ᠨᠠᠮ ᠠᠴᠠ ᠴᠢᠳᠠᠪᠤᠷᠢᠲᠠᠨ ᠢ ᠬᠠᠮᠢᠶᠠᠷᠬᠤ᠂ ᠬᠥᠭᠵᠢᠯᠲᠡ ᠳᠤ ᠦᠢᠯᠡᠴᠢᠯᠡᠬᠦ᠂ ᠵᠠᠬ᠎ᠠ ᠳᠡᠯᠭᠡᠭᠦᠷ ᠢᠶᠠᠷ | ᠭᠤᠣᠯᠯᠠᠬᠤ᠂ ᠵᠠᠰᠠᠭ ᠤᠨ ᠣᠷᠳᠣᠨ ᠠᠴᠠ ᠠᠬᠢᠭᠤᠯᠬᠤ᠂ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠦᠨᠳᠦᠰᠦᠨ | ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠥᠪᠥᠷ ᠮᠣᠩᠭᠤᠯ ︽ | ᠵᠠᠬ᠎ᠠ ᠳᠡᠯᠭᠡᠭᠦᠷ ᠤᠨ ᠦᠢᠯᠡᠳᠦᠯ ᠢ ᠭᠦᠢᠴᠡᠳ ᠪᠠᠳᠠᠷᠠᠭᠤᠯᠵᠤ ᠴᠢᠳᠠᠪᠤᠷᠢᠲᠠᠨ ᠤ ᠤᠷᠤᠭᠰᠢᠲᠠᠶ ᠪᠦᠭᠡᠳ ᠡᠮᠬᠢ | ᠵᠢᠷᠤᠮ ᠲᠠᠢ ᠰᠢᠯᠵᠢᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠪᠡ᠃ | ᠨᠢᠭᠡᠳᠦᠯᠲᠡᠶ ᠪᠥᠭᠡᠳ ᠵᠢᠷᠤᠮᠵᠢᠯ ᠲᠠᠢ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ | ᠰᠢᠰᠲ᠋ᠧᠮᠵᠢ ᠪᠠᠶᠢᠭᠤᠯᠬᠤ᠂ ᠬᠥᠮᠦᠨ ᠬᠡᠷᠡᠭᠯᠡᠬᠦ ᠭᠤᠣᠯ ᠴᠣᠭᠴᠠ ᠶᠢᠨ ᠡᠵᠡᠨ ᠮᠡᠳᠡᠬᠦ ᠡᠷᠬᠡ ᠶᠢ ᠦᠨᠡᠨ ᠬᠦ ᠪᠠᠲᠤᠯᠠᠬᠤ | ᠂ ᠨᠠᠮ ᠵᠠᠰᠠᠭ ᠤᠨ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ | ᠴᠢᠳᠠᠪᠤᠷᠢᠲᠠᠨ ᠤ ᠰᠢᠯᠵᠢᠯᠲᠡ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠴᠢᠳᠠᠪᠤᠷᠢᠲᠠᠨ ᠢ ᠬᠥᠲᠥᠯᠥᠨ ᠵᠢᠯᠣᠭᠤᠳᠴᠤ | ᠵᠣᠷᠢᠭᠵᠢᠭᠤᠯᠵᠤ ᠪᠠᠶᠢᠭᠠᠳ ᠬᠠᠲᠠᠭᠤ ᠪᠡᠷᠬᠡᠰᠢᠶᠡᠯᠲᠡᠶ ᠵᠠᠬ᠎ᠠ ᠬᠢᠵᠠᠭᠠᠷ ᠣᠷᠣᠨ ᠪᠠ ᠦᠨᠳᠦᠰᠦᠨ ᠱᠠᠲᠤᠨ ᠤ | ᠨᠢᠭᠡᠳᠦᠭᠡᠷ ᠹᠷᠣᠨᠲ ᠵᠦᠭ ᠰᠢᠯᠵᠢᠬᠦ ᠵᠡᠷᠭᠡ 14 ᠲᠠᠯ᠎ᠠ ᠪᠠᠷ ᠠᠷᠭ᠎ᠠ ᠬᠡᠮᠵᠢᠶ᠎ᠡ ᠲᠣᠭᠲᠠᠭᠠᠵᠤ᠂ ᠴᠢᠳᠠᠪᠤᠷᠢᠲᠠᠨ ᠤ | ᠤᠷᠤᠭᠰᠢᠲᠠᠶ ᠪᠥᠭᠡᠳ ᠡᠮᠬᠢ ᠵᠢᠷᠤᠮ ᠲᠠᠢ ᠰᠢᠯᠵᠢᠬᠦ ᠶᠢ ᠠᠬᠢᠭᠤᠯᠬᠤ ᠪᠣᠯᠣᠨ᠎ᠠ᠃ ᠪᠣᠳᠠᠲᠠᠶ ᠠᠷᠭ᠎ᠠ ᠬᠡᠮᠵᠢᠶ᠎ᠡ ᠳᠤ | ᠭᠤᠤᠯᠳᠠᠭᠤ᠄ | ᠨᠢᠭᠡ ᠳᠤ ᠨᠢᠭᠡᠳᠦᠯᠲᠡᠶ ᠪᠥᠭᠡᠳ ᠵᠢᠷᠤᠮᠵᠢᠯ ᠲᠠᠢ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ | ᠳᠡᠯᠭᠡᠭᠦᠷ ᠤᠨ ᠰᠢᠰᠲ᠋ᠧᠮᠵᠢ ᠶᠢ ᠢᠳᠡᠪᠬᠢᠲᠡᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ | ᠵᠠᠬ᠎ᠠ ᠳᠡᠯᠭᠡᠭᠦᠷ ᠤᠨ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠴᠢᠳᠠᠪᠤᠷᠢᠲᠠᠨ ᠤ ᠰᠢᠯᠵᠢᠯᠲᠡ ᠶᠢ | ᠪᠡᠶᠡᠯᠡᠭᠦᠯᠬᠦ ᠳᠤᠮᠳᠠᠬᠢ ᠵᠠᠬ᠎ᠠ ᠳᠡᠯᠭᠡᠭᠦᠷ ᠤᠨ ᠭᠤᠤᠯ ᠠᠷᠭ᠎ᠠ ᠵᠠᠮ ᠤᠨ ᠦᠢᠯᠡᠳᠦᠯ ᠪᠠ ᠴᠢᠳᠠᠪᠤᠷᠢᠲᠠᠨ ᠤ ᠡᠬᠢ | ᠪᠠᠶᠠᠯᠢᠭ ᠢ ᠲᠣᠬᠢᠷᠠᠭᠤᠯᠬᠤ ᠳᠤᠮᠳᠠᠬᠢ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠬᠤᠲᠠ ᠬᠥᠳᠡᠭᠡ᠂ ᠭᠠᠵᠠᠷ ᠣᠷᠣᠨ᠂ ᠠᠵᠢᠯ ᠲᠥᠷᠥᠯ ᠤᠨ ᠴᠢᠳᠠᠪᠤᠷᠢᠲᠠᠨ ᠤ ᠰᠢᠯᠵᠢᠯᠲᠡ ᠶᠢ ᠵᠦᠶ ᠵᠣᠬᠢᠰ ᠥᠬᠡᠶ | ᠰᠠᠯᠭᠠᠬᠤ ᠶᠢ ᠡᠪᠳᠡᠵᠦ᠂ ᠪᠡᠶ᠎ᠡ ᠶᠢᠨ ᠭᠠᠷᠤᠯ᠂ ᠭᠦᠢᠰᠦ ᠶᠢᠨ ᠢᠯᠭᠠᠯ ᠤᠨ ᠭᠠᠳᠠᠭᠤᠷᠴᠢᠯᠠᠯ ᠢ ᠠᠷᠢᠯᠭᠠᠵᠤ᠂ | ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠳᠦᠷᠢᠮ ᠢ ᠨᠢᠭᠡᠳᠬᠡᠨ᠎ᠡ᠃ | ᠬᠤᠶᠠᠷ ᠲᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ᠂ | ᠦᠨ᠎ᠡ ᠬᠠᠩᠰᠢ ᠪᠠ ᠥᠷᠢᠰᠥᠯᠳᠦᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠦᠨ ᠤ ᠬᠦᠴᠦᠨ ᠤ ᠡᠬᠢ | ᠪᠠᠶᠠᠯᠢᠭ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢᠨ ᠬᠢᠨᠠᠨ ᠬᠡᠮᠵᠢᠯᠲᠡ ᠶᠢ | ᠴᠢᠩᠭᠠᠳᠬᠠᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ | ᠂ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠪᠠ | ᠠᠵᠢᠯ ᠲᠥᠷᠥᠯ ᠤᠨ ᠨᠡᠶᠢᠭᠡᠮᠯᠢᠭ ᠲᠤ ᠲᠦᠰᠢᠭᠯᠡᠨ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ | ᠳᠡᠯᠭᠡᠭᠦᠷ ᠤᠨ ᠨᠢᠭᠡᠳᠦᠯᠲᠡᠶ᠂ ᠬᠥᠳᠡᠯᠦᠩᠭᠦᠶ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠠᠵᠤ ᠦᠢᠯᠡᠰ ᠤᠨ ᠴᠢᠳᠠᠪᠤᠷᠢᠲᠠᠨ ᠤ ᠡᠬᠢ ᠪᠠᠶᠠᠯᠢᠭ ᠤᠨ | ᠨᠥᠭᠡᠴᠡ ᠪᠠ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠳᠤ ᠵᠠᠳᠠᠯᠤᠯᠲᠠ ᠬᠢᠬᠦ ᠶᠢ ᠴᠢᠩᠭᠠᠳᠬᠠᠵᠤ᠂ | ᠴᠢᠳᠠᠪᠤᠷᠢᠲᠠᠨ ᠤ ᠡᠬᠢ ᠪᠠᠶᠠᠯᠢᠭ ᠤᠨ ᠬᠠᠩᠭᠠᠯᠭ᠎ᠠ ᠶᠢᠨ ᠪᠠᠶᠢᠳᠠᠯ ᠪᠠ ᠰᠢᠯᠵᠢᠯᠲᠡ ᠶᠢᠨ ᠬᠠᠨᠳᠤᠰᠢ ᠶᠢ ᠰᠤᠳᠤᠯᠤᠨ | ᠮᠠᠭᠠᠳᠯᠠᠬᠤ ᠶᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠤᠳ ᠳᠡᠭᠡᠳᠦ ᠳᠡᠰ ᠤᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠳᠤ | ᠣᠨ ᠤ ᠴᠠᠯᠢᠩ ᠤᠨ ᠳᠦᠷᠢᠮ ᠪᠤᠶᠤ ᠵᠥᠪᠳᠡᠯᠴᠡᠭᠡᠷ ᠤᠨ ᠴᠠᠯᠢᠩ᠂ ᠲᠥᠷᠥᠯ ᠵᠣᠶᠢᠯ ᠤᠨ ᠴᠠᠯᠢᠩ ᠣᠯᠭᠤᠬᠤ ᠶᠢ | ᠵᠥᠪᠰᠢᠶᠡᠷᠡᠨ᠎ᠡ᠃ ᠳᠡᠭᠡᠳᠦ ᠤᠷ᠎ᠠ ᠮᠡᠷᠭᠡᠵᠢᠯ ᠤᠨ ᠴᠢᠳᠠᠪᠤᠷᠢᠲᠠᠨ ᠤ ᠤᠯᠤᠰ ᠲᠥᠷᠥ᠂ ᠠᠵᠤ ᠠᠬᠤᠶ᠂ ᠨᠡᠶᠢᠭᠡᠮ ᠤᠨ | ᠣᠯᠭᠤᠮᠵᠢ ᠶᠢ ᠪᠦᠬᠦ ᠲᠠᠯ ᠠ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠠᠵᠢᠯ ᠤᠨ | ᠪᠠᠶᠢᠷᠢ ᠶᠢᠨ ᠦᠨ᠎ᠡ ᠥᠷᠲᠡᠭ᠂ ᠴᠢᠳᠠᠪᠤᠷᠢ ᠶᠢᠨ ᠬᠡᠪ ᠪᠣᠯᠪᠠᠰᠤᠷᠠᠯ᠂ ᠠᠵᠢᠯ ᠤᠨ ᠠᠮᠵᠢᠯᠲᠠ ᠪᠦᠲᠦᠮᠵᠢ ᠶᠢᠨ ᠬᠤᠪᠢ | ᠨᠡᠮᠡᠷᠢ ᠳᠤ ᠰᠠᠭᠤᠷᠢᠯᠠᠭᠰᠠᠨ ᠴᠠᠯᠢᠩ ᠤᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠤᠨ᠎ᠠ᠃ | ᠭᠤᠷᠪᠠ ᠳᠤ ᠬᠥᠮᠦᠨ ᠬᠡᠷᠡᠭᠯᠡᠬᠦ ᠭᠤᠣᠯ ᠴᠣᠭᠴᠠ ᠶᠢᠨ ᠡᠵᠡᠨ ᠮᠡᠳᠡᠬᠦ ᠡᠷᠬᠡ ᠶᠢ ᠦᠨᠡᠨ ᠬᠦ ᠪᠠᠲᠤᠯᠠᠵᠤ᠂ | ᠡᠷᠬᠡ ᠲᠡᠭᠰᠢ ᠲᠥᠪ ᠭᠤᠤᠯᠴᠢ ᠪᠠᠶᠢᠬᠤ᠂ ᠥᠷᠢᠰᠥᠯᠳᠦᠭᠦᠯᠦᠨ ᠰᠢᠯᠢᠳᠡᠭ ᠢ ᠨᠢ ᠰᠣᠩᠭᠤᠬᠤ ᠵᠠᠷᠴᠢᠮ ᠢ ᠪᠠᠷᠢᠮᠲᠠᠯᠠᠨ᠂ | ᠬᠥᠮᠦᠨ ᠡᠯᠰᠡᠵᠦ ᠬᠥᠮᠦᠨ ᠬᠡᠷᠡᠭᠯᠡᠬᠦ ᠲᠦᠷᠢᠮ ᠢ ᠵᠢᠷᠤᠮᠵᠢᠭᠤᠯᠵᠤ᠂ ᠲᠥᠪ ᠭᠤᠤᠯᠴᠢ ᠪᠠᠷ ᠥᠷᠢᠰᠥᠯᠳᠦᠬᠦ ᠶᠢ | ᠬᠠᠷᠰᠢᠯᠠᠬᠤ᠂ ᠵᠠᠰᠠᠭ ᠵᠠᠬᠢᠷᠭᠠᠨ ᠤ ᠪᠠᠬᠢᠯᠡᠯᠲᠡ ᠪᠠᠶᠢᠭᠤᠯᠬᠤ ᠡᠯ᠎ᠡ ᠵᠣᠶᠢᠯ ᠤᠨ ᠲᠣᠭᠲᠠᠭᠠᠯ ᠢ ᠬᠦᠴᠦᠨ | ᠦᠭᠡᠢ ᠪᠣᠯᠭᠠᠨ᠎ᠠ᠃ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠳᠦᠷᠢᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠠᠵᠢᠯ ᠦᠢᠯᠡᠰ ᠤᠨ ᠨᠢᠭᠡᠴᠢ ᠶᠢᠨ ᠤᠷᠢᠨ ᠬᠡᠷᠡᠭᠯᠡᠬᠦ ᠦᠢᠯᠡ ᠠᠵᠢᠯᠯᠠᠭ᠎ᠠ ᠶᠢ | ᠵᠢᠷᠤᠮᠵᠢᠭᠤᠯᠤᠨ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ | ᠲᠣᠭᠲᠠᠭᠠᠯ ᠶᠣᠰᠣᠭᠠᠷ ᠤᠷᠢᠨ ᠬᠡᠷᠡᠭᠯᠡᠬᠦ ᠲᠥᠰᠦᠯ ᠢᠶᠠᠨ ᠡᠵᠡᠨ ᠮᠡᠳᠡᠨ ᠲᠣᠭᠲᠠᠭᠠᠵᠤ᠂ ᠠᠵᠢᠯ ᠤᠨ ᠪᠠᠶᠢᠷᠢ ᠶᠢᠨ | ᠨᠥᠬᠦᠴᠡᠯ ᠲᠣᠬᠢᠷᠠᠭᠤᠯᠵᠤ᠂ ᠤᠷᠢᠨ ᠬᠡᠷᠡᠭᠯᠡᠬᠦ ᠮᠡᠳᠡᠭᠡ ᠵᠠᠩᠭᠢ ᠨᠡᠶᠢᠲᠡᠯᠡᠵᠦ᠂ ᠢᠯᠡ ᠪᠠᠷ ᠤᠷᠢᠨ ᠬᠡᠷᠡᠭᠯᠡᠬᠦ ᠶᠢ | ᠵᠣᠬᠢᠶᠠᠨ ᠪᠠᠶᠢᠭᠤᠯᠵᠤ ᠪᠣᠯᠤᠨ᠎ᠠ᠃ ᠠᠵᠢᠯ ᠦᠢᠯᠡᠰ ᠤᠨ ᠨᠢᠭᠡᠴᠢ ᠨᠦᠭᠦᠳ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠵᠣᠬᠢᠬᠤ ᠲᠣᠭᠠᠨ ᠤ ᠬᠦᠳᠡᠯᠦᠩᠭᠦᠢ ᠠᠵᠢᠯ ᠤᠨ ᠪᠠᠶᠢᠷᠢ ᠶᠢ ᠡᠵᠡᠨ ᠮᠡᠳᠡᠨ ᠲᠣᠬᠢᠷᠠᠭᠤᠯᠵᠤ᠂ | ᠰᠢᠨ᠎ᠡ ᠶᠢ ᠡᠭᠦᠳᠬᠦ ᠦᠢᠯᠡᠳᠦᠯᠭᠡ ᠶᠢᠨ ᠲᠤᠷᠰᠢᠯᠭ᠎ᠠ ᠲᠠᠢ ᠠᠵᠤ ᠠᠬᠤᠶᠢᠯᠠᠯᠲᠠᠨ᠂ ᠰᠢᠨᠵᠢᠯᠡᠬᠦ ᠤᠬᠠᠭᠠᠨ | ᠮᠡᠷᠭᠡᠵᠢᠯ ᠤᠨ ᠴᠢᠳᠠᠪᠤᠷᠢᠲᠠᠨ ᠢ ᠲᠡᠳᠡᠨ ᠠᠪᠴᠢᠷᠠᠵᠤ ᠲᠤᠰᠢᠶᠠᠯ ᠬᠠᠪᠰᠤᠷᠭᠠᠵᠤ ᠪᠣᠯᠤᠨ᠎ᠠ᠃ | ᠲᠦᠷᠪᠡ ᠳᠤ ᠨᠠᠮ ᠵᠠᠰᠠᠭ ᠤᠨ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠢ ᠶᠢᠨ | ᠴᠢᠳᠠᠪᠤᠷᠢᠲᠠᠨ ᠤ ᠰᠢᠯᠵᠢᠯᠲᠡ ᠶᠢᠨ ᠲᠣᠭᠲᠠᠴᠠ ᠶᠢ ᠪᠦᠷᠢᠨᠰᠢᠬᠦᠯᠵᠤ᠂ ᠨᠠᠮ ᠵᠠᠰᠠᠭ ᠤᠨ ᠴᠢᠳᠠᠪᠤᠷᠢᠲᠠᠨ᠂ ᠠᠵᠤ | ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ᠂ ᠳᠡᠭᠡᠳᠦ | ᠤᠷ᠎ᠠ ᠮᠡᠷᠭᠡᠵᠢᠯ ᠤᠨ ᠴᠢᠳᠠᠪᠤᠷᠢᠲᠠᠨ ᠵᠡᠷᠭᠡ ᠶᠢ ᠣᠷᠣᠨ ᠪᠦᠰᠡ᠂ ᠪᠠᠶᠢᠭᠤᠯᠤᠯ ᠠᠯᠤᠰᠯᠠᠨ ᠵᠦᠶ ᠵᠣᠬᠢᠰᠲᠠᠶ | ᠰᠢᠯᠵᠢᠭᠦᠯᠬᠦ ᠶᠢ ᠲᠡᠮᠵᠢᠨ ᠵᠢᠯᠣᠭᠤᠳᠤᠨ᠎ᠠ᠃ ᠨᠠᠮ ᠵᠠᠰᠠᠭ ᠤᠨ ᠴᠢᠳᠠᠪᠤᠷᠢᠲᠠᠨ ᠠᠵᠤ ᠠᠬᠤᠶᠢᠯᠠᠯ ᠠᠵᠢᠯ | ᠦᠶ᠋ᠯᠡᠰ ᠤᠨ ᠨᠢᠭᠡᠴᠢ ᠳᠤ ᠣᠴᠢᠵᠤ ᠠᠵᠢᠯᠯᠠᠵᠤ᠂ 5 ᠵᠢᠯ ᠤᠨ ᠳᠣᠲᠣᠷ᠎ᠠ ᠠᠩᠬ᠎ᠠ ᠤᠳᠠᠭ᠎ᠠ ᠮᠡᠷᠭᠡᠵᠢᠯ ᠤᠨ | ᠴᠣᠯᠠ ᠭᠤᠶᠤᠴᠢᠯᠠᠬᠤ ᠳᠤ᠂ ᠵᠣᠬᠢᠴᠠᠩᠭᠤᠶ ᠮᠡᠷᠭᠡᠵᠢᠯ ᠤᠨ ᠴᠣᠯᠠ ᠶᠢᠨ ᠰᠢᠷᠢᠰ ︵ᠲᠤᠰᠬᠠᠶ ᠮᠡᠷᠭᠡᠵᠢᠯ︶ ᠤᠨ | ᠠᠵᠢᠯ ᠤᠨ ᠠᠮᠵᠢᠯᠲᠠ ᠪᠦᠲᠦᠮᠵᠢ ᠶᠢᠨ ᠱᠠᠭᠠᠷᠳᠠᠯᠭ᠎ᠠ ᠳᠤ ᠨᠡᠶᠢᠴᠡᠪᠡᠯ᠂ ᠮᠡᠷᠭᠡᠵᠢᠯ ᠤᠨ ᠴᠣᠯᠠ ᠡᠭᠦᠷᠭᠡᠯᠡᠬᠦ ᠬᠢᠷᠢ | ᠬᠡᠮ ᠤᠨ ᠬᠢᠵᠠᠭᠠᠷᠯᠠᠯ ᠢ ᠬᠦᠯᠢᠶᠡᠰᠦᠯᠡᠭᠳᠡᠬᠦ ᠥᠬᠡᠶ ᠪᠠᠷ ᠠᠳᠠᠯᠢ ᠨᠥᠬᠦᠴᠡᠯ ᠲᠠᠢ ᠬᠥᠮᠦᠰ ᠲᠠᠢ ᠴᠤᠭ ᠵᠣᠬᠢᠴᠠᠩᠭᠤᠶ | ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠵᠤ ᠪᠣᠯᠣᠨ᠎ᠠ᠃ | ᠲᠠᠪᠤ ᠳᠤ ᠴᠢᠳᠠᠪᠤᠷᠢᠲᠠᠨ ᠤ ᠥᠮᠴᠢᠯᠡᠯ ᠤᠨ ᠲᠦᠷᠢᠮ ᠠᠯᠤᠰᠯᠠᠨ ᠰᠢᠯᠵᠢᠬᠦ ᠵᠠᠮ ᠢ ᠰᠠᠭᠠᠳ ᠥᠬᠡᠶ | ᠨᠡᠪᠲᠡᠷᠡᠭᠦᠯᠦᠨ᠂ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠤ ᠮᠡᠷᠭᠡᠵᠢᠯ ᠤᠨ ᠴᠣᠯᠠ ᠭᠤᠶᠤᠴᠢᠯᠠᠬᠤ ᠠᠷᠭ᠎ᠠ | ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ᠂ ᠲᠠᠩᠰᠠ ᠡᠪᠬᠡᠮᠡᠯ ᠢ ᠬᠠᠳᠠᠭᠠᠯᠠᠵᠤ ᠪᠠᠶᠢᠭ᠎ᠠ | ᠴᠢᠳᠠᠪᠤᠷᠢᠲᠠᠨ ᠤ ᠰᠣᠯᠢᠯᠴᠠᠭᠠᠨ ᠤ ᠦᠢᠯᠡᠴᠢᠯᠡᠭᠡᠨ ᠤ ᠪᠠᠶᠢᠭᠤᠯᠤᠮᠵᠢ ᠪᠤᠶᠤ ᠠᠵᠢᠯᠯᠠᠵᠤ ᠪᠠᠶᠢᠭ᠎ᠠ ᠨᠢᠭᠡᠴᠢ ᠶᠢᠨ | ᠪᠠᠶᠢᠭ᠎ᠠ ᠭᠠᠵᠠᠷ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠢᠶᠠᠷ ᠳᠠᠮᠵᠢᠭᠤᠯᠤᠨ ᠮᠡᠷᠭᠡᠵᠢᠯ ᠤᠨ ᠴᠤᠯᠠ ᠬᠢᠨᠠᠨ ᠲᠣᠭᠲᠠᠭᠠᠯᠭᠠᠵᠤ ᠪᠣᠯᠤᠨ᠎ᠠ᠃ ᠠᠩᠬ᠎ᠠ᠂ ᠳᠤᠮᠳᠠ᠂ | ᠳᠡᠭᠡᠳᠦ ᠵᠡᠷᠭᠡ ᠳᠤ ᠱᠠᠲᠤ ᠳᠠᠷᠠᠭᠠᠯᠠᠨ ᠭᠤᠶᠤᠴᠢᠯᠠᠨ ᠮᠡᠳᠡᠭᠦᠯᠬᠦ ᠠᠷᠭ᠎ᠠ ᠶᠢ ᠡᠪᠳᠡᠵᠦ᠂ ᠵᠣᠬᠢᠴᠠᠩᠭᠤᠢ ᠮᠡᠷᠭᠡᠵᠢᠯ ᠤᠨ | ᠴᠣᠯᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠦᠷ᠎ᠡ ᠪᠦᠲᠦᠭᠡᠯ ᠤᠨ ᠨᠥᠬᠦᠴᠡᠯ ᠳᠤ ᠨᠡᠶᠢᠴᠡᠭᠰᠡᠨ᠂ ᠶᠡᠭᠡ | ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠪᠥᠭᠡᠳ ᠲᠤᠰᠬᠠᠶ ᠮᠡᠷᠭᠡᠵᠢᠯ ᠤᠨ ᠠᠵᠢᠯ ᠬᠢᠭᠡᠳ ᠪᠦᠬᠦᠯᠢ | 5 ᠵᠢᠯ ᠪᠣᠯᠤᠭᠰᠠᠨ ᠪᠤᠶᠤ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠨ ᠪᠥᠭᠡᠳ | ᠲᠤᠰᠬᠠᠶ ᠮᠡᠷᠭᠡᠵᠢᠯ ᠤᠨ ᠠᠵᠢᠯ ᠬᠢᠭᠡᠳ ᠪᠦᠬᠦᠯᠢ 8 ᠵᠢᠯ ᠪᠣᠯᠤᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠳ | ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠳᠤ ᠰᠢᠭᠤᠳ ᠮᠡᠳᠡᠭᠦᠯᠵᠦ ᠪᠣᠯᠤᠨ᠎ᠠ᠃ ᠶᠡᠭᠡ ᠰᠤᠷᠭᠠᠭᠤᠯᠢ ᠶᠢᠨ ᠵᠢᠩᠬᠢᠨᠢ | ᠠᠩᠭᠢ ᠠᠴᠠ ᠲᠡᠭᠦᠰᠦᠭᠰᠡᠨ ᠪᠦᠭᠡᠳ ᠲᠤᠰᠬᠠᠶ ᠮᠡᠷᠭᠡᠵᠢᠯ ᠤᠨ ᠠᠵᠢᠯ ᠬᠢᠭᠡᠳ ᠪᠦᠬᠦᠯᠢ 12 ᠵᠢᠯ ᠪᠣᠯᠤᠭᠰᠠᠨ | ᠲᠤᠰᠬᠠᠶ ᠮᠡᠷᠭᠡᠵᠢᠯ ᠤᠨ ᠴᠢᠳᠠᠪᠤᠷᠢᠲᠠᠳ ᠳᠡᠭᠡᠳᠦ ᠵᠡᠷᠭᠡ ᠶᠢᠨ ᠮᠡᠷᠭᠡᠵᠢᠯ ᠤᠨ ᠴᠤᠯᠠ ᠶᠢ ᠰᠢᠭᠤᠳ ᠭᠤᠶᠤᠴᠢᠯᠠᠵᠤ | ᠪᠣᠯᠤᠨ᠎ᠠ᠃ | ᠵᠢᠷᠭᠤᠭ᠎ᠠ ᠳᠤ ᠴᠢᠳᠠᠪᠤᠷᠢᠲᠠᠨ ᠤ ᠤᠶᠠᠨ ᠬᠠᠳᠠᠨ ᠰᠢᠯᠵᠢᠯᠲᠡ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ | ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠣᠯᠤᠨ ᠠᠵᠤ ᠠᠬᠤᠶᠢᠯᠠᠯ ᠤᠨ ᠴᠢᠳᠠᠪᠤᠷᠢᠲᠠᠨ ᠤ | ᠥᠷᠲᠡᠭᠡ ᠪᠠᠶᠢᠭᠤᠯᠬᠤ ᠳᠤ ᠨᠢ ᠳᠡᠮᠵᠢᠯᠭᠡ ᠦᠵᠡᠭᠦᠯᠵᠦ᠂ ᠣᠷᠣᠨ ᠤ ᠭᠠᠳᠠᠨᠠᠬᠢ ᠴᠢᠳᠠᠪᠤᠷᠢᠲᠠᠨ ᠤ ᠠᠵᠢᠯᠲᠠᠨ ᠤ | ᠶᠠᠪᠤᠳᠠᠯ ᠤᠨ ᠬᠠᠷᠢᠴᠠᠭ᠎ᠠ ᠶᠢ ᠨᠢ ᠬᠤᠪᠢᠷᠠᠭᠤᠯᠬᠤ ᠥᠬᠡᠶ ᠤᠷᠢᠲᠠᠯ ᠳᠣᠤᠷ᠎ᠠ᠂ ᠫᠷᠤᠹᠧᠰᠰᠤᠷ᠂ ᠰᠤᠳᠤᠯᠤᠭᠴᠢ᠂ | ᠲᠤᠰᠬᠠᠶ ᠮᠡᠷᠭᠡᠵᠢᠯᠲᠡᠨ ᠢ ᠣᠨᠴᠠ ᠤᠷᠢᠬᠤ ᠲᠦᠷᠢᠮ ᠢ ᠬᠡᠷᠡᠭᠵᠢᠭᠦᠯᠵᠦ᠂ ᠲᠥᠯᠥᠪᠵᠢᠭᠦᠯᠭᠡ ᠶᠢᠨ ᠵᠥᠪᠯᠡᠯᠭᠡ ᠬᠢᠬᠦ᠂ | ᠲᠥᠷᠥᠯ ᠵᠣᠶᠢᠯ ᠤᠨ ᠬᠠᠮᠲᠤᠷᠠᠯᠴᠠᠭ᠎ᠠ ᠬᠢᠬᠦ᠂ ᠦᠷ᠎ᠡ ᠪᠦᠲᠦᠭᠡᠯ ᠢ ᠤᠯᠠᠷᠢᠭᠤᠯᠬᠤ᠂ ᠬᠠᠮᠲᠤᠷᠠᠨ ᠰᠤᠳᠤᠯᠤᠨ ᠨᠡᠭᠡᠭᠡᠬᠦ | ᠂ ᠮᠡᠷᠭᠡᠵᠢᠯ ᠣᠷᠣᠭᠤᠯᠤᠨ ᠠᠪᠴᠢᠷᠠᠬᠤ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠳᠡᠭᠡᠳᠦ ᠲᠠᠰ ᠤᠨ ᠴᠢᠳᠠᠪᠤᠷᠢᠲᠠᠨ ᠵᠢᠴᠢ ᠪᠦᠯᠬᠦᠮ ᠢ ᠤᠶᠠᠨ ᠬᠠᠳᠠᠨ ᠢᠶᠠᠷ ᠣᠷᠣᠭᠤᠯᠤᠨ | ᠠᠪᠴᠢᠷᠠᠵᠤ᠂ ᠬᠥᠮᠦᠨ ᠬᠡᠷᠡᠭᠯᠡᠬᠦ ᠨᠢᠭᠡᠴᠢ ᠶᠢ ᠬᠠᠪᠰᠤᠷᠤᠨ ᠲᠥᠷᠥᠯ ᠵᠣᠶᠢᠯ ᠰᠤᠳᠤᠯᠤᠨ ᠨᠡᠭᠡᠭᠡᠬᠦ ᠪᠠ ᠮᠡᠷᠭᠡᠵᠢᠯ ᠤᠨ | ᠪᠣᠭᠤᠮᠲᠠ ᠰᠢᠪᠲᠤᠯᠬᠤ ᠶᠢ ᠥᠷᠨᠢᠭᠦᠯᠦᠨ᠎ᠡ᠃ | ᠳᠣᠯᠤᠭ᠎ᠠ ᠳᠤ ᠣᠷᠣᠨ ᠪᠦᠰᠡ ᠶᠢᠨ ᠴᠢᠳᠠᠪᠤᠷᠢᠲᠠᠨ ᠤ ᠰᠣᠯᠢᠯᠴᠠᠭ᠎ᠠ ᠶᠢᠨ ᠨᠡᠭᠡᠭᠡᠯᠲᠡ ᠬᠢᠬᠦ ᠬᠠᠮᠲᠤᠷᠠᠯᠴᠠᠭ᠎ᠠ | ᠶᠢ ᠭᠦᠨᠵᠡᠭᠡᠶᠢᠷᠡᠭᠦᠯᠵᠦ᠂ ︽ᠲᠠᠯ᠎ᠠ ᠨᠤᠲᠤᠭ ᠤᠨ ᠴᠢᠳᠠᠪᠤᠷᠢᠲᠠᠨ︾ ᠤ ᠳᠡᠭᠡᠳᠦ ᠲᠠᠰ ᠤᠨ ᠴᠢᠳᠠᠪᠤᠷᠢᠲᠠᠨ ᠤ | ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠡᠭᠡᠵᠢᠩ ᠥᠪᠥᠷ ᠮᠣᠩᠭᠤᠯ ᠤᠨ | ᠴᠢᠳᠠᠪᠤᠷᠢᠲᠠᠨ ᠤ ᠰᠣᠯᠢᠯᠴᠠᠭ᠎ᠠ ᠶᠢᠨ ᠬᠠᠮᠲᠤᠷᠠᠯᠴᠠᠭ᠎ᠠ ᠶᠢᠨ ᠲᠣᠭᠲᠠᠴᠠ ᠶᠢ ᠥᠷᠭᠡᠳᠬᠡᠨ᠂ ᠲᠣᠮᠢᠯᠠᠭᠰᠠᠨ ᠨᠢᠭᠡᠴᠢ ᠪᠠ | ᠭᠠᠵᠠᠷ ᠣᠷᠣᠨ ᠤ ᠬᠤᠭᠤᠷᠣᠨᠳᠤᠬᠢ ᠴᠢᠳᠠᠪᠤᠷᠢᠲᠠᠨ ᠤ ᠰᠣᠯᠢᠯᠴᠠᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ | ᠴᠢᠳᠠᠪᠤᠷᠢᠲᠠᠨ ᠢ ᠠᠵᠢᠯ ᠲᠥᠷᠥᠯ ᠤᠨ ᠰᠢᠰᠲ᠋ᠧᠮ ᠢᠶᠠᠷ ᠨᠢ ᠬᠥᠮᠦᠵᠢᠭᠦᠯᠦᠨ ᠪᠣᠯᠪᠠᠰᠤᠷᠠᠭᠤᠯᠬᠤ ᠲᠣᠭᠲᠠᠴᠠ ᠶᠢ | ᠪᠦᠷᠢᠨᠰᠢᠬᠦᠯᠵᠦ᠂ ᠪᠡᠭᠡᠵᠢᠩ ᠤᠨ ᠭᠠᠳᠠᠭᠠᠳᠤ ᠳᠤ ᠰᠤᠷᠤᠯᠴᠠᠭᠰᠠᠳ ᠤᠨ ᠲᠥᠪ ᠤᠨ ᠥᠪᠥᠷ ᠮᠣᠩᠭᠤᠯ ᠤᠨ | ᠬᠤᠪᠢᠶᠠᠷᠢ ᠲᠥᠪ ᠤᠨ ᠪᠦᠲᠦᠮᠵᠢᠲᠡᠶ ᠠᠵᠢᠯᠯᠠᠭ᠎ᠠ ᠶᠢ ᠠᠬᠢᠭᠤᠯᠵᠤ᠂ ᠬᠥᠬᠡᠬᠤᠲᠠ ᠪᠤᠭᠤᠲᠤ ᠣᠷᠳᠣᠰ ᠦᠬᠠᠢ ᠶᠢᠨ | ᠪᠡᠭᠡᠵᠢᠩ ᠤᠨ ᠴᠢᠳᠠᠪᠤᠷᠢᠲᠠᠨ ᠤ ᠡᠬᠢ ᠪᠠᠶᠠᠯᠢᠭ ᠢ ᠵᠠᠯᠭᠠᠨ ᠠᠪᠬᠤ ᠡᠷᠴᠢᠮ ᠢ ᠴᠢᠩᠭᠠᠷᠠᠭᠤᠯᠤᠨ᠂ ᠪᠡᠭᠡᠵᠢᠩ ᠥᠪᠥᠷ | ᠮᠣᠩᠭᠤᠯ ᠤᠨ ᠴᠢᠳᠠᠪᠤᠷᠢᠲᠠᠨ ᠤ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠤᠨ᠎ᠠ᠃ | ᠨᠠᠢᠮᠠ ᠳᠤ ᠨᠠᠩ ᠴᠢᠯᠦᠭᠡᠲᠡᠢ ᠣᠯᠠᠨ ᠤᠯᠤᠰ ᠤᠨ ᠴᠢᠳᠠᠪᠤᠷᠢᠲᠠᠨ ᠤ ᠰᠣᠯᠢᠯᠴᠠᠭ᠎ᠠ ᠶᠢᠨ ᠬᠠᠮᠲᠤᠷᠠᠯᠴᠠᠭ᠎ᠠ | ᠶᠢᠨ ᠲᠣᠭᠲᠠᠴᠠ ᠶᠢ ᠪᠠᠶᠢᠭᠤᠯᠵᠤ᠂ ᠭᠠᠳᠠᠭᠠᠳᠤ ᠳᠤ ᠰᠤᠷᠤᠯᠴᠠᠭᠰᠠᠳ ᠮᠠᠨ ᠤ ᠣᠷᠣᠨ ᠳᠤ ᠪᠤᠴᠠᠵᠤ ᠰᠢᠨ᠎ᠡ ᠶᠢ | ᠡᠭᠦᠳᠦᠨ ᠠᠳᠠᠯ ᠦᠢᠯᠡᠰ ᠴᠣᠭᠴᠠᠯᠠᠬᠤ ᠶᠢ ᠨᠢ ᠵᠣᠷᠢᠭᠵᠢᠭᠤᠯᠤᠨ ᠳᠡᠮᠵᠢᠵᠦ᠂ ᠨᠥᠬᠦᠴᠡᠯ ᠳᠤ ᠨᠡᠶᠢᠴᠡᠪᠡᠯ ᠲᠣᠭᠲᠠᠭᠠᠯ | ᠶᠣᠰᠣᠭᠠᠷ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ | ᠬᠦᠷᠲᠡᠭᠡᠵᠦ ᠪᠣᠯᠤᠨ᠎ᠠ᠃ ᠬᠥᠬᠡᠬᠤᠲᠠ ᠪᠤᠭᠤᠲᠤ ᠣᠷᠳᠣᠰ ᠤᠨ ᠭᠠᠳᠠᠭᠠᠳᠤ ᠳᠤ ᠰᠤᠷᠤᠯᠴᠠᠭᠰᠠᠳ ᠤᠨ ᠠᠳᠠᠯ | ᠦᠶ᠋ᠯᠡᠰ ᠴᠣᠭᠴᠠᠯᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ ᠤᠯᠤᠰ ᠤᠨ | ᠴᠢᠳᠠᠪᠤᠷᠢᠲᠠᠨ ᠤ ᠰᠣᠯᠢᠯᠴᠠᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠡᠯ᠎ᠡ ᠲᠥᠷᠥᠯ ᠤᠨ ᠳᠡᠭᠡᠳᠦ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠤᠳ ᠣᠯᠠᠨ ᠤᠯᠤᠰ ᠤᠨ ᠴᠢᠨᠠᠷᠲᠠᠶ ᠴᠢᠳᠠᠪᠤᠷᠢᠲᠠᠨ ᠤ ᠰᠣᠯᠢᠯᠴᠠᠭᠠᠨ ᠤ ᠠᠵᠢᠯᠯᠠᠭ᠎ᠠ ᠳᠤ | ᠣᠷᠣᠯᠴᠠᠬᠤ ᠶᠢ ᠨᠢ ᠵᠣᠷᠢᠭᠵᠢᠭᠤᠯᠵᠤ᠂ ᠲᠤᠰᠬᠠᠶ ᠮᠡᠷᠭᠡᠵᠢᠯ ᠤᠨ ᠰᠢᠯᠢᠳᠡᠭ ᠴᠢᠳᠠᠪᠤᠷᠢᠲᠠᠨ᠂ ᠳᠡᠭᠡᠳᠦ ᠤᠷ᠎ᠠ | ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ | ᠴᠢᠳᠠᠪᠤᠷᠢᠲᠠᠨ ᠢ ᠭᠠᠳᠠᠭᠠᠳᠤ ︵ᠬᠢᠯᠢ︶ ᠳᠤ ᠲᠤᠮᠢᠯᠠᠨ ᠪᠣᠯᠪᠠᠰᠤᠷᠠᠭᠤᠯᠤᠯ ᠬᠦᠷᠲᠡᠭᠡᠵᠦ᠂ ᠣᠯᠠᠨ ᠤᠯᠤᠰ ᠤᠨ | ᠰᠣᠯᠢᠯᠴᠠᠭ᠎ᠠ ᠬᠠᠮᠲᠤᠷᠠᠯᠴᠠᠭᠠᠨ ᠤ ᠠᠵᠢᠯᠯᠠᠭ᠎ᠠ ᠥᠷᠨᠢᠭᠦᠯᠦᠨ᠎ᠡ᠃ | ᠶᠢᠰᠦ ᠳᠤ ᠴᠢᠳᠠᠪᠤᠷᠢᠲᠠᠨ ᠢ ᠵᠢᠯᠣᠭᠤᠳᠤᠨ ᠵᠣᠷᠢᠭᠵᠢᠭᠤᠯᠵᠤ ᠪᠠᠶᠢᠭᠠᠳ ᠬᠠᠲᠠᠭᠤ ᠪᠡᠷᠬᠡᠰᠢᠶᠡᠯᠲᠡᠢ ᠬᠢᠯᠢ | ᠬᠢᠵᠠᠭᠠᠷ ᠣᠷᠣᠨ ᠪᠠ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠡᠰᠢ ᠰᠢᠯᠵᠢᠭᠦᠯᠵᠦ᠂ ᠬᠠᠲᠠᠭᠤ ᠪᠡᠷᠬᠡᠰᠢᠶᠡᠯᠲᠡᠢ | ᠬᠢᠯᠢ ᠬᠢᠵᠠᠭᠠᠷ ᠣᠷᠣᠨ ᠤ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠡᠯᠰᠡᠨ ᠤᠷᠢᠬᠤ | ᠪᠠᠷᠢᠮᠵᠢᠶ᠎ᠠ ᠶᠢ ᠪᠠᠭᠤᠷᠠᠭᠤᠯᠵᠤ᠂ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ᠂ ᠤᠯᠤᠰ ᠤᠨ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠬᠤᠰᠢᠭᠤ ᠰᠢᠶᠠᠨ ᠤ ᠰᠢᠶᠠᠨ ᠠᠴᠠ ᠳᠣᠷᠣᠭᠰᠢᠬᠢ | ᠠᠵᠢᠯ ᠦᠢᠯᠡᠰ ᠤᠨ ᠨᠢᠭᠡᠴᠢ ᠶᠢᠨ ᠵᠢᠩᠬᠢᠨᠢ ᠠᠵᠢᠯᠲᠠᠨ ᠢᠶᠠᠷ ᠰᠢᠨ᠎ᠡ ᠪᠠᠷ ᠤᠷᠢᠭᠳᠠᠭᠰᠠᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠵᠢᠩᠬᠢᠨᠢᠴᠢᠯᠡᠬᠦ ᠪᠠ ᠳᠡᠰ ᠲᠣᠭᠲᠠᠭᠠᠬᠤ ᠶᠢ ᠤᠷᠢᠳᠴᠢᠯᠠᠵᠤ ᠪᠣᠯᠤᠨ᠎ᠠ᠃ | ᠠᠷᠪᠠ ᠳᠤ ᠴᠢᠳᠠᠪᠤᠷᠢᠲᠠᠨ ᠤ ᠰᠢᠯᠵᠢᠯᠲᠡ ᠶᠢᠨ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ | ᠴᠢᠳᠠᠪᠤᠷᠢᠲᠠᠨ ᠤ ᠰᠢᠯᠵᠢᠯᠲᠡ ᠶᠢ ᠠᠬᠢᠭᠤᠯᠬᠤ ᠲᠦᠷᠢᠮ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ | ᠴᠢᠳᠠᠪᠤᠷᠢᠲᠠᠨ ᠤ ᠰᠢᠯᠵᠢᠯᠲᠡ ᠶᠢᠨ ᠦᠶ᠋ᠯᠡᠴᠢᠯᠡᠬᠦ ᠬᠤᠭᠤᠴᠠᠭ᠎ᠠ᠂ ᠠᠵᠢᠯ ᠲᠦᠷᠤᠯ ᠤᠨ ᠥᠷᠢᠰᠥᠯᠳᠦᠭᠡᠨ ᠤ | ᠬᠢᠵᠠᠭᠠᠷᠯᠠᠯ᠂ ᠨᠢᠭᠤᠴᠠ ᠶᠢ ᠬᠠᠮᠠᠭᠠᠯᠠᠬᠤ ᠵᠡᠷᠭᠡ ᠲᠠᠯ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠴᠢᠳᠠᠪᠤᠷᠢᠲᠠᠨ | ᠤ ᠡᠮᠬᠢ ᠵᠢᠷᠤᠮ ᠦᠭᠡᠢ ᠰᠢᠯᠵᠢᠬᠦ ᠶᠢ ᠬᠤᠷᠢᠭᠯᠠᠨ᠎ᠠ᠃ ᠴᠢᠳᠠᠪᠤᠷᠢᠲᠠᠨ ᠤ ᠰᠢᠯᠵᠢᠯᠲᠡ ᠶᠢᠨ ᠠᠵᠢᠯ ᠤᠨ ᠳᠦᠷᠢᠮ ᠢ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠵᠡᠷᠭᠡ ᠳᠦᠷᠢᠮ ᠯᠦᠭᠡ ᠵᠣᠯᠭᠠᠭᠤᠯᠬᠤ ᠶᠢ | ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠶᠢ ᠬᠠᠮᠠᠭᠠᠯᠠᠬᠤ | ᠡᠷᠴᠢᠮ ᠢ ᠴᠢᠩᠭᠠᠷᠠᠭᠤᠯᠤᠨ᠎ᠠ᠃ ᠤᠷᠢᠵᠤ ᠢᠷᠡᠭᠰᠡᠨ ᠴᠢᠳᠠᠪᠤᠷᠢᠲᠠᠨ ᠤ ᠤᠤᠯ ᠤᠨ ᠪᠠᠶᠢᠭ᠎ᠠ ᠭᠠᠵᠠᠷ ᠣᠷᠣᠨ ᠳᠤ ᠪᠠᠨ | ᠬᠠᠮᠠᠭᠠᠯᠠᠭᠰᠠᠨ ᠲᠤᠰᠬᠠᠶ ᠮᠡᠷᠭᠡᠵᠢᠯᠲᠡᠨ ᠤ ᠴᠣᠯᠠ᠂ ᠲᠤᠰᠬᠠᠶ ᠮᠡᠷᠭᠡᠵᠢᠯ ᠤᠨ ᠴᠣᠯᠠ᠂ ᠡᠷᠬᠢᠯᠡᠭᠰᠡᠨ ᠠᠵᠢᠯ ᠤᠨ ᠬᠢᠷᠢ | ᠬᠡᠮ᠂ ᠤᠷ᠎ᠠ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠢ ᠵᠣᠬᠢᠴᠠᠩᠭᠤᠶ ᠪᠠᠷ ᠮᠡᠳᠡᠷᠡᠨ᠎ᠡ᠃ | ᠠᠷᠪᠠᠨ ᠨᠢᠭᠡ ᠳᠤ ᠭᠤᠤᠯᠳᠠᠯᠭ᠎ᠠ ᠲᠠᠢ ᠬᠦᠷᠢᠶᠡᠨ ᠤ ᠴᠢᠳᠠᠪᠤᠷᠢᠲᠠᠨ ᠤ ᠰᠢᠯᠵᠢᠯᠲᠡ ᠶᠢᠨ ᠡᠮᠬᠢ ᠳᠢᠭᠯᠢᠮ ᠢ | ᠬᠠᠮᠠᠭᠠᠯᠠᠵᠤ᠂ ᠤᠯᠤᠰ ᠤᠨ ᠭᠤᠤᠯᠳᠠᠯᠭ᠎ᠠ ᠲᠠᠢ ᠬᠦᠷᠢᠶᠡᠨ ᠳᠠᠬᠢ ᠴᠢᠳᠠᠪᠤᠷᠢᠲᠠᠨ ᠤ ᠰᠢᠯᠵᠢᠯᠲᠡ ᠶᠢᠨ ᠬᠠᠮᠢᠶᠠᠷᠤᠯᠲᠠ | ᠶᠢᠨ ᠠᠷᠭ᠎ᠠ ᠶᠢ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠴᠢᠳᠠᠪᠤᠷᠢᠲᠠᠨ ᠤ ᠰᠢᠯᠵᠢᠯᠲᠡ ᠶᠢ | ᠬᠠᠤᠯᠢ ᠶᠣᠰᠣᠭᠠᠷ ᠵᠢᠷᠤᠮᠵᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠬᠦᠷᠢᠶᠡᠨ | ᠳᠠᠬᠢ ᠴᠢᠳᠠᠪᠤᠷᠢᠲᠠᠨ ᠢ ᠤᠷᠮᠠᠰᠢᠭᠤᠯᠬᠤ ᠪᠠ ᠱᠠᠩᠨᠠᠬᠤ ᠳᠦᠷᠢᠮ ᠢ ᠨᠠᠶᠢᠳᠠᠪᠤᠷᠢᠵᠢᠭᠤᠯᠵᠤ᠂ ᠨᠥᠬᠦᠴᠡᠯ ᠳᠤ | ᠨᠡᠶᠢᠴᠡᠪᠡᠯ ᠰᠲ᠋ᠣᠺ ᠤᠨ ᠡᠷᠬᠡ᠂ ᠬᠤᠭᠤᠴᠠᠭᠠᠲᠤ ᠡᠷᠬᠡ᠂ ᠠᠰᠢᠭ ᠬᠤᠪᠢᠶᠠᠷᠢᠯᠠᠯᠲᠠ ᠶᠢᠨ ᠤᠷᠮᠠᠰᠢᠭᠤᠯᠤᠯ ᠵᠡᠷᠭᠡ | ᠳᠤᠮᠳᠠ ᠪᠠ ᠤᠷᠲᠤ ᠬᠤᠭᠤᠴᠠᠭᠠᠨ ᠤ ᠤᠷᠮᠠᠰᠢᠭᠤᠯᠬᠤ ᠳᠦᠷᠢᠮ ᠢ ᠬᠡᠷᠡᠭᠵᠢᠭᠦᠯᠦᠨ᠎ᠡ᠃ ᠲᠥᠷᠥ ᠶᠢᠨ ᠪᠣᠳᠣᠯᠭ᠎ᠠ ᠶᠢᠨ | ᠬᠡᠯᠪᠠᠶᠢᠯᠲᠡ ᠠᠴᠠ ᠪᠣᠯᠵᠣ ᠴᠢᠳᠠᠪᠤᠷᠢᠲᠠᠨ ᠤ ᠲᠥᠯᠥᠪᠯᠡᠭᠡ ᠶᠢᠨ ᠳᠡᠮᠵᠢᠯᠭᠡ ᠶᠢ ᠣᠯᠣᠭᠰᠠᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠨ᠂ ᠳᠡᠮᠵᠢᠬᠦ ᠦᠶᠡᠯᠡᠯ ᠤᠨ ᠬᠤᠭᠤᠴᠠᠭᠠᠨ ᠳᠤ ᠬᠠᠮᠢᠶ᠎ᠠ ᠪᠦᠬᠦᠢ ᠠᠵᠢᠯ ᠤᠨ ᠪᠠᠶᠢᠷᠢ ᠠᠴᠠ | ᠰᠠᠯᠪᠠᠯ᠂ ᠲᠡᠭᠦᠨ ᠳᠤ ᠦᠵᠡᠭᠦᠯᠬᠦ ᠵᠣᠬᠢᠴᠠᠩᠭᠤᠶ ᠳᠡᠮᠵᠢᠯᠭᠡ ᠪᠠᠨ ᠬᠦᠴᠦᠨ ᠥᠬᠡᠶ ᠪᠣᠯᠭᠠᠨ᠎ᠠ᠃ | ᠠᠷᠪᠠᠨ ᠬᠤᠶᠠᠷ ᠲᠤ ᠴᠢᠳᠠᠪᠤᠷᠢᠲᠠᠨ ᠳᠤ ᠦᠵᠡᠭᠦᠯᠬᠦ ᠣᠯᠠᠨ ᠨᠡᠶᠢᠲᠡ ᠶᠢᠨ ᠬᠦᠳᠡᠯᠦᠩᠭᠦᠢ ᠦᠢᠯᠡᠴᠢᠯᠡᠭᠡ ᠶᠢ | ᠳᠦᠭᠦᠮᠴᠢᠯᠡᠬᠦ ᠶᠢ ᠠᠬᠢᠭᠤᠯᠵᠤ᠂ ᠵᠠᠰᠠᠭ ᠤᠨ ᠣᠷᠳᠣᠨ ᠤ ᠴᠢᠳᠠᠪᠤᠷᠢᠲᠠᠨ ᠤ ᠬᠠᠮᠢᠶᠠᠷᠤᠯᠲᠠ ᠶᠢᠨ ᠬᠦᠷᠢᠶᠡᠨ ᠳᠠᠬᠢ ︽ | ᠲᠠᠯᠪᠢᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠴᠢᠳᠠᠪᠤᠷᠢᠲᠠᠨ ᠳᠤ ᠦᠵᠡᠭᠦᠯᠬᠦ ᠣᠯᠠᠨ | ᠨᠡᠶᠢᠲᠡ ᠶᠢᠨ ᠬᠦᠳᠡᠯᠦᠩᠭᠦᠢ ᠦᠢᠯᠡᠴᠢᠯᠡᠭᠡ ᠶᠢ ︽ᠳᠠᠷᠦ᠋ᠢᠬᠠᠨ ᠭᠦᠶ᠋ᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ | ᠣᠶᠢᠷ᠎ᠠ ᠬᠠᠪᠢ ᠳᠤᠨᠢ ᠭᠦᠶ᠋ᠴᠡᠳᠬᠡᠬᠦ᠂ ᠨᠢᠭᠡ ᠯᠡ ᠤᠳᠠᠭ᠎ᠠ ᠳᠤ ᠭᠦᠶ᠋ᠴᠡᠳᠬᠡᠬᠦ︾ ᠶᠢ ᠶᠡᠬᠡᠪᠡᠷ ᠳᠡᠯᠭᠡᠷᠡᠭᠦᠯᠦᠨ᠎ᠡ᠃ | ᠴᠢᠳᠠᠪᠤᠷᠢᠲᠠᠨ ᠤ ᠠᠳᠠᠯᠢ ᠪᠤᠰᠤ ᠭᠠᠵᠠᠷ ᠣᠷᠣᠨ᠂ ᠥᠮᠴᠢᠯᠡᠯ ᠪᠠ ᠠᠵᠢᠯ ᠲᠥᠷᠥᠯ ᠤᠨ ᠡᠷᠭᠢᠯᠳᠦᠭᠦᠯᠵᠦ ᠪᠠᠶᠢᠭ᠎ᠠ | ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠠᠷᠭ᠎ᠠ ᠶᠢ ᠲᠡᠭᠦᠯᠳᠡᠷᠵᠢᠭᠦᠯᠬᠦ ᠶᠢᠨ | ᠬᠠᠮᠲᠤ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠣᠷᠣᠨ ᠪᠦᠰᠡ ᠠᠯᠤᠰᠯᠠᠨ ᠣᠨᠳᠣᠤ ᠭᠠᠵᠠᠷ ᠲᠤ | ᠲᠡᠰᠦᠯᠦᠨ ᠪᠤᠳᠤᠬᠤ ᠶᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠎ᠡ᠃ ᠴᠢᠳᠠᠪᠤᠷᠢᠲᠠᠨ ᠳᠤ ᠦᠵᠡᠭᠦᠯᠬᠦ ᠣᠯᠠᠨ | ᠨᠡᠶᠢᠲᠡ ᠶᠢᠨ ᠬᠦᠳᠡᠯᠦᠩᠭᠦᠢ ᠦᠶ᠋ᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ | ᠢᠨᠲ᠋ᠧᠷ ᠰᠦᠯᠵᠢᠶ᠎ᠡ + ᠴᠢᠳᠠᠪᠤᠷᠢᠲᠠᠨ ᠤ ᠦᠢᠯᠡᠴᠢᠯᠡᠭᠡ︾ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ | ᠠᠷᠪᠠᠨ ᠭᠤᠷᠪᠠ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠢ ᠲᠦᠷᠭᠡᠳᠬᠡᠨ | ᠬᠥᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ | ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠬᠦ | ᠲᠥᠯᠥᠪᠯᠡᠭᠡ᠂ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠲᠥᠯᠥᠪᠯᠡᠭᠡ ᠪᠣᠯᠤᠨ ︽ | ᠢᠨᠲ᠋ᠧᠷ ᠰᠦᠯᠵᠢᠶ᠎ᠡ +︾ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠢᠯᠯᠠᠭ᠎ᠠ᠂ ︽ᠨᠢᠭᠡ | ᠪᠦᠰᠡ ᠨᠢᠭᠡ ᠵᠠᠮ︾ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠢᠯᠯᠠᠭ᠎ᠠ ᠶᠢ | ᠭᠤᠤᠯᠳᠠᠯᠭ᠎ᠠ ᠲᠠᠢ ᠬᠡᠷᠡᠭᠵᠢᠭᠦᠯᠦᠨ᠎ᠡ᠃ | ᠠᠷᠪᠠᠨ ᠳᠥᠷᠪᠡ ᠳᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ | ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠤᠳᠤᠷᠢᠳᠤᠯᠭ᠎ᠠ | ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ | ᠶᠢᠨ ᠲᠢᠩᠬᠢᠮ ᠴᠢᠳᠠᠪᠤᠷᠢᠲᠠᠨ ᠤ ᠰᠢᠯᠵᠢᠯᠲᠡ ᠶᠢ ᠵᠣᠬᠢᠴᠠᠭᠤᠯᠤᠨ ᠠᠬᠢᠭᠤᠯᠬᠤ ᠡᠯ᠎ᠡ ᠵᠦᠢᠯ ᠤᠨ ᠠᠵᠢᠯ ᠢ | ᠬᠠᠷᠢᠭᠤᠴᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ | ᠬᠦᠴᠦᠨ ᠢ ᠦᠨᠡᠨ ᠬᠦ ᠪᠤᠢ ᠪᠣᠯᠭᠠᠨ᠎ᠠ᠃ |