ᠦᠪᠦᠷ ᠮᠤᠩᠭᠤᠯ ᠤᠨ 600 ᠭᠠᠷᠤᠢ ᠬᠦᠳᠡᠭᠡ ᠲᠤᠰᠬᠤᠨ ᠤ ᠮᠤᠩᠭᠤᠯ ᠡᠮᠴᠢ ᠰᠤᠷᠭᠠᠯᠲᠠ ᠬᠦᠷᠲᠡᠪᠡ
ᠨᠡᠶᠢᠲᠡᠯᠡᠭᠰᠡᠨ ᠴᠠᠭ᠄
2019/6/5
      ᠦᠪᠦᠷ ᠮᠤᠩᠭᠤᠯ ᠤᠨ 12 ᠠᠶᠢᠮᠠᠬ ᠬᠤᠲᠠ ᠶᠢᠨ 600 ᠭᠠᠷᠤᠢ ᠬᠦᠳᠡᠭᠡ ᠲᠤᠰᠬᠤᠨ ᠤ ᠮᠤᠩᠭᠤᠯ ᠡᠮᠴᠢ 6 ᠰᠠᠷ᠎ᠠ ᠶᠢᠨ 1 ᠠᠴᠠ 2 ᠤᠨ ᠡᠳᠦᠷ ᠬᠦᠷᠲᠡᠯ᠎ᠡ ᠬᠦᠬᠡᠬᠤᠲᠠ ᠳᠤ ᠰᠤᠷᠭᠠᠯᠲᠠ ᠳᠤ ᠤᠷᠤᠯᠴᠠᠪᠠ᠃     ᠲᠤᠰ ᠤᠳᠠᠭ᠎ᠠ ᠶᠢᠨ ᠰᠤᠷᠭᠠᠯᠲᠠ ᠶᠢ ᠦᠪᠦᠷ ᠮᠤᠩᠭᠤᠯ ᠤᠨ ᠮᠤᠩᠭᠤᠯ ᠡᠮᠨᠡᠯᠭᠡ ᠶᠢᠨ ᠤᠬᠠᠭᠠᠨ ᠤ ᠨᠡᠶᠢᠭᠡᠮᠯᠢᠭ ᠠᠴᠠ ᠰᠠᠨᠠᠭᠠᠴᠢᠯᠠᠨ᠂ ᠤᠯᠠᠨ ᠤᠯᠤᠰ ᠤᠨ ᠭᠤᠤᠯᠳᠠᠯᠭ᠎ᠠ ᠲᠠᠢ ᠰᠤᠳᠤᠯᠭᠠᠨ ᠤ ᠲᠦᠯᠦᠪᠯᠡᠭᠡ ᠪᠤᠯᠬᠤ ︽ᠦᠨᠳᠦᠰᠦᠲᠡᠨ ᠤ ᠡᠮ ᠢ ᠢᠯᠡᠷᠡᠭᠦᠯᠦᠨ ᠡᠮᠬᠢᠯᠡᠬᠦ ᠬᠢᠭᠡᠳ ᠡᠷᠳᠡᠮ ᠰᠢᠵᠢᠯᠡᠭᠡᠨ ᠤ ᠤᠯᠠᠮᠵᠢᠯᠠᠯ ᠤᠨ ᠰᠤᠳᠤᠯᠭᠠᠨ︾ ᠤ ᠲᠦᠰᠦᠯ ᠤᠨ ᠭᠤᠷᠪᠠᠳᠤᠭᠠᠷ ᠰᠤᠳᠤᠯᠭᠠᠨ ᠤ ᠰᠡᠳᠦᠪ ᠤᠨ ᠪᠠᠬ ᠤᠨ ᠬᠢᠨ ᠵᠤᠬᠢᠶᠠᠨ ᠪᠠᠶᠢᠭᠤᠯᠵᠦ᠂ ᠬᠦᠳᠡᠭᠡ ᠲᠤᠰᠬᠤᠨ ᠤ ᠮᠤᠩᠭᠤᠯ ᠡᠮᠴᠢ ᠶᠢᠨ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠪᠤᠯᠤᠨ ᠮᠤᠩᠭᠤᠯ ᠡᠮᠨᠡᠯᠭᠡ ᠶᠢᠨ ᠦᠢᠯᠡᠰ ᠤᠨ ᠬᠦᠭᠵᠢᠯᠲᠡ ᠳᠠᠬᠢ ᠦᠢᠯᠡᠳᠦᠯ ᠢ ᠪᠠᠳᠠᠷᠠᠭᠤᠯᠤᠨ᠂ ᠬᠦᠳᠡᠭᠡ ᠲᠤᠰᠬᠤᠨ ᠤ ᠮᠤᠩᠭᠤᠯ ᠡᠮᠴᠢ ᠶᠢᠨ ᠡᠩᠨᠡᠭᠡᠨ ᠤ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠴᠢᠩᠭᠠᠳᠬᠠᠵᠦ᠂ ᠬᠦᠳᠡᠭᠡ ᠲᠤᠰᠬᠤᠨ ᠤ ᠮᠤᠩᠭᠤᠯ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠮᠤᠩᠭᠤᠯ ᠡᠮ ᠡᠮᠨᠡᠯᠭᠡ ᠶᠢᠨ ᠠᠵᠢᠯᠲᠠᠳ ᠢ ᠬᠠᠪᠰᠤᠷᠤᠨ ᠮᠤᠩᠭᠤᠯ ᠡᠮ ᠤᠨ ᠤᠨᠴᠠᠯᠢᠬ ᠬᠢᠭᠡᠳ ᠳᠠᠪᠠᠭᠤᠯᠢᠬ ᠢ ᠨᠡᠩ ᠰᠠᠶᠢᠨ ᠪᠠᠳᠠᠷᠠᠭᠤᠯᠬᠤ ᠪᠠᠷ ᠵᠤᠷᠢᠯᠲᠠ ᠪᠠᠨ ᠪᠤᠯᠭᠠᠵᠠᠢ᠃
 
ᠢᠷᠡᠯᠲᠡ᠄ ᠦᠪᠦᠷ ᠮᠤᠩᠭᠤᠯ ᠤᠨ ᠰᠤᠨᠢᠨ ᠮᠡᠳᠡᠭᠡᠨ ᠤ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号