ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 37 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2020/11/25
ᠵᠠᠩ ᠱᠤᠤ ᠴᠦᠨ ᠡᠸᠤ ᠶᠠᠩ ᠰᠢᠶᠤᠤ ᠬᠤᠢ ᠵᠧᠩ ᠬᠤᠩ ᠹᠠᠨ ᠣᠷᠣᠯᠴᠠᠵᠠᠢ      11 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 37 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠬᠤ ᠵᠢᠴᠢ ᠨᠠᠮᠤᠷ ᠡᠪᠦᠯ ᠤᠨ ᠰᠡᠷᠭᠡᠶᠢᠯᠡᠨ ᠡᠵᠡᠮᠳᠡᠬᠦ ᠠᠵᠢᠯ ᠤᠨ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠵᠠᠩ ᠱᠣᠤ ᠴᠦᠨ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ᠂ ᠵᠧᠩ ᠬᠤᠩ ᠹᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠱᠠᠭᠠᠷᠳᠠᠭᠰᠠᠨ ᠨᠢ᠂ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠵᠢᠴᠢ ᠵᠣᠬᠢᠶᠠᠨ ᠪᠠᠶᠢᠭᠤᠯᠤᠨ ᠳᠠᠶᠢᠴᠢᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠨ᠂ ︽ᠪᠠᠶᠢᠴᠠᠭᠠᠬᠤ ᠶᠣᠰᠣᠲᠠᠶ ᠪᠦᠬᠦᠨ ᠢ ᠪᠠᠶᠢᠴᠠᠭᠠᠬᠤ︾ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ ᠃ ︽ᠭᠠᠳᠠᠨ᠎ᠠ ᠠᠴᠠ ᠣᠷᠣᠵᠣ ᠢᠷᠡᠬᠦ ᠶᠢ ᠰᠡᠷᠭᠡᠶᠢᠯᠡᠬᠦ︾ ᠱᠠᠭᠠᠷᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠦ᠂ ᠬᠢᠯᠢ ᠳᠤ ᠣᠷᠣᠵᠤ ᠢᠷᠡᠭᠰᠡᠨ ᠬᠥᠮᠦᠰ ᠪᠠ ᠤᠯᠤᠰ ᠤᠨ ᠳᠣᠲᠣᠭᠠᠳᠤ ᠶᠢᠨ ᠳᠤᠮᠳᠠ ᠦᠨᠳᠦᠷ ᠵᠡᠷᠭᠡ ᠶᠢᠨ ᠠᠶᠤᠯ ᠲᠦᠭᠰᠢᠭᠦᠷᠢ ᠶᠢᠨ ᠭᠠᠵᠠᠷ ᠣᠷᠣᠨ ᠠᠴᠠ ᠢᠷᠡᠭᠰᠡᠨ ᠬᠥᠮᠦᠰ ᠲᠤ ᠪᠦᠬᠦ ᠶᠠᠪᠤᠴᠠ ᠪᠠᠷ ᠪᠦᠷᠢᠨ ᠪᠢᠳᠡᠬᠦᠮᠵᠢᠯᠡᠭᠰᠡᠨ ᠬᠠᠮᠢᠶᠠᠷᠤᠨ ᠡᠵᠡᠮᠳᠡᠬᠦ ᠶᠢ ᠴᠢᠩᠭ᠎ᠠ ᠨᠢᠭᠲᠠ ᠰᠠᠶᠢᠲᠤᠷ ᠬᠢᠵᠦ᠂ ︽ᠬᠥᠮᠦᠨ᠂ ᠪᠣᠳᠠᠰ︾ ᠢ ᠬᠠᠮᠲᠤ ᠳᠤ ᠨᠢ ᠰᠡᠷᠭᠡᠶᠢᠯᠡᠬᠦ ᠶᠢ ᠪᠠᠷᠢᠮᠲᠠᠯᠠᠨ᠂ ᠬᠦᠢᠲᠡᠨ ᠬᠡᠯᠬᠢᠶᠡᠲᠦ ᠢᠳᠡᠭᠡᠨ ᠪᠣᠯᠤᠨ ᠲᠦᠷᠭᠡᠨ ᠢᠯᠡᠭᠡᠯᠲᠡ ᠶᠢᠨ ᠪᠣᠳᠠᠰ ᠤᠨ ᠣᠷᠣᠵᠣ ᠢᠷᠡᠬᠦ ᠪᠣᠭᠤᠮᠲᠠ᠂ ᠬᠢᠨᠠᠨ ᠰᠢᠯᠭᠠᠵᠤ ᠪᠠᠶᠢᠴᠠᠭᠠᠨ ᠬᠡᠮᠵᠢᠬᠦ ᠪᠣᠭᠤᠮᠲᠠ᠂ ᠠᠷᠢᠭᠤᠳᠬᠠᠬᠤ ᠪᠣᠭᠤᠮᠲᠠ ᠶᠢ ᠴᠢᠩᠭ᠎ᠠ ᠰᠠᠬᠢᠵᠤ᠂ ᠬᠠᠮᠢᠶ᠎ᠠ ᠪᠦᠬᠦᠢ ᠬᠥᠮᠦᠰ ᠢ ᠵᠢᠯᠣᠭᠤᠳᠤᠨ ᠦᠢᠯᠡ ᠠᠵᠢᠯᠯᠠᠭ᠎ᠠ ᠶᠢ ᠨᠢ ᠵᠢᠷᠤᠮᠵᠢᠭᠤᠯᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠰᠡᠷᠭᠡᠶᠢᠯᠡᠨ ᠡᠵᠡᠮᠳᠡᠬᠦ ᠡᠳ᠋ ᠪᠣᠳᠠᠰ ᠨᠥᠭᠡᠴᠡᠯᠡᠬᠦ ᠶᠢ ᠴᠢᠩᠭᠠᠳᠬᠠᠵᠤ᠂ ᠱᠠᠳᠤ ᠬᠤᠪᠢᠶᠠᠨ ᠪᠠᠲᠤᠯᠠᠬᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠬᠠᠷᠢᠯᠴᠠᠨ ᠲᠤᠰᠠᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠤᠨ ᠶᠣᠰᠣᠭᠠᠷ᠂ ᠠᠵᠢᠯ ᠢᠶᠠᠨ ᠯᠠᠪᠳᠠᠭᠤᠨ ᠪᠠᠲᠤᠲᠠᠶ ᠬᠢᠬᠦ ᠬᠡᠷᠡᠭᠲᠡᠶ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠪᠠᠶᠢᠴᠠᠭᠠᠯᠲᠠ ᠠᠴᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠥᠷᠥᠯ ᠳᠠᠷᠠᠭᠠᠯᠠᠨ ᠰᠠᠶᠢᠲᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠠᠯᠳᠠᠰᠢ ᠭᠠᠷᠬᠤ ᠶᠢ ᠦᠨᠡᠨ ᠬᠦ ᠬᠤᠷᠢᠭᠯᠠᠨ᠂ ᠳᠠᠬᠢᠨ ᠡᠭᠦᠰᠬᠦ ᠶᠢ ᠦᠨᠡᠨ ᠬᠦ ᠰᠡᠷᠭᠡᠶᠢᠯᠡᠬᠦ ᠬᠡᠷᠡᠭᠲᠡᠶ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号