ᠬᠤᠪᠢ ᠬᠦᠮᠤᠨ ᠤ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠰᠠᠶᠢᠳᠤᠷ ᠬᠠᠮᠠᠭᠠᠯᠠᠬᠤ ᠲᠤᠯᠤᠭᠠᠨ ᠠᠷᠭ᠎ᠠ
ᠨᠡᠶᠢᠲᠡᠯᠡᠭᠰᠡᠨ ᠴᠠᠭ᠄
2020/11/25
       ᠬᠡᠷᠡᠭᠯᠡᠭᠴᠢᠳ ᠤᠨ  ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠡᠷᠴᠢᠮ ᠢ ᠤᠯᠠᠮ ᠴᠢᠩᠭᠠᠷᠠᠭᠤᠯᠵᠦ᠂  ᠬᠡᠷᠡᠭᠯᠡᠭᠴᠢᠳ ᠤᠨ  ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ  ᠬᠠᠤᠯᠢ ᠲᠦᠷᠢᠮ ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠶᠢᠨ ᠲᠤᠰᠠᠲᠠ᠂ ︽ ᠬᠤᠪᠢ ᠬᠦᠮᠤᠨ ᠤ ᠮᠦᠩᠭᠦᠨ ᠭᠦᠢᠯᠭᠡᠭᠡᠨ ᠤ ᠰᠤᠷᠠᠭ ᠵᠠᠩᠭᠢ  ︵ ᠲᠤᠭ᠎ᠠ ᠪᠠᠷᠢᠮᠲᠠ︶   ᠶᠢ ᠬᠠᠮᠠᠭᠠᠯᠠᠬᠤ  ᠲᠤᠷᠰᠢᠨ ᠬᠡᠷᠡᠭᠯᠡᠬᠦ ᠠᠷᠭ᠎ᠠ︾ ᠵᠡᠷᠭᠡ ᠶᠢ ᠠᠷᠠᠳ ᠤᠨ ᠪᠠᠩᠭᠢ ᠶᠢᠨ ᠲᠦᠷᠢᠮ ᠲᠤᠭᠲᠠᠭᠠᠯ ᠠᠵᠢᠯ ᠤᠨ ᠲᠦᠯᠦᠪᠯᠡᠭᠡ ᠳᠤ ᠤᠷᠤᠭᠤᠯᠵᠦ᠂ ︽ ᠲᠤᠮᠳᠠᠳᠤ ᠤᠯᠤᠰ ᠤᠨ ᠠᠷᠠᠳ ᠤᠨ ᠪᠠᠩᠭᠢ ᠵᠢᠨ‌ᠮᠦ᠋ᠩᠭᠦᠨ ᠭᠦᠢᠯᠭᠡᠭᠡᠨ ᠤ  ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ  ᠬᠡᠷᠡᠭᠵᠢᠭᠦᠯᠬᠦ ᠠᠷᠭ᠎ᠠ︾ ᠶᠢ11 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠭᠦᠯᠪᠡ᠂ ᠲᠤᠰ ᠬᠡᠷᠡᠭᠵᠢᠭᠦᠯᠬᠦ ᠠᠷᠭ᠎ᠠ ᠨᠢ ᠤᠤᠯ ᠤᠨ ᠪᠠᠶᠢᠭᠰᠠᠨ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠲᠤᠰᠬᠠᠢ ᠲᠦᠷᠢᠮ  ᠤᠨ ᠰᠠᠭᠤᠷᠢᠨ ᠳᠡᠭᠡᠷ᠎ᠡ᠂  ᠰᠤᠷᠠᠭ ᠵᠠᠩᠭᠢ ᠴᠤᠭᠯᠠᠭᠤᠯᠬᠤ᠂ ᠨᠡᠶᠢᠲᠡᠯᠡᠬᠦ ᠪᠠ ᠮᠡᠳᠡᠭᠳᠡᠬᠦ  ᠂ ᠬᠡᠷᠡᠭᠯᠡᠬᠦ᠂ ᠬᠠᠮᠢᠶᠠᠷᠬᠤ᠂ ᠬᠠᠳᠠᠭᠠᠯᠠᠬᠤ ᠪᠠ ᠨᠢᠭᠤᠴᠠ ᠶᠢ ᠬᠠᠮᠠᠭᠠᠯᠠᠬᠤ ᠵᠡᠷᠭᠡ ᠲᠠᠯ᠎ᠠ ᠪᠠᠷ ᠰᠢᠯᠢᠳᠡᠭᠵᠢᠭᠦᠯᠦᠭᠰᠡᠨ ᠪᠠᠶᠢᠨ᠎ᠠ᠃  ᠬᠡᠷᠡᠭᠯᠡᠭᠴᠢᠳ  ᠤᠨ  ᠮᠦᠩᠭᠦᠨ ᠭᠦᠢᠯᠭᠡᠭᠡᠨ ᠤ ᠰᠤᠷᠠᠭ ᠵᠠᠩᠭᠢ   ᠳᠤ ᠶᠡᠷᠤᠳᠡᠭᠡᠨ ᠬᠤᠪᠢ ᠬᠦᠮᠤᠨ ᠤ ᠪᠡᠶ᠎ᠡ ᠶᠢᠨ ᠭᠠᠷᠤᠯ ᠤᠨ ᠰᠤᠷᠠᠭ ᠵᠠᠩᠭᠢ᠂ ᠡᠳ᠋ ᠬᠦᠷᠦᠩᠭᠡ ᠶᠢᠨ ᠰᠤᠷᠠᠭ ᠵᠠᠩᠭᠢ᠂  ᠳᠠᠩᠰᠨ ᠬᠠᠷ᠎ᠠ ᠶᠢᠨ ᠰᠤᠷᠠᠭ ᠵᠠᠩᠭᠢ᠂ ᠢᠲᠡᠭᠡᠮᠵᠢ ᠶᠢᠨ ᠰᠤᠷᠠᠭ ᠵᠠᠩᠭᠢ᠂ ᠮᠦᠩᠭᠦᠨ ᠭᠦᠢᠯᠭᠡᠭᠡᠨ ᠤ ᠰᠤᠯᠢᠯᠴᠠᠭᠠᠨ ᠤ ᠰᠤᠷᠠᠭ ᠵᠠᠩᠭᠢ  ᠪᠤᠯᠤᠨ ᠬᠤᠪᠢ ᠬᠦᠮᠤᠨ ᠤ  ᠪᠤᠰᠤᠳ ᠵᠠᠷᠢᠮ ᠤᠨᠴᠠᠭᠠᠢ ᠰᠤᠷᠠᠭ ᠵᠠᠩᠭᠢ ᠪᠠᠭᠲᠠᠨ᠎ᠠ᠃ ᠡᠳᠡᠭᠡᠷ ᠴᠢᠬᠤᠯᠠ‌‍ᠰᠤᠷᠠᠭ ᠵᠠᠩᠭᠢ ᠯᠡᠪᠡᠷᠡᠬᠦ ᠳᠤ ᠬᠦᠷᠪᠡᠯ ᠮᠦᠩᠭᠦᠨ ᠭᠦᠢᠯᠭᠡᠭᠡᠨ ᠤ ᠬᠡᠷᠡᠭᠯᠡᠭᠴᠢᠳ ᠤᠨ ᠲᠤᠰ ᠪᠡᠶ᠎ᠡ ᠪᠤᠯᠤᠨ ᠭᠡᠷ ᠪᠦᠯᠢ᠂ ᠰᠠᠳᠤᠨ ᠲᠦᠷᠦᠯ ᠤᠨ ᠡᠳ᠋ ᠬᠦᠷᠦᠩᠭᠡ ᠳᠤ ᠬᠤᠬᠢᠷᠠᠯ ᠤᠴᠠᠷᠠᠵᠦ ᠮᠡᠳᠡᠨ᠎ᠡ᠃ ᠡᠶᠢᠮᠤ ᠶᠢᠨ ᠲᠤᠯᠠᠳᠠ᠂ ᠬᠤᠪᠢ ᠬᠦᠮᠤᠨ ‍ᠣ‌ᠮᠦ᠋ᠩᠭᠦᠨ ᠭᠦᠢᠯᠭᠡᠭᠡᠨ  ᠤ ᠰᠤᠷᠠᠭ ᠵᠠᠩᠭᠢ ᠶᠢ ᠬᠠᠮᠠᠭᠠᠯᠠᠬᠤ   ᠳᠤ ᠲᠤᠤᠷᠠᠬᠢ ᠲᠤᠯᠤᠭᠠᠨ ᠲᠠᠯ᠎ᠠ ᠶᠢ ᠭᠤᠤᠯᠳᠠᠯᠭ᠎ᠠ ᠲᠠᠢ ᠡᠵᠡᠮᠳᠡᠬᠦ ᠪᠤᠯᠪᠠ ᠦᠦ ᠭᠡᠵᠦ ᠲᠦᠪ ᠪᠠᠩᠭᠢ ᠰᠠᠨᠠᠭᠤᠯᠵᠦ ᠪᠠᠶᠢᠨ᠎ᠠ᠄     ᠨᠢᠭᠡ ᠳᠤ ᠪᠡᠶ᠎ᠡ ᠶᠢᠨ ᠦᠨᠡᠮᠯᠡᠯ᠂ ᠪᠠᠩᠭᠢ ᠶᠢᠨ ᠺᠠᠷᠲ᠂ ᠪᠠᠩᠭᠢ ᠶᠢᠨ ᠳᠠᠩᠰᠠ ᠵᠡᠷᠭᠡ ᠪᠠᠨ ᠰᠠᠶᠢᠳᠤᠷ ᠬᠠᠮᠢᠶᠠᠷᠬᠤ ᠬᠡᠷᠡᠭᠲᠡᠢ᠂ ᠪᠤᠰᠤᠳ ᠲᠤ ᠵᠢᠭᠡᠯᠡᠭᠦᠯᠵᠦ ᠪᠤᠯᠬᠤ ᠦᠭᠡᠢ  ︔       ᠬᠤᠶᠠᠷ ᠲᠤ ᠮᠦᠩᠭᠦᠨ ᠭᠦᠢᠯᠭᠡᠭᠡᠨ ᠤ ᠰᠤᠷᠠᠭ ᠵᠠᠩᠭᠢ᠂ ᠡᠳ᠋ ᠬᠦᠷᠦᠩᠭᠡ ᠶᠢᠨ ᠪᠠᠶᠢᠳᠠᠯ ᠵᠡᠷᠭᠡ ᠦᠨᠳᠦᠰᠦᠨ ᠰᠤᠷᠠᠭ ᠵᠠᠩᠭᠢ ᠪᠠᠨ ᠪᠤᠰᠤᠳ ᠲᠤ ᠵᠠᠳᠠᠷᠠᠭᠤᠯᠤᠭᠰᠠᠨ ᠤ ᠬᠡᠷᠡᠭ ᠦᠭᠡᠢ᠂ ᠰᠦᠯᠵᠢᠶᠡᠨ ᠳᠡᠭᠡᠷ᠎ᠡ ᠪᠤᠶᠤ ᠰᠦᠯᠵᠢᠶᠡᠨ ᠤ ᠭᠠᠳᠠᠨ᠎ᠠ ᠬᠤᠪᠢ ᠬᠦᠮᠤᠨ ᠤ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠲᠤᠷ᠎ᠠ ᠪᠠᠷ ᠢᠶᠠᠨ ᠦᠯᠡᠳᠡᠭᠡᠵᠦ ᠪᠤᠯᠬᠤ ᠦᠭᠡᠢ︔        ᠭᠤᠷᠪᠠ ᠳᠤ ᠮᠦᠩᠭᠦᠨ ᠭᠦᠢᠯᠭᠡᠭᠡᠨ ᠤ ᠶᠠᠪᠤᠳᠠᠯ ᠢ ᠠᠯᠢ ᠪᠤᠯᠬᠤ ᠶᠢᠨ ᠲᠤᠲᠤᠷ ᠦᠪᠡᠷ ᠢᠶᠠᠨ ᠭᠦᠢᠴᠡᠳᠭᠡᠬᠦ ᠬᠡᠷᠡᠭᠲᠡᠢ᠂ ᠲᠠᠨᠢᠯ ᠪᠤᠰᠤ ᠬᠦᠮᠤᠨ ᠪᠤᠶᠤ ᠵᠠᠭᠤᠴᠢ ᠶᠢ ᠨᠠᠶᠢᠳᠠᠵᠦ ᠪᠤᠯᠬᠤ ᠦᠭᠡᠢ᠂ ᠬᠤᠪᠢ ᠬᠦᠮᠤᠨ  ᠤ ᠰᠤᠷᠠᠭ ᠵᠠᠩᠭᠢ ᠬᠤᠯᠠᠭᠠᠶᠢᠯᠠᠭᠳᠠᠬᠤ ᠠᠴᠠ ᠪᠤᠯᠭᠤᠮᠵᠢᠯᠠᠬᠤ ᠬᠡᠷᠡᠭᠲᠡᠢ︔       ᠲᠦᠷᠪᠡ ᠳᠤ ᠦᠪᠡᠷ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠷ ᠢᠶᠠᠨ ᠡᠯ᠎ᠡ ᠵᠥᠢᠯ ᠤᠨ ᠲᠤᠬᠠᠶᠢᠯᠠᠭᠰᠠᠨ ᠠᠵᠢᠯ ᠭᠦᠢᠴᠡᠳᠭᠡᠬᠦ ᠦᠶᠡᠰ ᠬᠠᠭᠤᠯᠪᠤᠷᠢ ᠳᠡᠭᠡᠷ᠎ᠡ ᠪᠠᠨ ᠬᠡᠷᠡᠭᠯᠡᠬᠦ ᠵᠤᠷᠢᠯᠭ᠎ᠠ ᠪᠠᠨ ᠲᠤᠲᠤᠷᠬᠠᠶᠢᠯᠠᠬᠤ ᠬᠡᠷᠡᠭᠲᠡᠢ︔       ᠲᠠᠪᠤ ᠳᠤ ᠺᠠᠷᠲ ᠰᠢᠷᠪᠢᠭᠰᠡᠨ ᠬᠤᠳᠠᠯᠳᠤᠭᠠᠨ ᠤ ᠪᠠᠷᠢᠮᠲᠠ᠂ ᠵᠤᠭᠤᠰ ᠠᠪᠤᠭᠰᠠᠨ ᠭᠡᠷᠡᠴᠢ᠂ ᠢᠲᠡᠭᠡᠮᠵᠢ  ᠶᠢᠨ ᠺᠠᠷᠲ ᠤᠨ ᠳᠠᠩᠰᠠ ᠲᠠᠭᠠᠷᠠᠭᠤᠯᠤᠭᠰᠠᠨ ᠪᠠᠷᠢᠮᠲᠠ ᠵᠡᠷᠭᠡ ᠲᠡᠷᠡ ᠲᠠᠷᠤᠢ ᠳᠤᠨᠢ ᠦᠭᠡᠶᠢᠭᠢᠬᠦ ᠴᠢᠬᠤᠯᠠᠲᠠᠢ ᠮᠦᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠳᠠᠩᠰᠠ ᠪᠠᠷᠢᠮᠲᠠ ᠶᠢ ᠬᠠᠮᠢᠶ᠎ᠠ ᠦᠭᠡᠢ ᠬᠠᠶᠠᠵᠦ ᠭᠡᠭᠡᠵᠦ ᠪᠤᠯᠬᠤ ᠦᠭᠡᠢ  ︔       ᠵᠢᠷᠭᠤᠭ᠎ᠠ ᠳᠤ  ᠢᠷᠡᠯ ᠨᠢ  ᠲᠤᠳᠤ ᠦᠭᠡᠢ ᠭᠠᠷ ᠤᠲᠠᠰᠤᠨ ᠤ ᠴᠢᠬᠢᠮ ᠴᠢᠮᠡᠭᠡ᠂  ᠰᠢᠤᠳᠠᠨ ᠭᠤᠪᠢᠭᠤᠯᠭ᠎ᠠ ᠪᠤᠯᠤᠨ ᠲᠤᠲᠤᠷᠬᠠᠢ ᠪᠤᠰᠤ ᠬᠤᠯᠪᠤᠭᠠᠰᠤ ᠶᠢ ᠲᠤᠷᠠᠪᠠᠷ ᠢᠶᠠᠨ  ᠲᠤᠪᠰᠢᠵᠦ ᠪᠤᠯᠬᠤ ᠦᠭᠡᠢ᠂ ᠢᠷᠡᠯ  ᠨᠢ ᠲᠤᠲᠤ ᠦᠭᠡᠢ ᠮᠡᠷᠭᠡᠨ ᠴᠤᠬᠤᠷ ᠢ ᠪᠢᠲᠡᠬᠡᠢ ᠬᠠᠮᠢᠶ᠎ᠠ ᠦᠭᠡᠢ ᠰᠢᠷᠪᠢᠭᠡᠷᠡᠢ᠂ ᠤᠯᠠᠨ ᠨᠡᠶᠢᠲᠡ ᠶᠢᠨ WiFi  ᠂ ᠨᠢᠭᠤᠴᠠ ᠨᠤᠮᠧᠷ ᠦᠭᠡᠢ WiFi ᠶᠢ ᠬᠢᠴᠢᠶᠡᠵᠦ ᠬᠡᠷᠡᠭᠯᠡᠬᠦ ᠬᠡᠷᠡᠭᠲᠡᠢ︔        ᠲᠤᠯᠤᠭ᠎ᠠ ᠳᠤ ᠦᠪᠡᠷ ᠤᠨ ᠴᠢᠨᠢ ᠮᠦᠩᠭᠦᠨ ᠭᠦᠢᠯᠭᠡᠭᠡᠨ ᠤ ᠰᠤᠷᠠᠭ ᠵᠠᠩᠭᠢ ᠵᠠᠳᠠᠷᠠᠭᠰᠠᠨ ᠢ ᠮᠡᠳᠡᠮᠡᠭᠴᠡ ᠳᠠᠷᠤᠶᠢᠬᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠷᠢᠯᠴᠠᠵᠦ ᠡᠷᠭᠡ ᠪᠠᠨ ᠬᠠᠮᠠᠭᠠᠯᠠᠬᠤ ᠬᠡᠷᠡᠭᠲᠡᠢ᠃ᠠᠷᠠᠳ ᠤᠨ ᠡᠳᠤᠷ ᠤᠨ ᠰᠤᠨᠢᠨ ᠤ ᠰᠤᠷᠪᠤᠯᠵᠢᠯᠠᠭᠴᠢ ᠡᠦ ᠴᠢᠦ ᠢᠤᠢhttp://mongol.people.com.cn/15830739.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号