2 ᠰᠠᠷ᠎ᠠ ᠶᠢᠨ 14 ᠤ ᠡᠳᠦᠷ ᠤᠨ ᠥᠷᠯᠥᠭᠡ᠂ ᠬᠥᠬᠡᠬᠤᠲᠠ ᠨᠢ ᠬᠦᠰᠡᠭᠰᠡᠭᠡᠷ ᠢᠷᠡᠭᠰᠡᠨ ᠴᠠᠰᠤ ᠶᠢ ᠤᠭᠲᠤᠨ | ᠠᠪᠴᠢᠷᠠᠯ᠎ᠠ᠂ 2019 ᠣᠨ ᠳᠤ ᠠᠩᠬᠠᠨ ᠤ ᠴᠠᠰᠤ᠂ ᠪᠡᠯᠭᠡᠲᠦ ᠴᠠᠰᠤ ᠡᠯᠪᠡᠭ ᠵᠢᠯ ᠤᠨ ᠲᠡᠮᠳᠡᠭ᠂ ᠴᠠᠭᠠᠨ | ᠰᠢᠨ᠎ᠡ ᠶᠢᠨ ᠠᠷᠪᠠᠨ ᠲᠠᠭᠠᠷᠠᠵᠤ᠂ ᠬᠥᠪᠥᠩ ᠴᠠᠰᠤᠨ ᠯᠠᠪᠰᠠᠯᠠᠨ ᠬᠥᠬᠡᠬᠤᠲᠠ ᠳᠤ ᠮᠠᠰᠢ ᠣᠯᠠᠨ ᠷᠣᠮᠠᠨᠲ᠋ᠢᠭ ᠴᠠᠭᠠᠨ | ᠰᠠᠷ᠎ᠠ ᠶᠢᠨ ᠠᠭᠤᠷ ᠠᠮᠢᠰᠬᠤᠯ ᠨᠡᠮᠡᠷᠢᠯᠡᠭᠰᠡᠨ ᠪᠠᠶᠢᠨ᠎ᠠ᠃ ᠡᠭᠦᠨ ᠤ ᠬᠠᠮᠲᠤ ᠪᠠᠰᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯᠴᠢᠨ ᠳᠤ ᠠᠵᠢᠯ ᠤᠨ ᠳᠠᠷᠤᠭᠠᠰᠤ ᠨᠡᠮᠡᠭᠳᠡᠭᠦᠯᠦᠭᠰᠡᠨ ᠪᠠᠶᠢᠨ᠎ᠠ᠂ ᠬᠤᠲᠣᠩ ᠠᠷᠠᠳ ᠤᠨ | ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠲᠣᠪᠴᠢᠶ᠎ᠠ ᠴᠠᠰᠤ ᠣᠷᠣᠭᠰᠠᠨ ᠤ ᠳᠠᠷᠠᠭ᠎ᠠ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠷᠤᠢ ᠲᠦᠷᠭᠡᠨ ᠡᠬᠢᠯᠡᠭᠦᠯᠦᠨ᠂ ᠦᠳᠲᠡᠷ ᠲᠦᠷᠭᠡᠨ ᠢᠶᠠᠷ | ᠠᠵᠢᠯᠴᠢᠨ ᠪᠠ ᠴᠠᠰᠤ ᠠᠷᠢᠯᠭᠠᠬᠤ ᠮᠠᠰᠢᠨ ᠲᠡᠷᠭᠡ ᠶᠢ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠡᠯ᠎ᠡ ᠵᠠᠮ ᠤᠨ | ᠬᠡᠰᠡᠭ ᠲᠤ ᠴᠠᠰᠤ ᠠᠷᠢᠯᠭᠠᠬᠤ ᠠᠵᠢᠯ ᠢ ᠶᠠᠪᠤᠭᠳᠠᠭᠤᠯᠵᠠᠢ᠃ | ᠴᠠᠰᠤ ᠠᠷᠢᠯᠭᠠᠬᠤ ᠠᠵᠢᠯ ᠬᠤᠶᠠᠷ ᠲᠠᠯ᠎ᠠ ᠪᠠᠷ ᠵᠡᠷᠭᠡ ᠪᠠᠷ ᠶᠠᠪᠤᠭᠳᠠᠨ᠎ᠠ᠄ ᠨᠢᠭᠡ ᠲᠠᠯ᠎ᠠ ᠪᠠᠷ᠂ ᠦᠦᠷ ᠤᠨ 4 | ᠄ 30 ᠳᠤ ᠬᠤᠲᠣᠩ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ | ᠲᠣᠪᠴᠢᠶ᠎ᠠ ᠬᠤᠶᠠᠷ ᠰᠠᠭᠤᠷᠢ ᠠᠴᠢᠶᠠᠨ ᠤ ᠮᠠᠰᠢᠨ᠂ 9 ᠰᠠᠭᠤᠷᠢ ᠴᠠᠰᠤᠨ ᠡᠮ ᠰᠠᠴᠤᠬᠤ ᠮᠠᠰᠢᠨ ᠬᠥᠳᠡᠯᠭᠡᠨ᠂ | ᠬᠠᠷᠢᠶ᠎ᠠ ᠣᠷᠣᠨ ᠳᠠᠬᠢ ᠭᠤᠤᠯ ᠪᠠ ᠳᠡᠳ᠋ ᠵᠠᠮ ᠱᠤᠭᠤᠮ ᠤᠨ ᠴᠠᠰᠤ ᠠᠷᠢᠯᠭᠠᠨ ᠬᠠᠶᠢᠯᠠᠭᠤᠯᠬᠤ ᠠᠵᠢᠯ ᠢ | ᠶᠠᠪᠤᠭᠳᠠᠭᠤᠯᠵᠤ᠂ ᠣᠳᠣᠬᠠᠨ ᠪᠣᠯᠲᠠᠯ᠎ᠠ᠂ ᠰᠠᠴᠤᠬᠤ ᠮᠠᠰᠢᠨ ᠪᠤᠯᠠᠭᠠᠨ ᠳᠤᠮᠳᠠᠴᠢ ᠪᠠᠷ 4 ᠤᠳᠠᠭ᠎ᠠ ᠲᠡᠭᠡᠭᠡᠪᠦᠷᠢᠯᠡᠵᠦ | ᠂ ᠨᠢᠭᠡᠨᠲᠡ ᠵᠦᠩ ᠱᠠᠨ ᠵᠠᠮ᠂ ᠰᠣᠶᠣᠯ ᠤᠨ ᠵᠡᠭᠡᠯᠢ᠂ ᠭᠤᠸᠠᠩ ᠮᠢᠩ ᠵᠠᠮ᠂ ᠪᠠᠶᠠᠨ ᠵᠠᠮ᠂ ᠲᠦᠩ ᠳ᠋ᠤᠤ ᠵᠡᠭᠡᠯᠢ᠂ | ᠰᠢᠨᠬᠤᠸᠠ ᠪᠠᠷᠠᠭᠤᠨ ᠵᠡᠭᠡᠯᠢ᠂ ᠴᠢᠩᠭᠢᠰ ᠬᠠᠭᠠᠨ ᠪᠠᠷᠠᠭᠤᠨ ᠵᠡᠭᠡᠯᠢ᠂ ᠪᠠᠷᠠᠭᠤᠨ ᠬᠤᠶᠠᠷᠳᠤᠭᠠᠷ ᠲᠣᠭᠤᠷᠢᠭᠤᠯ ᠵᠠᠮ | ᠵᠡᠷᠭᠡ ᠵᠠᠮ ᠤᠨ ᠬᠡᠰᠡᠭ ᠳᠤ ᠴᠠᠰᠤ ᠠᠷᠢᠯᠭᠠᠨ ᠬᠠᠶᠢᠯᠠᠭᠤᠯᠬᠤ ᠠᠵᠢᠯ ᠶᠠᠪᠤᠭᠳᠠᠭᠤᠯᠵᠤ᠂ ᠪᠤᠰᠤᠳ ᠵᠠᠮ ᠤᠨ ᠬᠡᠰᠡᠭ | ᠳᠤ ᠴᠠᠰᠤ ᠠᠷᠢᠯᠭᠠᠨ ᠬᠠᠶᠢᠯᠠᠭᠤᠯᠬᠤ ᠠᠵᠢᠯ ᠢ ᠶᠠᠭ ᠶᠠᠪᠤᠭᠳᠠᠭᠤᠯᠵᠤ ᠪᠠᠶᠢᠨ᠎ᠠ᠃ ᠨᠦᠬᠦᠭᠡ ᠲᠠᠯ᠎ᠠ ᠪᠠᠷ᠂ ᠬᠥᠮᠦᠨ ᠤ | ᠬᠦᠴᠦ ᠪᠠᠷ ᠭᠤᠣᠯᠳᠠᠯᠭ᠎ᠠ ᠲᠠᠢ ᠪᠤᠯᠬᠤ ᠬᠠᠷᠢᠶ᠎ᠠ ᠣᠷᠣᠨ ᠤ ᠡᠯ᠎ᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠦᠷᠳᠡᠭᠡ᠂ ᠮᠤᠬᠤᠷ ᠰᠤᠪᠠᠭ᠂ ᠶᠠᠪᠠᠭᠠᠨ ᠣᠭᠲᠣᠯᠬᠤ ᠵᠠᠮ᠂ ᠬᠥᠭᠦᠷᠭᠡ ᠵᠠᠮ ᠵᠡᠷᠭᠡ ᠬᠥᠮᠦᠨ ᠬᠠᠷ᠎ᠠ ᠨᠠᠭᠠᠰᠢ | ᠴᠠᠭᠠᠰᠢ ᠣᠯᠠᠨᠲᠠ ᠶᠠᠪᠤᠬᠤ ᠭᠠᠵᠠᠷ᠂ ᠡᠯ᠎ᠡ ᠬᠥᠬᠡᠬᠤᠲᠠ ᠶᠢᠨ ᠥᠷᠲᠡᠭᠡ᠂ ᠰᠢᠯᠵᠢᠮᠡᠯ ᠵᠣᠷᠯᠣᠩ ᠤᠨ 15 ᠮᠧᠲᠷ | ᠬᠡᠪᠴᠢᠶᠡᠨ ᠳᠤ ᠴᠠᠰᠤ ᠠᠷᠢᠯᠭᠠᠬᠤ ᠠᠵᠢᠯ ᠢ ᠬᠠᠮᠲᠤ ᠪᠠᠷ ᠶᠠᠪᠤᠭᠳᠠᠭᠤᠯᠤᠨ᠂ ᠣᠳᠣᠬᠠᠨ ᠪᠣᠯᠲᠠᠯ᠎ᠠ᠂ ᠨᠢᠭᠡᠨᠲᠡ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠨ 1377 ᠬᠥᠮᠥᠨ ᠬᠥᠳᠡᠯᠭᠡᠨ᠂ ᠨᠢᠭᠡᠨᠲᠡ ᠰᠢᠶᠠᠨ ᠤ | ᠵᠠᠰᠠᠭ ᠤᠨ ᠣᠷᠳᠣᠨ ᠤ ᠵᠡᠭᠡᠯᠢ᠂ ᠰᠢᠨᠬᠤᠸᠠ ᠪᠠᠷᠠᠭᠤᠨ ᠵᠡᠭᠡᠯᠢ᠂ ᠵᠠᠮ ᠤᠨ ᠬᠤᠶᠢᠲᠤ ᠵᠡᠭᠡᠯᠢ᠂ ᠪᠠᠶᠠᠨ ᠵᠠᠮ᠂ | ᠬᠠᠶᠢᠯᠠᠷ ᠪᠠᠷᠠᠭᠤᠨ ᠵᠠᠮ᠂ ᠵᠦᠩ ᠱᠠᠨ ᠵᠠᠮ᠂ ᠳ᠋ᠠᠴᠢᠩ ᠵᠠᠮ᠂ ᠬᠤᠶᠢᠲᠤ ᠬᠤᠶᠠᠷᠳᠤᠭᠠᠷ ᠲᠣᠭᠤᠷᠢᠭᠤᠯ ᠵᠠᠮ᠂ | ᠭᠤᠸᠠᠩ ᠮᠢᠩ ᠵᠠᠮ᠂ ᠠᠮᠢ ᠠᠬᠤᠶ ᠶᠢᠨ ᠵᠠᠮ᠂ ᠬᠡᠦ ᠦ᠋ ᠵᠠᠮ ᠵᠡᠷᠭᠡ ᠵᠠᠮ ᠤᠨ ᠬᠡᠰᠡᠭ ᠵᠢᠴᠢ ᠡᠯ᠎ᠡ ᠬᠤᠳᠠ ᠶᠢᠨ | ᠳᠣᠲᠣᠷᠠᠬᠢ ᠲᠣᠰᠬᠤᠨ ᠤ ᠬᠠᠷᠢᠶᠠᠯᠠᠯ ᠵᠠᠮ ᠳᠤ ᠴᠠᠰᠤ ᠠᠷᠢᠯᠭᠠᠬᠤ ᠠᠵᠢᠯ ᠥᠷᠨᠢᠭᠦᠯᠵᠦ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯᠴᠢᠨ ᠨᠢᠭᠡᠨᠲᠡ ᠴᠠᠰᠤᠨ ᠳᠤᠮᠳᠠ ᠲᠠᠪᠤᠨ ᠴᠠᠭ ᠦᠷᠭᠦᠯᠵᠢᠯᠡᠨ ᠠᠵᠢᠯᠯᠠᠭᠰᠠᠨ ᠪᠠᠶᠢᠨ᠎ᠠ᠃ | ᠬᠤᠲᠣᠩ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠲᠣᠪᠴᠢᠶ᠎ᠠ | ᠨᠢ ᠴᠠᠰᠤ ᠠᠷᠢᠯᠭᠠᠬᠤ ᠠᠵᠢᠯ ᠦᠷᠭᠦᠯᠵᠢᠯᠡᠨ ᠥᠷᠨᠢᠭᠦᠯᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠴᠠᠰᠤ ᠣᠷᠣᠬᠤ | ᠨᠢ ᠶᠠᠪᠤᠵᠤ ᠰᠠᠭᠤᠬᠤ ᠳᠤ ᠨᠥᠯᠥᠭᠡ ᠦᠵᠡᠭᠦᠯᠬᠦ ᠶᠢ ᠬᠠᠮᠤᠭ ᠳᠣᠣᠷ᠎ᠠ ᠪᠣᠯᠭᠠᠵᠤ᠂ ᠪᠦᠬᠦ ᠬᠦᠴᠦᠨ ᠢᠶᠠᠷ ᠢᠶᠠᠨ | ᠬᠤᠳᠠ ᠶᠢᠨ ᠠᠷᠠᠳ ᠤᠨ ᠶᠠᠪᠤᠵᠤ ᠰᠠᠭᠤᠬᠤ ᠳᠤ ᠰᠠᠭᠠᠳ ᠦᠭᠡᠢ ᠪᠠᠶᠢᠬᠤ ᠶᠢ ᠪᠠᠲᠤᠯᠠᠨ᠎ᠠ᠃ | ᠬᠤᠲᠣᠩ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠲᠣᠪᠴᠢᠶ᠎ᠠ | ᠠᠳᠡ ᠥᠷᠭᠡᠨ ᠤᠯᠠᠨ ᠬᠤᠳᠠ ᠶᠢᠨ ᠠᠷᠠᠳ ᠳᠤ ᠰᠠᠨᠠᠭᠤᠯᠬᠤ ᠨᠢ᠂ ᠴᠠᠰᠤ ᠲᠠᠢ ᠡᠳᠦᠷ ᠭᠠᠳᠠᠭᠰᠢ ᠭᠠᠷᠬᠤ ᠳᠤ ᠪᠠᠨ | ᠬᠤᠪᠴᠠᠰᠤ ᠬᠤᠨᠠᠷ ᠢᠶᠠᠨ ᠳᠤᠯᠠᠭᠠᠯᠠᠬᠤ ᠪᠠ ᠠᠮᠤᠷ ᠲᠦᠪᠰᠢᠨ ᠭᠠᠳᠠᠭᠰᠢ ᠭᠠᠷᠬᠤ ᠶᠢ ᠠᠩᠬᠠᠷᠴᠤ᠂ ᠲᠡᠷᠭᠡ | ᠤᠨᠠᠭ᠎ᠠ ᠪᠠᠨ ᠲᠣᠭᠲᠠᠭᠤᠨ ᠢᠶᠠᠷ ᠤᠳᠠᠭᠠᠨ ᠵᠢᠯᠣᠭᠤᠳᠴᠤ᠂ ᠬᠡᠷᠪᠡ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯᠴᠢᠨ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠲᠡᠷᠭᠡ ᠠᠵᠢᠯᠯᠠᠬᠤ ᠲᠠᠢ | ᠲᠣᠬᠢᠶᠠᠯᠳᠤᠪᠠᠯ᠂ ᠳᠠᠷᠤᠢ ᠲᠦᠷᠭᠡᠨ ᠵᠠᠶᠢᠯᠠᠨ ᠥᠭᠬᠦ ᠪᠣᠯᠪᠠ ᠦᠦ᠂ ᠤᠯᠠᠨ ᠳᠠᠶᠠᠭᠠᠷ ᠢᠶᠠᠷ ᠢᠶᠠᠨ ᠨᠢᠭᠡᠨ ᠪᠠᠶᠠᠷ | ᠬᠥᠷ ᠲᠠᠢ ᠴᠠᠭᠠᠨ ᠰᠠᠷ᠎ᠠ ᠥᠩᠭᠡᠷᠡᠭᠦᠯᠬᠦ ᠶᠢ ᠬᠦᠰᠡᠨ ᠵᠥᠩᠨᠡᠶ᠎ᠡ︕ | | | | | | | | | | | |