᠭᠠᠨ ᠢ ᠵᠣᠬᠢᠶᠠᠨ ᠪᠠᠶᠢᠭᠤᠯᠤᠨ | ᠥᠷᠨᠢᠭᠦᠯᠵᠦ᠂ ᠪᠦᠬᠦ ᠠᠶᠢᠮᠠᠭ ᠤᠨ ᠡᠵᠡᠩᠨᠡᠯᠲᠡ ᠶᠢᠨ ᠬᠦᠷᠢᠶ᠎ᠡ ᠬᠡᠪᠴᠢᠶᠡᠨ ᠳᠠᠬᠢ ︽ᠪᠡᠯᠡᠨ ᠮᠥᠩᠭᠦᠨ ᠤ ᠵᠢᠭᠡᠯᠡᠯᠭᠡ | ︾ ᠶᠢ ᠪᠠᠭᠲᠠᠭᠠᠭᠰᠠᠨ ᠠᠵᠤ ᠠᠬᠤᠶᠢᠯᠠᠯ ᠤᠨ ᠲᠠᠪᠴᠠᠩ ᠳᠤ ᠰᠢᠯᠢᠯᠲᠡ ᠪᠠᠶᠢᠴᠠᠭᠠᠯᠲᠠ ᠬᠢᠵᠦ᠂ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠲᠣᠭᠲᠠᠭᠤᠨ ᠢ ᠪᠦᠲᠦᠮᠵᠢᠲᠡᠢ ᠬᠠᠮᠠᠭᠠᠯᠠᠪᠠ᠃ ᠲᠣᠪᠤᠶᠢᠮ᠎ᠠ ᠲᠦᠭᠰᠢᠭᠦᠷᠢᠲᠦ ᠴᠡᠭ ᠢ ᠡᠮᠬᠢ | ᠵᠢᠷᠤᠮ ᠲᠠᠢ ᠨᠠᠮᠳᠠᠭᠠᠨ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠡᠮᠬᠢ ᠳᠢᠭᠯᠢᠮ ᠢ ᠴᠡᠭᠴᠡᠯᠡᠨ ᠵᠢᠷᠤᠮᠵᠢᠭᠤᠯᠵᠤ᠂ | ᠮᠥᠩᠭᠦᠨ ᠭᠦᠢᠯᠭᠡᠭᠡᠨ ᠤ ᠲᠦᠭᠰᠢᠭᠦᠷᠢ ᠶᠢᠨ ︽ᠰᠡᠷᠭᠡᠶᠢᠯᠡᠯᠲᠡ ᠶᠢᠨ ᠰᠢᠰᠲ᠋ᠧᠮ︾ ᠢ ᠪᠠᠲᠤᠳᠬᠠᠵᠠᠢ᠃ | ᠬᠥᠲᠥᠯᠥᠭᠴᠢ᠄ ᠣᠳᠣᠬᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠩᠭᠠᠨ ᠠᠶᠢᠮᠠᠭ ᠤᠨ ᠪᠣᠳᠠᠲᠤ | ᠴᠣᠭᠴᠠᠲᠤ ᠠᠵᠤ ᠠᠬᠤᠢ ᠳᠤ ᠦᠢᠯᠡᠴᠢᠯᠡᠬᠦ ᠳᠤ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ ᠦᠦ︖ | ᠣᠷᠣᠰᠢᠵᠤ ᠪᠠᠶᠢᠪᠠᠯ ᠭᠤᠣᠯᠳᠠᠭᠤ ᠶᠠᠮᠠᠷ ᠶᠠᠮᠠᠷ ᠲᠠᠯ᠎ᠠ ᠪᠠᠷ ᠣᠷᠣᠰᠢᠵᠤ ᠪᠠᠶᠢᠬᠤ ᠶᠢ ᠭᠤᠤ ᠠᠶᠢᠮᠠᠭ ᠤᠨ ᠳᠠᠷᠤᠭ᠎ᠠ | ᠶᠠᠷᠢᠭᠠᠳ ᠥᠭᠭᠦᠨ᠎ᠡ ᠦᠦ︖ | ᠭᠤᠤ ᠱᠢ ᠴᠢᠨ᠄ ᠶᠡᠷᠦᠩᠬᠡᠢ ᠳᠤ ᠨᠢ ᠦᠵᠡᠪᠡᠯ᠂ ᠪᠦᠬᠦ ᠠᠶᠢᠮᠠᠭ ᠤᠨ ᠮᠥᠩᠭᠦᠨ ᠭᠦᠢᠯᠭᠡᠭᠡᠨ ᠤ ᠠᠵᠢᠯ ᠨᠢ | ᠵᠢᠯ ᠤᠨ ᠡᠬᠢᠨ ᠳᠤ ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠠᠴᠠ ᠲᠣᠭᠲᠠᠭᠠᠭᠰᠠᠨ | ᠬᠠᠷᠠᠯᠲᠠ ᠶᠣᠰᠣᠭᠠᠷ᠂ ᠢᠳᠡᠪᠬᠢᠲᠡᠢ ᠮᠥᠷᠲᠡᠭᠡᠨ ᠯᠠᠪᠳᠠᠭᠤᠨ ᠪᠠᠲᠤᠲᠠᠢ ᠪᠠᠷ ᠠᠬᠢᠨ ᠬᠥᠭᠵᠢᠬᠦ ᠪᠠᠶᠢᠳᠠᠯ ᠢ ᠪᠠᠲᠤᠯᠠᠪᠠ | ᠃ ᠭᠡᠲᠡᠯ᠎ᠡ ᠪᠦᠬᠦ ᠤᠯᠤᠰ ᠤᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠴᠢᠩᠭᠠᠯᠠᠵᠤ᠂ ᠪᠦᠬᠦ | ᠠᠶᠢᠮᠠᠭ ᠤᠨ ᠰᠢᠨ᠎ᠡ ᠪᠠᠷ ᠡᠬᠢᠯᠡᠭᠦᠯᠦᠭᠰᠡᠨ ᠲᠥᠷᠥᠯ ᠵᠦᠢᠯ ᠤᠨ ᠠᠬᠢᠴᠠ ᠤᠳᠠᠭᠠᠨ ᠵᠢᠴᠢ ᠭᠠᠮᠰᠢᠭ ᠲᠤ | ᠳᠠᠭᠠᠷᠢᠭᠳᠠᠭᠰᠠᠨ ᠵᠡᠷᠭᠡ ᠣᠯᠠᠨ ᠵᠦᠢᠯ ᠤᠨ ᠬᠦᠴᠦᠨ ᠵᠦᠢᠯ ᠤᠨ ᠨᠥᠯᠥᠭᠡ ᠶᠢ ᠬᠦᠷᠲᠡᠭᠰᠡᠨ ᠠᠴᠠ᠂ ᠪᠡᠯᠡ | ᠲᠣᠬᠢᠷᠠᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠠᠪᠤᠴᠠ ᠳᠤ᠂ ᠮᠥᠨ ᠬᠦ ᠵᠠᠷᠢᠮ ᠬᠦᠴᠢᠷᠳᠡᠯ ᠪᠠ | ᠠᠰᠠᠭᠤᠳᠠᠯ ᠣᠷᠣᠰᠢᠵᠤ ᠪᠠᠶᠢᠨ᠎ᠠ᠃ | ᠬᠥᠲᠥᠯᠥᠭᠴᠢ᠄ ᠡᠳᠡᠭᠡᠷ ᠬᠦᠷᠦᠯᠴᠡᠬᠦ ᠦᠭᠡᠢ ᠲᠠᠯ᠎ᠠ ᠨᠢ ᠭᠤᠣᠯᠳᠠᠭᠤ ᠬᠡᠳᠦᠨ ᠲᠠᠯ᠎ᠠ ᠪᠠᠷ ᠢᠯᠡᠷᠡᠵᠦ | ᠪᠠᠶᠢᠬᠤ ᠶᠢ ᠭᠤᠤ ᠠᠶᠢᠮᠠᠭ ᠤᠨ ᠳᠠᠷᠤᠭ᠎ᠠ ᠶᠠᠷᠢᠭᠠᠳ ᠥᠭᠭᠦᠨ᠎ᠡ ᠦᠦ︖ | ᠭᠤᠤ ᠱᠢ ᠴᠢᠨ᠄ ᠭᠤᠣᠯᠳᠠᠭᠤ ᠳᠣᠣᠷᠠᠬᠢ ᠬᠡᠳᠦᠨ ᠲᠠᠯ᠎ᠠ ᠳᠤ ᠲᠥᠪᠯᠡᠷᠡᠵᠦ ᠪᠠᠶᠢᠨ᠎ᠠ᠃ ᠨᠢᠭᠡ ᠳᠤ᠂ | ᠪᠣᠳᠠᠲᠤ ᠴᠣᠭᠴᠠᠲᠤ ᠠᠵᠤ ᠠᠬᠤᠢ ᠶᠢ ᠳᠡᠮᠵᠢᠬᠦ ᠳᠤ ᠬᠦᠴᠦᠨ ᠮᠡᠬᠦᠰᠳᠡᠵᠦ ᠪᠠᠶᠢᠨ᠎ᠠ᠃ ᠣᠳᠣᠬᠠᠨ ᠤ ᠮᠥᠩᠭᠦᠨ | ᠭᠦᠢᠯᠭᠡᠭᠡᠨ ᠤ ᠠᠵᠢᠯᠯᠠᠭᠠᠨ ᠤ ᠪᠠᠶᠢᠳᠠᠯ ᠠᠴᠠ ᠦᠵᠡᠪᠡᠯ᠂ ᠪᠣᠳᠠᠲᠤ ᠴᠣᠭᠴᠠᠲᠤ ᠠᠵᠤ ᠠᠬᠤᠢ ᠶᠢᠨ ᠶᠡᠷᠦᠩᠬᠡᠢ | ᠦᠷ᠎ᠡ ᠠᠰᠢᠭ ᠰᠠᠶᠢᠨ ᠪᠢᠰᠢ᠂ ᠬᠥᠷᠥᠩᠭᠡ ᠶᠢᠨ ᠢᠲᠡᠭᠡᠮᠵᠢᠲᠦ ᠵᠢᠭᠡᠯᠡᠯᠭᠡ ᠰᠢᠯᠢᠳᠡᠭ ᠪᠤᠰᠤ᠂ ᠪᠡᠯᠡ ᠲᠣᠬᠢᠷᠠᠭᠤᠯᠬᠤ | ᠠᠷᠭ᠎ᠠ ᠵᠠᠮ ᠰᠢᠯᠤᠭᠤᠨ ᠪᠤᠰᠤ ᠵᠡᠷᠭᠡ ᠬᠦᠴᠦᠨ ᠵᠦᠢᠯ ᠤᠨ ᠨᠥᠯᠥᠭᠡ ᠶᠢ ᠬᠦᠷᠲᠡᠵᠦ᠂ ᠳᠤᠮᠳᠠ ᠵᠢᠵᠢᠭ ᠠᠵᠤ | ᠠᠬᠤᠶᠢᠯᠠᠯ ᠪᠠ ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ ᠵᠡᠷᠭᠡ | ᠪᠣᠳᠠᠲᠤ ᠴᠣᠭᠴᠠᠲᠤ ᠠᠵᠤ ᠠᠬᠤᠢ ᠳᠤ ᠮᠥᠨ ᠬᠦ ᠪᠡᠯᠡ ᠲᠣᠬᠢᠷᠠᠭᠤᠯᠬᠤ ᠳᠤ ᠬᠦᠴᠢᠷ ᠪᠠ ᠪᠡᠯᠡ ᠲᠣᠬᠢᠷᠠᠭᠤᠯᠬᠤ | ᠥᠷᠲᠡᠭ ᠥᠨᠳᠥᠷ ᠠᠰᠠᠭᠤᠳᠠᠯ ᠣᠷᠣᠰᠢᠵᠤ ᠪᠠᠶᠢᠨ᠎ᠠ᠃ ᠲᠠᠷᠢᠶᠠᠯᠠᠬᠤ ᠮᠠᠯᠵᠢᠬᠤ ᠦᠢᠯᠡᠰ ᠤᠨ ᠠᠵᠤ ᠠᠬᠤᠢ ᠳᠠᠬᠢ | ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠨᠢ ᠢᠯᠡᠳᠲᠡ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 39. | 8 ᠳ᠋ᠦᠩᠰᠢᠭᠤᠷ ᠲᠥᠭᠦᠷᠢᠭ ᠳᠤᠲᠠᠭᠤ ᠣᠷᠣᠭᠤᠯᠵᠤ᠂ 19.5% ᠪᠠᠷ ᠪᠠᠭᠤᠷᠠᠵᠠᠢ᠃ ᠬᠤᠶᠠᠷ ᠲᠤ᠂ ᠮᠥᠩᠭᠦᠨ | ᠭᠦᠢᠯᠭᠡᠭᠡᠨ ᠤ ᠥᠭᠡᠷᠡᠴᠢᠯᠡᠯᠲᠡ ᠰᠢᠨᠡᠴᠢᠯᠡᠯᠲᠡ ᠶᠢᠨ ᠬᠥᠳᠡᠯᠭᠡᠭᠴᠢ ᠬᠦᠴᠦᠨ ᠬᠦᠷᠦᠯᠴᠡᠬᠦ ᠦᠭᠡᠢ᠃ ᠣᠨᠴᠠᠭᠠᠶᠢᠯᠠᠨ | ᠬᠤᠶᠠᠷ ᠡᠷᠬᠡ ᠶᠢᠨ ᠪᠠᠷᠢᠴᠠᠭᠠᠨ ᠤ ᠥᠭᠡᠷᠡᠴᠢᠯᠡᠯᠲᠡ ᠳᠤ᠂ ᠵᠠᠯᠠᠶᠢᠳ ᠬᠤᠰᠢᠭᠤ ᠪᠠ ᠤᠯᠠᠭᠠᠨᠬᠤᠲᠠ ᠬᠤᠶᠠᠷ | ᠲᠤᠷᠰᠢᠯᠲᠠ ᠶᠢᠨ ᠴᠢᠭ᠋ ᠤᠨ ᠤᠰᠢᠭᠤ ᠬᠤᠲᠠ ᠨᠢ ᠬᠡᠳᠦ᠋ᠢᠪᠡᠷ ᠲᠤᠷᠰᠢᠯᠲᠠ ᠶᠢᠨ ᠴᠢᠭ᠋ ᠤᠨ ᠥᠭᠡᠷᠡᠴᠢᠯᠡᠯᠲᠡ ᠶᠢ | ᠡᠬᠢᠯᠡᠨ ᠶᠠᠪᠤᠭᠤᠯᠤᠭᠰᠠᠨ ᠪᠣᠯᠪᠠᠴᠤ᠂ ᠰᠢᠯᠵᠢᠭᠦᠯᠦᠨ ᠡᠷᠭᠢᠯᠳᠦᠭᠦᠯᠵᠦ ᠰᠣᠯᠢᠯᠴᠠᠬᠤ ᠲᠠᠪᠴᠠᠩ ᠢ ᠴᠣᠭᠴᠠᠯᠠᠬᠤ᠂ | ᠲᠦᠭᠰᠢᠭᠦᠷᠢ ᠶᠢ ᠨᠥᠬᠦᠨ ᠲᠥᠯᠥᠪᠦᠷᠢᠯᠡᠬᠦ᠂ ᠪᠠᠷᠢᠴᠠᠭᠠᠨ ᠤ ᠪᠣᠳᠠᠰ ᠢ ᠰᠢᠢᠳᠪᠦᠷᠢᠯᠡᠬᠦ ᠲᠣᠭᠲᠠᠴᠠ ᠵᠡᠷᠭᠡ | ᠲᠥᠬᠦᠷᠵᠢᠭᠰᠡᠨ ᠲᠥᠷᠥ ᠶᠢᠨ ᠪᠣᠳᠣᠯᠭ᠎ᠠ ᠨᠢ ᠮᠥᠨ ᠬᠦ ᠲᠡᠭᠦᠯᠳᠡᠷᠵᠢᠭᠡ ᠦᠭᠡᠢ ᠪᠠᠶᠢᠵᠤ᠂ ᠬᠠᠮᠲᠤᠷᠠᠯᠴᠠᠭᠠᠨ ᠤ | ᠪᠠᠩᠬᠢ ᠨᠢ ᠮᠥᠨ ᠬᠦ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠳᠤ ᠬᠢᠵᠠᠭᠠᠷᠯᠠᠭᠳᠠᠵᠤ ᠪᠠᠶᠢᠨ᠎ᠠ᠃ | ᠭᠤᠷᠪᠠ ᠳᠤ᠂ ᠮᠠᠨ ᠤ ᠠᠶᠢᠮᠠᠭ ᠤᠨ ᠣᠯᠠᠨ ᠳᠡᠰ ᠳᠠᠪᠬᠤᠷᠭᠠᠲᠤ ᠬᠥᠷᠥᠩᠭᠡ ᠶᠢᠨ ᠵᠠᠬ᠎ᠠ ᠳᠡᠯᠭᠡᠭᠦᠷ ᠢ ᠠᠰᠢᠭᠯᠠᠨ | ᠰᠢᠭᠤᠳ ᠪᠡᠯᠡ ᠲᠣᠬᠢᠷᠠᠭᠤᠯᠤᠯᠲᠠ ᠶᠢ ᠬᠢᠭᠤᠯᠬᠤ ᠠᠵᠢᠯ ᠨᠢ ᠬᠤᠴᠣᠷᠤᠩᠭᠤᠢ ᠪᠠᠶᠢᠵᠤ᠂ ᠬᠥᠷᠥᠩᠭᠡ ᠶᠢᠨ ᠵᠠᠬ᠎ᠠ | ᠳᠡᠯᠭᠡᠭᠦᠷ ᠤᠨ ᠪᠠᠶᠢᠭᠤᠯᠤᠯᠲᠠ ᠨᠢ ᠰᠠᠶ᠋ᠢᠬᠠᠨ ᠡᠬᠢᠯᠡᠵᠦ᠂ ᠰᠢᠭᠤᠳ ᠪᠡᠯᠡ ᠲᠣᠬᠢᠷᠠᠭᠤᠯᠤᠯᠲᠠ ᠶᠢᠨ ᠡᠵᠡᠯᠡᠬᠦ | ᠬᠠᠷᠢᠴᠠᠯ ᠨᠢ ᠬᠡᠳᠦ ᠳᠣᠣᠷ᠎ᠠ᠂ 5% ᠳᠤ ᠴᠤ ᠬᠦᠷᠬᠦ ᠦᠭᠡᠢ᠃ ᠳᠥᠷᠪᠡ ᠳᠤ᠂ ᠣᠷᠣᠨ ᠨᠤᠲᠤᠭ ᠤᠨ ᠡᠳ᠋ ᠤᠨ | ᠬᠦᠴᠦᠨ ᠬᠦᠴᠢᠷᠲᠡᠢ᠂ ᠣᠷᠣᠨ ᠲᠤᠭ᠎ᠠ ᠪᠠᠴᠢᠮ ᠵᠡᠷᠭᠡ ᠬᠦᠴᠦᠨ ᠵᠦᠢᠯ ᠤᠨ ᠨᠥᠯᠥᠭᠡ ᠶᠢ ᠬᠦᠷᠲᠡᠵᠦ | ᠪᠠᠶᠢᠬᠤ ᠠᠴᠠ᠂ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠳᠡᠮᠵᠢᠬᠦ᠂ ᠲᠦᠭᠰᠢᠭᠦᠷᠢ ᠶᠢ | ᠰᠡᠷᠡᠮᠵᠢᠭᠦᠯᠦᠨ ᠡᠵᠡᠮᠳᠡᠬᠦ ᠪᠠ ᠢᠲᠡᠭᠡᠮᠵᠢᠲᠦ ᠵᠢᠭᠡᠯᠡᠯᠭᠡ ᠣᠷᠣᠭᠤᠯᠬᠤ ᠡᠷᠴᠢᠮ ᠢ ᠴᠢᠩᠭᠠᠷᠠᠭᠤᠯᠬᠤ ᠴᠢᠳᠠᠪᠤᠷᠢ | ᠢᠯᠡᠳᠲᠡ ᠬᠦᠷᠦᠯᠴᠡᠬᠦ ᠦᠭᠡᠢ ᠪᠠᠶᠢᠨ᠎ᠠ᠃ | ᠬᠥᠲᠥᠯᠥᠭᠴᠢ᠄ ᠰᠠᠶᠢᠨ ᠪᠣᠯᠣᠯ᠎ᠠ᠃ ᠭᠤᠤ ᠠᠶᠢᠮᠠᠭ ᠤᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ | ᠂ ᠮᠥᠨ ᠰᠦᠯᠵᠢᠶᠡᠨ ᠤ ᠠᠨᠳᠠ ᠨᠠᠷ ᠤᠨ ᠣᠷᠣᠯᠴᠠᠭᠰᠠᠨ ᠳᠤ ᠪᠠᠶᠠᠷᠯᠠᠯ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ | ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | | |