ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/11/25
     2020 ᠣᠨ ᠤ 11 ᠰᠠᠷ᠎ᠠ ᠶᠢᠨ 24 ᠤ ᠡᠳᠦᠷ ᠤᠨ 7 ᠴᠠᠭ ᠠᠴᠠ 11 ᠰᠠᠷ᠎ᠠ ᠶᠢᠨ 25 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ᠂ ᠮᠠᠨᠵᠤᠤᠷ ᠬᠤᠲᠠ ᠶᠢᠨ ᠲᠤᠬᠠᠢ ᠶᠢᠨ ᠭᠠᠵᠠᠷ ᠤᠨ ᠰᠡᠵᠢᠭᠯᠡᠯᠲᠡᠢ ᠡᠪᠡᠳᠴᠢᠨ ᠤ ᠵᠢᠱᠢᠶ᠎ᠡ 1᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠰᠠᠳ 2 ᠨᠡᠮᠡᠭᠳᠡᠪᠡ᠃      2020 ᠣᠨ ᠤ 11 ᠰᠠᠷ᠎ᠠ ᠶᠢᠨ 25 ᠤ ᠡᠳᠦᠷ ᠤᠨ 7 ᠴᠠᠭ ᠪᠣᠯᠲᠠᠯ᠎ᠠ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 2᠂ ᠰᠡᠵᠢᠭᠯᠡᠯᠲᠡᠢ ᠡᠪᠡᠳᠴᠢᠨ ᠤ ᠵᠢᠱᠢᠶ᠎ᠡ 1᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠰᠠᠳ 2 ᠪᠠᠶᠢᠵᠤ᠂ ᠪᠦᠬᠦᠨ ᠢ ᠮᠠᠨᠵᠤᠤᠷ ᠬᠤᠲᠠ ᠶᠢᠨ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠲᠠᠬᠤᠯ ᠡᠪᠡᠳᠴᠢᠨ ᠤ ᠰᠣᠳᠤᠯᠤᠯ ᠤᠨ ᠪᠠᠶᠢᠴᠠᠭᠠᠯᠲᠠ ᠪᠠ ᠡᠬᠢ ᠡᠭᠦᠰᠦᠯ ᠢ ᠮᠦᠷᠳᠡᠨ ᠡᠷᠢᠬᠦ ᠠᠵᠢᠯ ᠢ ᠥᠷᠭᠦᠯᠵᠢᠯᠡᠨ ᠬᠢᠵᠦ ᠪᠠᠶᠢᠨ᠎ᠠ᠃ ᠣᠳᠣᠬᠠᠨ ᠳᠤ ᠮᠠᠨᠵᠤᠤᠷ ᠬᠤᠲᠠ ᠶᠢᠨ ᠬᠢᠨ ᠶᠠᠭ ᠪᠦᠬᠦ ᠬᠤᠲᠠ ᠶᠢᠨ ᠰᠠᠭᠤᠭᠠᠯᠢ ᠠᠷᠠᠳ ᠤᠨ ᠪᠦᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠪᠠᠶᠢᠨ᠎ᠠ᠃ ᠮᠠᠨᠵᠤᠤᠷ ᠬᠤᠲᠠ ᠶᠢᠨ ᠬᠢᠨ 203326 ᠬᠦᠮᠦᠨ ᠠᠴᠠ ᠬᠡᠪ ᠠᠪᠴᠤ᠂ 145428 ᠬᠦᠮᠦᠨ ᠳᠤ ᠪᠦᠭᠡᠮ ᠬᠦᠴᠢᠯ ᠤᠨ ᠪᠠᠶᠢᠴᠠᠭᠠᠯᠲᠠ ᠬᠢᠵᠦ ᠳᠠᠭᠤᠰᠬᠠᠵᠠᠢ᠃ ᠰᠡᠵᠢᠭᠯᠡᠯᠲᠡᠢ 1 ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ 2 ᠬᠠᠯᠳᠠᠪᠤᠷᠢᠯᠠᠭᠳᠠᠭᠰᠠᠳ ᠲᠤ ᠶᠠᠭ ᠲᠠᠬᠤᠯ ᠡᠪᠡᠳᠴᠢᠨ ᠤ ᠰᠣᠳᠤᠯᠤᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠵᠦ᠂ 245 ᠨᠢᠭᠲᠠ ᠣᠶᠢᠷᠠᠲᠤᠭᠰᠠᠳ ᠢ ᠢᠯᠡᠷᠡᠭᠦᠯᠵᠦ᠂ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠣᠢ᠃      ᠣᠳᠣᠬᠠᠨ ᠳᠤ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠲᠣᠯᠠᠭᠰᠠᠨ ᠡᠪᠡᠳᠴᠢᠨ ᠤ ᠵᠢᠱᠢᠶ᠎ᠡ 17 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠤᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠲᠣᠳᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号