| ᠬᠤᠲᠣᠩ ᠠᠷᠠᠳ ᠤᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠵᠤ ᠠᠬᠤᠶᠢᠯᠠᠯ | ᠶᠢᠨ ᠰᠤᠷᠤᠯᠴᠠᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ | 7 ᠳ᠋ᠤᠭᠠᠷ ᠰᠠᠷ᠎ᠠ ᠶᠢᠨ 18 ᠤ ᠦᠳᠡ ᠶᠢᠨ ᠡᠮᠦᠨ᠎ᠡ 9 ᠴᠠᠭ ᠲᠤ᠂ ᠮᠠᠨ ᠤ ᠲᠣᠪᠴᠢᠶ᠎ᠠ ᠠᠵᠤ ᠠᠬᠤᠶᠢᠯᠠᠯ ᠶᠢᠨ | ᠲᠥᠯᠥᠭᠡᠯᠡᠭᠴᠢᠳ ᠪᠠ ᠠᠵᠢᠯᠲᠠᠳ ᠢ ᠵᠣᠬᠢᠶᠠᠨ ᠪᠠᠶᠢᠭᠤᠯᠤᠨ ︽ᠴᠢᠩ ᠰᠡᠳᠬᠢᠯ ᠢᠶᠠᠷ ᠨᠠᠮ ᠳᠤ ᠪᠠᠨ᠂ ᠳᠣᠣᠷ᠎ᠠ ᠨᠢ | ᠰᠤᠷᠤᠯᠴᠠᠬᠤ — ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠪᠡᠯᠭᠡᠯᠡᠬᠦ | ︾ ᠶᠢ ᠰᠤᠷᠤᠯᠴᠠᠬᠤ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶᠠᠨ ᠤ ᠤᠳᠤᠷᠢᠳᠤᠯᠭ᠎ᠠ ᠠᠴᠠ ᠠᠵᠤ ᠠᠬᠤᠶᠢᠯᠠᠯ ᠤᠨ ᠲᠥᠯᠥᠭᠡᠯᠡᠭᠴᠢᠳ ᠲᠤ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠂ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ | ᠭᠦᠢᠴᠡᠳ ᠤᠶᠢᠯᠠᠭᠠᠨ ᠡᠵᠡᠮᠰᠢᠭᠦᠯᠬᠦ ᠭᠤᠣᠯ ᠠᠭᠤᠯᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ | ᠤᠯᠠᠮᠵᠢᠯᠠᠵᠤ᠂ ᠬᠠᠮᠲᠤ ᠦᠢᠯᠡᠳᠦᠯᠴᠡᠨ ᠠᠰᠠᠭᠤᠬᠤ ᠬᠡᠯᠪᠡᠷᠢ ᠪᠠᠷ ᠣᠯᠠᠨ ᠢ ᠰᠤᠷᠤᠯᠴᠠᠬᠤ ᠠᠵᠢᠯᠯᠠᠭ᠎ᠠ ᠳᠤ | ᠣᠷᠣᠯᠴᠠᠭᠤᠯᠵᠤ᠂ ᠠᠵᠢᠯᠯᠠᠭᠠᠨ ᠤ ᠠᠭᠤᠷ ᠠᠮᠢᠰᠬᠤᠯ ᠲᠤᠩ ᠶᠡᠭᠡ ᠬᠥᠭᠵᠢᠶᠡᠨᠲᠡᠶ ᠪᠠᠶᠢᠵᠤ᠂ ᠤᠯᠠᠨ ᠢᠶᠠᠷ ᠢᠶᠠᠨ | ᠴᠥᠮ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠰᠤᠷᠤᠯᠴᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠵᠣᠷᠢᠯᠭ᠎ᠠ | ᠳᠤ ᠬᠦᠷᠦᠭᠰᠡᠨ ᠪᠠᠶᠢᠨ᠎ᠠ᠃ |