ᠬᠥᠬᠡᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯᠳᠤᠭᠠᠨ ᠠᠴᠠ ᠪᠠᠲᠤᠯᠠᠭᠰᠠᠨ ︽︿ | ᠬᠥᠬᠡᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠤᠭᠲᠠᠭᠠᠯ﹀ ᠳᠤ ᠵᠠᠰᠠᠪᠤᠷᠢ ᠣᠷᠣᠭᠤᠯᠬᠤ ᠲᠤᠬᠠᠶ | ᠬᠥᠬᠡᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ︾ | ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯᠳᠤᠭᠠᠨ ᠢᠶᠠᠷ | ᠵᠥᠪᠰᠢᠶᠡᠷᠡᠭᠦᠯᠵᠦ᠂ 2020 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃ | 7 ᠳ᠋ᠤᠭᠠᠷ ᠰᠠᠷ᠎ᠠ ᠶᠢᠨ 31 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠠᠴᠠ ᠡᠷᠭᠢᠯᠡᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠰᠢᠨ᠎ᠡ ᠪᠠᠷ ᠵᠠᠰᠠᠪᠤᠷᠢ | ᠤᠷᠤᠭᠤᠯᠤᠭᠰᠠᠨ ︽ᠬᠥᠬᠡᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠣᠭᠲᠠᠭᠠᠯ︾ ᠳᠤ ᠵᠢᠷᠭᠤᠭᠠᠨ | ᠲᠠᠯ᠎ᠠ ᠪᠠᠷ ᠨᠠᠷᠢᠨ ᠲᠠᠶᠢᠯᠤᠮᠵᠢ ᠬᠢᠪᠠ᠃ | ᠨᠢᠭᠡ᠂ ᠨᠣᠬᠠᠶ ᠲᠡᠵᠢᠭᠡᠬᠦ ᠬᠠᠮᠢᠶᠠᠷᠤᠯᠲᠠ ᠶᠢᠨ ᠵᠠᠷᠤᠳᠠᠯ ᠢ ᠪᠠᠲᠤᠯᠠᠬᠤ ᠲᠣᠭᠲᠠᠴᠠ ᠶᠢ ᠨᠡᠮᠡᠪᠡ | ᠵᠠᠷᠤᠳᠠᠯ ᠤᠨ ᠠᠰᠠᠭᠤᠳᠠᠯ ᠪᠣᠯ ᠨᠣᠬᠠᠶ ᠲᠡᠵᠢᠭᠡᠬᠦ ᠬᠠᠮᠢᠶᠠᠷᠤᠯᠲᠠ ᠶᠢ ᠴᠢᠩᠭᠠᠳᠬᠠᠵᠤ᠂ ᠨᠣᠬᠠᠶ ᠶᠢᠨ | ᠲᠥᠷᠥᠯ ᠤᠨ ᠮᠡᠳᠡᠭᠡ ᠵᠠᠩᠬᠢᠴᠢᠯᠠᠯᠲᠠ ᠶᠢᠨ ᠦᠢᠯᠡᠴᠢᠯᠡᠭᠡ ᠶᠢ ᠠᠬᠢᠭᠤᠯᠬᠤ ᠴᠢᠬᠤᠯᠠ ᠪᠠᠲᠤᠯᠠᠭ᠎ᠠ ᠪᠣᠯᠤᠨ᠎ᠠ᠃ ︽ | ᠬᠥᠬᠡᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠣᠭᠲᠠᠭᠠᠯ︾ ᠤᠨ ᠲᠠᠪᠤᠳᠤᠭᠠᠷ ᠵᠦᠢᠯ ᠳᠤ ᠵᠠᠷᠤᠳᠠᠯ ᠢ | ᠪᠠᠲᠤᠯᠠᠬᠤ ᠵᠦᠢᠯ ᠵᠤᠷᠪᠤᠰ ᠢ ᠨᠡᠮᠡᠵᠦ᠂ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠤᠷᠳᠤᠨ ᠨᠢ ᠨᠣᠬᠠᠶ ᠲᠡᠵᠢᠭᠡᠬᠦ ᠬᠠᠮᠢᠶᠠᠷᠤᠯᠲᠠ ᠶᠢᠨ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠦᠴᠢᠷ ᠤᠨ ᠲᠥᠰᠥᠪ ᠲᠤ ᠣᠷᠣᠭᠤᠯᠬᠤ ᠬᠡᠷᠡᠭᠲᠡᠶ ᠭᠡᠵᠦ ᠲᠣᠭᠲᠠᠭᠠᠪᠠ᠃ | ᠬᠤᠶᠠᠷ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ ᠨᠣᠬᠠᠶ ᠲᠡᠵᠢᠭᠡᠬᠦ | ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠬᠦᠯᠪᠡ | ᠨᠣᠬᠠᠶ ᠲᠡᠵᠢᠭᠡᠬᠦ ᠬᠠᠮᠢᠶᠠᠷᠤᠯᠲᠠ ᠨᠢ ᠨᠢᠭᠡᠨ ᠶᠡᠷᠦᠩᠬᠡᠶᠢᠯᠡᠭᠰᠡᠨ ᠴᠢᠨᠠᠷᠲᠠᠶ ᠬᠠᠮᠢᠶᠠᠷᠤᠯᠲᠠ ᠶᠢᠨ ᠠᠵᠢᠯ ᠪᠣᠯᠬᠤᠷ | ᠂ ᠬᠠᠤᠯᠢ ᠬᠡᠷᠡᠭᠵᠢᠭᠦᠯᠬᠦ ᠳᠤ ᠨᠡᠯᠢᠶᠡᠳ ᠬᠦᠴᠢᠷᠲᠡᠶ ᠪᠠᠶᠢᠳᠠᠭ᠃ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠨ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠨᠣᠬᠠᠶ ᠲᠡᠵᠢᠭᠡᠬᠦ | ᠬᠠᠮᠢᠶᠠᠷᠤᠯᠲᠠ ᠶᠢ ᠦᠨᠡᠨᠬᠦ ᠪᠦᠲᠦᠮᠵᠢᠲᠡᠶ ᠴᠢᠩᠭᠠᠳᠬᠠᠬᠤ ᠶᠢᠨ ᠲᠦᠯᠦᠭᠡ ᠭᠤᠷᠪᠠᠨ ᠲᠠᠯ᠎ᠠ ᠶᠢᠨ ᠲᠣᠭᠲᠠᠭᠠᠯ | ᠭᠠᠷᠭᠠᠪᠠ᠄ ᠨᠢᠭᠡ ᠳᠤ ᠲᠠᠪᠤᠳᠤᠭᠠᠷ ᠵᠦᠢᠯ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠣᠬᠠᠶ ᠲᠡᠵᠢᠭᠡᠬᠦ | ᠬᠠᠮᠢᠶᠠᠷᠤᠯᠲᠠ ᠶᠢᠨ ᠵᠣᠬᠢᠴᠠᠭᠤᠯᠬᠤ᠂ ᠬᠠᠮᠳᠤᠷᠠᠨ ᠠᠵᠢᠯᠯᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ ᠭᠡᠵᠦ | ᠲᠣᠭᠲᠠᠭᠠᠪᠠ︔ ᠬᠤᠶᠠᠷ ᠲᠤ ᠵᠢᠷᠭᠤᠳᠤᠭᠠᠷ ᠵᠦᠢᠯ ᠠᠴᠠ ᠨᠠᠢᠮᠠᠳᠤᠭᠠᠷ ᠵᠦᠢᠯ ᠳᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠨᠠᠷᠢᠯᠢᠭᠵᠢᠭᠤᠯᠪᠠ︔ ᠭᠤᠷᠪᠠ ᠳᠤ ᠶᠢᠰᠦᠳᠦᠭᠡᠷ ᠵᠦᠢᠯ ᠠᠴᠠ ᠠᠷᠪᠠᠨ ᠨᠢᠭᠡᠳᠦᠭᠡᠷ ᠵᠦᠢᠯ ᠳᠤ ᠪᠤᠰᠤᠳ ᠬᠠᠮᠢᠶ᠎ᠠ | ᠪᠥᠬᠦᠶ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠨᠣᠬᠠᠶ ᠶᠢ ᠬᠠᠮᠢᠶᠠᠷᠬᠤ | ᠳᠤᠮᠳᠠᠬᠢ ᠪᠣᠳᠠᠲᠠᠶ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠵᠠᠰᠠᠭ ᠤᠨ ᠣᠷᠳᠣᠨ ᠵᠣᠬᠢᠶᠠᠨ ᠪᠠᠶᠢᠭᠤᠯᠤᠨ | ᠵᠣᠬᠢᠴᠠᠭᠤᠯᠬᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠷᠬᠢᠯᠡᠨ ᠬᠠᠮᠢᠶᠠᠷᠬᠤ᠂ ᠬᠤᠯᠪᠤᠭᠳᠠᠯ ᠪᠦᠬᠦᠢ ᠰᠠᠯᠠᠭ᠎ᠠ | ᠮᠥᠴᠢᠷ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠭᠡᠬᠦ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ᠎ᠠ | ᠃ | ᠭᠤᠷᠪᠠ᠂ ᠨᠣᠬᠠᠶ ᠲᠡᠵᠢᠭᠡᠬᠦ ᠨᠡᠶᠢᠭᠡᠮᠯᠢᠭ ᠵᠡᠷᠭᠡ ᠨᠡᠶᠢᠭᠡᠮ ᠤᠨ ᠪᠦᠯᠬᠦᠮ ᠵᠢᠴᠢ ᠬᠠᠶᠢᠷ᠎ᠠ ᠬᠠᠯᠠᠮᠵᠢ ᠶᠢᠨ | ᠬᠦᠮᠦᠰ ᠤᠨ ᠪᠣᠯᠪᠠᠰᠤᠨ ᠢᠶᠠᠷ ᠨᠣᠬᠠᠶ ᠲᠡᠵᠢᠭᠡᠬᠦ ᠶᠢ ᠬᠦᠳᠦᠯᠦᠨ ᠲᠠᠭᠠᠭᠤᠯᠬᠤ ᠦᠢᠯᠡᠳᠦᠯ ᠢ ᠴᠢᠩᠭᠠᠳᠬᠠᠬᠤ ᠲᠤᠬᠠᠶ | ᠣᠶᠢᠷ᠎ᠠ ᠶᠢᠨ ᠵᠢᠯ ᠳᠤ᠂ ᠨᠠᠩ ᠣᠯᠠᠨ ᠨᠡᠶᠢᠭᠡᠮ ᠤᠨ ᠬᠠᠶᠢᠷ᠎ᠠ ᠬᠠᠯᠠᠮᠵᠢ ᠶᠢᠨ ᠬᠥᠮᠦᠰ ᠥᠪᠡᠰᠦᠪᠡᠨ ᠨᠣᠬᠠᠶ | ᠲᠡᠵᠢᠭᠡᠬᠦ ᠨᠡᠶᠢᠭᠡᠮᠯᠢᠭ ᠢ ᠵᠣᠬᠢᠶᠠᠨ ᠪᠠᠶᠢᠭᠤᠯᠵᠤ᠂ ᠰᠠᠶᠢᠨ ᠳᠤᠷ᠎ᠠ ᠠᠴᠠ ᠪᠠᠨ ᠪᠠᠯᠠ ᠮᠥᠩᠭᠦ ᠭᠠᠷᠭᠠᠵᠤ ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠶᠢ ᠳᠡᠮᠵᠢᠵᠦ ᠬᠠᠶᠢᠷ᠎ᠠ ᠪᠠᠨ ᠬᠠᠨᠳᠢᠪᠯᠠᠵᠤ ᠪᠠᠶᠢᠨ᠎ᠠ᠃ ᠨᠡᠶᠢᠭᠡᠮ ᠤᠨ ᠪᠦᠯᠬᠦᠮ ᠤᠨ | ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠵᠠᠰᠠᠭ ᠵᠠᠬᠢᠷᠭᠠᠨ ᠤ ᠡᠬᠢ ᠪᠠᠶᠠᠯᠢᠭ ᠢ ᠠᠷᠪᠢᠯᠠᠵᠤ᠂ | ᠪᠣᠯᠪᠠᠰᠤᠨ ᠢᠶᠠᠷ ᠨᠣᠬᠠᠶ ᠲᠡᠵᠢᠭᠡᠬᠦ ᠶᠢ ᠠᠬᠢᠭᠤᠯᠬᠤ ᠶᠢᠨ ᠲᠦᠯᠦᠭᠡ᠂ ︽ᠬᠥᠬᠡᠬᠤᠲᠠ ᠶᠢᠨ ᠨᠣᠬᠠᠶ ᠲᠡᠵᠢᠭᠡᠬᠦ | ᠬᠠᠮᠢᠶᠠᠷᠤᠯᠲᠠ ᠶᠢᠨ ᠲᠣᠭᠲᠠᠭᠠᠯ︾ ᠳᠤ ᠨᠠᠷᠢᠯᠢᠬᠵᠢᠭᠤᠯᠤᠭᠰᠠᠨ ᠲᠣᠭᠲᠠᠭᠠᠯ ᠭᠠᠷᠭᠠᠪᠠ᠃ ᠨᠢᠭᠡ ᠳᠤ ᠠᠷᠪᠠᠨ | ᠭᠤᠷᠪᠠᠳᠤᠭᠠᠷ ᠵᠦᠢᠯ ᠢ ᠰᠢᠨ᠎ᠡ ᠪᠠᠷ ᠨᠡᠮᠡᠵᠦ᠂ ᠨᠣᠬᠠᠶ ᠶᠢ ᠬᠠᠶᠢᠷᠠᠯᠠᠬᠤ ᠨᠡᠶᠢᠭᠡᠮᠯᠢᠭ᠂ ᠠᠮᠢᠲᠠᠨ ᠤ ᠬᠠᠮᠠᠭᠠᠯᠠᠯᠲᠠ ᠶᠢᠨ | ᠵᠣᠬᠢᠶᠠᠨ ᠪᠠᠶᠢᠭᠤᠯᠤᠯᠲᠠ ᠶᠢᠨ ᠨᠣᠬᠠᠶ ᠶᠢ ᠦᠯᠡᠳᠡᠭᠡᠵᠦ ᠠᠪᠬᠤ᠂ ᠲᠡᠵᠢᠭᠡᠬᠦ ᠠᠵᠢᠯ ᠳᠤ ᠣᠷᠣᠯᠴᠠᠵᠤ᠂ ᠬᠤᠳᠠᠯᠳᠤᠨ | ᠠᠪᠬᠤ ᠪᠤᠶᠤ ᠭᠠᠵᠠᠷ ᠲᠠᠯᠠᠪᠤᠷ ᠢ ᠲᠦᠷᠢᠶᠡᠰᠦᠯᠡᠬᠦ ᠵᠡᠷᠭᠡ ᠪᠠᠷ ᠳᠠᠮᠵᠢᠭᠤᠯᠤᠨ ᠲᠡᠨᠦᠭᠦᠯ ᠨᠣᠬᠠᠶ᠂ ᠭᠤᠯᠤᠭᠳᠠᠭᠰᠠᠨ | ᠨᠤᠬᠠᠢ ᠶᠢ ᠦᠯᠡᠳᠡᠭᠡᠵᠦ ᠠᠪᠬᠤ᠂ ᠲᠡᠵᠢᠭᠡᠬᠦ ᠵᠡᠷᠭᠡ ᠶᠢ ᠨᠢ ᠵᠤᠷᠢᠭᠵᠢᠭᠤᠯᠤᠨ᠎ᠠ︔ ᠬᠤᠶᠠᠷ ᠲᠤ ᠨᠡᠶᠢᠭᠡᠮ ᠤᠨ | ᠪᠦᠯᠬᠦᠮ᠂ ᠬᠠᠶᠢᠷ᠎ᠠ ᠬᠠᠯᠠᠮᠵᠢ ᠶᠢᠨ ᠬᠦᠮᠦᠰ ᠵᠡᠷᠭᠡ ᠶᠢᠨ ᠬᠥᠲᠥᠯᠥᠨ ᠵᠢᠯᠤᠭᠤᠳᠴᠤ ᠵᠢᠱᠢᠶ᠎ᠡ ᠦᠵᠡᠭᠦᠯᠬᠦ | ᠦᠢᠯᠡᠳᠦᠯ ᠢ ᠪᠠᠳᠠᠷᠠᠭᠤᠯᠵᠤ᠂ ᠪᠣᠯᠪᠠᠰᠤᠨ ᠢᠶᠠᠷ ᠨᠣᠬᠠᠶ ᠲᠡᠵᠢᠭᠡᠬᠦ ᠬᠡᠪ ᠰᠤᠷᠲᠠᠯ ᠢ ᠳᠠᠶᠢᠴᠢᠯᠠᠵᠤ᠂ ᠨᠣᠬᠠᠶ ᠲᠡᠵᠢᠭᠡᠬᠦ | ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠵᠣᠭᠰᠣᠭᠠᠬᠤ ᠪᠠ ᠬᠤᠷᠢᠭᠯᠠᠬᠤ ᠶᠢ ᠨᠢ ᠵᠤᠷᠢᠭᠵᠢᠭᠤᠯᠤᠨ᠎ᠠ︔ | ᠭᠤᠷᠪᠠ ᠳᠤ ᠠᠷᠪᠠᠨ ᠳᠥᠷᠪᠡᠳᠦᠭᠡᠷ ᠵᠦᠢᠯ ᠳᠤ ᠲᠡᠨᠦᠭᠦᠯ ᠨᠣᠬᠠᠶ᠂ ᠭᠡᠭᠡᠭᠳᠡᠭᠰᠡᠨ ᠨᠣᠬᠠᠶ ᠶᠢ ᠲᠡᠵᠢᠭᠡᠬᠦ ᠲᠣᠭᠲᠠᠭᠠᠯ ᠢ | ᠵᠢᠷᠤᠮᠵᠢᠭᠤᠯᠵᠤ᠂ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ᠂ ᠠᠯᠪᠠᠨ ᠵᠠᠷ ᠤᠨ ᠬᠤᠭᠤᠴᠠᠭ᠎ᠠ ᠨᠢ | ᠳᠦᠭᠦᠷᠦᠭᠡᠳ ᠲᠠᠨᠢᠵᠤ ᠠᠪᠬᠤ ᠬᠥᠮᠦᠨ ᠦᠭᠡᠢ ᠨᠣᠬᠠᠶ ᠶᠢ ᠪᠤᠰᠤᠳ ᠬᠥᠮᠦᠨ ᠲᠡᠵᠢᠭᠡᠵᠦ ᠪᠣᠯᠤᠨ᠎ᠠ᠃ | ᠳᠦᠷᠪᠡ᠂ ᠨᠣᠬᠠᠶ ᠶᠢᠨ ᠲᠦᠷᠦᠯ ᠤᠨ ᠮᠡᠳᠡᠭᠡ ᠵᠠᠩᠭᠢᠴᠢᠯᠠᠭᠰᠠᠨ ᠬᠠᠮᠢᠶᠠᠷᠤᠯᠲᠠ ᠶᠢ ᠪᠠᠶᠢᠭᠤᠯᠬᠤ ᠲᠤᠬᠠᠶ | ᠬᠠᠮᠢᠶᠠᠷᠤᠯᠲᠠ ᠶᠢᠨ ᠲᠦᠪᠰᠢᠨ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠣᠰ | ᠤᠳᠠᠭᠠᠨ ᠤ ᠵᠠᠰᠠᠪᠤᠷᠢ ᠣᠷᠣᠭᠤᠯᠤᠯᠲᠠ ᠳᠤ ᠨᠤᠬᠠᠢ ᠶᠢᠨ ᠮᠡᠳᠡᠭᠡ ᠵᠠᠩᠬᠢᠴᠢᠯᠠᠭᠰᠠᠨ ᠬᠠᠮᠢᠶᠠᠷᠤᠯᠲᠠ ᠶᠢ | ᠲᠡᠭᠦᠯᠳᠡᠷᠵᠢᠭᠦᠯᠪᠡ᠃ ᠠᠷᠪᠠᠨ ᠨᠠᠢᠮᠠᠳᠤᠭᠠᠷ ᠵᠦᠢᠯ ᠳᠤ ᠨᠣᠬᠠᠶ ᠲᠡᠵᠢᠭᠡᠭᠴᠢ ᠨᠣᠬᠠᠶ ᠶᠢᠨ ᠲᠥᠷᠥᠯ ᠤᠨ ᠮᠡᠳᠡᠭᠡ | ᠵᠠᠩᠬᠢᠴᠢᠯᠠᠭᠰᠠᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠨᠣᠬᠠᠶ ᠲᠡᠵᠢᠭᠡᠬᠦ ᠳᠠᠩᠰᠠᠯᠠᠯ ᠢ ᠭᠤᠶᠤᠴᠢᠯᠠᠨ | ᠬᠢᠯᠬᠡᠵᠦ ᠪᠣᠯᠬᠤ ᠶᠢᠨ ᠬᠠᠮᠲᠤ ᠨᠣᠬᠠᠶ ᠳᠤ ᠪᠠᠨ ᠡᠯᠧᠺᠳ᠋ᠷᠣᠨ ᠢᠯᠲᠠᠰᠤ ᠲᠠᠷᠢᠵᠤ ᠤᠷᠤᠭᠤᠯᠤᠨ ᠣᠳᠣᠬᠢᠴᠢᠯᠠᠭᠰᠠᠨ | ᠮᠡᠳᠡᠭᠡ ᠵᠠᠩᠭᠢ ᠶᠢᠨ ᠠᠷᠭ᠎ᠠ ᠪᠠᠷᠢᠯ ᠢᠶᠠᠷ ᠨᠣᠬᠠᠢ ᠶᠢᠨ ᠬᠠᠮᠢᠶᠠᠷᠤᠯᠲᠠ ᠶᠢ ᠴᠢᠩᠭᠠᠳᠬᠠᠵᠤ ᠪᠤᠯᠤᠨ᠎ᠠ ᠭᠡᠵᠦ | ᠲᠣᠭᠲᠠᠭᠠᠪᠠ᠃ | ᠲᠠᠪᠤ᠂ ᠨᠣᠬᠠᠶ ᠳᠤ ᠬᠤᠯᠪᠤᠭᠳᠠᠬᠤ ᠡᠵᠡᠩᠨᠡᠬᠦ ᠠᠵᠢᠯᠯᠠᠭ᠎ᠠ ᠶᠢᠨ ᠲᠤᠬᠠᠶ | ᠨᠣᠬᠠᠶ ᠳᠤ ᠬᠤᠯᠪᠣᠭᠳᠠᠭᠰᠠᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠬᠤ ᠶᠢᠨ ᠲᠥᠯᠥᠭᠡ᠂ | ᠬᠤᠷᠢᠳᠤᠭᠠᠷ ᠵᠦᠢᠯ ᠳᠤ᠂ ᠲᠣᠭᠲᠠᠮᠠᠯ ᠲᠠᠯᠠᠪᠤᠷ ᠲᠤ ᠨᠣᠬᠠᠶ ᠲᠡᠵᠢᠭᠡᠨ ᠦᠷᠡᠵᠢᠭᠦᠯᠬᠦ᠂ ᠣᠨᠣᠰᠢᠯᠠᠨ ᠡᠮᠨᠡᠬᠦ᠂ | ᠨᠠᠶᠢᠳᠠᠨ ᠲᠡᠵᠢᠭᠡᠯᠭᠡᠬᠦ᠂ ᠭᠤᠶᠤᠯᠠᠵᠤ ᠵᠠᠰᠠᠬᠤ᠂ ᠠᠷᠠᠯᠵᠢᠶᠠᠯᠠᠬᠤ ᠵᠡᠷᠭᠡ ᠡᠵᠡᠩᠨᠡᠯᠲᠡ ᠶᠢᠨ ᠠᠵᠢᠯᠯᠠᠭ᠎ᠠ ᠬᠢᠬᠦ ᠳᠤ᠂ | ᠬᠠᠤᠯᠢ ᠶᠤᠰᠤᠭᠠᠷ ᠡᠵᠡᠩᠨᠡᠯᠲᠡ ᠶᠢᠨ ᠦᠨᠡᠮᠯᠡᠯ ᠬᠢᠵᠦ ᠠᠪᠬᠤ ᠬᠡᠷᠡᠭᠲᠡᠶ᠃ ᠠᠮᠢᠲᠠᠨ ᠢ ᠣᠨᠣᠰᠢᠯᠠᠨ ᠡᠮᠨᠡᠬᠦ | ᠪᠠᠶᠢᠭᠤᠯᠤᠮᠵᠢ ᠪᠠᠶᠢᠭᠤᠯᠬᠤ ᠳᠤ ᠬᠠᠤᠯᠢ ᠶᠤᠰᠤᠭᠠᠷ ᠲᠠᠷᠢᠶᠠᠯᠠᠩ ᠮᠠᠯ ᠠᠵᠤ ᠠᠬᠤᠢ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠣᠯᠭᠤᠭᠰᠠᠨ ᠠᠮᠢᠲᠠᠨ ᠢ ᠣᠨᠣᠰᠢᠯᠠᠨ ᠡᠮᠨᠡᠬᠦ ᠵᠥᠪᠰᠢᠶᠡᠷᠡᠯ ᠤᠨ ᠦᠨᠡᠮᠯᠡᠯ ᠠᠪᠴᠤ᠂ ᠬᠠᠤᠯᠢ | ᠴᠠᠭᠠᠵᠠ ᠶᠢᠨ ᠠᠯᠪᠠᠳᠠᠯᠭ᠎ᠠ ᠶᠢᠨ ᠬᠦᠴᠦᠨ ᠢᠶᠠᠷ ᠨᠣᠬᠠᠶ ᠡᠵᠡᠩᠨᠡᠬᠦ ᠵᠠᠬ᠎ᠠ ᠳᠡᠯᠭᠡᠭᠦᠷ ᠢ ᠵᠢᠷᠤᠮᠵᠢᠭᠤᠯᠬᠤ ᠬᠡᠷᠡᠭᠲᠡᠶ | ᠭᠡᠵᠦ ᠲᠣᠭᠲᠠᠭᠠᠪᠠ᠃ | ᠵᠢᠷᠭᠤᠭ᠎ᠠ᠂ ᠨᠣᠬᠠᠶ ᠲᠡᠵᠢᠭᠡᠭᠴᠢ ᠶᠢᠨ ᠦᠢᠯᠡ ᠠᠵᠢᠯᠯᠠᠭ᠎ᠠ ᠪᠠ ᠬᠠᠤᠯᠢ ᠶᠢᠨ ᠬᠠᠷᠢᠭᠤᠴᠠᠯᠭ᠎ᠠ ᠶᠢᠨ ᠲᠤᠬᠠᠶ | ᠨᠣᠬᠠᠶ ᠲᠡᠵᠢᠭᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠣᠬᠠᠶ | ᠲᠡᠵᠢᠭᠡᠭᠴᠢ ᠶᠢᠨ ᠪᠡᠶ᠎ᠡ ᠪᠠᠨ ᠱᠠᠭᠠᠷᠳᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠤᠷᠢᠨ | ᠨᠢᠭᠡᠳᠦᠭᠡᠷ ᠵᠦᠢᠯ ᠳᠤ ᠨᠣᠬᠠᠶ ᠲᠡᠵᠢᠭᠡᠭᠴᠢ ᠶᠢᠨ ᠵᠢᠷᠤᠮᠯᠠᠬᠤ ᠶᠣᠰᠣᠲᠠᠶ ᠲᠣᠭᠲᠠᠭᠠᠯ ᠳᠤ ᠵᠠᠰᠠᠪᠤᠷᠢ ᠤᠷᠤᠭᠤᠯᠤᠨ | ᠲᠡᠭᠦᠯᠳᠡᠷᠵᠢᠭᠦᠯᠪᠡ᠃ ᠨᠢᠭᠡ ᠳᠤ ᠨᠣᠬᠠᠶ ᠪᠠᠨ ᠳᠠᠭᠠᠭᠤᠯᠵᠤ ᠲᠡᠤᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠨᠢᠭᠡᠴᠡ ᠳᠤ ᠣᠷᠣᠬᠤ ᠶᠢ ᠴᠠᠭᠠᠵᠠᠯᠠᠬᠤ ᠠᠭᠤᠯᠭ᠎ᠠ ᠶᠢ ᠨᠡᠮᠡᠪᠡ︔ ᠬᠤᠶᠠᠷ ᠲᠤ ᠨᠣᠬᠠᠶ ᠳᠤ ᠬᠠᠯᠠ | ᠦᠵᠡᠭᠦᠯᠵᠦ᠂ ᠨᠤᠬᠠᠢ ᠶᠢ ᠬᠤᠤᠷᠳᠠᠭᠤᠯᠵᠤ ᠪᠣᠯᠬᠤ ᠦᠭᠡᠢ ᠭᠡᠳᠡᠭ ᠠᠭᠤᠯᠭ᠎ᠠ ᠶᠢ ᠨᠡᠮᠡᠪᠡ︔ ᠭᠤᠷᠪᠠ ᠳᠤ ᠨᠣᠬᠠᠶ | ᠦᠬᠦᠪᠡᠯ᠂ ᠬᠤᠤᠷ ᠦᠭᠡᠶᠢᠵᠢᠬᠦᠯᠦᠨ ᠰᠢᠢᠳᠪᠦᠷᠢᠯᠡᠬᠦ ᠬᠡᠷᠡᠭᠲᠡᠶ ᠭᠡᠳᠡᠭ ᠠᠭᠤᠯᠭ᠎ᠠ ᠶᠢ ᠨᠡᠮᠡᠪᠡ᠃ ᠡᠭᠦᠨ ᠤ ᠳᠤ | ᠬᠠᠮᠲᠤ᠂ ︽ᠬᠥᠬᠡᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠣᠭᠲᠠᠭᠠᠯ︾ ᠤᠨ ᠪᠦᠳᠦᠮᠵᠢᠲᠡᠢ | ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠥᠯᠥᠭᠡ᠂ ᠰᠢᠨ᠎ᠡ ᠪᠠᠷ ᠨᠡᠮᠡᠭᠰᠡᠨ ᠦᠢᠯᠡ ᠠᠵᠢᠯᠯᠠᠭ᠎ᠠ ᠵᠢᠴᠢ ᠨᠣᠬᠠᠶ ᠶᠢᠨ | ᠪᠤᠰᠤᠳ ᠢ ᠭᠡᠮᠲᠦᠭᠡᠭᠰᠡᠨ ᠦᠢᠯᠡ ᠠᠵᠢᠯᠯᠠᠭ᠎ᠠ ᠳᠤ ᠬᠠᠷᠠᠭᠠᠯᠵᠠᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ | ᠲᠣᠭᠲᠠᠭᠠᠵᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠤᠨ ᠰᠢᠢᠳᠬᠡᠨ ᠲᠣᠷᠭᠠᠬᠤ ᠮᠦᠩᠭᠦ ᠲᠦᠭᠦᠷᠢᠭ ᠤᠨ | ᠲᠤᠭ᠎ᠠ ᠬᠡᠮᠵᠢᠶ᠎ᠡ ᠶᠢ ᠲᠣᠳᠣᠷᠬᠠᠶᠢᠯᠠᠪᠠ᠃ | ᠡᠭᠦᠨ ᠤ ᠬᠠᠮᠳᠤ᠂ ᠰᠣᠷᠪᠤᠯᠵᠢᠯᠠᠭᠴᠢ ᠰᠣᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ︽ | ᠬᠥᠬᠡᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠣᠭᠲᠠᠭᠠᠯ︾ ᠳᠤ᠂ ᠲᠣᠰ ᠬᠤᠲᠠ ᠶᠢᠨ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠡᠮᠨᠡᠯᠭᠡ ᠶᠢᠨ ᠬᠤᠷᠢᠶ᠎ᠠ᠂ ᠬᠡᠤᠬᠡᠳ ᠤᠨ ᠴᠡᠴᠡᠷᠯᠢᠭ ᠪᠠ ᠰᠤᠷᠭᠠᠭᠤᠯᠢ ᠶᠢᠨ | ᠵᠢᠭᠠᠨ ᠰᠤᠷᠭᠠᠯᠲᠠ ᠶᠢᠨ ᠲᠣᠭᠤᠷᠢᠭ᠂ ᠰᠣᠷᠣᠭᠴᠢ ᠶᠢᠨ ᠪᠠᠶᠢᠷᠢ ᠶᠢᠨ ᠲᠣᠭᠤᠷᠢᠭ ᠲᠤ ᠨᠣᠬᠠᠶ ᠲᠡᠵᠢᠭᠡᠵᠦ ᠪᠣᠯᠬᠤ | ᠥᠬᠡᠶ᠃ ᠡᠭᠦᠨ ᠤ ᠬᠠᠮᠳᠤ ᠭᠤᠤᠯᠳᠠᠯᠭ᠎ᠠ ᠲᠠᠢ ᠨᠣᠬᠠᠶ ᠲᠡᠵᠢᠭᠡᠬᠦ ᠬᠠᠮᠢᠶᠠᠷᠤᠯᠲᠠ ᠶᠢᠨ ᠣᠷᠣᠨ ᠳᠣᠲᠣᠷ᠎ᠠ ᠡᠷᠦᠬᠡ | ᠪᠦᠷᠢ ᠨᠢᠭᠡ ᠨᠣᠬᠠᠶ ᠲᠡᠵᠢᠭᠡᠬᠦ ᠪᠠᠷ ᠬᠢᠵᠠᠭᠠᠷᠯᠠᠵᠤ᠂ ᠬᠡᠳᠡᠷ ᠳᠣᠭᠰᠢᠨ ᠵᠠᠭᠤᠳᠠᠭ ᠨᠣᠬᠠᠶ ᠪᠠ ᠬᠦᠮᠦᠨ ᠳᠤ ᠤᠷᠤᠵᠤ | ᠲᠠᠭᠠᠷᠢᠬᠤ ᠵᠠᠩ ᠲᠠᠢ ᠪᠦᠳᠦᠭᠦᠨ ᠨᠣᠬᠠᠶ ᠲᠡᠵᠢᠭᠡᠵᠦ ᠪᠣᠯᠬᠤ ᠥᠬᠡᠶ ᠭᠡᠵᠦ ᠲᠤᠳᠤᠷᠬᠠᠢ ᠲᠣᠭᠲᠠᠭᠠᠪᠠ᠃ ᠳᠡᠭᠡᠷᠡᠬᠢ | ᠬᠠᠤᠯᠢ ᠲᠣᠭᠲᠠᠭᠠᠯ ᠠᠴᠠ ᠵᠥᠷᠢᠴᠡᠨ ᠨᠣᠬᠠᠶ ᠲᠡᠵᠢᠭᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠨᠣᠬᠠᠶ ᠶᠢ ᠨᠢ ᠬᠤᠷᠢᠶᠠᠵᠤ ᠠᠪᠬᠤ ᠶᠢᠨ ᠬᠠᠮᠲᠤ ᠪᠠᠶᠢᠭᠤᠯᠭ᠎ᠠ ᠶᠢ 3000 ᠲᠥᠭᠦᠷᠢᠭ ᠢᠶᠠᠷ | ᠲᠣᠷᠭᠠᠵᠤ᠂ ᠬᠤᠪᠢ ᠬᠥᠮᠦᠨ ᠢ 1000 ᠲᠥᠭᠦᠷᠢᠭ ᠢᠶᠠᠷ ᠲᠣᠷᠭᠠᠨ᠎ᠠ᠃ | ︽ᠬᠥᠬᠡᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠣᠭᠲᠠᠭᠠᠯ︾ ᠢ ᠬᠡᠷᠡᠭᠵᠢᠭᠦᠯᠦᠭᠰᠡᠨ ᠤ ᠳᠠᠷᠠᠭ᠎ᠠ᠂ | ᠬᠥᠬᠡᠬᠤᠲᠠ ᠨᠣᠬᠠᠶ ᠲᠡᠵᠢᠭᠡᠬᠦ ᠳᠤ ᠳᠠᠩᠰᠠᠯᠠᠭᠤᠯᠬᠤ᠂ ᠣᠨ ᠤ ᠪᠠᠶᠢᠴᠠᠭᠠᠯᠲᠠ ᠬᠢᠬᠦ᠂ ᠲᠠᠷᠬᠠᠯᠠᠭ᠎ᠠ ᠶᠢᠨ ᠳᠦᠷᠢᠮ ᠢ | ᠬᠡᠷᠡᠭᠵᠢᠬᠦᠯᠵᠦ᠂ ᠨᠤᠬᠠᠢ ᠶᠢ ᠳᠠᠩᠰᠠᠯᠠᠭᠤᠯᠤᠭᠰᠠᠨ ᠦᠭᠡᠢ᠂ ᠣᠨ ᠤ ᠪᠠᠶᠢᠴᠠᠭᠠᠯᠲᠠ ᠬᠢᠯᠭᠡᠭᠰᠡᠨ ᠦᠭᠡᠢ᠂ | ᠲᠠᠷᠬᠠᠯᠠᠭᠰᠠᠨ ᠦᠭᠡᠢ ᠪᠣᠯ ᠶᠠᠮᠠᠷᠪᠠ ᠨᠢᠭᠡᠴᠡ ᠪᠠ ᠬᠤᠪᠢ ᠬᠥᠮᠦᠨ ᠨᠣᠬᠠᠶ ᠲᠡᠵᠢᠭᠡᠵᠦ ᠪᠣᠯᠬᠤ ᠦᠭᠡᠢ᠃ ᠨᠣᠬᠠᠶ | ᠲᠡᠵᠢᠭᠡᠬᠦ ᠳᠠᠩᠰᠠᠯᠠᠯ ᠤᠨ ᠦᠨᠡᠮᠯᠡᠯ ᠨᠢ ᠨᠢᠭᠡ ᠨᠣᠬᠠᠶ ᠨᠢᠭᠡ ᠦᠨᠡᠮᠯᠡᠯ ᠲᠠᠢ ᠪᠠᠶᠢᠬᠤ ᠶᠢ ᠬᠡᠷᠡᠭᠵᠢᠭᠦᠯᠵᠦ᠂ ᠵᠢᠯ ᠪᠦᠷᠢ | ᠨᠢᠭᠡ ᠤᠳᠠᠭ᠎ᠠ ᠪᠠᠶᠢᠴᠠᠭᠠᠯᠲᠠ ᠬᠢᠨ᠎ᠡ᠃ ᠣᠨ ᠤ ᠪᠠᠶᠢᠴᠠᠭᠠᠯᠲᠠ ᠬᠢᠬᠦ ᠦᠶ᠎ᠡ ᠳᠤ᠂ ᠨᠣᠬᠠᠶ ᠲᠡᠵᠢᠭᠡᠭᠴᠢ ᠨᠣᠬᠠᠶ | ᠲᠡᠵᠢᠭᠡᠬᠦ ᠪᠠᠷ ᠲᠠᠩᠰᠠᠯᠠᠭᠤᠯᠤᠭᠰᠠᠨ ᠬᠦᠴᠦᠨ ᠪᠥᠬᠦᠶ ᠦᠨᠡᠮᠯᠡᠯ ᠪᠠ ᠲᠠᠷᠬᠠᠯᠠᠭ᠎ᠠ ᠶᠢᠨ ᠭᠡᠷᠡᠴᠢ ᠪᠠᠨ ᠭᠠᠷᠭᠠᠵᠤ | ᠦᠵᠡᠭᠦᠯᠬᠦ ᠬᠡᠷᠡᠭᠲᠡᠶ᠃ | | |