ᠬᠤᠲᠣᠩ ᠠᠷᠠᠳ ᠤᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠡᠯᠭᠡᠨ ᠦᠵᠡᠭᠦᠯᠬᠦ ᠰᠠᠮᠪᠠᠷ᠎ᠠ ᠡᠯᠭᠦᠵᠦ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠪᠠ
ᠨᠡᠶᠢᠲᠡᠯᠡᠭᠰᠡᠨ ᠴᠠᠭ᠄
2019-06-17
     ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠵᠤ᠂ ᠨᠡᠶᠢᠭᠡᠮ  ᠤᠨ ᠨᠥᠯᠥᠭᠡᠯᠡᠬᠦ ᠬᠦᠴᠦᠨ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 8 ᠤ ᠦᠳᠡ ᠶᠢᠨ ᠡᠮᠦᠨ᠎ᠡ᠂ ᠬᠤᠲᠣᠩ ᠠᠷᠠᠳ ᠤᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠣᠭᠤᠷᠢᠭ ᠤᠨ ᠵᠠᠰᠠᠭ ᠤᠨ ᠣᠷᠳᠣᠨ ᠤ ᠡᠮᠦᠨ᠎ᠡ ᠤᠬᠠᠭᠤᠯᠭ᠎ᠠ ᠶᠢᠨ ᠰᠠᠮᠪᠠᠷ᠎ᠠ ᠡᠯᠭᠦᠬᠦ ᠬᠡᠯᠪᠡᠷᠢ ᠪᠠᠷ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠢ ᠤᠬᠠᠭᠤᠯᠪ᠊᠃  
    ᠬᠤᠲᠣᠩ ᠠᠷᠠᠳ ᠤᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠬᠠᠭᠤᠯᠭ᠎ᠠ ᠶᠢᠨ ᠰᠠᠮᠪᠠᠷ᠎ᠠ ᠳᠡᠭᠡᠷ᠎ᠡ ᠢᠯᠠ ᠲᠣᠳᠣ ᠤᠷᠢᠶ᠎ᠠ ᠪᠢᠴᠢᠭᠰᠡᠨ ᠠᠴᠠ ᠭᠠᠳᠠᠨ᠎ᠠ᠂ ᠪᠠᠰᠠ ᠲᠣᠭᠤᠷᠢᠭ ᠤᠨ ᠬᠠᠷ᠎ᠠ ᠪᠦᠯᠦᠭᠲᠡᠨ ᠢ ᠠᠷᠢᠯᠭᠠᠬᠤ ᠠᠯᠪᠠᠨ ᠭᠡᠷ ᠪᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠢᠯᠡᠴᠢᠯᠡᠨ ᠮᠡᠳᠡᠭᠦᠯᠬᠦ ᠬᠠᠯᠠᠭᠤᠨ ᠤᠲᠠᠰᠤ ᠶᠢ ᠳᠠᠷᠤᠮᠠᠯᠯᠠᠨ ᠵᠣᠬᠢᠶᠠᠵᠤ᠂ ᠬᠤᠲᠠ ᠶᠢᠨ ᠠᠷᠠᠳ ᠤᠨ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ ᠴᠠᠭ ᠲᠤᠬᠠᠢ ᠳᠤᠨᠢ ᠢᠯᠡᠴᠢᠯᠡᠨ ᠮᠡᠳᠡᠭᠦᠯᠵᠦ᠂ ᠬᠥᠮᠥᠨ ᠪᠦᠬᠦᠨ ᠮᠡᠳᠡᠬᠦ᠂ ᠬᠥᠮᠥᠨ ᠪᠦᠬᠦᠨ ᠬᠦᠨᠳᠦᠳᠬᠡᠨ ᠦᠵᠡᠬᠦ᠂ ᠬᠥᠮᠥᠨ ᠪᠦᠬᠦᠨ ᠳᠡᠮᠵᠢᠬᠦ ᠤᠬᠠᠭᠤᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠪᠡᠶᠡᠯᠡᠭᠦᠯᠪᠡ᠃ ᠤᠯᠠᠨ ᠲᠦᠮᠡᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠳᠤ ᠣᠷᠣᠯᠴᠠᠬᠤ ᠡᠷᠡᠰ ᠵᠣᠷᠢᠭ ᠪᠠ ᠢᠲᠡᠭᠡᠯ ᠢ ᠨᠡᠮᠡᠭᠳᠡᠭᠦᠯᠵᠦ᠂ ᠬᠤᠳᠠ ᠶᠢᠨ ᠠᠷᠠᠳ ᠤᠨ ᠬᠠᠷ᠎ᠠ ᠪᠦᠯᠦᠭᠲᠡᠨ ᠬᠠᠷᠭᠢᠰ ᠬᠦᠴᠦᠨ ᠲᠠᠢ ᠲᠡᠮᠡᠴᠡᠬᠦ ᠢᠲᠡᠭᠡᠯ ᠢ ᠨᠡᠮᠡᠭᠳᠡᠭᠦᠯᠵᠦ᠂ ᠤᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠡᠶᠢᠭᠡᠮ ᠤᠨ ᠬᠡᠪ ᠰᠤᠷᠲᠠᠯ ᠢ ᠤᠯᠠᠮ ᠴᠢᠨᠠᠭᠰᠢᠳᠠ ᠴᠡᠪᠡᠷᠰᠢᠭᠦᠯᠬᠦ᠂ ᠠᠮᠤᠷ ᠲᠦᠪᠰᠢᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠰᠠᠶᠢᠨ ᠰᠠᠶᠢᠬᠠᠨ ᠨᠡᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号