ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ | ᠠᠵᠢᠯᠲᠠᠨ ᠠᠵᠢᠯᠴᠢᠨ ᠤ ᠡᠭᠦᠳᠦᠯᠲᠡ ᠶᠢᠨ ᠦᠷ᠎ᠡ ᠪᠦᠲᠦᠭᠡᠯ ᠤᠨ ᠦᠵᠡᠭᠦᠯᠦᠯᠭᠡ ᠥᠨᠳᠥᠷᠯᠡᠪᠡ᠃ ᠲᠤᠰ | ᠤᠳᠠᠭᠠᠨ ᠤ ᠦᠷ᠎ᠡ ᠪᠦᠲᠦᠭᠡᠯ ᠤᠨ ᠦᠵᠡᠭᠦᠯᠦᠯᠭᠡ ᠨᠢ ᠠᠵᠢᠯᠲᠠᠨ ᠠᠵᠢᠯᠴᠢᠨ ᠤ ᠮᠡᠷᠭᠡᠵᠢᠯ ᠤᠨ ᠰᠢᠨ᠎ᠡ ᠶᠢ ᠡᠭᠦᠳᠬᠦ | ᠲᠠᠪᠴᠠᠩ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠵᠢᠯᠲᠠᠨ ᠠᠵᠢᠯᠴᠢᠨ ᠲᠦᠮᠡᠨ ᠳᠤ ᠣᠶᠢᠯᠡᠴᠢᠯᠡᠬᠦ ᠠᠷᠭ᠎ᠠ | ᠪᠠᠷᠢᠯ ᠢ ᠰᠢᠨᠡᠴᠢᠯᠡᠵᠦ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠬᠥᠭᠵᠢᠭᠡᠬᠦ ᠵᠡᠷᠭᠡ ᠲᠠᠯ᠎ᠠ ᠪᠠᠷ ᠠᠰᠢᠭᠲᠠᠶ ᠬᠠᠶᠢᠨ ᠰᠦᠪᠡᠭᠴᠢᠯᠡᠯᠲᠡ ᠬᠢᠪᠡ᠃ ᠰᠢᠨ᠎ᠡ ᠶᠢ ᠡᠭᠦᠳᠦᠭᠰᠡᠨ | ᠦᠷ᠎ᠡ ᠪᠦᠲᠦᠭᠡᠯ ᠢ ᠳᠡᠯᠭᠡᠨ ᠦᠵᠡᠭᠦᠯᠬᠦ᠂ ᠰᠢᠨ᠎ᠡ ᠶᠢ ᠡᠭᠦᠳᠬᠦ ᠳᠠᠭᠠᠭᠤᠯᠤᠭᠴᠢ ᠶᠢ ᠰᠣᠯᠢᠯᠴᠠᠭᠤᠯᠬᠤ᠂ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠬᠤ ᠂ ᠠᠵᠢᠯᠳᠠᠨ ᠠᠵᠢᠯᠴᠢᠨ ᠤ ᠰᠢᠨ᠎ᠡ ᠶᠢ ᠡᠭᠦᠳᠬᠦ ᠬᠥᠭᠵᠢᠯᠲᠡ ᠶᠢᠨ | ᠰᠤᠳᠤᠯᠤᠨ ᠶᠠᠷᠢᠯᠴᠠᠬᠤ ᠰᠣᠯᠢᠯᠴᠠᠭ᠎ᠠ ᠬᠢᠬᠦ ᠲᠦᠷᠪᠡᠨ ᠲᠠᠪᠴᠠᠩ ᠢ ᠪᠠᠶᠢᠭᠤᠯᠪᠠ᠃ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠲᠠᠨᠢᠯᠴᠠᠭᠤᠯᠬᠤ ᠬᠤᠷᠠᠯ ᠢ ᠠᠮᠵᠢᠯᠲᠠ ᠲᠠᠢ ᠡᠷᠬᠢᠯᠡᠵᠦ᠂ 22 ᠠᠵᠤ ᠠᠬᠤᠶᠢᠯᠠᠯ ᠵᠢᠴᠢ | ᠰᠢᠨ᠎ᠡ ᠣᠶᠢᠯᠡᠳᠬᠦᠨ ᠢ ᠲᠣᠭᠯᠠᠯᠲᠠ ᠭᠠᠷᠭᠠᠬᠤ ᠠᠷᠭ᠎ᠠ ᠮᠠᠶ᠋ᠢᠭ ᠢᠶᠠᠷ ᠳᠡᠯᠭᠡᠨ ᠦᠵᠡᠭᠦᠯᠵᠦ᠂ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠣᠶᠢᠯᠠᠭᠠᠭᠳᠠᠬᠤᠨ ᠪᠣᠯᠤᠨ ᠰᠢᠨ᠎ᠡ ᠶᠢ ᠡᠭᠦᠳᠬᠦ ᠦᠷ᠎ᠡ ᠪᠦᠲᠦᠭᠡᠯ ᠢ ᠤᠯᠠᠮᠵᠢᠯᠠᠨ ᠳᠡᠯᠭᠡᠷᠡᠭᠦᠯᠵᠦ | ᠂ 63 ᠰᠢᠨ᠎ᠡ ᠰᠢᠯᠢᠳᠡᠭ ᠦᠷ᠎ᠡ ᠪᠦᠲᠦᠭᠡᠯ ᠢ ᠰᠢᠯᠭᠠᠷᠠᠭᠤᠯᠬᠤ ᠶᠢᠨ ᠬᠠᠮᠲᠤ᠂ ᠬᠥᠬᠢᠭᠦᠯᠦᠨ ᠰᠠᠶᠢᠰᠢᠶᠠᠵᠠᠢ︔ ᠪᠦᠬᠦ | ᠣᠷᠣᠨ ᠤ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠠᠵᠢᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ | ᠠᠬᠤᠢ ᠲᠠᠯᠠᠪᠠᠢ ᠶᠢᠨ ᠲᠤᠷᠰᠢᠯᠭ᠎ᠠ ᠰᠣᠯᠢᠯᠴᠠᠬᠤ ᠬᠤᠷᠠᠯ ᠢ ᠠᠮᠵᠢᠯᠲᠠ ᠲᠠᠢ ᠡᠷᠬᠢᠯᠡᠵᠦ᠂ ᠰᠢᠨ᠎ᠡ ᠶᠢ ᠡᠭᠦᠳᠬᠦ | ᠠᠵᠢᠯ ᠤᠨ ᠲᠠᠰᠤᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠬᠦ ᠵᠢᠴᠢ ᠣᠶᠢᠯᠡᠳᠣᠯ ᠢ ᠪᠠᠳᠠᠷᠠᠭᠤᠯᠬᠤ | ᠵᠡᠷᠭᠡ ᠲᠠᠯ᠎ᠠ ᠶᠢᠨ ᠲᠤᠷᠰᠢᠯᠭ᠎ᠠ ᠪᠠ ᠠᠷᠭ᠎ᠠ ᠬᠢᠳᠡᠯ ᠤᠨ ᠲᠣᠭᠤᠷᠢᠨ ᠳᠤ ᠰᠤᠷᠤᠯᠴᠠᠨ ᠰᠣᠯᠢᠯᠴᠠᠵᠤ᠂ ᠪᠥᠬᠦ | ᠣᠷᠣᠨ ᠤ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠠᠵᠢᠯ ᠤᠨ ᠲᠠᠰᠤᠭ ᠤᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠬᠤ ᠲᠤᠬᠠᠶ ᠪᠠᠶᠢᠷᠢᠯᠠᠭᠤᠯᠤᠯᠲᠠ ᠬᠢᠪᠡ︔ ᠠᠵᠢᠯᠲᠠᠨ ᠠᠵᠢᠯᠴᠢᠨ ᠤ ᠮᠡᠷᠭᠡᠵᠢᠯ ᠤᠨ ᠰᠢᠨ᠎ᠡ ᠶᠢ | ᠡᠭᠦᠳᠬᠦ ᠦᠷ᠎ᠡ ᠪᠦᠲᠦᠭᠡᠯ ᠤᠨ ᠬᠤᠪᠢᠷᠠᠭᠤᠯᠤᠯᠲᠠ ᠳᠤ ᠪᠦᠬᠦ ᠬᠡᠯᠬᠢᠶ᠎ᠡ ᠣᠶᠢᠯᠡᠴᠢᠯᠡᠭᠡ᠂ ᠪᠦᠬᠦ ᠲᠠᠯ᠎ᠠ ᠶᠢᠨ | ᠳᠡᠮᠵᠢᠯᠭᠡ᠂ ᠪᠦᠬᠦ ᠶᠠᠪᠤᠴᠠ ᠶᠢᠨ ᠪᠠᠲᠤᠯᠠᠭ᠎ᠠ ᠬᠠᠩᠭᠠᠵᠣ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ | ᠰᠣᠯᠢᠯᠴᠠᠨ ᠳᠡᠯᠭᠡᠷᠡᠭᠦᠯᠬᠦ ᠪᠠ ᠬᠤᠪᠢᠷᠠᠭᠤᠯᠤᠨ ᠬᠡᠷᠡᠭᠯᠡᠬᠦ ᠶᠢ ᠶᠡᠬᠡᠪᠡᠷ ᠠᠬᠢᠭᠤᠯᠵᠠᠢ︔ ᠠᠵᠢᠯᠲᠠᠨ ᠠᠵᠢᠯᠴᠢᠨ ᠤ | ᠰᠢᠨ᠎ᠡ ᠶᠢ ᠡᠭᠦᠳᠬᠦ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠠᠮᠵᠢᠯᠲᠠ ᠲᠠᠢ ᠪᠠᠷ ᠡᠷᠬᠢᠯᠡᠵᠦ᠂ ᠪᠦᠬᠦ | ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠪᠣᠯᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠰᠠᠯᠠᠭ᠎ᠠ | ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠮᠥᠩᠭᠦᠨ ᠬᠦᠢᠯᠭᠡᠭᠡᠨ ᠤ ᠬᠦᠷᠢᠶᠡᠨ ᠤ ᠲᠣᠰᠠᠬᠠᠢ | ᠮᠡᠷᠭᠡᠵᠢᠯᠳᠡᠨ᠂ ᠲᠣᠮᠣ ᠤᠯᠤᠰ ᠤᠨ ᠤᠷᠠᠨ ᠳᠠᠷᠬᠠᠨ᠂ ᠬᠥᠬᠡ ᠵᠠᠭᠠᠮᠠᠳᠠᠨ ᠤ ᠮᠡᠷᠭᠡᠵᠢᠯᠳᠡᠨ ᠵᠡᠷᠭᠡ ᠶᠢ ᠤᠷᠢᠵᠤ | ᠳᠡᠭᠡᠳᠦ ᠲᠠᠰ ᠤᠨ ᠦᠵᠡᠯ ᠰᠠᠨᠠᠭ᠎ᠠ ᠶᠢ ᠲᠥᠪᠯᠡᠷᠡᠭᠦᠯᠦᠨ᠂ ᠣᠶᠤᠨ ᠤᠬᠠᠭᠠᠨ ᠤ ᠣᠴᠢ ᠶᠢ ᠴᠠᠬᠢᠯᠠᠭᠤᠯᠵᠦ᠂ | ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠠᠶᠢᠯᠪᠣᠷᠢᠯᠠᠵᠤ᠂ ᠠᠵᠢᠯᠲᠠᠨ ᠠᠵᠢᠯᠴᠢᠨ ᠤ ᠮᠡᠷᠭᠡᠵᠢᠯ ᠤᠨ ᠰᠢᠨ᠎ᠡ | ᠡᠭᠦᠳᠦᠯᠲᠡ ᠶᠢ ᠨᠡᠩ ᠰᠠᠶᠢᠨ ᠥᠷᠨᠢᠭᠦᠯᠬᠦ ᠳᠤ ᠣᠨᠣᠯ ᠪᠣᠯᠤᠨ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ | ᠬᠠᠩᠭᠠᠵᠠᠢ᠃ | ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠵᠡᠷᠭᠡ 10 ᠨᠢᠭᠡᠴᠡ ︽ᠥᠪᠡᠷᠲᠡᠭᠡᠨ ᠵᠠᠰᠠᠬᠤ ᠣᠷᠣᠨ ᠤ | ᠠᠩᠬᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠮᠡᠷᠭᠡᠵᠢᠯ ᠤᠨ ᠡᠭᠦᠳᠦᠯᠲᠡ ᠵᠢᠨᠦᠷ᠎ᠡ ᠪᠦᠲᠦᠭᠡᠯ ᠤᠨ | ᠦᠵᠡᠭᠦᠯᠦᠯᠭᠡ ᠶᠢᠨ ᠰᠠᠶᠢᠨ ᠵᠣᠬᠢᠶᠠᠨ ᠪᠠᠶᠢᠭᠤᠯᠤᠭᠰᠠᠨ ᠨᠢᠭᠡᠴᠡ︾ ᠶᠢᠨ ᠢᠷᠠᠭᠤ ᠠᠯᠳᠠᠷ ᠢ ᠭᠥᠷᠳᠡᠪᠡ︔ ᠳᠠᠯᠠᠨ | ᠬᠠᠷ᠎ᠠ ᠠᠭᠤᠯᠠ ᠶᠢᠨ ᠰᠢ ᠶᠧ ᠪᠠᠶ ᠾᠧ ᠵᠡᠷᠭᠡ 63 ᠲᠥᠷᠥᠯ ᠵᠦᠢᠯ ᠨᠢ ᠦᠪᠡᠷᠳᠡᠭᠡᠨ ᠵᠠᠰᠠᠬᠤ ᠣᠷᠣᠨ ᠤ | ᠠᠩᠬᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠮᠡᠷᠭᠡᠵᠢᠯ ᠤᠨ ᠡᠬᠦᠳᠦᠯᠲᠡ ᠶᠢᠨ ᠦᠷ᠎ᠡ ᠪᠦᠲᠦᠭᠡᠯ ᠤᠨ | ᠦᠵᠡᠭᠦᠯᠦᠯᠭᠡ ᠳᠤ ᠰᠢᠯᠢᠳᠡᠭ ᠰᠢᠨ᠎ᠡ ᠪᠦᠲᠦᠭᠡᠯ ᠤᠨ ᠱᠠᠩᠨᠠᠯ ᠣᠯᠵᠤ᠂ ᠡᠭᠦᠨ ᠳᠤ ᠨᠢᠭᠡᠳᠦᠭᠡᠷ ᠳᠡᠰ ᠤᠨ ᠱᠠᠩᠨᠠᠯ | 12 ᠲᠥᠷᠥᠯ᠂ ᠬᠤᠶᠠᠳᠤᠭᠠᠷ ᠳᠡᠰ ᠤᠨ ᠱᠠᠩᠨᠠᠯ 15 ᠲᠥᠷᠥᠯ᠂ ᠭᠤᠷᠪᠠᠳᠤᠭᠠᠷ ᠳᠡᠰ ᠤᠨ ᠱᠠᠩᠨᠠᠯ 17 ᠲᠦᠷᠦᠯ᠂ | ᠰᠢᠯᠢᠳᠡᠭ ᠱᠠᠩᠨᠠᠯ 19 ᠲᠦᠷᠦᠯ ᠪᠤᠢ᠃ ︵ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ | ᠰᠦ ᠶᠦᠩ ᠱᠧᠩ︶ | http://mongol.people.com.cn/15826138.html | | |