1-7 ᠳ᠋ᠤᠭᠠᠷ ᠰᠠᠷ᠎ᠠ ᠳᠠᠬᠢ ᠦᠨᠳᠦᠰᠦᠨ ᠨᠢᠭᠡᠴᠢ ᠶᠢᠨ ᠨᠡᠷᠡᠰ ᠤᠨ ᠵᠢᠭᠰᠠᠭᠠᠯᠲᠠ ᠶᠢᠨ ᠮᠡᠳᠡᠭᠡ ᠵᠠᠩᠭᠢ  ᠶᠢ PDA ᠲᠤᠭ᠎ᠠ ᠪᠠᠷᠢᠮᠲᠠ ᠴᠤᠭᠯᠠᠭᠤᠯᠤᠭᠰᠠᠨ ᠪᠠᠶᠢᠳᠠᠯ
ᠨᠡᠶᠢᠲᠡᠯᠡᠭᠰᠡᠨ ᠴᠠᠭ᠄
2018-08-13
     4 ᠳ᠋ᠦᠭᠡᠷ ᠰᠠᠷ᠎ᠠ ᠠᠴᠠ ᠦᠨᠳᠦᠰᠦᠨ ᠨᠢᠭᠡᠴᠢ ᠶᠢᠨ ᠨᠡᠷᠡᠰ ᠤᠨ ᠵᠢᠭᠰᠠᠭᠠᠯᠲᠠ ᠶᠢᠨ ᠮᠡᠳᠡᠭᠡ ᠵᠠᠩᠭᠢ ᠶᠢ PDA ᠲᠤᠭ᠎ᠠ ᠪᠠᠷᠢᠮᠲᠠ ᠴᠤᠭᠯᠠᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠤᠭᠰᠠᠨ ᠨᠠᠰᠢ᠂ ᠬᠤᠲᠣᠩ ᠠᠷᠠᠳ ᠤᠨ ᠲᠣᠭᠤᠷᠢᠭ ᠤᠨ ᠲᠤᠭ᠎ᠠ ᠪᠦᠷᠢᠳᠬᠡᠯ ᠤᠨ ᠰᠢᠰᠲ᠋ᠧᠮ ᠸᠠᠩ ᠶᠢ ᠸᠡᠨ ᠲᠣᠭᠤᠷᠢᠭ ᠤᠨ ᠳᠡᠳ᠋ ᠳᠠᠷᠤᠭ᠎ᠠ ᠶᠢᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠠᠷᠭ᠎ᠠ ᠬᠡᠮᠵᠢᠶ᠎ᠡ ᠶᠢ ᠬᠠᠮᠲᠤ ᠳᠤᠨᠢ ᠬᠡᠷᠡᠭᠵᠢᠭᠦᠯᠵᠦ᠂ ᠲᠤᠭ᠎ᠠ ᠪᠠᠷᠢᠮᠲᠠ ᠴᠤᠭᠯᠠᠭᠤᠯᠬᠤ ᠠᠵᠢᠯ ᠢ ᠢᠳᠡᠪᠬᠢᠲᠡᠶ ᠲᠦᠯᠬᠢᠨ ᠠᠬᠢᠭᠤᠯᠵᠤ᠂ ᠴᠤᠭᠯᠠᠭᠤᠯᠬᠤ ᠠᠵᠢᠯ ᠤᠨ ᠠᠬᠢᠴᠠ ᠶᠢ ᠨᠡᠯᠢᠶᠡᠳ ᠲᠦᠷᠭᠡᠨ ᠳᠡᠭᠡᠭᠰᠢᠯᠡᠭᠦᠯᠵᠦ ᠴᠢᠳᠠᠭᠰᠠᠨ ᠪᠠᠶᠢᠨ᠎ᠠ᠃      ᠨᠢᠭᠡ ᠳᠤ᠂ ᠳᠣᠯᠤᠭᠠᠨ ᠬᠡᠷᠡᠭ ᠡᠷᠬᠢᠯᠡᠬᠦ ᠭᠠᠵᠠᠷ ᠨᠢᠭᠡ ᠪᠠᠯᠭᠠᠰᠤ ᠨᠢ PDA ᠲᠤᠭ᠎ᠠ ᠪᠠᠷᠢᠮᠲᠠ ᠴᠤᠭᠯᠠᠭᠤᠯᠬᠤ ᠲᠥᠬᠦᠭᠡᠷᠦᠮᠵᠢ ᠨᠡᠮᠡᠭᠳᠡᠭᠦᠯᠵᠦ᠂ ᠤᠭ ᠤᠨ 8 ᠰᠠᠭᠤᠷᠢ ᠪᠠᠶᠢᠭᠰᠠᠨ ᠠᠴᠠ ᠪᠠᠨ 16 ᠰᠠᠭᠤᠷᠢ ᠪᠣᠯᠵᠠᠢ ︔ ᠬᠤᠶᠠᠷ ᠲᠤ᠂ ᠪᠠᠶᠢᠴᠠᠭᠠᠭᠴᠢ ᠪᠣᠯᠭᠠᠨ ᠳᠤ ᠤᠷᠤᠰᠴᠠ ᠶᠢᠨ ᠺᠠᠷᠲ ᠬᠢᠯᠭᠡᠨ ᠥᠭᠴᠦ᠂ ᠪᠠᠶᠢᠴᠠᠭᠠᠭᠴᠢ ᠶᠢᠨ ᠬᠤᠪᠢ ᠬᠥᠮᠦᠨ ᠤ ᠤᠷᠤᠰᠴᠠ ᠶᠢᠨ ᠵᠠᠷᠤᠳᠠᠯ ᠥᠭᠬᠦ ᠪᠠᠶᠢᠳᠠᠯ ᠢ ᠰᠢᠢᠳᠪᠦᠷᠢᠯᠡᠭᠰᠡᠨ ᠪᠠᠶᠢᠨ᠎ᠠ︔ ᠭᠤᠷᠪᠠ ᠳᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠪᠠᠶᠢᠴᠠᠭᠠᠭᠴᠢ ᠪᠣᠯᠭᠠᠨ ᠤ ᠴᠤᠭᠯᠠᠭᠤᠯᠬᠤ᠂ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ ᠠᠵᠢᠯ ᠳᠤ ᠴᠠᠭᠠᠷᠠᠬᠤ ᠶᠢ ᠪᠡᠶᠡᠯᠡᠭᠦᠯᠵᠦ ᠴᠢᠳᠠᠵᠠᠢ︔ ᠲᠦᠷᠪᠡ ᠳᠤ᠂ ᠤᠬᠠᠭᠤᠯᠭ᠎ᠠ ᠪᠠᠨ ᠴᠢᠩᠭᠠᠳᠬᠠᠵᠤ᠂ ᠪᠦᠷᠢᠳᠬᠡᠬᠦ ᠠᠵᠢᠯᠲᠠᠨ ᠪᠣᠯᠭᠠᠨ ᠳᠤ ᠲᠤᠰᠬᠠᠶ ᠪᠠᠶᠢᠴᠠᠭᠠᠭᠴᠢ ᠶᠢᠨ ᠦᠨᠡᠮᠯᠡᠯ ᠳᠠᠷᠤᠮᠠᠯᠵᠤ ᠥᠭᠴᠡᠢ︔ ᠲᠠᠪᠤ ᠳᠤ᠂ ᠰᠢᠪᠠᠳᠠᠨ ᠪᠠᠶᠢᠴᠠᠭᠠᠬᠤ ᠪᠠᠶᠢᠴᠠᠭᠠᠯᠲᠠ ᠪᠠᠨ ᠴᠢᠩᠭᠠᠳᠬᠠᠵᠤ᠂ ᠡᠯ᠎ᠡ ᠪᠠᠯᠭᠠᠰᠤᠨ ᠤ ᠲᠤᠭ᠎ᠠ ᠪᠠᠷᠢᠮᠲᠠ ᠴᠤᠭᠯᠠᠭᠤᠯᠤᠭᠰᠠᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠪᠡ᠃      ᠣᠳᠣᠬᠠᠨ ᠪᠣᠯᠲᠠᠯ᠎ᠠ᠂ ᠮᠠᠨ ᠤ ᠲᠣᠭᠤᠷᠢᠭ ᠤᠨ ᠳᠣᠷᠣᠭᠰᠢ ᠲᠠᠷᠬᠠᠭᠠᠭᠰᠠᠨ ᠨᠢᠭᠡᠴᠢ ᠨᠡᠶᠢᠲᠡ 3009 ᠪᠠᠶᠢᠵᠦ᠂ ᠨᠢᠭᠡᠨᠲᠡ ᠴᠤᠭᠯᠠᠭᠤᠯᠤᠭᠰᠠᠨ ᠨᠢᠭᠡᠴᠢ 2945 ᠪᠠᠶᠢᠵᠦ᠂ ᠡᠭᠦᠨ ᠤ ᠳᠣᠲᠣᠷ᠎ᠠ ᠬᠡᠷᠡᠭ ᠦᠭᠡᠢ ᠪᠣᠯᠭᠠᠭᠰᠠᠨ ᠨᠢᠭᠡᠴᠢ 2116 ᠪᠠᠶᠢᠵᠦ᠂ ᠴᠤᠭᠯᠠᠭᠤᠯᠬᠤ ᠶᠢ ᠪᠡᠶᠡᠯᠡᠭᠦᠯᠦᠭᠰᠡᠨ ᠨᠣᠷᠮ᠎ᠠ 95 % ᠳᠤ ᠭᠦᠷᠴᠡᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号