ᠡᠳ᠋ ᠤᠨ ᠵᠠᠰᠠᠭ ᠤᠨ ᠶᠠᠮᠤᠨ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠤᠯᠳᠠᠯᠭ᠎ᠠ ᠲᠠᠢ | ᠠᠵᠢᠯ ᠪᠣᠯᠤᠨ ᠬᠠᠯᠠᠮᠰᠢᠯ ᠠᠰᠠᠭᠤᠳᠠᠯ ᠳᠤ ᠬᠠᠷᠢᠭᠤ ᠥᠭᠪᠡ — | ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 7 ᠰᠠᠷ᠎ᠠ ᠶᠢᠨ 17 ᠤ ᠡᠳᠦᠷ ᠤᠨ ᠮᠡᠳᠡᠭᠡ | ︵ᠰᠤᠷᠪᠤᠯᠵᠢᠯᠠᠭᠴᠢᠴᠢᠦᠶ ᠵᠧ ᠬᠠᠨ︶ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠬᠡᠷᠬᠢᠨ | ᠬᠦᠢᠴᠡᠳᠭᠡᠭᠰᠡᠨ ᠪᠣᠶ︖ ᠡᠳ᠋ ᠤᠨ ᠵᠠᠰᠠᠭ ᠤᠨ ᠶᠠᠳᠠᠭᠤ ᠵᠢᠲ᠋ᠡᠳᠬᠦᠬᠦ ᠪᠠᠯᠠ ᠮᠥᠩᠭᠦ ᠶᠢ ᠵᠠᠩᠭᠢᠯᠠᠭ᠎ᠠ ᠶᠢᠨ | ᠭᠠᠵᠠᠷ ᠲᠤᠨᠢ ᠬᠡᠷᠡᠭᠯᠡᠭᠰᠡᠨ ᠤᠤ ᠦᠭᠡᠢ ᠤᠤ︖ ᠲᠦᠷᠦᠭᠦᠬᠡᠨ᠂ ᠡᠳ᠋ ᠤᠨᠵᠠᠰᠠᠭ ᠤᠨ ᠶᠠᠮᠤᠨ ᠤ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨᠬᠠᠷᠢᠭᠤᠴᠠᠯᠭᠠᠲᠠᠨ | ᠲᠣᠳᠣᠷᠬᠠᠶ ᠳᠠᠩᠰᠠ ᠨᠡᠶᠢᠲᠡᠯᠡᠪᠡ᠃ | ᠤᠢᠢᠷ᠎ᠠ ᠶᠢᠨ ᠵᠢᠯ ᠠᠴᠠ ᠨᠠᠭᠠᠰᠢ᠂ ᠲᠥᠪ ᠤᠨ ᠡᠳ᠋ ᠤᠨ ᠵᠠᠰᠠᠭ ᠠᠴᠠ ᠶᠠᠳᠠᠭᠤ ᠬᠦᠴᠢᠷᠳᠡᠯᠲᠡᠶ ᠭᠠᠵᠠᠷ | ᠣᠷᠣᠨ ᠳ᠋ᠤ᠋ᠡᠩ ᠤᠨ ᠴᠢᠨᠠᠷᠲᠠᠶ ᠰᠢᠯᠵᠢᠭᠦᠯᠦᠨ ᠥᠭᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠪᠠ᠃ | 2019 ᠣᠨ ᠳ᠋ᠤ᠋ᠲ᠋ᠥ᠋ᠪ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 1261 ᠳ᠋ᠦᠩᠰᠢᠭᠤᠷ | ᠲᠥᠭᠦᠷᠢᠭ ᠲᠣᠬᠢᠷᠠᠭᠤᠯᠵᠤ᠂ 4 ᠵᠢᠯᠲ᠋ᠠᠷᠠᠭᠠᠯᠠᠨ ᠵᠢᠯ ᠪᠦᠷᠢ 200 ᠳ᠋ᠦᠩᠰᠢᠭᠤᠷ ᠲᠥᠭᠦᠷᠢᠭ ᠴᠡᠪᠡᠷ | ᠨᠡᠮᠡᠭᠳᠡᠭᠦᠯᠪᠡ᠃ | ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠡᠳ᠋ ᠤᠨ ᠵᠠᠰᠠᠭ ᠤᠨ | ᠶᠠᠮᠤᠨᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠥᠳᠡᠯᠦᠩᠭᠦᠶ ᠬᠢᠨᠠᠨ ᠡᠵᠡᠮᠳᠡᠬᠦ ᠲᠠᠪᠴᠠᠩ ᠢ ᠠᠩᠬ᠎ᠠ | ᠠᠯᠬᠤᠮ ᠪᠠᠶᠢᠭᠤᠯᠪᠠ᠃ᠣᠳᠣᠬᠠᠨ ᠳᠤ᠂ 28 ᠮᠣᠵᠢ ᠣᠷᠣᠨ ᠨᠢ ᠬᠢᠨᠠᠨ ᠡᠵᠡᠮᠳᠡᠬᠦ ᠲᠠᠪᠴᠠᠩ ᠤᠨ | ᠪᠠᠶᠢᠷᠢᠯᠠᠭᠤᠯᠤᠯᠲᠠ ᠶᠢ ᠨᠢᠭᠡᠨᠲᠡ ᠪᠦᠭᠦᠨ ᠢᠪᠡᠶᠡᠯᠡᠭᠦᠯᠵᠦ᠂ 330 ᠲᠤᠰᠬᠠᠶ ᠣᠷᠣᠨ ᠤ ᠲᠡᠰ ᠤᠨ ᠬᠤᠲᠠ᠂ | 2900 ᠭᠠᠷᠤᠶ ᠰᠢᠶᠠᠨ ︵ᠲᠣᠭᠤᠷᠢᠭ︶ ᠢ ᠨᠢᠭᠡᠨᠲᠡᠰᠦ᠋ᠯᠵᠢᠶᠡᠨ ᠳᠤ ᠭᠠᠷᠭᠠᠨ ᠠᠵᠢᠯᠯᠠᠭᠤᠯᠵᠤ ᠬᠡᠷᠡᠭᠯᠡᠵᠡᠢ᠃ | | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠠᠯ᠎ᠠ ᠪᠠᠷ᠂ ᠡᠯ᠎ᠡ ᠱᠠᠲᠤᠨ ᠤ ᠡᠳ᠋ ᠤᠨ ᠵᠠᠰᠠᠭ ᠤᠨ | ᠰᠠᠯᠠᠭ᠎ᠠᠮᠥ᠋ᠴᠢᠷ ᠤᠳ ᠶᠠᠳᠠᠭᠤ ᠶᠢ ᠲᠡᠳᠬᠦᠬᠦ ᠪᠡᠯᠡ ᠮᠥᠩᠭᠦ ᠶᠢᠨ ︽ᠵᠣᠭᠤᠰ ᠵᠠᠷᠤᠪᠠᠯ ᠵᠠᠪᠠᠯ ᠦᠷ᠎ᠡ | ᠪᠦᠲᠦᠮᠵᠢ ᠶᠢ ᠨᠢ ᠠᠰᠠᠭᠤᠬᠤ᠂ᠦᠷ᠎ᠠ ᠪᠦᠲᠦᠮᠵᠢ ᠦᠭᠡᠢ ᠪᠣᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ︾ | ᠬᠠᠮᠢᠶᠠᠷᠤᠯᠳᠠ ᠶᠢᠨ ᠲᠤᠬᠳᠠᠴᠠ ᠶᠢ ᠪᠠᠶᠢᠭᠤᠯᠪᠠ᠃2018 ᠤᠨ ᠤ ᠡᠴᠦᠰ ᠪᠣᠯᠲᠠᠯ᠎ᠠ᠂ ᠪᠥᠬᠦ ᠤᠯᠤᠰ ᠤᠨ 28 | ᠮᠣᠵᠢ ᠣᠷᠣᠨ ᠨᠢ ᠨᠡᠶᠢᠲᠡ ᠪᠠᠷᠤᠬ 11 ᠲᠦᠮᠡᠨ ᠶᠠᠳᠠᠭᠤ ᠵᠢᠲ᠋ᠡᠳᠬᠦᠬᠦ ᠲᠦᠷᠦᠯ ᠵᠦᠢᠯ ᠤᠨ ᠠᠮᠵᠢᠯᠲᠠ | ᠪᠦᠲᠦᠮᠵᠢ ᠶᠢᠨ ᠬᠠᠷᠠᠯᠲᠠ ᠶᠢ ᠲᠠᠬᠯᠠᠵᠤ ᠮᠡᠳᠡᠭᠦᠯᠦᠭᠰᠡᠨ ᠪᠠᠶᠢᠨ᠎ᠠ᠃ 2019ᠤᠨ ᠤ 5 ᠰᠠᠷ᠎ᠠ ᠶᠢᠨ | ᠰᠡᠭᠦᠯᠴᠢ ᠪᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠥᠪᠡᠰᠦᠪᠡᠨᠦᠨᠡᠯᠡᠬᠦ | ᠠᠵᠢᠯ ᠢ ᠨᠢᠭᠡᠨᠲᠡ ᠪᠦᠬᠦᠨ ᠢ ᠪᠡᠶᠡᠯᠡᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠲᠠᠯ᠎ᠠ ᠪᠠᠷ᠂ 2019 ᠤᠨ ᠤ ᠨᠠᠮᠤᠷ ᠤᠨ ᠤᠯᠠᠷᠢᠯ ᠤᠨᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠭᠡᠷ | ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠠᠶᠢᠷᠢ ᠳᠤ ᠰᠠᠭᠤᠭ᠎ᠠ ᠪᠤᠰᠤᠰᠤᠷᠤᠭᠴᠢ ᠶᠢ ᠠᠮᠢᠳᠤᠷᠠᠯ ᠤᠨ | ᠨᠥᠬᠦᠪᠥᠷᠢ ᠶᠢᠨ ᠬᠡᠪᠴᠢᠶᠡᠨ ᠳᠤ ᠣᠷᠣᠭᠤᠯᠤᠨ᠎ᠠ᠃ 2019 ᠣᠨ ᠳᠤ ᠶᠠᠳᠠᠭᠤ ᠬᠦᠴᠢᠷᠳᠡᠯᠲᠡᠶᠭᠠᠵᠠᠷ ᠣᠷᠣᠨ ᠤ | ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ | ᠲᠡᠵᠢᠭᠡᠯᠲᠦᠬᠤᠭᠤᠯᠠ ᠤᠮᠳᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠰᠤᠷᠤᠭᠴᠢ ᠨᠢᠭᠡ ᠪᠦᠷᠢ ᠳᠤ ᠡᠳᠦᠷ ᠪᠦᠷᠢ 4 | ᠲᠥᠭᠦᠷᠢᠭ ᠪᠣᠯᠭᠠᠨᠨᠢᠭᠡᠳᠬᠡᠪᠠ᠃ ᠦᠨᠳᠦᠰᠦᠨ ᠡᠮ ᠡᠮᠨᠡᠯᠭᠡ ᠶᠢᠨ ᠲᠠᠯ᠎ᠠ ᠪᠠᠷ᠂ ᠲᠥᠪ ᠤᠨ ᠡᠳ᠋ ᠤᠨ | ᠵᠠᠰᠠᠭ ᠠᠴᠠ ᠭᠤᠤᠯᠳᠠᠭᠤ ᠡᠮ ᠡᠮᠨᠡᠯᠭᠡ ᠵᠢᠨᠠᠪᠤᠷᠠᠨ ᠲᠤᠰᠠᠯᠠᠬᠤ ᠨᠥᠬᠦᠪᠥᠷᠢ ᠪᠡᠯᠡ ᠮᠥᠩᠭᠦ ᠪᠠᠷ ᠳᠠᠮᠵᠢᠭᠤᠯᠤᠨ | ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠡᠳᠬᠦᠨᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠤᠯᠬᠤ ᠶᠢᠨ ᠬᠠᠮᠲᠤ ᠨᠥᠬᠦᠴᠡᠯ ᠳᠤ ᠨᠡᠶᠢᠴᠡᠬᠦ ᠡᠲᠡᠭᠡᠳ ᠤᠨ ᠬᠤᠪᠢᠬᠥ᠋ᠮᠦᠨ ᠤ ᠦᠪᠡᠰᠦᠪᠡᠨ | ᠬᠠᠷᠢᠭᠤᠴᠠᠬᠤ ᠡᠮ ᠡᠮᠨᠡᠯᠭᠡ ᠶᠢᠨ ᠵᠠᠷᠤᠳᠠᠯ ᠳᠤ ᠨᠥᠬᠦᠪᠥᠷᠢ ᠤᠯᠭᠤᠪᠠ᠃ 2016 — 2019ᠣᠨ ᠪᠤᠯᠳᠠᠯ᠎ᠠ᠂ | ᠲᠥᠪ ᠤᠨ ᠡᠳ᠋ ᠤᠨ ᠵᠠᠰᠠᠭ ᠠᠴᠠ 889.96 ᠳ᠋ᠦᠩᠰᠢᠭᠤᠷ ᠲᠥᠭᠦᠷᠢᠭ ᠤᠨ ᠡᠮ ᠡᠮᠨᠡᠯᠭᠡ ᠶᠢᠨ | ᠠᠪᠤᠷᠠᠨᠲ᠋ᠤᠰᠠᠯᠠᠬᠤ ᠨᠥᠬᠦᠪᠥᠷᠢ ᠮᠥᠩᠭᠦ ᠪᠠᠭᠤᠯᠭᠠᠪᠠ᠃ | ᠣᠷᠣᠨ ᠰᠠᠭᠤᠴᠠ ᠶᠢᠨ ᠠᠮᠤᠷ ᠲᠦᠪᠰᠢᠨ ᠤ ᠲᠠᠯ᠎ᠠ ᠪᠠᠷ᠂ 2019 ᠣᠨ ᠳᠤ ᠡᠳ᠋ ᠤᠨ ᠵᠠᠰᠠᠭ ᠤᠨ | ᠶᠠᠮᠤᠨ᠂ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠪᠥᠬᠦ | ᠤᠯᠤᠰ ᠤᠨ ᠦᠯᠡᠳᠡᠵᠦᠪᠠᠶᠢᠬᠤ ᠲᠠᠩᠰᠠᠯᠠᠵᠤ ᠺᠠᠷᠲᠯᠠᠬᠰᠠᠨ ᠶᠠᠳᠠᠭᠤ ᠬᠦᠴᠢᠷᠳᠡᠯᠲᠡᠶ ᠡᠷᠦᠬᠡ ᠵᠡᠷᠭᠡ | ᠳᠥᠷᠪᠡᠨ ᠲᠥᠷᠥᠯ ᠤᠨ ᠭᠤᠤᠯᠳᠠᠯᠭ᠎ᠠ ᠲᠠᠢᠡᠲᠡᠭᠡᠳ ᠤᠨ ᠬᠠᠳᠠᠭᠠᠯᠠᠬᠳᠠᠵᠤ ᠪᠠᠶᠢᠬᠤ ᠨᠤᠷᠠᠬᠤ ᠠᠶᠤᠯᠲᠠᠶ ᠭᠡᠷ | ᠪᠠᠶᠢᠰᠢᠩ ᠢ ᠥᠭᠡᠷᠡᠴᠢᠯᠡᠨ ᠰᠢᠨᠡᠳᠭᠡᠭᠦ ᠡᠭᠦᠷᠭᠡ ᠶᠢ ᠨᠢᠭᠡ ᠯᠡᠤᠳᠠᠭ᠎ᠠ ᠳᠤ ᠪᠦᠬᠦᠨ ᠢ ᠪᠠᠭᠤᠯᠭᠠᠵᠤ᠂ ᠡᠯ᠎ᠡ | ᠭᠠᠵᠠᠷ ᠤᠨ ᠬᠢᠨ ᠢ 2020 ᠤᠨ ᠤ 6 ᠰᠠᠷ᠎ᠠ ᠶᠢᠨ ᠰᠡᠭᠦᠯᠴᠢ ᠠᠴᠠ ᠡᠮᠦᠨᠡᠪᠠᠷᠢᠯᠭᠠ ᠶᠢᠨ ᠠᠵᠢᠯ ᠢᠶᠠᠨ | ᠪᠦᠬᠦᠨ ᠢ ᠳᠠᠭᠤᠰᠬᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ︽ᠭᠤᠷᠪᠠᠨ ᠤᠷᠤᠨᠭᠤᠷᠪᠠᠨ ᠵᠧᠤ︾ | ᠵᠡᠷᠭᠡ ᠣᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠳᠥᠷᠪᠡᠨ ᠲᠥᠷᠥᠯ ᠤᠨ | ᠭᠤᠤᠯᠳᠠᠯᠭ᠎ᠠ ᠲᠠᠢᠡᠲᠡᠭᠡᠳ ᠤᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠭᠡᠭᠦ | ᠨᠥᠬᠦᠪᠥᠷᠢ ᠶᠢᠨ ᠪᠠᠷᠢᠮᠵᠢᠶ᠎ᠠ ᠶᠢ ᠪᠥᠬᠦᠤᠯᠤᠰ ᠤᠨ ᠡᠷᠦᠬᠡ ᠪᠦᠷᠢ ᠳᠤ ᠳᠤᠮᠳᠠᠴᠢ ᠪᠠᠷ 1.4 ᠲᠦᠮᠡᠨ ᠲᠥᠭᠦᠷᠢᠭ | ᠥᠭᠭᠦᠭᠰᠡᠨ ᠰᠠᠭᠤᠷᠢᠨ ᠳᠡᠭᠡᠷ᠎ᠡ ᠡᠷᠦᠬᠡ ᠪᠦᠷᠢ ᠳᠤ0.2 ᠲᠦᠮᠡᠨ ᠲᠥᠭᠦᠷᠢᠭ ᠳᠡᠭᠡᠭᠰᠢᠯᠡᠭᠦᠯᠪᠠ᠃ | ᠤᠤᠭᠤᠬᠤ ᠤᠰᠤᠨ ᠤ ᠠᠮᠤᠷ ᠲᠦᠪᠰᠢᠨ ᠤ ᠲᠠᠯ᠎ᠠ ᠪᠠᠷ᠂ ︽ᠠᠷᠪᠠᠨ ᠭᠤᠷᠪᠠᠳᠤᠭᠠᠷ ᠲᠠᠪᠤᠨ ᠵᠢᠯ︾ | ᠤᠨᠬᠤᠭᠤᠴᠠᠭᠠᠨ ᠳᠤ᠂ ᠲᠥᠪ ᠤᠨ ᠡᠳ᠋ ᠤᠨ ᠵᠠᠰᠠᠭ ᠠᠴᠠ ᠨᠢᠭᠡᠨᠲᠡ ᠲᠥᠪ ᠤᠨ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠪᠡᠯᠡᠣᠷᠣᠭᠤᠯᠤᠯᠲᠠ ᠪᠠᠷ ᠳᠠᠮᠵᠢᠭᠤᠯᠤᠨ 220 ᠳ᠋ᠦᠩᠰᠢᠭᠤᠷ ᠲᠥᠭᠦᠷᠢᠭ ᠤᠨ ᠪᠡᠯᠡ ᠮᠥᠩᠭᠦ | ᠲᠣᠬᠢᠷᠠᠭᠤᠯᠵᠤ ᠬᠥᠳᠡᠭᠡ ᠲᠣᠰᠬᠤᠨ ᠤᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ | ᠢᠨᠵᠧᠨᠧᠷᠢᠩ ᠢ ᠳᠡᠮᠵᠢᠪᠡ᠂ ᠡᠨᠡᠬᠦ ᠰᠠᠭᠤᠷᠢᠨᠲ᠋ᠡᠭᠡᠷ᠎ᠡ᠂ 2019 — 2020 ᠣᠨ ᠳᠤ ᠬᠥᠳᠡᠭᠡ | ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠤᠨ | ᠪᠡᠯᠡ ᠮᠥᠩᠭᠦ ᠶᠢ ᠦᠷᠭᠦᠯᠵᠢᠯᠡᠨ 60 ᠳ᠋ᠦᠩᠰᠢᠭᠤᠷ ᠲᠥᠭᠦᠷᠢᠭᠲ᠋ᠣᠬᠢᠷᠠᠭᠤᠯᠵᠤ᠂ ᠣᠨᠴᠠ ᠶᠠᠳᠠᠭᠤ | ᠬᠦᠴᠢᠷᠳᠡᠯᠲᠡᠶ ᠭᠠᠵᠠᠷ ᠣᠷᠣᠨ ᠤ ᠲᠠᠩᠰᠠᠯᠠᠵᠤ ᠺᠠᠷᠲᠯᠠᠬᠰᠠᠨ ᠶᠠᠳᠠᠭᠤ ᠬᠦᠴᠢᠷᠳᠡᠯᠲᠡᠶ ᠬᠥᠮᠦᠨᠠᠮᠠ ᠶᠢᠨ ᠤᠤᠭᠤᠬᠤ | ᠤᠰᠤᠨ ᠤ ᠠᠮᠤᠷ ᠲᠦᠪᠰᠢᠨ ᠤ ᠠᠰᠠᠭᠤᠳᠠᠯ ᠵᠢᠴᠢ ᠤᠤᠭᠤᠬᠤ ᠤᠰᠤᠨ ᠳᠠᠬᠢ ᠹᠯᠣᠷ | ᠪᠠᠷᠢᠮᠵᠢᠶ᠎ᠠ ᠡᠴᠠᠬᠡᠳᠦᠷᠡᠭᠰᠡᠨ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠭᠦ ᠪᠠᠷ ᠪᠠᠶᠢᠨ᠎ᠠ᠃ 2019 | ᠣᠨ ᠳᠤ ᠲᠥᠪ ᠤᠨ ᠡᠳ᠋ ᠤᠨᠵᠠᠰᠠᠭ ᠠᠴᠠ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ ᠪᠠᠷ | ᠲᠠᠮᠵᠢᠭᠤᠯᠤᠨ 14.5 ᠳ᠋ᠦᠩᠰᠢᠭᠤᠷ ᠲᠥᠭᠦᠷᠢᠭᠲ᠋ᠣᠬᠢᠷᠠᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ | ᠪᠠᠷᠢᠯᠭ᠎ᠠ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠢᠠᠩᠬᠠ ᠤᠳᠠᠭ᠎ᠠ ᠲᠥᠪ ᠤᠨ ᠡᠳ᠋ ᠤᠨ ᠵᠠᠰᠠᠭ ᠤᠨ | ᠨᠥᠬᠦᠪᠥᠷᠢ ᠥᠭᠬᠦ ᠬᠡᠪᠴᠢᠶᠡᠨ ᠳᠤ ᠣᠷᠣᠭᠤᠯᠪᠠ᠃ | | |