ᠬᠡᠷ ᠣᠷᠣᠨ ᠢᠶᠠᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ — ᠬᠤᠲᠣᠩ ᠠᠷᠠᠳ ᠤᠨ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠮᠠᠯᠴᠢᠨ ᠲᠠᠷᠢᠶᠠᠴᠢᠨ ᠤᠷᠠᠨ ᠰᠠᠶᠢᠬᠠᠨ ᠤ ᠲᠣᠭᠯᠠᠯᠲᠠ ᠶᠢᠨ ᠴᠤᠭᠯᠠᠭᠠᠨ ᠵᠢᠴᠢ ᠬᠤᠲᠣᠩ ᠠᠷᠠᠳ ᠤᠨ ᠲᠣᠭᠤᠷᠢᠭ ᠤᠨ ᠵᠤᠰᠠᠬᠤ ᠤᠷᠠᠨ ᠰᠠᠶᠢᠬᠠᠨ ᠤ ᠦᠳᠡᠰᠢᠯᠡᠭᠡ ᠴᠠᠭᠠᠨ ᠪᠠᠶᠢᠰᠢᠩ ᠨᠡᠶᠢᠭᠡᠮ ᠲᠣᠭᠤᠷᠢᠭ ᠲᠤ ᠣᠷᠣᠭᠰᠠᠨ
ᠨᠡᠶᠢᠲᠡᠯᠡᠭᠰᠡᠨ ᠴᠠᠭ᠄
2018-07-25
 
ᠬᠡᠷ ᠣᠷᠣᠨ ᠢᠶᠠᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ — ᠬᠤᠲᠣᠩ ᠠᠷᠠᠳ ᠤᠨ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠮᠠᠯᠴᠢᠨ ᠲᠠᠷᠢᠶᠠᠴᠢᠨ ᠤᠷᠠᠨ ᠰᠠᠶᠢᠬᠠᠨ ᠤ ᠲᠣᠭᠯᠠᠯᠲᠠ ᠶᠢᠨ ᠴᠤᠭᠯᠠᠭᠠᠨ ᠵᠢᠴᠢ ᠬᠤᠲᠣᠩ ᠠᠷᠠᠳ ᠤᠨ ᠲᠣᠭᠤᠷᠢᠭ ᠤᠨ ᠵᠤᠰᠠᠬᠤ ᠤᠷᠠᠨ ᠰᠠᠶᠢᠬᠠᠨ ᠤ ᠦᠳᠡᠰᠢᠯᠡᠭᠡ ᠴᠠᠭᠠᠨ ᠪᠠᠶᠢᠰᠢᠩ ᠨᠡᠶᠢᠭᠡᠮ ᠲᠣᠭᠤᠷᠢᠭ ᠲᠤ ᠣᠷᠣᠭᠰᠠᠨ      ᠤᠯᠠᠨ ᠲᠦᠮᠡᠨ ᠤ ᠰᠣᠶᠣᠯ ᠤᠨ ᠠᠵᠢᠯᠯᠠᠭ᠎ᠠ ᠥᠷᠨᠢᠭᠦᠯᠬᠦ ᠶᠢ ᠲᠦᠯᠭᠢᠨ ᠠᠬᠢᠭᠤᠯᠬᠤ ᠶᠢᠨ ᠲᠥᠯᠥᠭᠡ᠂  ᠠᠵᠢᠯ ᠤᠨ ᠴᠢᠯᠥᠭᠡᠨ ᠤ ᠰᠣᠶᠣᠯ ᠤᠨ ᠡᠩᠨᠡᠭᠡ ᠤᠯᠠᠨ ᠲᠦᠮᠡᠨ ᠤ ᠰᠣᠶᠣᠯ ᠲᠤ ᠣᠷᠣᠯᠴᠠᠬᠤ ᠬᠠᠯᠠᠭᠤᠨ ᠰᠡᠳᠬᠢᠯᠭᠡ  ᠶᠢ ᠳᠡᠭᠡᠭᠰᠢᠯᠡᠭᠦᠯᠵᠦ᠂ ᠠᠵᠢᠯ ᠤᠨ ᠴᠢᠯᠥᠭᠡᠨ ᠤ ᠰᠣᠶᠣᠯ ᠤᠨ ᠡᠩᠨᠡᠭᠡ ᠶᠢ ᠢᠳᠡᠪᠬᠢᠲᠡᠶ ᠬᠥᠭᠵᠢᠭᠦᠯᠵᠦ᠂ ᠠᠷᠠᠳ ᠤᠯᠠᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠶᠠᠰᠤ ᠴᠢᠨᠠᠷ ᠢ ᠪᠠᠶᠠᠯᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠡᠷ ᠣᠷᠣᠨ ᠢᠶᠠᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ — ᠠᠩᠬᠠᠳᠤᠭᠠᠷ ᠬᠤᠭᠤᠴᠠᠭᠠᠨ ᠤ ᠲᠠᠷᠢᠶᠠᠴᠢᠨ ᠮᠠᠯᠴᠢᠳ ᠤᠨ ᠤᠷᠠᠨ ᠰᠠᠶᠢᠬᠠᠨ ᠤ ᠲᠣᠭᠯᠠᠯᠲᠠ ᠶᠢᠨ ᠴᠤᠭᠯᠠᠭᠠᠨ︾ ᠤ ᠠᠵᠢᠯ ᠤᠨ ᠲᠤᠬᠠᠶ ᠵᠢᠭᠠᠪᠤᠷᠢ ᠶᠢ ᠴᠤᠤᠷᠢᠶᠠᠲᠤᠨ ᠳᠠᠭᠠᠵᠤ᠂ ᠰᠣᠶᠣᠯ ᠤᠨ ᠰᠠᠯᠠᠭ᠎ᠠ ᠮᠥᠴᠢᠷ ᠡᠭᠦᠷᠭᠡ ᠲᠤᠰᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠴᠢᠨ ᠮᠠᠯᠴᠢᠳ ᠤᠨ ᠰᠢᠯᠢᠳᠡᠭ ᠲᠣᠭᠯᠠᠯᠲᠠ ᠶᠢ ᠰᠣᠯᠢᠯᠴᠠᠨ ᠬᠥᠳᠡᠯᠦᠯᠴᠡᠬᠦ ᠠᠵᠢᠯ ᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ 7 ᠳ᠋ᠤᠭᠠᠷ ᠰᠠᠷ᠎ᠠ ᠶᠢᠨ 18 ᠤ ᠣᠷᠣᠶ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠲᠣᠩ ᠠᠷᠠᠳ ᠤᠨ ᠲᠣᠭᠤᠷᠢᠭ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠣᠩ ᠲᠣᠭᠤᠷᠢᠭ ᠤᠨ ᠰᠣᠶᠣᠯ ᠲᠠᠮᠢᠷ ᠷᠠᠳᠢᠣ᠋ ᠲᠧᠯᠸᠢᠰ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠤᠲᠣᠩ ᠲᠣᠭᠤᠷᠢᠭ ᠤᠨ ᠰᠣᠶᠣᠯ ᠤᠨ ᠣᠷᠳᠣᠨ ᠳᠠᠭᠠᠭᠠᠴᠢᠯᠠᠨ ᠡᠷᠬᠢᠯᠡᠭᠰᠡᠨ ︽ᠬᠡᠷ ᠣᠷᠣᠨ ᠢᠶᠠᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ — ᠬᠤᠲᠣᠩ ᠠᠷᠠᠳ ᠤᠨ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠲᠠᠷᠢᠶᠠᠴᠢᠨ ᠮᠠᠯᠴᠢᠳ ᠤᠨ ᠤᠷᠠᠨ ᠰᠠᠶᠢᠬᠠᠨ ᠤ ᠲᠣᠭᠯᠠᠯᠲᠠ ᠶᠢᠨ ᠴᠤᠭᠯᠠᠭᠠᠨ ᠵᠢᠴᠢ ᠬᠤᠲᠣᠩ ᠠᠷᠠᠳ ᠤᠨ ᠲᠣᠭᠤᠷᠢᠭ ᠤᠨ ᠵᠤᠰᠠᠬᠤ ᠤᠷᠠᠨ ᠰᠠᠶᠢᠬᠠᠨ ᠤ ᠦᠳᠡᠰᠢᠯᠡᠭᠡ︾ ᠬᠤᠲᠣᠩ ᠠᠷᠠᠳ ᠤᠨ ᠲᠣᠭᠤᠷᠢᠭ ᠤᠨ ᠴᠠᠭᠠᠨ ᠪᠠᠶᠢᠰᠢᠩ ᠨᠡᠶᠢᠭᠡᠮ ᠲᠣᠭᠤᠷᠢᠭ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠬᠤᠲᠣᠩ ᠠᠷᠠᠳ ᠤᠨ ᠲᠣᠭᠤᠷᠢᠭ ᠤᠨ ᠡᠯ᠎ᠡ ᠦᠨᠳᠦᠰᠦᠲᠡᠨ ᠨᠦᠭᠦᠳ ᠤᠨ ᠬᠥᠪᠡᠭᠦᠳ ᠥᠬᠢᠳ ᠪᠠᠶᠠᠯᠢᠭ ᠰᠠᠶᠢᠬᠠᠨ ᠫᠷᠤᠭ᠍ᠷᠠᠮ ᠤᠨ ᠬᠡᠯᠪᠡᠷᠢ  ᠪᠠᠷ ᠲᠡᠳᠡᠨ ᠤ ᠪᠠᠶᠠᠷᠲᠤ ᠰᠡᠳᠬᠢᠯᠭᠡ ᠪᠠᠨ ᠢᠯᠡᠳᠬᠡᠵᠦ᠂ ᠨᠤᠲᠤᠭ ᠤᠨ ᠰᠠᠶᠢᠬᠠᠨ᠂ ᠡᠬᠡ ᠣᠷᠣᠨ ᠤ ᠰᠠᠶᠢᠬᠠᠨ᠂ ᠨᠠᠮ ᠤᠨ ᠲᠦᠷᠦ ᠶᠢᠨ ᠪᠤᠳᠤᠯᠭ᠎ᠠ ᠶᠢᠨ ᠰᠠᠶᠢᠬᠠᠨ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠴᠠᠭ ᠦᠶ᠎ᠡ ᠶᠢᠨ ᠭᠤᠣᠯ ᠬᠥᠭ ᠠᠶᠠᠰ ᠢ ᠬᠦᠴᠦᠯᠡᠨ ᠵᠣᠷᠢᠭᠲᠠᠶ ᠬᠤᠯᠪᠣᠨ ᠪᠣᠳᠣᠵᠠᠢ᠃      ᠲᠤᠰ ᠤᠳᠠᠭᠠᠨ ᠤ ᠲᠣᠭᠯᠠᠯᠲᠠ ᠨᠢ ᠪᠠᠶᠠᠯᠢᠭ ᠰᠠᠶᠢᠬᠠᠨ ᠪᠠᠶᠢᠵᠤ᠂ ᠪᠥᠵᠢᠭ᠂ ᠳᠠᠭᠤᠤ ᠶᠢᠨ ᠲᠣᠭᠯᠠᠯᠲᠠ ᠪᠠᠶᠢᠬᠤ ᠪᠠᠷ ᠪᠠᠷᠠᠬᠤ ᠦᠭᠡᠢ᠂ ᠪᠠᠰᠠ ᠬᠤᠯᠤ ᠰᠢᠷᠬᠡᠭ᠂ ᠲᠠᠯᠪᠢᠭᠤᠷᠲᠤ ᠬᠡᠩᠭᠡᠷᠭᠡ᠂ ᠬᠤᠶᠠᠷ ᠬᠥᠮᠦᠨ ᠤ ᠡᠯᠭᠦᠴᠡᠭᠡ᠂ ᠮᠣᠩᠭᠤᠯ ᠤᠨ ᠬᠤᠪᠴᠠᠰᠤ ᠵᠠᠰᠠᠯ ᠤᠨ ᠦᠵᠡᠭᠦᠯᠦᠯᠭᠡ ᠵᠡᠷᠭᠡ ᠪᠤᠢ᠃ ᠮᠠᠨ ᠤ ᠲᠣᠭᠤᠷᠢᠭ ᠤᠨ ᠲᠠᠷᠢᠶᠠᠴᠢᠨ ᠮᠠᠯᠴᠢᠳ ᠳᠠᠭᠤᠤ ᠪᠠᠷ ᠢᠶᠠᠨ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠠᠭᠤᠷ ᠠᠮᠢᠰᠬᠤᠯ ᠢ ᠪᠤᠢ ᠪᠣᠯᠭᠠᠵᠤ᠂ ᠪᠠᠶᠠᠷ ᠭᠦᠭᠵᠢᠯ ᠢᠶᠠᠷ ᠢᠶᠠᠨ ᠰᠠᠶᠢᠨ ᠰᠠᠶᠢᠬᠠᠨ ᠰᠢᠨ᠎ᠡ ᠭᠡᠷ ᠣᠷᠣᠨ ᠢ ᠪᠠᠶᠢᠭᠤᠯᠬᠤ ᠳᠤ ᠲᠤᠰᠣ ᠨᠡᠮᠡᠵᠦ ᠰᠦᠷ ᠨᠡᠮᠡᠭᠳᠡᠭᠦᠯᠪᠡ᠃ ᠨᠡᠩ ᠴᠤ ᠲᠤᠬᠠᠶ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠲᠠ ᠶᠢ ᠣᠯᠪᠠ᠃      ᠨᠡᠶᠢᠭᠡᠮ ᠲᠣᠭᠤᠷᠢᠭ ᠲᠠᠪᠴᠠᠩ ᠪᠠᠶᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠨ᠎ᠡ︔ ᠠᠷᠠᠳ ᠢᠷᠭᠡᠳ ᠤᠨ ᠲᠠᠪᠴᠠᠩ᠂ ᠠᠷᠠᠳ ᠢᠷᠭᠡᠳ ᠢ ᠢᠯᠡᠳᠬᠡᠨ᠎ᠡ᠃ ᠬᠤᠲᠣᠩ ᠠᠷᠠᠳ ᠤᠨ ᠲᠣᠭᠤᠷᠢᠭ ᠦᠷᠭᠦᠯᠵᠢᠯᠡᠨ ᠰᠣᠶᠣᠯ ᠪᠠᠷ ᠨᠡᠶᠢᠭᠡᠮ ᠲᠣᠭᠤᠷᠢᠭ ᠤᠨ ᠦᠢᠯᠡᠴᠢᠯᠡᠭᠡ ᠳᠤ ᠣᠷᠣᠬᠤ ᠶᠢ ᠦᠷᠭᠦᠯᠵᠢᠯᠡᠵᠦ᠂ ᠰᠣᠶᠣᠯ ᠤᠨ ᠦᠢᠯᠡᠴᠢᠯᠡᠭᠡ ᠪᠠᠷ ᠵᠠᠭᠤᠴᠢ ᠪᠣᠯᠭᠠᠵᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠡᠳ᠋ᠯᠡᠨ᠎ᠡ᠃ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠲᠠᠷᠢᠶᠠᠴᠢᠳ ᠤᠨ ᠰᠠᠨᠠᠭᠠᠨ ᠳᠤᠨᠢ ᠬᠦᠷᠭᠡᠵᠦ᠂ ᠬᠥᠳᠡᠭᠡ ᠲᠣᠰᠬᠤᠨ ᠤ ᠰᠣᠶᠣᠯ ᠢ ᠤᠯᠠᠮ ᠨᠢᠭᠡ ᠠᠯᠬᠤᠮ ᠴᠡᠴᠡᠭᠯᠡᠭᠦᠯᠦᠨ ᠬᠥᠭᠵᠢᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭᠠᠨ ᠤ ᠵᠢᠯᠤᠭᠤᠳᠤᠯᠭ᠎ᠠ ᠶᠢᠨ ᠳᠣᠣᠷ᠎ᠠ᠂ ᠤᠭ ᠰᠠᠨᠠᠭ᠎ᠠ ᠪᠠᠨ ᠦᠯᠦ ᠮᠠᠷᠲᠠᠵᠤ᠂ ᠭᠠᠷᠮᠠᠭᠠᠶᠢᠯᠠᠨ ᠤᠷᠤᠭᠰᠢᠯᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠠᠷᠠᠳ ᠲᠦᠮᠡᠨ ᠤ ᠰᠣᠶᠣᠯ ᠤᠨ ᠦᠨᠳᠦᠰᠦᠨ ᠡᠷᠬᠡ ᠠᠰᠢᠭ ᠢ ᠦᠨᠡᠨ ᠬᠦ ᠪᠠᠲᠤᠯᠠᠵᠤ᠂ ᠠᠷᠠᠳ ᠤᠯᠠᠨ ᠤ ᠤᠯᠠᠨ ᠶᠠᠩᠵᠤ ᠶᠢᠨ᠂ ᠤᠯᠠᠨ ᠲᠡᠰ ᠳᠠᠪᠬᠤᠷᠭ᠎ᠠ ᠶᠢᠨ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠶ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号