| | | | | | | | | | | | | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠶᠦᠨ ᠰᠢᠶᠤᠤ ᠯᠢᠨ ᠰᠥᠨᠢ ᠪᠠᠷ ᠲᠠᠷᠢᠶᠠᠯᠠᠬᠤ ᠣᠷᠣᠨ ᠤ | ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠪᠠ | ᠪᠦ᠋ ᠰᠢᠶᠤᠤ ᠯᠢᠨ ᠲᠡᠷᠢᠭᠦᠯᠡᠭᠴᠢ ᠶᠢᠨ ᠦᠶᠡᠷ ᠢ ᠰᠡᠷᠭᠡᠶᠢᠯᠡᠬᠦ ᠠᠵᠢᠯ ᠤᠨ ᠲᠤᠬᠠᠶ ᠴᠣᠬᠤᠯᠠᠪᠤᠷᠢ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠦᠶᠡᠷ ᠰᠡᠷᠭᠡᠶᠢᠯᠡᠯᠲᠡ ᠶᠢᠨ ᠵᠢᠯᠣᠭᠤᠳᠬᠤ ᠭᠠᠵᠠᠷ ᠤᠨ ︽ᠰᠢᠷᠦᠭᠦᠨ ᠪᠣᠷᠣᠭᠠᠨ | ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠤᠨ᠎ᠠ᠃ 7 ᠳ᠋ᠤᠭᠠᠷ ᠰᠠᠷ᠎ᠠ ᠶᠢᠨ 23 ᠤ ᠣᠷᠣᠶ᠂ ᠶᠦᠨ ᠰᠢᠶᠤᠤ ᠯᠢᠨ ᠳᠡᠳ᠋ ᠱᠦᠵᠢ᠂ ᠶᠦᠨ | ᠺᠧ ᠲᠣᠭᠤᠷᠢᠭ ᠤᠨ ᠳᠡᠳ᠋ ᠳᠠᠷᠤᠭ᠎ᠠ ᠬᠤᠲᠣᠩ ᠠᠷᠠᠳ ᠤᠨ ᠲᠣᠭᠤᠷᠢᠭ ᠤᠨ ᠲᠠᠷᠢᠶᠠᠯᠠᠬᠤ ᠣᠷᠣᠨ ᠤ ᠦᠶᠡᠷ ᠢ | ᠰᠡᠷᠭᠡᠶᠢᠯᠡᠬᠦ ᠠᠵᠢᠯ ᠢ ᠪᠠᠶᠢᠴᠠᠭᠠᠵᠤ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠢ ᠰᠢᠭᠤᠶ ᠶᠢᠨ ᠤᠰᠤᠨ | ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ ᠴᠢᠶᠣᠤ ᠶᠢᠨ ᠮᠧᠶ᠂ ᠳᠡᠳ᠋ ᠲᠣᠪᠴᠢᠶᠠᠨ ᠳᠠᠷᠤᠭ᠎ᠠ ᠸᠠᠩ ᠸᠡᠨ ᠵᠢᠶᠦ᠋ᠨ | ᠬᠠᠮᠲᠤ ᠪᠠᠷ ᠪᠠᠶᠢᠴᠠᠭᠠᠯᠲᠠ ᠬᠢᠪᠡ᠃ | ᠪᠠᠶᠢᠴᠠᠭᠠᠯᠲᠠ ᠬᠢᠬᠦ ᠶᠠᠪᠤᠴᠠ ᠳᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠶᠦᠨ ᠰᠢᠶᠤᠤ | ᠯᠢᠨ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠤᠰᠤᠨ ᠤ ᠪᠠᠶᠢᠳᠠᠯ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠤᠰᠤᠨ ᠴᠥᠭᠦᠷᠥᠮ ᠤᠨ ᠠᠮᠤᠷ ᠲᠦᠪᠰᠢᠨ ᠥᠩᠭᠡᠷᠡᠭᠡᠬᠦ ᠪᠣᠯᠤᠨ ᠪᠠᠴᠢᠮ | ᠪᠠᠶᠢᠳᠠᠯ ᠢ ᠠᠷᠭᠠᠴᠠᠬᠤ ᠡᠭᠡᠯᠵᠢ ᠵᠢᠵᠢᠭᠦᠷ ᠤᠨ ᠠᠵᠢᠯ ᠢ ᠳᠠᠬᠢᠨᠲᠠ ᠴᠢᠬᠤᠯᠠᠴᠢᠯᠠᠭᠰᠠᠨ ᠪᠠᠶᠢᠨ᠎ᠠ᠃ | | |