ᠤᠯᠤᠰ ᠤᠨ ᠨᠢᠭᠡᠳᠦᠭᠡᠷ ᠳᠡᠰ ᠤᠨ ᠤᠷᠠᠨ ᠵᠢᠷᠤᠭᠴᠢᠨ᠂ ᠳᠤᠮᠳᠠᠳᠤ ᠤᠯᠤᠰ ᠤᠨ ᠤᠷᠠᠨ ᠵᠢᠷᠤᠭᠴᠢᠳ ᠤᠨ | ᠨᠡᠶᠢᠭᠡᠮᠯᠢᠭ ᠤᠨ ᠭᠡᠰᠢᠭᠦᠨ᠂ ᠦᠪᠦᠷ ᠮᠣᠩᠭᠤᠯ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠬᠡᠷᠡᠭ ᠡᠷᠬᠢᠯᠡᠭᠴᠢ | ᠰᠠᠨᠠᠭᠠᠪᠠᠭᠠᠲᠤᠷ ᠤᠨ ︽ᠨᠡᠭᠦᠳᠡᠯ ᠰᠣᠶᠤᠯ ᠤᠨ ᠢᠷᠠᠭᠤ ᠮᠠᠭᠲᠠᠭᠤ︾ ᠤᠷᠠᠨ ᠪᠢᠴᠢᠯᠭᠡ᠂ ᠤᠷᠠᠨ ᠵᠢᠷᠤᠭ ᠤᠨ | ᠦᠵᠡᠭᠦᠯᠦᠯᠭᠡ 4 ᠳ᠋ᠦ᠋ᠭᠡᠷ ᠰᠠᠷ᠎ᠠ ᠶᠢᠨ 9 ᠤ ᠡᠳᠦᠷ ᠬᠦᠬᠡᠬᠤᠲᠠ ᠳᠤ ᠨᠡᠭᠡᠭᠡᠯᠲᠡ ᠪᠠᠨ ᠬᠢᠯ᠎ᠡ᠃ | ᠤᠯᠤᠰ ᠪᠠᠶᠢᠭᠤᠯᠤᠭᠳᠠᠭᠰᠠᠨ ᠤ 70 ᠵᠢᠯ ᠤᠨ ᠣᠢ ᠳᠤ ᠵᠣᠷᠢᠭᠤᠯᠤᠭᠰᠠᠨ ᠡᠨᠡᠬᠦ ᠦᠵᠡᠭᠦᠯᠦᠯᠭᠡ ᠳᠤ | ᠰᠠᠨᠠᠭᠠᠪᠠᠭᠠᠲᠤᠷ ᠤᠨ 120 ᠭᠠᠷᠤᠢ ᠪᠦᠲᠦᠭᠡᠯ ᠢ ᠳᠡᠯᠭᠡᠨ ᠦᠵᠡᠭᠦᠯᠵᠦ ᠪᠠᠶᠢᠨ᠎ᠠ᠃ | ᠲᠠᠯ᠎ᠠ ᠨᠤᠲᠤᠭ ᠤᠨ ᠦᠨᠳᠦᠰᠦᠲᠡᠨ ᠤ ᠰᠡᠳᠦᠪᠲᠦ ᠤᠷᠠᠨ ᠵᠢᠷᠤᠭ ᠤᠨ ᠰᠢᠯᠭᠠᠷᠠᠭᠰᠠᠨ ᠲᠦᠯᠦᠭᠡᠯᠡᠭᠴᠢ ᠪᠣᠯᠬᠤ | ᠰᠠᠨᠠᠭᠠᠪᠠᠭᠠᠲᠤᠷ ᠤᠨ ᠤᠷᠠᠨ ᠵᠢᠷᠤᠭ ᠨᠢ ᠤᠯᠤᠰ ᠤᠨ ᠮᠦᠽᠧᠢ᠂ ᠤᠯᠤᠰ ᠤᠨ ᠦᠨᠳᠦᠰᠦᠲᠡᠨ ᠤ ᠰᠣᠶᠤᠯ ᠤᠨ | ᠣᠷᠳᠤᠨ ᠳᠤ ᠬᠠᠳᠠᠭᠠᠯᠠᠭᠳᠠᠵᠤ ᠪᠠᠶᠢᠭ᠎ᠠ ᠪᠦᠭᠡᠳ ᠣᠯᠠᠨ ᠤᠷᠠᠨ ᠪᠦᠲᠦᠭᠡᠯ ᠨᠢ ᠰᠢᠶᠠᠩᠭᠠᠩ᠂ ᠲᠠᠶᠢᠸᠠᠨ᠂ ᠶᠠᠫᠤᠨ᠂ | ᠮᠣᠩᠭᠤᠯ ᠵᠡᠷᠭᠡ ᠤᠯᠤᠰ ᠣᠷᠤᠨ ᠳᠤ ᠳᠡᠯᠭᠡᠭᠳᠡᠵᠦ ᠪᠠᠶᠢᠭᠰᠠᠨ ᠶᠤᠮ᠃ | ᠡᠨᠡ ᠤᠳᠠᠭ᠎ᠠ ᠪᠠᠨ ᠬᠦᠬᠡᠬᠤᠲᠠ ᠳᠤ ᠪᠣᠯᠵᠤ ᠪᠠᠶᠢᠭ᠎ᠠ ᠲᠤᠰ ᠦᠵᠡᠭᠦᠯᠦᠯᠭᠡ ᠨᠢ ᠦᠪᠦᠷ ᠮᠣᠩᠭᠤᠯ ᠤᠨ ᠤᠷᠠᠨ | ᠵᠢᠷᠤᠭ ᠤᠨ ᠮᠦᠽᠧᠢ ᠳᠤ 4 ᠳ᠋ᠦ᠋ᠭᠡᠷ ᠰᠠᠷ᠎ᠠ ᠶᠢᠨ 28 ᠤ ᠡᠳᠦᠷ ᠬᠦᠷᠲᠡᠯ᠎ᠡ ᠦᠷᠭᠦᠯᠵᠢᠯᠡᠨ᠎ᠡ᠃ | | |