ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ  ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-09-06
ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ  ᠬᠠᠮᠲᠤᠷᠠᠭᠰᠠᠨ ᠬᠤᠷᠠᠯ ᠬᠤᠷᠠᠯᠳᠤᠭᠤᠯᠪᠠᠬᠥᠯᠥᠰᠥᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠠᠵᠢᠯ ᠢ ᠶᠡᠬᠡᠪᠡᠷ ᠠᠬᠢᠭᠤᠯᠤᠨ᠎ᠠ      8 ᠰᠠᠷ᠎ᠠ ᠶᠢᠨ 19 ᠤ ᠦᠳᠡ ᠶᠢᠨ ᠬᠤᠶᠢᠨ᠎ᠠ ᠬᠤᠲᠣᠩ ᠠᠷᠠᠳ ᠤᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠲᠣᠭᠤᠷᠢᠭ ᠤᠨ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠪᠥᠬᠦ ᠲᠣᠭᠤᠷᠢᠭ ᠤᠨ ᠪᠠᠷᠢᠯᠭ᠎ᠠ ᠶᠢᠨ ᠲᠥᠷᠥᠯ ᠵᠦᠢᠯ ᠪᠠᠶᠢᠭᠤᠯᠵᠤ ᠪᠠᠶᠢᠭ᠎ᠠ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ᠂ ᠬᠥᠯᠥᠰᠥᠨ ᠠᠵᠢᠯᠴᠢᠨ ᠤ ᠴᠠᠯᠢᠩ ᠢ ᠪᠠᠲᠤᠯᠠᠬᠤ ᠲᠤᠰᠬᠠᠶ ᠬᠤᠷᠠᠯ ᠬᠤᠷᠠᠯᠳᠤᠭᠤᠯᠪᠠ᠃      ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠮᠠ ᠲᠣᠪᠴᠢᠶᠠᠨ ᠳᠠᠷᠤᠭ᠎ᠠ ᠪᠦᠬᠦ ᠬᠤᠷᠠᠯ ᠳᠤ ᠣᠷᠣᠯᠴᠠᠭᠰᠠᠳ ᠲᠤ ᠬᠥᠯᠥᠰᠥᠨ ᠠᠵᠢᠯᠴᠢᠨ ᠤ ᠲᠤᠬᠠᠶ ᠠᠵᠢᠯ ᠢ ᠪᠠᠲᠤᠯᠠᠬᠤ ︽ᠳᠦᠷᠪᠡᠨ ᠳᠦᠷᠢᠮ ᠳᠤ ᠨᠢᠭᠡ ᠮᠥᠩᠭᠦ︾ ᠠᠵᠢᠯ ᠤᠨ ᠲᠦᠷᠢᠮ ᠢ ᠨᠠᠷᠢᠨ ᠲᠠᠶᠢᠯᠪᠤᠷᠢᠯᠠᠵᠤ᠂ ᠮᠠᠨ ᠤ ᠲᠣᠭᠤᠷᠢᠭ ᠤᠨ ᠣᠶᠢᠷ᠎ᠠ ᠳᠤ ᠬᠠᠮᠲᠤᠷᠠᠨ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠲᠡ ᠬᠢᠪᠡ᠃ ᠡᠭᠦᠨ ᠤ ᠬᠠᠮᠲᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠸᠠᠩ ᠲᠣᠪᠴᠢᠶᠠᠨ ᠳᠠᠷᠤᠭ᠎ᠠ ᠬᠤᠷᠠᠯ ᠳᠡᠭᠡᠷ᠎ᠡ᠂ ᠬᠠᠷᠢᠶ᠎ᠠ ᠲᠣᠭᠤᠷᠢᠭ ᠤᠨ ᠡᠯ᠎ᠡ ᠪᠥᠲᠥᠭᠡᠨ ᠪᠠᠶᠢᠭᠤᠯᠤᠯᠲᠠ ᠶᠢᠨ ᠠᠵᠤ ᠠᠬᠤᠶᠢᠯᠠᠯ ᠡᠷᠬᠡᠪᠰᠢ ᠳᠠᠷᠤᠶ ᠲᠦᠷᠭᠡᠨ ︽ᠲᠦᠷᠪᠡᠨ ᠲᠦᠷᠢᠮ ᠳᠤ ᠨᠢᠭᠡ ᠮᠥᠩᠭᠦ︾ ᠶᠢᠨ ᠳᠦᠷᠢᠮ ᠢ ᠨᠠᠶᠢᠳᠠᠪᠤᠷᠢᠵᠢᠭᠤᠯᠬᠤ᠂ ᠪᠠᠷᠢᠯᠭ᠎ᠠ ᠶᠢᠨ ᠠᠵᠢᠯ ᠤᠨ ᠲᠤᠬᠠᠶ ᠶᠢᠨ ᠭᠠᠵᠠᠷ ᠲᠠᠬᠢ ᠠᠶᠤᠯᠭᠦᠶ ᠦᠢᠯᠡᠳᠪᠦᠷᠢᠯᠡᠯ᠂ ᠣᠷᠴᠢᠨ ᠠᠬᠤᠶ ᠶᠢ ᠵᠠᠰᠠᠬᠤ ᠪᠠ ᠪᠣᠯᠪᠠᠰᠤᠨ ᠢᠶᠠᠷ ᠪᠠᠷᠢᠯᠭ᠎ᠠ ᠪᠠᠷᠢᠬᠤ ᠵᠡᠷᠭᠡ ᠠᠭᠤᠯᠭ᠎ᠠ ᠶᠢᠨ ᠲᠤᠬᠠᠢ ᠨᠠᠷᠢᠨ ᠨᠢᠮᠪᠠᠶ ᠱᠠᠭᠠᠷᠳᠠᠯᠭ᠎ᠠ ᠲᠠᠯᠪᠢᠪᠠ᠃      ᠬᠤᠷᠠᠯ ᠤᠨ ᠬᠠᠮᠤᠭ ᠰᠡᠬᠦᠯ ᠳᠤ᠂ ᠲᠣᠭᠤᠷᠢᠭ ᠤᠨ ᠳᠡᠳ᠋ ᠳᠠᠷᠤᠭ᠎ᠠ ᠸᠠᠩ ᡁᠢ ᠴᠢᠶᠠᠩ ᠴᠢᠬᠤᠯᠠᠴᠢᠯᠠᠭᠰᠠᠨ  ᠨᠢ᠂ ᠡᠯ᠎ᠡ ᠪᠠᠷᠢᠯᠭ᠎ᠠ ᠪᠠᠷᠢᠬᠤ ᠠᠵᠤ ᠠᠬᠤᠶᠢᠯᠠᠯ ᠲᠦᠷᠪᠡᠨ ᠲᠦᠷᠢᠮ ᠳᠤ ᠨᠢᠭᠡ ᠮᠥᠩᠭᠦ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠣᠯᠭᠠᠵᠤ᠂ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠵᠤ᠂ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠠᠰᠠᠭᠤᠳᠠᠯ ᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠵᠦ᠂ ᠬᠥᠯᠥᠰᠥᠨ ᠠᠵᠢᠯᠴᠢᠨ ᠤ ᠬᠥᠳᠡᠯᠮᠦᠷᠢ ᠶᠢᠨ ᠬᠥᠯᠥᠰᠥ ᠬᠠᠷᠠᠮᠵᠢ ᠶᠢᠨ ᠡᠷᠬᠡ ᠠᠰᠢᠭ ᠢ ᠦᠨᠡᠨ ᠬᠦ ᠪᠠᠲᠤᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠮᠠᠨ ᠤ ᠲᠣᠭᠤᠷᠢᠭ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠬᠤ ᠶᠢ ᠠᠬᠢᠭᠤᠯᠤᠨ᠎ᠠ ᠭᠡᠵᠡᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号