ᠨᠢᠳᠤᠨ ᠡᠪᠡᠳᠴᠢᠲᠡᠨ ᠳᠤ ᠭᠡᠷᠡᠯ ᠭᠡᠭᠡ ᠬᠦᠷᠭᠡᠳᠡᠭ ︽ᠭᠡᠷᠡᠯᠲᠤ ᠠᠶᠠᠯᠠᠯ︾
ᠨᠡᠶᠢᠲᠡᠯᠡᠭᠰᠡᠨ ᠴᠠᠭ᠄
2019/5/14
      ᠰᠢᠨᠬᠤᠸᠠ ᠨᠧᠲ ᠬᠦᠬᠡᠬᠤᠲᠠ ᠶᠢᠨ 5 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠬᠴᠢ ᠼᠠᠢ ᠪᠦᠤᠤ ᠲᠤᠩ︶ ᠦᠪᠦᠷ ᠮᠤᠩᠭᠤᠯ ᠨᠢ ᠬᠤᠷᠴᠠ ᠭᠡᠷᠡᠯ ᠰᠠᠯᠬᠢ ᠶᠡᠬᠡᠲᠠᠢ ᠪᠦᠰᠡ ᠳᠤ ᠪᠠᠶᠢᠷᠢᠯᠠᠳᠠᠬ ᠢᠶᠠᠷ ᠠᠳᠡᠬᠢ ᠬᠤᠷᠢᠨ ᠲᠦᠮᠡ ᠭᠠᠷᠤᠢ ᠬᠦᠮᠦᠨ ᠨᠢᠳᠤᠨ ᠡᠪᠡᠳᠴᠢᠨ ᠳᠤ ᠨᠡᠷᠪᠡᠭᠳᠡᠵᠡᠢ᠃ ︽ᠭᠡᠷᠡᠯᠲᠤ ᠠᠶᠠᠯᠠᠯ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠡᠳᠡᠭᠡᠷ ᠡᠪᠡᠳᠴᠢᠲᠡᠨ ᠵᠢᠴᠢ ᠲᠡᠳᠡᠨ ᠤ ᠭᠡᠷ ᠪᠦᠯᠢ ᠳᠤ ᠭᠡᠷᠡᠯ ᠭᠡᠭᠡ ᠬᠦᠷᠲᠡᠭᠡᠨ ᠰᠢᠨ᠎ᠡ ᠠᠮᠢᠵᠢᠷᠠᠯ ᠤᠨ ᠬᠦᠴᠦᠨ ᠤᠯᠭᠤᠵᠦ ᠪᠤᠢ᠃     ︽ᠭᠡᠷᠡᠯᠲᠤ ᠠᠶᠠᠯᠠᠯ︾ ᠠᠵᠢᠯᠯᠠᠭ᠎ᠠ ᠨᠢ ᠦᠪᠦᠷ ᠮᠤᠩᠭᠤᠯ ᠤᠨ 12 ᠠᠶᠢᠮᠠᠬ ᠬᠤᠲᠠ ᠶᠢᠨ 48.47 ︵ᠳᠠᠪᠬᠤᠷᠳᠠᠬᠰᠠᠨ ᠲᠤᠭ᠎ᠠ︶ ᠲᠦᠮᠡᠨ ᠬᠦᠮᠦᠨ ᠳᠤ ᠪᠠᠶᠢᠴᠠᠭᠠᠯᠲᠠ ᠬᠢᠵᠦ᠂ ᠴᠠᠭᠠᠨ ᠬᠠᠷᠠᠩ ᠡᠪᠡᠳᠴᠢᠲᠡᠨ ᠳᠤ 20959 ᠤᠳᠠᠭ᠎ᠠ ᠲᠦᠯᠦᠪᠦᠷᠢ ᠦᠭᠡᠢ ᠠᠮᠵᠢᠯᠲᠠ ᠲᠠᠢ ᠮᠠᠰᠠ ᠵᠠᠰᠠᠯ ᠬᠢᠭᠰᠡᠨ ᠪᠠᠶᠢᠨ᠎ᠠ᠃ ᠪᠠᠰᠠ 31.39 ᠲᠦᠮᠡᠨ ᠵᠠᠯᠠᠭᠤ ᠪᠠᠭᠠᠴᠤᠳ ᠲᠤ ᠪᠠᠶᠢᠴᠠᠭᠠᠯᠲᠠ ᠬᠢᠵᠦ᠂ ᠶᠠᠳᠠᠭᠤ ᠬᠦᠴᠢᠷᠳᠡᠯᠳᠡᠢ ᠡᠷᠦᠬᠡ ᠶᠢᠨ 2901 ᠵᠠᠯᠠᠭᠤ ᠪᠠᠭᠠᠴᠤᠳ ᠲᠤ ᠲᠦᠯᠦᠪᠦᠷᠢ ᠦᠭᠡᠢ ᠤᠶᠢᠷ᠎ᠠ ᠬᠠᠷᠠᠭᠠᠨ ᠤ ᠰᠢᠯ ᠲᠤᠬᠢᠷᠠᠭᠤᠯᠤᠨ ᠦᠭᠴᠦ᠂ 493 ᠵᠠᠯᠠᠭᠤ ᠪᠠᠭᠠᠴᠤᠳ ᠲᠤ ᠬᠠᠷᠠᠭ᠎ᠠ ᠵᠠᠰᠠᠬᠤ ᠵᠠᠰᠠᠯ ᠬᠢᠭᠰᠡᠨ ᠪᠠᠶᠢᠨ᠎ᠠ᠃    ᠡᠭᠦᠨ ᠠᠴᠠ ᠭᠠᠳᠠᠨ᠎ᠠ ᠮᠤᠩᠭᠤᠯ ᠤᠯᠤᠰ ᠤᠨ 1040 ᠴᠠᠭᠠᠨ ᠬᠠᠷᠠᠩ ᠡᠪᠡᠳᠴᠢᠲᠡᠨ ᠳᠤ ᠪᠠᠶᠢᠴᠠᠭᠠᠯᠲᠠ ᠬᠢᠵᠦ᠂ ᠵᠠᠭᠤ ᠭᠠᠷᠤᠢ ᠬᠦᠮᠦᠨ ᠳᠤ ᠲᠦᠯᠦᠪᠦᠷᠢ ᠦᠭᠡᠢ ᠮᠠᠰᠠ ᠵᠠᠰᠠᠯ ᠬᠢᠵᠦ ᠦᠭᠴᠡᠢ᠃     ᠨᠡᠶᠢᠭᠡᠮ ᠤᠨ ᠡᠯ᠎ᠡ ᠡᠲᠡᠭᠡᠳ ᠤᠨ ᠬᠢᠨ ᠬᠦᠴᠦᠨ ᠢᠶᠠᠨ ᠲᠦᠪᠯᠡᠷᠡᠭᠦᠯᠵᠦ ︽ᠭᠡᠷᠡᠯᠲᠤ ᠠᠶᠠᠯᠠᠯ︾ ᠢ ᠳᠡᠮᠵᠢᠪᠡ᠃ ᠦᠪᠦᠷ ᠮᠤᠩᠭᠤᠯ ᠤᠨ ᠡᠳ᠋ ᠤᠨ ᠵᠠᠰᠠᠬ ᠤᠨ ᠲᠢᠩᠬᠢᠮ ᠤᠨ 1000 ᠲᠦᠮᠡᠨ ᠲᠦᠭᠦᠷᠢᠭ᠂ ᠦᠪᠦᠷ ᠮᠤᠩᠭᠤᠯ ᠤᠨ ᠢᠷᠭᠡᠨ ᠤ ᠶᠠᠪᠤᠳᠠᠯ ᠤᠨ ᠲᠢᠩᠬᠢᠮ ᠤᠨ 1000 ᠲᠦᠮᠡᠨ ᠲᠦᠭᠦᠷᠢᠭ᠂ ᠡᠪᠡᠳᠴᠢᠲᠡᠨ ᠳᠤ ᠵᠠᠰᠠᠯ ᠬᠢᠵᠦ ᠦᠭᠴᠦ ᠪᠠᠶᠢᠭ᠎ᠠ ᠴᠤᠤ ᠵᠢᠤᠢ᠂ ᠰᠢᠤᠢ ᠶᠦᠩ ᠬᠤᠶᠠᠷ ᠡᠮᠴᠢᠯᠡᠭᠡᠨ ᠤ ᠪᠠᠶᠢᠭᠤᠯᠤᠯᠭ᠎ᠠ ᠶᠢᠨ 500 ᠲᠦᠮᠡᠨ ᠲᠦᠭᠦᠷᠢᠭ ᠬᠢᠭᠡᠳ ᠤᠯᠠᠨ ᠠᠵᠦ ᠠᠬᠤᠶᠢᠯᠠᠯ᠂ ᠪᠤᠶᠠᠬᠰᠠᠬ ᠦᠢᠯᠡ ᠶᠢᠨ ᠪᠠᠶᠢᠭᠤᠯᠤᠮᠵᠢ ᠶᠢᠨ ᠬᠢᠨ ᠤ ᠬᠠᠨᠳᠢᠪᠯᠠᠬᠰᠠᠨ ᠮᠦᠩᠭᠦ ᠲᠦᠭᠦᠷᠢᠭ ᠨᠡᠶᠢᠲᠡ ᠬᠡᠳᠦᠨ ᠮᠢᠩᠭᠠᠨ ᠲᠦᠮᠡ ᠶᠢ ᠳᠠᠪᠠᠭᠰᠠᠨ ᠪᠠᠶᠢᠨ᠎ᠠ᠃
 
ᠢᠷᠡᠯᠲᠡ᠄ ᠰᠢᠨᠬᠤᠧᠠ ᠮᠤᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号