ᠭᠠᠷ ᠳᠠᠮᠵᠢᠭᠰᠠᠨ ᠮᠠᠰᠢᠨ ᠲᠡᠷᠭᠡ ᠶᠢᠨ ᠵᠠᠬ᠎ᠠ ᠳᠡᠯᠭᠡᠭᠦᠷ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠲᠤᠬᠠᠶ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-09-17
ᠭᠠᠷ ᠳᠠᠮᠵᠢᠭᠰᠠᠨ ᠮᠠᠰᠢᠨ ᠲᠡᠷᠭᠡ ᠶᠢᠨ ᠵᠠᠬ᠎ᠠ ᠳᠡᠯᠭᠡᠭᠦᠷ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠲᠤᠬᠠᠶ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ      ᠪᠥᠬᠦ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠤᠰᠠᠳᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠦᠷ᠎ᠡ ᠪᠦᠲᠦᠭᠡᠯ ᠢ ᠪᠠᠬᠢᠵᠢᠭᠦᠯᠵᠦ᠂ ᠬᠤᠳᠠ ᠶᠢᠨ ᠳᠦᠷᠢ ᠲᠥᠷᠬᠦ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠲᠣᠭᠤᠷᠢᠭ ᠤᠨ ᠳᠣᠲᠣᠷᠠᠬᠢ ᠭᠠᠷ ᠳᠠᠮᠵᠢᠭᠰᠠᠨ ᠲᠡᠷᠭᠡᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠪᠤᠰᠤ ᠲᠠᠯᠳᠠ ᠭᠡᠮ ᠢ ᠠᠷᠢᠯᠭᠠᠵᠤ᠂ ᠭᠠᠷ ᠳᠠᠮᠵᠢᠭᠰᠠᠨ ᠲᠡᠷᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠎ᠠ᠃ 7 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠭᠠᠷ ᠳᠠᠮᠵᠢᠭᠰᠠᠨ ᠮᠠᠰᠢᠨ ᠲᠡᠷᠭᠡ ᠶᠢᠨ ᠵᠠᠬ᠎ᠠ ᠳᠡᠯᠭᠡᠭᠦᠷ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠲᠤᠬᠠᠶ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠷᠠᠯ ᠢ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠸᠠᠩ ᡁᠢ ᠴᠢᠶᠠᠩ ᠡᠷᠬᠢᠯᠡᠵᠦ᠂ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠠᠵᠤ ᠠᠬᠤᠶ ᠬᠢᠭᠡᠳ ᠰᠤᠷᠠᠭ ᠵᠠᠩᠭᠢᠵᠢᠯᠲᠠ ᠶᠢᠨ ᠲᠣᠪᠴᠢᠶ᠎ᠠ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠦᠢᠯᠡᠳᠪᠦᠷᠢ ᠬᠤᠳᠠᠯᠳᠤᠭᠠᠨ ᠤ ᠬᠤᠪᠢᠶᠠᠷᠢ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠳᠣᠯᠤᠭᠠᠨ ᠬᠡᠷᠡᠭ ᠡᠷᠬᠢᠯᠡᠬᠦ ᠭᠠᠵᠠᠷ ᠨᠢᠭᠡ ᠪᠠᠯᠭᠠᠰᠤ ᠵᠡᠷᠭᠡ ᠬᠤᠯᠪᠣᠭᠳᠠᠯ ᠪᠦᠬᠦᠢ ᠨᠢᠭᠡᠴᠢ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠭᠰᠠᠨ ᠪᠠᠶᠢᠨ᠎ᠠ᠃      ᠬᠤᠷᠠᠯ ᠳᠡᠭᠡᠷ᠎ᠡ᠂ ᠠᠵᠤ ᠠᠬᠤᠶ ᠬᠢᠭᠡᠳ ᠰᠤᠷᠠᠭ ᠵᠠᠩᠭᠢᠵᠢᠯᠲᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠰᠥᠩ ᠭᠤᠸᠠᠨ ᠢᠩ ᠪᠥᠬᠦ ᠲᠣᠭᠤᠷᠢᠭ ᠤᠨ ᠭᠠᠷ ᠳᠠᠮᠵᠢᠭᠰᠠᠨ ᠲᠡᠷᠭᠡᠨ ᠤ ᠵᠠᠬ᠎ᠠ ᠳᠡᠯᠭᠡᠭᠦᠷ ᠢ ᠴᠡᠭᠴᠡᠯᠡᠨ ᠵᠠᠰᠠᠭᠰᠠᠨ ᠪᠠᠶᠢᠳᠠᠯ ᠢ ᠲᠠᠨᠢᠯᠴᠠᠭᠤᠯᠵᠤ᠂ ᠳᠠᠷᠠᠭᠠᠴᠢ ᠶᠢᠨ ᠬᠤᠭᠤᠴᠠᠭᠠᠨ ᠤ ᠠᠵᠢᠯ ᠤᠨ ᠪᠠᠶᠢᠷᠢᠯᠠᠭᠤᠯᠤᠯᠲᠠ ᠬᠢᠪᠡ︔ ᠠᠵᠤ ᠠᠬᠤᠶ ᠬᠢᠭᠡᠳ ᠰᠤᠷᠠᠭ ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠸᠠᠩ ᠺᠠᠶ ︽ᠬᠤᠲᠣᠩ ᠠᠷᠠᠳ ᠤᠨ ᠲᠣᠭᠤᠷᠢᠭ ᠤᠨ ᠭᠠᠷ ᠳᠠᠮᠵᠢᠭᠰᠠᠨ ᠮᠠᠰᠢᠨ ᠲᠡᠷᠭᠡ ᠶᠢᠨ ᠵᠠᠬ᠎ᠠ ᠳᠡᠯᠭᠡᠭᠦᠷ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠵᠠᠷᠯᠠᠨ ᠣᠩᠰᠢᠪᠠ᠃ ᠸᠠᠩ ᠲᠣᠭᠤᠷᠢᠭ ᠤᠨ ᠳᠠᠷᠤᠭ᠎ᠠ ᠴᠢᠬᠤᠯᠠᠴᠢᠯᠠᠭᠰᠠᠨ ᠨᠢ᠄ ᠨᠢᠭᠡ ᠳᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠠᠷ ᠳᠠᠮᠵᠢᠭᠰᠠᠨ ᠮᠠᠰᠢᠨ ᠲᠡᠷᠭᠡ ᠶᠢᠨ ᠵᠠᠬ᠎ᠠ ᠳᠡᠯᠭᠡᠭᠦᠷ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠠᠶᠢᠩᠭᠤᠵᠢᠬᠰᠠᠨ ᠠᠵᠢᠯ ᠤᠨ ᠪᠣᠯᠭᠠᠵᠤ᠂ ᠡᠳᠦᠷ ᠲᠤᠲᠤᠮ ᠤᠨ ᠠᠵᠢᠯ ᠠᠴᠠ ᠤᠶᠠᠯᠳᠤᠭᠤᠯᠤᠨ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ︔ ᠬᠤᠶᠠᠷ ᠲᠤ᠂ ᠡᠯ᠎ᠡ ᠰᠠᠯᠠᠭ᠎ᠠ ᠮᠥᠴᠢᠷ ᠤᠨ ᠬᠢᠨ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠲᠣᠭᠲᠠᠭᠠᠯ ᠶᠣᠰᠣᠭᠠᠷ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠣᠳᠠᠲᠤ ᠠᠮᠵᠢᠯᠲᠠ ᠶᠢ ᠴᠢᠬᠤᠯᠠᠴᠢᠯᠠᠬᠤ ᠬᠡᠷᠡᠭᠲᠡᠶ᠃ ᠰᠠᠯᠠᠭ᠎ᠠ ᠮᠥᠴᠢᠷ ᠬᠤᠭᠤᠷᠣᠨᠳᠤ ᠪᠠᠨ ᠵᠣᠬᠢᠴᠠᠭᠤᠯᠤᠨ ᠬᠠᠮᠵᠢᠯᠴᠠᠵᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠲᠠᠩᠰᠠ ᠪᠠᠶᠢᠭᠤᠯᠤᠨ᠂ ᠤᠯᠤᠯᠴᠠᠭ᠎ᠠ ᠪᠠᠨ ᠴᠢᠩᠭᠠᠳᠬᠠᠵᠤ᠂ ᠶᠡᠷᠦᠩᠬᠡᠶᠢᠯᠡᠭᠰᠡᠨ ᠴᠡᠭᠴᠡᠯᠡᠨ ᠵᠠᠰᠠᠬᠤ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠦᠨ᠎ᠡ︔ ᠭᠤᠷᠪᠠ ᠳᠤ᠂ ᠤᠬᠠᠭᠤᠯᠭ᠎ᠠ ᠪᠠᠨ ᠴᠢᠩᠭᠠᠳᠬᠠᠵᠤ᠂ ᠡᠯ᠎ᠡ ᠲᠦᠷᠦᠯ ᠤᠨ ᠵᠠᠭᠤᠴᠢᠯᠠᠭᠤᠷ ᠢ ᠠᠰᠢᠭᠯᠠᠨ ᠮᠠᠨ ᠤ ᠲᠣᠭᠤᠷᠢᠭ ᠤᠨ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠪᠠᠶᠢᠳᠠᠯ ᠪᠠ ᠦᠷ᠎ᠡ ᠪᠦᠲᠦᠮᠵᠢ ᠶᠢ ᠴᠠᠭ ᠲᠤᠬᠠᠶ ᠳᠤᠨᠢ ᠮᠡᠳᠡᠭᠡᠯᠡᠵᠦ᠂ ᠶᠠᠷᠢᠶ᠎ᠠ ᠬᠡᠯᠡᠯᠴᠡᠭᠡ ᠰᠤᠷᠲᠠᠯ ᠤᠬᠠᠭᠤᠯᠭ᠎ᠠ ᠶᠢ ᠳᠠᠮᠵᠢᠨ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ  ᠨᠡᠶᠢᠯᠡᠯ ᠬᠦᠴᠦᠨ ᠢ ᠪᠤᠢ ᠪᠣᠯᠭᠠᠬᠤ ᠬᠡᠷᠡᠭᠲᠡᠶ ᠭᠡᠵᠡᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号