ᠵᠠᠩ ᠱᠣᠤ ᠴᠦᠨ ᠡᠸᠤ ᠶᠠᠩ ᠰᠢᠶᠤᠤ ᠬᠤᠶ ᠣᠷᠣᠯᠴᠠᠪᠠ | 11 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠧᠯᠸᠢᠰ ᠤᠳᠠᠰᠤ ᠬᠤᠷᠠᠯ | ᠬᠤᠷᠠᠯᠳᠤᠭᠤᠯᠵᠤ᠂ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠪᠠ ᠮᠠᠨᠵᠤᠤᠷ | ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠠᠵᠢᠯ ᠤᠨ ᠪᠠᠶᠢᠳᠠᠯ ᠢ ᠢᠯᠡ ᠵᠠᠷᠯᠠᠵᠥ᠂ | ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ | ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ | ᠵᠠᠩ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ | ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠵᠠᠶ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠲᠣᠬᠢᠷᠠᠭᠤᠯᠤᠯᠲᠠ ᠶᠣᠰᠣᠭᠠᠷ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠳᠠᠶᠢᠪᠤᠰᠢᠷᠠᠬᠤ ᠪᠤᠳᠤᠯ ᠬᠠᠯᠠᠰᠢᠷᠠᠬᠤ | ᠰᠡᠳᠬᠢᠯᠬᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ | ᠬᠡᠮᠵᠢᠶ᠎ᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠬᠤ ᠬᠡᠷᠡᠭᠳᠡᠢ᠃ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠯᠵᠢᠭᠦᠯᠤᠨ ᠪᠠᠶᠢᠴᠠᠭᠠᠬᠤ᠂ | ᠲᠤᠰᠠᠭᠠᠷᠯᠠᠬᠤ᠂ ᠠᠪᠤᠷᠠᠨ ᠵᠠᠰᠠᠬᠤ᠂ ᠬᠠᠮᠢᠶᠠᠷᠤᠨ ᠡᠵᠡᠮᠳᠡᠬᠦ ᠵᠡᠷᠭᠡ ᠠᠵᠢᠯ ᠢ ᠰᠠᠶᠢᠲᠤᠷ ᠬᠢᠵᠦ᠂ ᠡᠮᠴᠢᠯᠡᠭᠡᠨ | ᠡᠪᠡᠳᠴᠢᠨ ᠡᠮᠭᠡᠭ ᠢ ᠰᠡᠷᠬᠡᠶᠢᠯᠡᠬᠦ ᠬᠦᠴᠦᠨ ᠪᠣᠯᠤᠨ ᠴᠢᠬᠤᠯᠠ ᠪᠦᠬᠦᠢ ᠡᠳ᠋ ᠪᠣᠳᠠᠰ ᠤᠨ ᠲᠤᠰᠠᠯᠠᠮᠵᠢ ᠶᠢ ᠴᠠᠭ | ᠲᠤᠬᠠᠶ ᠳᠤᠨᠢ ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠬᠦ | ᠬᠡᠷᠡᠭᠳᠡᠢ᠃ ︽ᠬᠥᠮᠦᠨ᠂ ᠪᠣᠳᠠᠰ︾ ᠵᠡᠷᠭᠡ ᠪᠠᠷ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠭᠤᠤᠯᠳᠠᠯᠭ᠎ᠠ ᠲᠠᠢ ᠲᠠᠯᠠᠪᠤᠷ ᠭᠠᠵᠠᠷ᠂ ᠬᠥᠮᠦᠰ ᠢ ᠬᠢᠨᠠᠨ ᠬᠡᠮᠵᠢᠵᠦ ᠪᠠᠶᠢᠴᠠᠭᠠᠨ ᠬᠡᠮᠵᠢᠬᠦ ᠶᠢ ᠤᠯᠠᠮ ᠨᠢᠬᠡ ᠠᠯᠬᠤᠮ | ᠴᠢᠩᠭᠠᠳᠬᠠᠵᠤ᠂ ᠭᠠᠳᠠᠨ᠎ᠡ ᠠᠴᠠ ᠬᠠᠯᠳᠠᠪᠤᠷᠢᠯᠠᠨ ᠤᠷᠤᠵᠥ ᠢᠷᠡᠬᠦ ᠶᠢ ᠰᠡᠷᠬᠡᠶᠢᠯᠡᠬᠦ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠡᠮᠨᠡᠯᠭᠡ ᠶᠢᠨ ᠬᠤᠷᠢᠶᠠᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ | ᠭᠠᠳᠠᠭᠠᠳᠤ ᠠᠴᠠ ᠣᠷᠣᠭᠤᠯᠬᠤ ᠬᠦᠯᠳᠡᠬᠦᠦ ᠪᠠᠷ ᠵᠦᠬᠡᠬᠡᠪᠦᠷᠢᠯᠡᠬᠦ ᠢᠳᠡᠭᠡᠨ ᠪᠠ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ | ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ ᠬᠡᠵᠥ | ᠴᠢᠬᠤᠯᠠᠴᠢᠯᠠᠪᠠ᠃ | ᠬᠤᠷᠠᠯ ᠠᠴᠠ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ | ᠵᠢᠯᠣᠭᠤᠳᠤᠨ ᠲᠣᠬᠢᠷᠠᠭᠤᠯᠬᠤ ᠠᠵᠢᠯ ᠢᠶᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ | ᠨᠠᠷᠢᠯᠢᠭᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠤᠯᠪᠠᠰᠤᠷᠠᠭᠤᠯᠤᠯ ᠢᠶᠠᠨ ᠴᠢᠩᠭᠠᠳᠬᠠᠵᠤ᠂ ᠮᠡᠳᠡᠭᠡ ᠵᠠᠩᠭᠢ | ᠨᠡᠶᠢᠲᠡᠯᠡᠵᠦ ᠵᠠᠷᠯᠠᠬᠤ ᠶᠢ ᠰᠠᠶᠢᠲᠤᠷ ᠬᠢᠵᠦ᠂ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠠᠭ | ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ | ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠳᠡᠢ ᠬᠡᠵᠥ ᠱᠠᠭᠠᠷᠳᠠᠪᠠ᠃ |