ᠵᠤᠴᠢᠨ᠄ ᠬᠦᠬᠡᠬᠤᠳᠠ ᠶᠢᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠶᠢᠨ ᠲᠤᠪᠴᠢᠶᠠᠨ | ᠲᠠᠷᠤᠭ᠎ᠠ ᠶᠦᠨ ᠳ᠋ᠦᠸᠧ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠶᠢᠨ ᠨᠠᠮ ᠤᠨ | ᠲᠤᠭᠤᠶᠢᠯᠠᠩ ᠤᠨ ᠭᠡᠰᠢᠭᠦᠨ ᠡᠦ ᠶᠦᠩ ᠡᠾᠸᠦ᠂ ᠢᠳᠡᠭᠡᠨ ᠤ ᠬᠦᠢᠯᠭᠡᠭᠡ ᠶᠢᠨ ᠰᠠᠯᠠᠭ᠎ᠠ ᠶᠢᠨ ᠰᠠᠯᠠᠭᠠᠨ ᠲᠠᠷᠤᠭ᠎ᠠ | ᠸᠠᠩ ᠴᠦᠨ ᠯᠢᠨ᠂ ᠢᠳᠡᠭᠡᠨ ᠤ ᠦᠢᠯᠡᠳᠪᠦᠷᠢᠯᠡᠯ ᠤᠨ ᠰᠠᠯᠠᠭ᠎ᠠ ᠶᠢᠨ ᠰᠠᠯᠠᠭᠠᠨ ᠲᠠᠷᠤᠭ᠎ᠠ ᠯᠢ ᠪᠦ᠋ ᠵᠢᠶᠦ᠋ᠨ | | | | | | ﹇ᠬᠠᠮᠢᠶᠠᠷᠤᠭᠴᠢ﹈ ᠲᠤᠰ ᠤᠳᠠᠭᠠᠨ ᠤ ᠰᠤᠷᠪᠤᠯᠵᠢᠯᠠᠭ᠎ᠠ ᠶᠢ ᠬᠦᠬᠡᠬᠤᠳᠠ ᠶᠢᠨ ᠠᠷᠠᠳ ᠤᠨ ᠵᠠᠰᠠᠭ ᠤᠨ | ᠤᠷᠳᠤᠨ ᠤ ᠰᠦᠯᠵᠢᠶ᠎ᠡ ᠪᠠ ᠬᠦᠬᠡᠬᠤᠳᠠ ᠶᠢᠨ ᠷᠠᠳᠢᠤ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ | ᠨᠡᠪᠳᠡᠷᠡᠭᠦᠯᠭᠡ ᠬᠠᠮᠳᠤᠷᠠᠨ ᠡᠷᠬᠢᠯᠡᠵᠦ ᠪᠠᠶᠢᠨ᠎ᠠ᠃ ᠰᠦᠯᠵᠢᠶᠡᠨ ᠤ ᠨᠥᠬᠦᠳ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠮᠠᠨ ᠤ ᠰᠡᠳᠦᠪ ᠲᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ ᠃ | ﹇ᠬᠦᠳᠦᠯᠦᠭᠴᠢ﹈ ᠤᠮᠠᠷᠠᠳᠤ ᠤᠷᠤᠨ ᠤ ᠮᠦᠨᠴᠦ ᠦᠪᠦᠷ ᠮᠤᠩᠭᠤᠯ ᠤᠨ ᠬᠦᠮᠦᠨ ᠪᠤᠯᠤᠭᠰᠠᠨ ᠤ | ᠬᠤᠪᠢ ᠳᠤ᠂ ︽ᠬᠥᠬᠡ ᠤᠭᠲᠠᠷᠭᠤᠢ ᠴᠡᠩᠭᠡᠷᠯᠡᠭᠡᠳ ᠬᠦᠷᠦᠰᠦᠳᠦ ᠲᠡᠯᠡᠭᠡᠢ ᠴᠡᠯᠡᠶᠢᠨᠡ᠂ ᠬᠤᠩᠭᠤᠷ ᠰᠠᠯᠬᠢᠨ᠎ᠠ | ᠡᠪᠡᠰᠦ ᠨᠠᠶᠢᠭᠤᠬᠤᠯᠠᠷ᠂ ᠬᠤᠨᠢ ᠦᠬᠡᠷ ᠢᠷᠠᠶᠢᠨᠠᠮ︾ ᠡᠨᠡᠬᠦ ᠰᠢᠯᠦᠭ ᠢ ᠤᠯᠠᠩᠭᠢ ᠬᠦᠮᠦᠰ ᠪᠦᠷ ᠮᠡᠳᠡᠨ᠎ᠡ᠂ ᠡᠨᠡ | ᠰᠢᠯᠦᠭ ᠪᠣᠯ ᠡᠮᠦᠨᠡᠳᠦ ᠤᠮᠠᠷᠠᠳᠤ ᠲᠥᠷᠥ ᠶᠢᠨ ᠦᠶ᠎ᠡ ᠶᠢᠨ ᠨᠢᠭᠡ ᠰᠢᠯᠦᠭᠴᠢ ᠶᠢᠨ ︽ᠴᠢᠯᠧ ᠶᠢᠨ ᠳᠠᠭᠤᠯᠠᠯ︾ | ᠠᠴᠠ ᠢᠷᠡᠯᠲᠡᠢ᠂ ᠮᠤᠨᠢ ᠠᠭᠤᠯᠠ ᠪᠠᠷ ᠲᠦᠰᠢᠭ ᠪᠣᠯᠭᠠᠭᠰᠠᠨ ᠦᠷᠭᠡᠨ ᠠᠭᠤᠳᠠᠮ ᠲᠠᠯ᠎ᠠ ᠨᠤᠲᠤᠭ ᠤᠨ ᠰᠦᠷᠯᠢᠭ | ᠦᠵᠡᠮᠵᠢ ᠶᠢ ᠲᠦᠷᠰᠦᠯᠡᠵᠦ᠂ ᠮᠤᠩᠭᠤᠯ ᠦᠨᠳᠦᠰᠦᠳᠡᠨ ᠤ ᠵᠠᠩ ᠵᠠᠩᠰᠢᠯ ᠪᠠ ᠤᠷᠤᠨ ᠨᠤᠲᠤᠭ ᠤᠨ ᠠᠮᠢᠳᠤᠷᠠᠯ ᠤᠨ | ᠭᠦᠨ ᠥᠩᠭᠡ ᠪᠤᠳᠤᠭ ᠢ ᠢᠯᠡᠳᠭᠡᠭᠰᠡᠨ ᠶᠤᠮ᠃ ᠤᠶᠢᠷ᠎ᠠ ᠶᠢᠨ ᠵᠢᠯ ᠠᠴᠠ ᠨᠠᠰᠢ᠂ ᠬᠦᠬᠡᠬᠤᠳᠠ ᠶᠢᠨ ᠠᠵᠤ ᠠᠬᠤᠢ | ᠨᠡᠶᠢᠭᠡᠮ ᠦᠨᠳᠦᠷ ᠬᠤᠷᠳᠤᠴᠠ ᠪᠠᠷ ᠲᠤᠭᠳᠠᠭᠤᠨ ᠬᠦᠭᠵᠢᠵᠦ᠂ ᠠᠷᠠᠳ ᠤᠯᠠᠨ ᠤ ᠢᠳᠡᠭᠡᠨ ᠤ ᠠᠶᠤᠯᠬᠦᠢ ᠬᠡᠷᠡᠭᠯᠡᠭᠡ | ᠶᠢᠨ ᠣᠷᠴᠢᠨ ᠪᠠ ᠠᠮᠢᠳᠤᠷᠠᠯ ᠤᠨ ᠵᠢᠭᠠᠯᠲᠠ ᠲᠤᠭ᠎ᠠ ᠶᠡᠬᠡᠪᠡᠷ ᠲᠡᠭᠡᠭᠰᠢᠯᠡᠯᠡ᠃ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠪᠠ ᠪᠠᠶᠢᠭᠤᠯᠤᠮᠵᠢ ᠶᠢᠨ ᠦᠭᠡᠷᠡᠴᠢᠯᠡᠯᠳᠡ ᠪᠠᠷ ᠰᠠᠯᠠᠭ᠎ᠠ ᠮᠦᠴᠢᠷ ᠢ ᠨᠡᠶᠢᠯᠡᠭᠦᠯᠵᠦ | ᠨᠡᠶᠢᠳᠭᠡᠭᠰᠡᠨ ᠠᠴᠠ ᠨᠠᠰᠢ᠂ ᠬᠦᠬᠡᠬᠤᠳᠠ ᠶᠢᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠲᠤᠪᠴᠢᠶ᠎ᠠ | ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠦᠪᠡᠷᠳᠡᠭᠡᠨ ᠵᠠᠰᠠᠬᠤ ᠤᠷᠤᠨ ᠤ ᠵᠠᠬ᠎ᠠ | ᠲᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠲᠤᠪᠴᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠳᠠ ᠪᠠ ᠵᠢᠯᠤᠭᠤᠳᠤᠯᠭ᠎ᠠ | ᠲᠤᠤᠷ᠎ᠠ᠂ ᠨᠠᠮ ᠤᠨ ᠲᠥᠪ ᠬᠤᠷᠢᠶ᠎ᠠ᠂ ᠲᠦᠷᠥ ᠶᠢᠨ ᠶᠠᠪᠤᠳᠠᠯ ᠤᠨ ᠬᠤᠷᠢᠶ᠎ᠠ ᠶᠢᠨ ᠦᠭᠡᠷᠡᠴᠢᠯᠡᠯᠳᠡ ᠶᠢ | ᠬᠦᠨᠵᠡᠭᠡᠶᠢᠷᠡᠭᠦᠯᠵᠦ ᠢᠳᠡᠭᠡᠨ ᠤ ᠠᠶᠤᠯᠬᠦᠢ ᠶᠢᠨ ᠠᠵᠢᠯ ᠢ ᠴᠢᠩᠭᠠᠳᠬᠠᠬᠤ ᠲᠤᠬᠠᠢ ᠠᠯᠢ ᠤᠯᠠᠨ ᠪᠢᠴᠢᠭ | ᠮᠠᠲ᠋ᠧᠷᠢᠶᠠᠯ ᠢᠶᠠᠷ ᠶᠡᠷᠦᠩᠬᠡᠶᠢᠯᠡᠨ ᠵᠢᠯᠤᠭᠤᠳᠤᠭᠤᠯᠵᠤ᠂ ᠪᠣᠰᠣᠳ ᠠᠴᠠ ᠲᠦᠷᠦᠭᠦᠯᠡᠬᠦ ᠰᠥᠰᠥ ᠵᠣᠷᠢᠭ ᠢᠶᠠᠷ᠂ ᠡᠷᠡᠰ | ᠰᠢᠭᠤᠷᠬᠠᠶ ᠵᠣᠷᠢᠭ ᠰᠠᠨᠠᠭ᠎ᠠ ᠪᠠᠷ᠂ ᠪᠦᠬᠦ ᠬᠤᠲᠠ ᠶᠢᠨ ᠬᠡᠪᠴᠢᠶᠡᠨ ᠳᠤ ᠨᠢᠭᠡ ᠤᠳᠠᠭᠠᠨ ᠤ ᠦᠨᠡᠨ ᠪᠣᠳᠠᠲᠠᠶ | ᠢᠳᠡᠭᠡᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠪᠠ ᠪᠦᠬᠦ ᠤᠯᠤᠰ ᠤᠨ ᠪᠣᠯᠪᠠᠰᠤᠨ ᠬᠤᠲᠠ᠂ ᠠᠷᠢᠭᠤᠨ ᠴᠡᠪᠡᠷ | ᠬᠤᠲᠠ᠂ ᠢᠳᠡᠭᠡᠨ ᠤ ᠠᠶᠤᠯᠬᠦᠢ ᠶᠢᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠥᠭᠡᠷᠡᠴᠢᠯᠡᠯᠲᠡ ᠶᠢ | ᠤᠷᠢᠳᠠᠪᠠᠷ ᠡᠬᠢᠯᠡᠬᠦᠯᠬᠦ ᠶᠢᠨ ᠬᠠᠮᠲᠤ ᠪᠥᠬᠦ ᠬᠤᠲᠠ ᠶᠢᠨ ᠬᠡᠪᠴᠢᠶᠡᠨ ᠳᠤ ᠵᠣᠷᠢᠭᠲᠠᠶ ᠪᠥᠭᠡᠳ ᠪᠦᠲᠦᠮᠵᠢᠲᠡᠶ | ᠰᠦᠪᠡᠭᠴᠢᠯᠡᠵᠦ ᠦᠢᠯᠡᠳᠦᠯᠭᠡᠵᠢᠭᠦᠯᠦᠨ᠂ ᠢᠳᠡᠭᠡᠨ ᠤ ᠠᠶᠤᠯᠬᠦᠢ ᠶᠢᠨ ᠶᠡᠷᠦᠩᠬᠡᠶᠢᠯᠡᠨ ᠵᠠᠰᠠᠬᠤ ᠰᠢᠰᠲ᠋ᠧᠮᠵᠢ ᠶᠢ | ᠲᠦᠷᠭᠡᠳᠬᠡᠨ ᠲᠡᠭᠦᠯᠳᠡᠷᠵᠢᠭᠦᠯᠵᠦ᠂ ᠪᠥᠬᠦ ᠬᠤᠲᠠ ᠶᠢᠨ ᠢᠳᠡᠭᠡᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ | ᠠᠵᠢᠯ ᠤᠨ ᠠᠮᠢᠵᠢᠷᠠᠯ ᠤᠨ ᠬᠦᠴᠦᠨ ᠢ ᠰᠡᠷᠭᠦᠭᠡᠵᠦ᠂᠂ ᠪᠥᠬᠦ ᠬᠤᠲᠠ ᠶᠢᠨ ᠠᠷᠠᠳ ᠲᠦᠮᠡᠨ ᠤ ᠢᠳᠡᠭᠡᠨ | ᠤᠮᠳᠠᠭᠠᠨ ᠤ ᠠᠮᠢᠳᠤᠷᠠᠯ᠂ ᠬᠤᠭᠤᠯᠠᠨ ᠰᠢᠷᠡᠭᠡᠨ ᠤ ᠠᠶᠤᠯᠬᠦᠢ ᠂ ︽ᠭᠤᠷᠪᠠᠨ ᠬᠤᠲᠠ ᠶᠢ ᠵᠡᠷᠭᠡᠪᠡᠷ ᠴᠣᠭᠴᠠᠯᠠᠬᠤ︾ | ᠠᠵᠢᠯ ᠢ ᠠᠬᠢᠭᠤᠯᠬᠤ ᠳᠤ ᠨᠠᠩ ᠬᠦᠴᠦᠲᠡᠶ ᠪᠠᠲᠤᠯᠠᠭ᠎ᠠ ᠪᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ﹇ᠬᠦᠳᠦᠯᠦᠭᠴᠢ﹈ ᠬᠦᠬᠡᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠪᠠᠶᠢᠭᠤᠯᠤᠭᠳᠠᠭᠰᠠᠨ ᠠᠴᠠ ᠪᠠᠨ ᠨᠠᠰᠢ᠂ ᠢᠳᠡᠭᠡᠨ ᠤ ᠠᠶᠤᠯᠬᠦᠢ ᠶᠢᠨ ᠠᠵᠢᠯ ᠢ ᠴᠢᠩᠭᠠᠳᠬᠠᠵᠤ᠂ ᠲᠥᠪ ᠬᠤᠳᠠ | ᠪᠥᠬᠦ ᠤᠯᠤᠰ ᠤᠨ ᠪᠣᠯᠪᠠᠰᠤᠨ ᠬᠤᠲᠠ᠂ ᠪᠥᠬᠦ ᠤᠯᠤᠰ ᠤᠨ ᠠᠷᠢᠭᠤᠨ ᠴᠡᠪᠡᠷ ᠬᠤᠲᠠ᠂ ᠪᠥᠬᠦ ᠤᠯᠤᠰ ᠤᠨ | ᠢᠳᠡᠭᠡᠨ ᠤ ᠠᠶᠤᠯᠬᠦᠢ ᠶᠢᠨ ᠬᠤᠲᠠ ᠶᠢᠨ ᠪᠠᠶᠢᠭᠤᠯᠤᠯᠳᠠ ᠶᠢ ᠠᠬᠢᠭᠤᠯᠬᠤ ᠲᠠᠯ᠎ᠠ ᠳᠤ ᠶᠡᠭᠡ ᠬᠡᠮᠵᠢᠶᠡᠨ ᠤ | ᠪᠦᠳᠦᠮᠵᠢᠳᠡᠢ ᠠᠵᠢᠯ ᠤᠳ ᠢ ᠬᠢᠵᠡᠶ᠃ ᠶᠦᠨ ᠲᠤᠪᠴᠢᠶᠠᠨ ᠲᠠᠷᠤᠭ᠎ᠠ ᠪᠢᠳᠡᠨ ᠳᠤ ᠢᠳᠡᠭᠡᠨ ᠤ ᠠᠶᠤᠯᠬᠦᠢ ᠶᠢᠨ | ᠠᠵᠢᠯ ᠢ ᠬᠡᠷᠬᠢᠨ ᠦᠵᠡᠵᠦ ᠪᠠᠶᠢᠭ᠎ᠠ ᠪᠠᠨ᠂ ᠢᠳᠡᠭᠡᠨ ᠤ ᠠᠶᠤᠯᠬᠦᠢ ᠶᠢᠨ ᠠᠵᠢᠯ ᠢ ᠬᠡᠷᠬᠢᠨ ᠴᠢᠬᠤᠯᠠᠴᠢᠯᠠᠵᠤ ᠪᠠᠶᠢᠭ᠎ᠠ | ᠲᠤᠬᠠᠢ ᠪᠠᠨ ᠶᠠᠷᠢᠵᠤ ᠦᠭᠭᠦᠨ᠎ᠡ ᠤᠤ︖ | ﹇ᠶᠦᠨ ᠳ᠋ᠦᠸᠧ﹈ ᠵᠠ ᠲᠡᠭᠡᠶ᠎ᠡ᠃ ᠢᠳᠡᠭᠡᠨ ᠤ ᠠᠶᠤᠯᠬᠦᠢ ᠨᠢ ᠴᠢᠨᠠᠷ ᠰᠠᠶᠢᠲᠠᠶ ᠬᠥᠭᠵᠢᠯᠲᠡ ᠶᠢᠨ ᠶᠡᠭᠡ | ᠲᠠᠯ᠎ᠠ ᠳᠤ ᠬᠤᠯᠪᠣᠭᠳᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠤᠯᠪᠣᠭᠳᠠᠵᠤ᠂ ᠠᠷᠠᠳ | ᠣᠯᠠᠨ ᠤ ᠬᠠᠮᠤᠭ ᠠᠴᠠ ᠰᠠᠨᠠᠭᠠᠰᠢᠷᠠᠳᠠᠭ ᠠᠷᠠᠳ ᠤᠨ ᠠᠮᠢᠳᠤᠷᠠᠯ ᠤᠨ ᠠᠰᠠᠭᠤᠳᠠᠯ ᠪᠣᠯᠤᠨ᠎ᠠ᠃ ᠨᠠᠮ ᠪᠠ | ᠤᠯᠤᠰ ᠠᠴᠠ ᠢᠳᠡᠭᠡᠨ ᠤ ᠠᠶᠤᠯᠬᠦᠢ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠭᠡᠷ ᠢᠷᠡᠵᠦ ᠂ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ | ᠬᠤᠷᠢᠶ᠎ᠠ ᠢᠳᠡᠭᠡᠨ ᠤ ᠠᠶᠤᠯᠬᠦᠢ ᠶᠢᠨ ᠠᠵᠢᠯ ᠢ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ | ᠪᠠᠶᠢᠷᠢᠯᠠᠭᠤᠯᠤᠯᠲᠠ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ | ᠤᠷᠤᠭᠤᠯᠵᠤ᠂ ᠨᠢᠭᠡᠳᠦᠯᠲᠡᠶ ᠲᠥᠯᠥᠪᠯᠡᠨ ᠰᠦᠪᠡᠭᠴᠢᠯᠡᠨ ᠪᠠᠶᠢᠷᠢᠯᠠᠭᠤᠯᠵᠤ᠂ ᠪᠠᠶᠢᠭᠤᠯᠤᠯ ᠲᠣᠭᠲᠠᠴᠠ᠂ ᠬᠠᠤᠯᠢ | ᠳᠦᠷᠢᠮ᠂ ᠠᠵᠤ ᠦᠢᠯᠡᠰ ᠤᠨ ᠲᠥᠯᠦᠪᠵᠢᠭᠦᠯᠭᠡ᠂ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠠᠯᠢ ᠣᠯᠠᠨ | ᠴᠢᠬᠤᠯᠠ ᠶᠡᠭᠡ ᠠᠷᠭ᠎ᠠ ᠬᠡᠮᠵᠢᠶ᠎ᠡ ᠨᠦᠭᠦᠳ ᠢ ᠠᠪᠤᠭᠰᠠᠨ ᠪᠠᠶᠢᠨ᠎ᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ | ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠢᠳᠡᠭᠡᠨᠤ ᠠᠶᠤᠯᠬᠦᠢ ᠵᠢᠨᠠᠵᠢᠯ ᠢ ᠴᠢᠩᠭᠠᠳᠬᠠᠬᠤ ᠲᠤᠬᠠᠶ ᠰᠠᠨᠠᠯ︾ ᠢ ᠲᠤᠰᠬᠠᠶᠢᠯᠠᠨ ᠳᠠᠷᠤᠮᠠᠯᠯᠠᠨ ᠲᠠᠷᠬᠠᠭᠠᠵᠤ᠂ | ᠰᠢᠨ᠎ᠡ ᠴᠠᠭ ᠦᠶ᠎ᠡ ᠶᠢᠨ ᠢᠳᠡᠭᠡᠨ ᠤ ᠠᠶᠤᠯᠬᠦᠢ ᠶᠢᠨ ᠠᠵᠢᠯ ᠤᠨ ᠰᠢᠨ᠎ᠡ ᠪᠠᠶᠢᠳᠠᠯ᠂ ᠰᠢᠨ᠎ᠡ ᠬᠠᠷᠠᠯᠲᠠ᠂ ᠰᠢᠨ᠎ᠡ | ᠡᠭᠦᠷᠭᠡ ᠪᠣᠯᠤᠨ ᠰᠢᠨ᠎ᠡ ᠱᠠᠭᠠᠷᠳᠠᠯᠭ᠎ᠠ ᠶᠢ ᠤᠯᠠᠮ ᠴᠢᠨᠠᠭᠰᠢᠳᠠ ᠲᠣᠳᠣᠷᠬᠠᠶᠢᠯᠠᠵᠤ᠂ ᠪᠢᠳᠡᠨ ᠤ ᠢᠳᠡᠭᠡᠨ ᠤ | ᠠᠶᠤᠯᠬᠦᠢ ᠶᠢᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠬᠥᠬᠡᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠦᠬᠦ ᠬᠤᠲᠠ ᠶᠢᠨ ᠢᠳᠡᠭᠡᠨ ᠤ ᠠᠶᠤᠯᠬᠦᠢ ᠶᠢᠨ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠳᠡᠭᠡᠨ ᠤ ᠠᠶᠤᠯᠬᠦᠢ ᠶᠢᠨ ᠵᠥᠪᠯᠡᠯ ᠢ ᠪᠠᠶᠢᠭᠤᠯᠤᠨ᠂ ᠡᠯ᠎ᠡ | ᠪᠦᠷᠢᠯᠳᠦᠬᠦᠨ ᠨᠢᠭᠡᠴᠡ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ | ︽ᠲᠠᠷᠢᠶᠠᠨ ᠭᠠᠵᠠᠷ︾ ᠠᠴᠠ ︽ᠬᠤᠭᠤᠯᠠᠨ ᠰᠢᠷᠡᠭᠡ︾ ᠬᠦᠷᠲᠡᠯᠡᠬᠢ ᠪᠦᠬᠦ ᠶᠠᠪᠤᠴᠠ ᠳᠤ ᠢᠳᠡᠭᠡᠨ ᠤ | ᠠᠶᠤᠯᠬᠦᠢ ᠶᠢᠨ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠴᠢᠩᠭ᠎ᠠ ᠬᠠᠮᠢᠶᠠᠷᠴᠤ᠂ ᠴᠢᠩᠭ᠎ᠠ ᠡᠵᠡᠮᠳᠡᠨ᠂ ᠥᠷᠭᠡᠨ | ᠣᠯᠠᠨ ᠠᠷᠠᠳ ᠲᠦᠮᠡᠨ ᠤ ᠢᠳᠡᠭᠡᠨ ᠤ ᠠᠶᠤᠯᠬᠦᠢ ᠶᠢ ᠪᠠᠲᠤᠯᠠᠪᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠢᠳᠡᠭᠡᠨ ᠤ ᠠᠮᠤᠷ ᠲᠦᠪᠰᠢᠨ ᠤ ᠠᠯᠪᠠᠨ | ᠭᠡᠷ ᠤᠨ ᠪᠠᠶᠢᠭ᠎ᠠ ᠨᠢᠭᠡᠴᠡ ᠪᠣᠯᠤᠭᠰᠠᠨ ᠤ ᠬᠤᠪᠢ ᠳᠤ᠂ ᠢᠳᠡᠭᠡᠨ ᠤ ᠠᠶᠤᠯᠬᠦᠢ ᠶᠢᠨ ᠲᠠᠯ᠎ᠠ ᠳᠤ ᠨᠠᠮ ᠵᠠᠰᠠᠭ ᠠᠳᠠᠯᠢ | ᠬᠠᠷᠢᠭᠤᠴᠠᠯᠭ᠎ᠠ ᠲᠠᠢ ᠪᠠᠶᠢᠬᠤ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠯᠲᠡ ᠬᠢᠨᠠᠯᠲᠠ | ᠬᠠᠮᠢᠶᠠᠷᠤᠯᠲᠠ ᠶᠢᠨ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠢᠳᠡᠭᠡᠨ ᠤ ᠲᠤᠬᠠᠶ ᠣᠯᠠᠨ ᠵᠦᠢᠯ ᠤᠨ | ᠲᠤᠰᠬᠠᠶ ᠠᠵᠢᠯᠯᠠᠭ᠎ᠠ ᠥᠷᠨᠢᠭᠦᠯᠪᠡ᠃ ᠵᠢᠱᠢᠶᠡᠯᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠲᠣᠪᠴᠢᠶ᠎ᠠ | ᠪᠥᠬᠦ ᠬᠤᠲᠠ ᠶᠢᠨ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ ᠶᠢ ᠲᠤᠰᠬᠠᠶ ᠴᠡᠭᠴᠡᠯᠡᠨ ᠵᠠᠰᠠᠬᠤ ᠠᠵᠢᠯ ᠢ | ᠥᠷᠨᠢᠭᠦᠯᠵᠦ᠂ 3200 ︽ᠵᠢᠵᠢᠭ ᠬᠤᠭᠤᠯᠠᠨ ᠰᠢᠷᠡᠭᠡ︾ ᠶᠢ ᠪᠠᠶᠢᠴᠠᠭᠠᠵᠤ᠂ ᠵᠠᠷᠯᠢᠭ ᠪᠠᠭᠤᠯᠭᠠᠨ | 1670 ᠶᠢ ᠨᠢ ᠴᠡᠭᠴᠡᠯᠡᠨ ᠥᠭᠡᠷᠡᠴᠢᠯᠡᠭᠦᠯᠵᠦ᠂ 65 ᠶᠢ ᠨᠢ ᠵᠤᠭᠰᠤᠭᠠᠪᠠ᠃ ᠪᠠᠰᠠ ᠵᠢᠱᠢᠶᠡᠯᠡᠪᠡᠯ᠂ ᠰᠦ | ᠮᠢᠬᠠᠨ ᠤ ᠪᠦᠲᠦᠭᠡᠭᠳᠡᠬᠦᠨ ᠪᠠ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠵᠠᠬ᠎ᠠ ᠳᠡᠯᠭᠡᠭᠦᠷ ᠤᠨ ᠲᠤᠰᠬᠠᠶ | ᠴᠡᠭᠴᠡᠯᠡᠨ ᠵᠠᠰᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠦ ᠮᠢᠬᠠᠨ ᠤ ᠪᠦᠲᠦᠭᠡᠭᠳᠡᠬᠦᠨ᠂ ᠢᠳᠡᠰᠢᠨ ᠤ | ᠤᠷᠭᠤᠮᠠᠯ ᠤᠨ ᠲᠣᠰᠣ᠂ ᠤᠮᠳᠠᠭᠠᠨ᠂ ᠬᠠᠷ᠎ᠠ ᠠᠷᠢᠬᠢ᠂ ᠪᠤᠷᠴᠠᠭ ᠤᠨ ᠢᠳᠡᠭᠡᠨ᠂ ᠪᠣᠤᠪᠤ ᠪᠣᠭᠤᠷᠰᠤᠭ ᠵᠡᠷᠭᠡ | ᠭᠤᠤᠯᠳᠠᠯᠭ᠎ᠠ ᠲᠠᠢ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠪᠠ ᠡᠵᠡᠩᠨᠡᠯᠲᠡ ᠶᠢᠨ ᠭᠤᠤᠯ ᠴᠣᠭᠴᠠ ᠶᠢ | 8321 ᠶᠢ ᠪᠠᠶᠢᠴᠠᠭᠠᠵᠤ᠂ ᠬᠥᠳᠡᠭᠡ ᠲᠣᠰᠬᠤᠨ ᠤ ᠬᠠᠮᠲᠤ ᠨᠡᠶᠢᠲᠡ ᠶᠢᠨ ᠬᠤᠭᠤᠯᠠ ᠤᠮᠳᠠ ᠶᠢ 120 ᠤᠳᠠᠭ᠎ᠠ | ᠪᠠᠶᠢᠴᠠᠭᠠᠵᠤ᠂ 72 ᠬᠠᠷ᠎ᠠ ᠡᠭᠦᠷ ᠢ ᠤᠰᠠᠳᠬᠠᠵᠤ᠂ ᠡᠵᠡᠩᠨᠡᠯᠲᠡ ᠶᠢᠨ ᠨᠥᠬᠦᠴᠡᠯ ᠨᠢ ᠪᠠᠷᠢᠮᠵᠢᠶ᠎ᠠ ᠳᠤ ᠬᠦᠷᠦᠭᠰᠡᠨ | ᠥᠬᠡᠶ᠂ ᠫᠢᠶᠣᠣ ᠪᠠᠷᠢᠮᠲᠠ ᠭᠡᠷᠡᠴᠢ ᠲᠡᠮᠳᠡᠭ ᠠᠪᠬᠤ ᠶᠢ ᠨᠠᠶᠢᠳᠠᠪᠤᠷᠢᠵᠢᠭᠤᠯᠤᠭᠰᠠᠨ ᠦᠭᠡᠢ ᠵᠡᠷᠭᠡ 89 | ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠪᠠ᠃ 3929 ᠪᠦᠯᠦᠭ ᠤᠳᠠᠭ᠎ᠠ ᠶᠢᠨ | ᠢᠳᠡᠭᠡᠨ ᠤ ᠵᠦᠢᠯ ᠢ ᠰᠤᠭᠤᠯᠤᠨ ᠪᠠᠶᠢᠴᠠᠭᠠᠪᠠ᠃ ᠲᠣᠮᠣ ᠬᠡᠯᠪᠡᠷᠢ ᠶᠢᠨ ᠠᠵᠢᠯᠯᠠᠭ᠎ᠠ ᠶᠢᠨ ᠢᠳᠡᠭᠡᠨ ᠤᠮᠳᠠᠭᠠᠨ ᠤ | ᠦᠢᠯᠡᠴᠢᠯᠡᠭᠡᠨ ᠤ ᠢᠳᠡᠭᠡᠨ ᠤ ᠠᠶᠤᠯᠬᠦᠢ ᠶᠢᠨ ᠪᠠᠲᠤᠯᠠᠭ᠎ᠠ ᠶᠢᠨ ᠠᠵᠢᠯ ᠢ 11 ᠤᠳᠠᠭ᠎ᠠ ᠵᠣᠬᠢᠶᠠᠨ ᠪᠠᠶᠢᠭᠤᠯᠵᠤ | ᠤᠷᠤᠯᠴᠠᠪᠠ᠃ | ᠡᠨᠡ ᠵᠢᠯ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠲᠤᠰᠬᠠᠶᠢᠯᠠᠨ ᠬᠠᠤᠯᠢ ᠭᠡᠷᠡᠭᠵᠢᠬᠦᠯᠦᠯᠳᠡ ᠶᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠦᠬᠦ ᠬᠤᠲᠠ ᠶᠢᠨ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠶᠤᠯᠬᠦᠢ ᠶᠢᠨ ᠬᠠᠤᠯᠢ︾ ᠶᠢ | ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ᠂ ᠡᠨᠡ ᠪᠣᠯ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠤᠶᠢᠷ᠎ᠠ ᠶᠢᠨ ᠵᠢᠯ ᠳᠠᠬᠢ | ᠢᠳᠡᠭᠡᠨ ᠤ ᠠᠶᠤᠯᠬᠦᠢ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠳᠠ ᠶᠢᠨ ᠬᠡᠪᠴᠢᠶ᠎ᠡ ᠪᠠᠷ ᠬᠠᠮᠤᠭ ᠶᠡᠭᠡ ᠨᠢᠭᠡ | ᠤᠳᠠᠭ᠎ᠠ ᠪᠣᠯᠤᠨ᠎ᠠ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠤᠷᠢᠳᠴᠢᠯᠠᠨ ᠮᠡᠳᠡᠭᠳᠡᠬᠦ ᠦᠭᠡᠢ᠂ | ᠪᠠᠶᠢᠴᠠᠭᠠᠬᠤ ᠵᠠᠮ ᠱᠤᠭᠤᠮ ᠪᠠ ᠨᠢᠭᠡᠴᠡ ᠭᠠᠷᠭᠠᠬᠤ ᠦᠭᠡᠢ᠂ ᠳᠠᠯᠢᠮ ᠤᠨ ᠰᠤᠭᠤᠯᠤᠨ ᠪᠠᠶᠢᠴᠠᠭᠠᠯᠳᠠ ᠬᠢᠵᠦ᠂ | ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠳᠤᠷᠠᠳᠤᠨ ᠭᠠᠷᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ | ᠰᠠᠶᠢᠵᠢᠷᠠᠭᠤᠯᠤᠨ᠎ᠠ᠃ ᠡᠨᠡ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠢᠳᠡᠭᠡᠨ ᠤ ᠠᠶᠤᠯᠬᠦᠢ ᠪᠠ | ᠢᠳᠡᠭᠡᠨ ᠤ ᠠᠶᠤᠯᠭᠦᠢ ᠶᠢᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠢ ᠴᠢᠬᠤᠯᠠᠴᠢᠯᠠᠨ ᠦᠵᠡᠵᠦ ᠪᠠᠶᠢᠬᠤ ᠶᠢ | ᠭᠦᠢᠴᠡᠳ ᠢᠯᠡᠷᠡᠭᠦᠯᠵᠡᠶ᠂ ᠡᠨᠡ ᠪᠣᠯ ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠢᠳᠡᠭᠡᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠪᠣᠯᠤᠨ ᠢᠳᠡᠭᠡᠨ ᠤ ᠠᠶᠤᠯᠭᠦᠢ ᠶᠢᠨ ᠬᠤᠲᠠ ᠶᠢ | ᠴᠤᠭᠴᠠᠯᠠᠨ ᠪᠠᠶᠢᠭᠤᠯᠬᠤ ᠠᠵᠢᠯ ᠢ ᠨᠠᠩ ᠰᠠᠶᠢᠲᠤᠷ ᠥᠷᠨᠢᠭᠦᠯᠵᠦ᠂ ᠠᠷᠠᠳ ᠣᠯᠠᠨ ᠤ ᠢᠳᠡᠭᠡᠨ ᠤ ᠠᠶᠤᠯᠬᠦᠢ ᠶᠢ | ᠰᠠᠶᠢᠲᠤᠷ ᠪᠠᠲᠤᠯᠠᠬᠤ ᠳᠤ ᠦᠵᠡᠭᠦᠯᠦᠭᠰᠡᠨ ᠬᠦᠴᠦᠲᠡᠶ ᠳᠡᠮᠵᠢᠯᠭᠡ ᠪᠠ ᠠᠬᠢᠭᠤᠯᠤᠯ ᠪᠣᠯᠤᠨ᠎ᠠ᠃ | ︽ᠭᠤᠷᠪᠠᠨ ᠬᠤᠲᠠ ᠶᠢ ᠵᠡᠷᠭᠡᠪᠡᠷ ᠴᠤᠭᠴᠠᠯᠠᠬᠤ︾ ᠠᠵᠢᠯ ᠢ ᠬᠡᠷᠡᠭᠵᠢᠭᠦᠯᠦᠭᠰᠡᠨ ᠠᠴᠠ ᠨᠠᠰᠢ᠂ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠤᠯᠤᠰ ᠤᠨ ᠢᠳᠡᠭᠡᠨ ᠤ ᠠᠶᠤᠯᠬᠦᠢ ᠶᠢᠨ ᠬᠤᠲᠠ ᠶᠢ ᠡᠭᠦᠳᠦᠨ ᠪᠠᠶᠢᠭᠤᠯᠬᠤ ᠶᠢ ︽ᠭᠤᠷᠪᠠᠨ ᠬᠤᠲᠠ ᠶᠢ ᠵᠡᠷᠭᠡᠪᠡᠷ | ᠴᠤᠭᠴᠠᠯᠠᠬᠤ︾ ᠶᠢᠨ ᠴᠢᠬᠤᠯᠠ ᠪᠦᠷᠢᠯᠳᠦᠬᠦᠨ ᠬᠡᠰᠡᠭ ᠪᠣᠯᠭᠠᠵᠤ᠂ ᠥᠷᠭᠡᠨ ᠣᠯᠠᠨ ᠲᠦᠮᠡᠨ ᠤ ᠬᠠᠮᠤᠭ ᠠᠴᠠ | ᠰᠡᠳᠬᠢᠯ ᠲᠠᠯᠪᠢᠵᠤ ᠪᠠᠶᠢᠭ᠎ᠠ᠂ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠠᠴᠠ ᠰᠢᠭᠤᠳ ᠲᠥᠷᠥᠭᠳᠡᠯ ᠲᠠᠢ | ᠢᠳᠡᠭᠡᠨ ᠤ ᠠᠶᠤᠯᠬᠦᠢ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠭᠡᠨ ᠤ ᠠᠶᠤᠯᠬᠦᠢ ᠶᠢᠨ | ᠬᠡᠯᠬᠢᠶᠡᠵᠢᠯ᠂ ᠪᠦᠬᠦ ᠬᠦᠷᠢᠶ᠎ᠡ ᠬᠡᠪᠴᠢᠶᠡᠨ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠥᠷᠨᠢᠭᠦᠯᠦᠭᠰᠡᠨ ᠰᠠᠭᠤᠷᠢᠨ ᠳᠡᠭᠡᠷ᠎ᠡ᠂ ᠲᠣᠭᠤᠭᠠᠨ ᠭᠡᠷ ᠤᠨ ᠬᠤᠪᠢᠰᠬᠠᠯ᠂ ︽ᠵᠢᠷᠭᠤᠭᠠᠨ ᠵᠢᠵᠢᠭ︾ ᠢᠳᠡᠭᠡᠨ ᠤ | ᠠᠵᠢᠯ ᠲᠥᠷᠥᠯ ᠢ ᠴᠡᠭᠴᠡᠯᠡᠨ ᠵᠠᠰᠠᠬᠤ᠂ ︽ᠳᠥᠷᠪᠡᠨ ᠴᠠᠭᠠᠨ ᠢᠳᠡᠭᠡᠨ︾᠂ ᠰᠦᠯᠵᠢᠶᠡᠨ ᠳᠡᠭᠡᠷ᠎ᠡ ᠬᠤᠭᠤᠯᠠ | ᠵᠠᠬᠢᠶᠠᠯᠠᠬᠤ ︽ᠲᠣᠣᠷ ᠰᠦᠯᠵᠢᠶ᠎ᠡ ᠶᠢ ᠴᠡᠪᠡᠷᠯᠡᠬᠦ ᠠᠵᠢᠯᠯᠠᠭ᠎ᠠ︾᠂ ᠢᠳᠡᠭᠡᠨ ᠪᠠ ᠡᠮ ᠤᠨ ᠵᠦᠢᠯ ᠤᠨ | ᠠᠶᠤᠯᠬᠦᠢ ᠶᠢᠨ ᠵᠠᠭᠤᠨ ᠡᠳᠦᠷ ᠤᠨ ᠠᠵᠢᠯᠯᠠᠭ᠎ᠠ ᠵᠡᠷᠭᠡ 50 ᠭᠠᠷᠤᠢ ᠵᠦᠢᠯ ᠤᠨ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠢᠳᠡᠭᠡᠨ ᠤ ᠠᠶᠤᠯᠬᠦᠢ ᠶᠢᠨ ᠰᠠᠭᠤᠷᠢ ᠪᠡᠯᠡᠳᠬᠡᠮᠵᠢ ᠶᠢᠨ ᠪᠠᠶᠢᠭᠤᠯᠤᠯᠳᠠ ᠶᠢ | ᠴᠢᠩᠭᠠᠳᠬᠠᠨ᠂ ᠢᠳᠡᠭᠡᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠪᠦᠭᠡᠮᠨᠡᠷᠡᠯ᠂ ᠲᠦᠷᠢᠮᠵᠢᠭᠰᠡᠨ | ᠬᠦᠭᠵᠢᠯᠳᠡ ᠶᠢ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠢᠳᠡᠭᠡᠨ ᠤ | ᠠᠶᠤᠯᠬᠦᠢ ᠶᠢᠨ ᠬᠤᠲᠠ ᠶᠢ ᠡᠭᠦᠳᠦᠨ ᠪᠠᠶᠢᠭᠤᠯᠬᠤ ᠠᠵᠢᠯ ᠱᠠᠳᠤᠴᠢ ᠴᠢᠨᠠᠷᠲᠠᠢ ᠦᠷ᠎ᠡ ᠪᠦᠲᠦᠮᠵᠢ ᠣᠯᠪᠠ᠃ | ᠮᠠᠨ ᠤ ᠲᠣᠪᠴᠢᠶ᠎ᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠶᠢᠨ ᠵᠡᠷᠭᠡᠪᠡᠷ᠂ | ᠢᠳᠡᠭᠡᠨ ᠤ ᠠᠶᠤᠯᠬᠦᠢ ᠶᠢᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠰᠢᠮᠳᠠᠭᠤᠯᠤᠨ ᠪᠠᠶᠢᠴᠠᠭᠠᠬᠤ ᠶᠢ ᠴᠢᠬᠤᠯᠠᠴᠢᠯᠠᠪᠠ᠃ ︽ᠬᠦᠬᠡᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠤᠯᠤᠰ ᠤᠨ ᠲᠡᠰ ᠤᠨ ᠢᠳᠡᠭᠡᠨ ᠤ ᠠᠶᠤᠯᠬᠦᠢ ᠶᠢᠨ ᠬᠤᠲᠠ ᠶᠢ ᠡᠭᠦᠳᠦᠨ | ᠪᠠᠶᠢᠭᠤᠯᠬᠤ ᠢᠳᠡᠭᠡᠨ ᠤ ᠠᠶᠤᠯᠬᠦᠢ ᠶᠢᠨ ᠲᠤᠰᠬᠠᠶ ᠵᠠᠰᠠᠨ ᠴᠡᠭᠴᠡᠯᠡᠯᠲᠡ ᠶᠢᠨ ᠠᠵᠢᠯ ᠤᠨ ᠲᠦᠰᠦᠯ︾ ᠢ | ᠳᠠᠷᠤᠮᠠᠯᠯᠠᠨ ᠲᠠᠷᠬᠠᠭᠠᠵᠤ᠂ ᠭᠤᠷᠪᠠᠨ ᠰᠢᠮᠳᠠᠭᠤᠯᠤᠨ ᠵᠢᠯᠣᠭᠤᠳᠬᠤ ᠲᠤᠭᠤᠶᠢᠯᠠᠩ ᠪᠠᠶᠢᠭᠤᠯᠵᠤ᠂ ᠳᠣᠷᠣᠭᠰᠢ | ᠬᠤᠲᠠ ᠶᠢᠨ ᠲᠦᠷᠪᠡᠨ ᠲᠣᠭᠤᠷᠢᠭ ᠵᠢᠴᠢ ᠨᠡᠭᠡᠭᠡᠯᠲᠡ ᠶᠢᠨ ᠲᠣᠭᠤᠷᠢᠭ ᠲᠤ ᠬᠦᠷᠴᠦ ᠴᠡᠭ ᠲᠤᠨᠢ ᠴᠢᠭᠯᠡᠭᠦᠯᠦᠨ | ᠰᠢᠮᠳᠠᠭᠤᠯᠤᠨ ᠵᠢᠯᠣᠭᠤᠳᠴᠤ ᠪᠠᠶᠢᠴᠠᠭᠠᠯᠳᠠ ᠬᠢᠵᠦ᠂ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠠᠭ | ᠲᠤᠬᠠᠶ ᠳᠤᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠬᠤ ᠶᠢᠨ ᠬᠠᠮᠲᠤ ᠴᠡᠭᠴᠡᠯᠡᠨ | ᠰᠠᠶᠢᠵᠢᠷᠠᠭᠤᠯᠬᠤ ᠶᠢ ᠮᠥᠷᠳᠡᠨ ᠬᠢᠨᠠᠯᠲᠠ ᠲᠠᠯᠪᠢᠬᠤ ᠪᠠᠨ ᠴᠢᠩᠭᠠᠳᠬᠠᠪᠠ︔ ᠴᠡᠭᠴᠡᠯᠡᠨ ᠰᠠᠶᠢᠵᠢᠷᠠᠭᠤᠯᠬᠤ ᠶᠢ | ᠲᠡᠪᠴᠢᠭᠰᠡᠨ ᠪᠤᠶᠤ ᠴᠡᠭᠴᠡᠯᠡᠨ ᠥᠭᠡᠷᠡᠴᠢᠯᠡᠭᠰᠡᠨ ᠤ ᠳᠠᠷᠠᠭ᠎ᠠ ᠮᠥᠨ ᠬᠦ ᠱᠠᠭᠠᠷᠳᠠᠯᠭ᠎ᠠ ᠳᠤ ᠬᠦᠷᠬᠦ ᠦᠭᠡᠢ ᠶᠢ ᠨᠢ | ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠬᠡᠪᠡ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠠᠯ᠎ᠠ ᠳᠤ ᠬᠦᠴᠦ ᠲᠠᠯᠪᠢᠭᠰᠠᠨ ᠢᠶᠠᠷ ᠪᠠᠷᠠᠬᠤ ᠦᠭᠡᠢ᠂ ᠤᠬᠠᠭᠤᠯᠭ᠎ᠠ ᠪᠠ ᠦᠢᠯᠡᠴᠢᠯᠡᠭᠡ ᠶᠢ | ᠳᠡᠯᠭᠡᠷᠡᠭᠦᠯᠬᠦ ᠲᠠᠯ᠎ᠠ ᠳᠤ ᠪᠠᠰᠠ ᠬᠦᠴᠦ ᠲᠠᠯᠪᠢᠵᠠᠢ᠃ ᠢᠳᠡᠭᠡᠨ ᠤ ᠠᠶᠤᠯᠬᠦᠢ ᠶᠢᠨ ᠤᠬᠠᠭᠤᠯᠭ᠎ᠠ ᠶᠢᠨ ᠭᠠᠷᠠᠭ | ᠪᠣᠯᠤᠨ ᠡᠯ᠎ᠡ ᠲᠥᠷᠥᠯ ᠤᠨ ᠢᠳᠡᠭᠡᠨ ᠤ ᠤᠬᠠᠭᠤᠯᠭ᠎ᠠ ᠶᠢᠨ ᠪᠣᠯᠪᠠᠰᠤᠷᠠᠭᠤᠯᠤᠯ ᠢ ᠶᠡᠬᠡᠪᠡᠷ ᠥᠷᠨᠢᠭᠦᠯᠵᠦ᠂ ᠢᠳᠡᠭᠡᠨ | ᠂ ᠬᠤᠭᠤᠯᠠ ᠤᠮᠳᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠬᠤᠪᠢ ᠡᠷᠦᠬᠡ ᠶᠢᠨ | ᠢᠲᠡᠭᠡᠮᠵᠢ ᠶᠢᠨ ᠦᠵᠡᠯ ᠤᠬᠠᠮᠰᠠᠷ ᠢ ᠲᠡᠭᠡᠭᠰᠢᠯᠡᠭᠦᠯᠪᠡ᠃ ᠢᠳᠡᠭᠡᠨ ᠤ ᠠᠶᠤᠯᠬᠦᠢ ᠶᠢᠨ ᠵᠡᠭᠡᠯᠢ ᠪᠠ ᠢᠳᠡᠭᠡᠨ ᠤ | ᠪᠣᠷᠣᠯᠠᠭᠤᠯᠭ᠎ᠠ ᠶᠢᠨ ᠵᠢᠱᠢᠶ᠎ᠡ ᠦᠵᠡᠭᠦᠯᠬᠦ ᠡᠷᠦᠬᠡ ᠶᠢ ᠡᠭᠦᠳᠦᠨ ᠪᠠᠶᠢᠭᠤᠯᠬᠤ ᠵᠢᠴᠢ ᠲᠠᠷᠢᠶᠠᠯᠠᠩ ᠤᠨ | ᠪᠦᠳᠦᠭᠡᠭᠳᠡᠭᠦᠨ ᠤ ᠪᠤᠯᠪᠠᠰᠤᠨ ᠵᠠᠬ᠎ᠠ᠂ ᠬᠡᠲᠦ ᠳᠡᠯᠭᠡᠭᠦᠷ ᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠭᠤᠣᠯᠳᠠᠯᠭ᠎ᠠ ᠲᠠᠢ ᠥᠷᠨᠢᠭᠦᠯᠵᠦ᠂ ᠢᠳᠡᠭᠡᠨ ᠤ ᠠᠶᠤᠯᠬᠦᠢ ᠶᠢᠨ ᠵᠢᠱᠢᠶ᠎ᠡ ᠦᠵᠡᠭᠦᠯᠬᠦ ᠵᠡᠭᠡᠯᠢ 70᠂ ᠵᠢᠱᠢᠶ᠎ᠡ | ᠦᠵᠡᠭᠦᠯᠬᠦ ᠨᠢᠭᠡᠴᠡ 1296᠂ ᠰᠠᠨᠠᠭ᠎ᠠ ᠠᠮᠦᠷ ᠮᠢᠬ᠎ᠠ ᠨᠣᠭᠤᠭᠠᠨ ᠤ ᠬᠡᠲᠦ ᠳᠡᠯᠭᠡᠭᠦᠷ 15᠂ ᠠᠷᠠᠳ ᠲᠤ | ᠳᠥᠭᠦᠮ ᠦᠵᠡᠭᠦᠯᠬᠦ ᠵᠠᠬ᠎ᠠ ᠳᠡᠯᠭᠡᠭᠦᠷ 72 ᠶᠢ ᠡᠭᠦᠳᠦᠨ ᠪᠠᠶᠢᠭᠤᠯᠪᠠ᠃ | ﹇ᠬᠦᠳᠦᠯᠦᠭᠴᠢ﹈ ᠰᠠᠶ᠋ᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠠᠴᠠ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠬᠥᠷᠲᠡᠯ᠎ᠡ ᠢᠳᠡᠭᠡᠨ ᠤ ᠠᠶᠤᠯᠬᠦᠢ ᠶᠢᠨ ᠠᠵᠢᠯ ᠢ ᠬᠡᠷᠬᠢᠨ | ᠴᠢᠬᠤᠯᠠᠴᠢᠯᠠᠭᠰᠠᠨ ᠲᠠᠯ᠎ᠠ ᠪᠠᠷ ᠪᠢᠳᠡᠨ ᠳᠤ ᠶᠡᠷᠦᠩᠬᠡᠶ ᠲᠠᠨᠢᠯᠴᠠᠭᠤᠯᠭ᠎ᠠ ᠬᠢᠯ᠎ᠡ᠃ ᠳᠣᠤᠷ᠎ᠠ ᠪᠢᠳᠡᠨ ᠳᠤ ᠮᠠᠨ ᠤ | ᠬᠥᠬᠡᠬᠤᠲᠠ ᠢᠳᠡᠭᠡᠨ ᠤ ᠠᠶᠤᠯᠬᠦᠢ ᠶᠢᠨ ᠲᠠᠯ᠎ᠠ ᠳᠤ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠲᠤᠬᠠᠢ ᠶᠠᠷᠢᠵᠤ | ᠥᠭᠭᠦᠨ᠎ᠡ ᠤᠤ︖ | ﹇ᠡᠦ ᠶᠥᠩ ᠡᠾᠸᠦ﹈ ᠬᠦᠬᠡᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ︽ᠭᠤᠷᠪᠠᠨ ᠬᠤᠲᠠ ᠶᠢ ᠵᠡᠷᠭᠡᠪᠡᠷ ᠴᠣᠭᠴᠠᠯᠠᠬᠤ︾ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ | ᠬᠦᠬᠡᠬᠤᠳᠠ ᠶᠢᠨ ᠤᠯᠤᠰ ᠤᠨ ᠢᠳᠡᠭᠡᠨ ᠤ ᠠᠶᠤᠯᠬᠦᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ | ᠡᠭᠦᠷᠭᠡ ᠶᠢᠨ ᠬᠤᠪᠢᠶᠠᠷᠢᠯᠠᠯ ᠢ ᠨᠠᠷᠢᠨ ᠲᠣᠭᠲᠠᠭᠠᠵᠤ᠂ ᠨᠡᠶᠢᠲᠡ 130 ᠵᠦᠢᠯ ᠤᠨ ᠪᠣᠳᠠᠲᠠᠶ ᠠᠵᠢᠯ ᠤᠨ | ᠠᠭᠤᠯᠭ᠎ᠠ ᠶᠢ ᠵᠢᠭᠰᠠᠭᠠᠨ ᠭᠠᠷᠭᠠᠵᠤ᠂ ᠬᠠᠷᠢᠭᠤᠴᠠᠬᠤ ᠰᠠᠯᠠᠭ᠎ᠠ ᠮᠥᠴᠢᠷ ᠪᠣᠯᠤᠨ ᠨᠢᠭᠡᠴᠡ ᠶᠢ ᠲᠣᠳᠣᠷᠬᠠᠶᠢᠯᠠᠵᠤ᠂ | ᠡᠯ᠎ᠡ ᠵᠦᠢᠯ ᠤᠨ ᠡᠭᠦᠳᠦᠨ ᠪᠠᠶᠢᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠪᠠ᠃ | ᠣᠯᠤᠭᠰᠠᠨ ᠭᠤᠤᠯ ᠦᠷ᠎ᠡ ᠪᠦᠲᠦᠮᠵᠢ ᠨᠢ᠄ ᠨᠢᠭᠡ ᠳᠤ᠂ ᠢᠳᠡᠭᠡᠨ ᠤᠮᠳᠠᠭᠠᠨ ᠤ ᠦᠢᠯᠡᠴᠢᠯᠡᠭᠡ ᠶᠢ ᠬᠢᠨᠠᠨ | ᠬᠠᠮᠢᠶᠠᠷᠬᠤ ᠠᠵᠢᠯ ᠢ ᠴᠢᠩᠭᠠᠳᠬᠠᠪᠠ᠃ ᠢᠳᠡᠭᠡᠨ ᠤ ᠠᠶᠤᠯᠬᠦᠢ ᠶᠢᠨ ᠵᠢᠱᠢᠶ᠎ᠡ ᠦᠵᠡᠭᠦᠯᠬᠦ ᠵᠡᠭᠡᠯᠢ᠂ ᠵᠢᠱᠢᠶ᠎ᠡ | ᠦᠵᠡᠭᠦᠯᠬᠦ ᠳᠡᠯᠭᠡᠭᠦᠷ᠂ ᠠᠮᠲᠠᠲᠤ ᠢᠳᠡᠭᠡᠨ ᠤ ᠵᠡᠭᠡᠯᠢ᠂ ᠰᠤᠷᠭᠠᠭᠤᠯᠢ ︵ᠬᠡᠤᠬᠡᠳ ᠤᠨ ᠴᠡᠴᠡᠷᠯᠢᠭ ᠪᠠᠭᠲᠠᠨ᠎ᠠ︶ ᠶᠢᠨ | ᠬᠤᠭᠤᠯᠠᠨ ᠭᠡᠷ᠂ ᠲᠣᠮᠣ ᠬᠡᠯᠪᠡᠷᠢ ᠠᠴᠠ ᠳᠡᠭᠡᠭᠰᠢᠬᠢ ᠢᠳᠡᠭᠡᠨ ᠤᠮᠳᠠᠭᠠᠨ ᠤ ᠭᠠᠵᠠᠷ᠂ ᠵᠢᠭᠤᠯᠴᠢᠯᠠᠯ ᠤᠨ | ᠦᠵᠡᠮᠵᠢ ᠶᠢᠨ ᠣᠷᠣᠨ ᠤ ᠢᠳᠡᠭᠡᠨ ᠤᠮᠳᠠᠭᠠᠨ ᠤ ᠭᠠᠵᠠᠷ᠂ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ᠂ | ᠲᠠᠷᠢᠶᠠᠴᠢᠨ ᠠᠶᠢᠯ ᠤᠨ ᠵᠢᠭᠤᠯᠴᠢᠯᠠᠯ ᠵᠢᠴᠢ ᠬᠤᠲᠠ ᠶᠢᠨ ᠳᠡᠭᠦᠷᠭᠡ ᠶᠢᠨ ᠠᠭᠤᠯᠵᠠᠷ ᠭᠠᠵᠠᠷ᠂ ᠬᠠᠭᠤᠴᠢᠨ ᠵᠢᠵᠢᠭ | ᠲᠣᠭᠤᠷᠢᠭ ᠤᠨ ᠡᠷᠭᠢᠨ ᠲᠣᠭᠤᠷᠢᠨ ᠤ ᠵᠢᠵᠢᠭ ᠦᠢᠯᠡᠳᠭᠡᠯ᠂ ᠵᠢᠵᠢᠭ ᠳᠡᠯᠭᠡᠭᠦᠷᠴᠢᠨ᠂ ᠵᠢᠵᠢᠭ ᠬᠤᠭᠤᠯᠠ | ᠤᠮᠳᠠ ᠶᠢᠨ ᠭᠠᠵᠠᠷ ᠵᠡᠷᠭᠡ ᠶᠢ ᠭᠤᠤᠯᠳᠠᠯᠭ᠎ᠠ ᠲᠠᠢ ᠴᠡᠭᠴᠡᠯᠡᠨ ᠵᠠᠰᠠᠪᠠ᠃ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠂ | ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠠᠴᠠ ᠬᠠᠮᠲᠤᠪᠠᠷ ᠵᠠᠰᠠᠬᠤ ᠶᠢ ᠬᠠᠮᠤᠷᠤᠭᠰᠠᠨ | ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ︽ᠳᠥᠷᠪᠡ ᠶᠢ ᠲᠦᠷᠢᠮᠵᠢᠬᠦᠯᠬᠦ︾ ᠬᠠᠮᠢᠶᠠᠷᠤᠯᠲᠠ ᠶᠢᠨ | ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠪᠠ᠃ ᠮᠠᠨ ᠤ ᠬᠤᠲᠠ ᠳᠤ | ᠣᠳᠣ ᠵᠥᠪᠰᠢᠶᠡᠷᠡᠯ ᠤᠨ ᠦᠨᠡᠮᠯᠡᠯ ᠲᠠᠢ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ 10558 ᠪᠠᠶᠢᠵᠤ᠂ | ︽ᠵᠢᠵᠢᠭ ᠢᠳᠡᠭᠡᠨ ᠤᠮᠳᠠᠭᠠᠨ ᠤ ᠳᠠᠩᠰᠠᠯᠠᠯ ᠤᠨ ᠦᠨᠡᠮᠯᠡᠯ︾ ᠲᠠᠢ ᠨᠢᠭᠡᠴᠡ5898 ᠪᠠᠶᠢᠨ᠎ᠠ᠃ ᠨᠤᠷᠠᠭᠠᠵᠤ | ᠨᠡᠭᠦᠯᠭᠡᠬᠦ ᠪᠠᠷ ᠪᠠᠶᠢᠭ᠎ᠠ ᠭᠠᠵᠠᠷ ᠢ ᠭᠠᠷᠭᠠᠪᠠᠯ ᠢᠯᠡ ᠲᠤᠭᠤᠭᠠᠨ ᠭᠡᠷ ᠭᠠᠷᠭᠠᠭᠰᠠᠨ ᠨᠤᠷᠮ᠎ᠠ 98 % ᠬᠦᠷᠴᠡᠢ᠃ | ᠬᠤᠶᠠᠷ ᠲᠤ᠂ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠭᠤᠭᠴᠤᠭ᠎ᠠ ᠶᠢᠨ ᠬᠢᠨᠠᠨ ᠬᠠᠮᠢᠶᠠᠷᠤᠯᠲᠠ ᠶᠢ ᠴᠢᠩᠭ᠎ᠠ | ᠠᠳᠬᠤᠪᠠ᠃ ᠢᠳᠡᠭᠡᠨ ᠢ ᠦᠢᠯᠡᠳᠪᠦᠷᠢᠯᠡᠵᠦ ᠡᠳ᠋ᠰᠢᠭᠦᠯᠬᠦ ᠪᠣᠯ ᠢᠳᠡᠭᠡᠨ ᠤ ᠠᠶᠤᠯᠬᠦᠢ ᠶᠢᠨ ᠬᠢᠨᠠᠨ | ᠬᠠᠮᠢᠶᠠᠷᠤᠯᠲᠠ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠬᠤ ᠪᠥᠭᠡᠳ ᠪᠠᠰᠠ ᠴᠤ ᠢᠳᠡᠭᠡᠨ ᠤ | ᠠᠶᠤᠯᠬᠦᠢ ᠶᠢ ᠦᠨᠡᠨᠬᠦ ᠪᠠᠲᠤᠯᠠᠬᠤ ᠶᠢᠨ ᠡᠬᠢ ᠡᠭᠦᠰᠦᠯ ᠪᠣᠯᠤᠨ᠎ᠠ᠃ ᠵᠢᠵᠢᠭ ᠦᠢᠯᠡᠳᠭᠡᠯ ᠢ ᠬᠢᠨᠠᠨ ᠬᠠᠮᠢᠶᠠᠷᠬᠤ ᠪᠠ | ᠢᠳᠡᠭᠡᠨ ᠡᠳ᠋ᠰᠢᠭᠦᠯᠦᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠪᠠ ᠃ ᠡᠯ᠎ᠡ ᠬᠤᠰᠢᠭᠤ ᠰᠢᠶᠠᠨ ᠲᠣᠭᠤᠷᠢᠭ ᠤ ᠵᠢᠵᠢᠭ ᠦᠢᠯᠡᠳᠭᠡᠯ ᠢ ᠪᠦᠷᠢᠳᠬᠡᠨ | ᠳᠠᠩᠰᠠᠯᠠᠬᠤ ᠪᠠ ᠬᠢᠨᠠᠨ ᠬᠠᠮᠢᠶᠠᠷᠬᠤ ᠠᠵᠢᠯ ᠢᠶᠠᠨ ᠰᠠᠶᠢᠲᠤᠷ ᠬᠢᠬᠦ ᠢ ᠰᠢᠮᠳᠠᠭᠤᠯᠤᠨ ᠵᠢᠯᠤᠭᠤᠳᠪᠠ᠃ ᠢᠳᠡᠭᠡᠨ᠂ | ᠡᠷᠡᠭᠦᠯᠵᠢᠯ ᠤᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠳᠬᠠᠪᠠ᠃ ᠨᠡᠶᠢᠲᠡ 128 ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ᠂ 59 ᠵᠢᠵᠢᠭ ᠦᠢᠯᠡᠳᠭᠡᠯ᠂ 6 | ᠡᠷᠡᠭᠦᠯᠵᠢᠯ ᠤᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠢ ᠪᠠᠶᠢᠴᠠᠭᠠᠵᠤ᠂ 26 ᠬᠤᠪᠢ ᠵᠠᠷᠯᠢᠭᠳᠠᠨ | ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ 2 ᠡᠷᠦᠬᠡ ᠶᠢᠨ ᠦᠢᠯᠡᠳᠪᠦᠷᠢᠯᠡᠯ ᠢ ᠨᠢ | ᠵᠣᠭᠰᠣᠭᠠᠨ ᠴᠡᠭᠴᠡᠯᠡᠪᠡ᠃ ᠬᠠᠷ᠎ᠠ ᠠᠷᠢᠬᠢ᠂ ᠢᠳᠡᠰᠢᠨ ᠤᠷᠭᠤᠮᠠᠯ ᠤᠨ ᠲᠤᠰᠤᠨ ᠤ ᠬᠡᠪᠰᠢᠭᠦᠯᠦᠭᠴᠢ ᠡᠳ᠋᠂ | ᠢᠳᠡᠰᠢᠨ ᠤᠷᠭᠤᠮᠠᠯ ᠤᠨ ᠲᠣᠰᠣᠨ ᠤ ᠲᠡᠮᠳᠡᠭ ᠢᠯᠡᠷᠭᠡᠶᠢᠯᠡᠯ᠂ ︽ᠳᠥᠷᠪᠡᠨ ᠴᠠᠭᠠᠨ ᠢᠳᠡᠭᠡᠨ︾ ︵ᠮᠠᠨᠲᠠᠤ᠂ | ᠭᠤᠯᠭᠤᠰᠢ᠂ ᠪᠤᠷᠴᠠᠭ ᠤᠨ ᠴᠢᠴᠢᠭᠡᠰᠦ᠂ ᠪᠤᠷᠴᠠᠭ ᠤᠨ ᠢᠳᠡᠭᠡᠨ︶᠂ ᠨᠢᠯᠬ᠎ᠠ ᠬᠡᠤᠬᠡᠳ ᠤᠨ ᠨᠠᠶᠢᠷᠠᠯᠭ᠎ᠠ ᠲᠠᠢ ᠰᠦᠨ | ᠲᠠᠯᠬ᠎ᠠ᠂ ᠠᠮᠤ ᠪᠤᠳᠠᠭ᠎ᠠ ᠵᠢᠴᠢ ᠲᠡᠭᠦᠨ ᠤ ᠪᠦᠲᠦᠭᠡᠭᠳᠡᠬᠦᠨ ᠵᠡᠷᠭᠡ ᠣᠯᠠᠨ ᠵᠦᠢᠯ ᠤᠨ ᠳᠠᠯᠳᠠ ᠭᠡᠮ ᠢ ᠵᠢᠭᠰᠠᠭᠠᠨ | ᠪᠠᠶᠢᠴᠠᠭᠠᠬᠤ ᠵᠢᠴᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠭᠤᠷᠪᠠ ᠳᠤ᠂ ᠢᠳᠡᠭᠡᠨ ᠤ | ᠬᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠠᠵᠢᠯ ᠢ ᠭᠦᠨᠵᠡᠭᠡᠶ ᠠᠬᠢᠭᠤᠯᠪᠠ᠃ ᠴᠢᠩᠭ᠎ᠠ ᠬᠢᠨᠠᠨ ᠬᠠᠮᠢᠶᠠᠷᠴᠤ᠂ | ᠢᠳᠡᠭᠡᠨ ᠤ ᠬᠦᠢᠯᠭᠡᠭᠡᠨ ᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠠᠵᠢᠯ ᠢ ᠬᠠᠤᠯᠢ ᠶᠣᠰᠣᠭᠠᠷ | ᠵᠢᠷᠤᠮᠵᠢᠭᠤᠯᠤᠨ᠂ ᠢᠳᠡᠭᠡᠨ ᠤ ᠡᠵᠡᠩᠨᠡᠯᠲᠡ ᠶᠢᠨ ᠭᠤᠤᠯ ᠴᠣᠭᠴᠠ ᠶᠢᠨ ᠵᠠᠬ᠎ᠠ ᠳᠡᠯᠭᠡᠭᠦᠷ ᠲᠤ ᠤᠷᠤᠬᠤ ᠶᠢ | ᠵᠦᠪᠰᠢᠶᠡᠷᠡᠬᠦ ᠪᠣᠭᠤᠮᠲᠠ ᠶᠢ ᠴᠢᠩᠭ᠎ᠠ ᠰᠠᠬᠢᠪᠠ᠃ ᠮᠠᠨ ᠤ ᠬᠤᠲᠠ ᠳᠤ ᠣᠳᠣ ᠢᠳᠡᠭᠡᠨ ᠤ ᠡᠵᠡᠩᠨᠡᠯᠲᠡ ᠶᠢᠨ ᠡᠷᠦᠬᠡ | ︵ᠢᠳᠡᠭᠡᠨ ᠤ ᠪᠣᠷᠣᠯᠠᠭᠤᠯᠭ᠎ᠠ︶ 26460 ᠪᠤᠢ᠃ ᠭᠤᠤᠯᠳᠠᠯᠭ᠎ᠠ ᠲᠠᠢ ᠲᠥᠷᠥᠯ ᠵᠦᠢᠯ᠂ ᠭᠤᠤᠯᠳᠠᠯᠭ᠎ᠠ ᠲᠠᠢ | ᠣᠷᠣᠨ ᠪᠦᠰᠡ ᠶᠢᠨ ᠢᠳᠡᠭᠡᠨ ᠤ ᠡᠵᠡᠩᠨᠡᠯᠲᠡ ᠶᠢᠨ 49349 ᠡᠷᠦᠬᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ | ᠂ ᠢᠳᠡᠭᠡᠨ ᠤ ᠠᠶᠤᠯᠬᠦᠢ ᠵᠢᠴᠢ ᠠᠶᠤᠯᠬᠦᠢ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ | ᠠᠷᠢᠯᠭᠠᠪᠠ᠃ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠢᠳᠡᠭᠡᠨ ᠤ | ᠠᠶᠤᠯᠬᠦᠢ ᠶᠢᠨ ᠵᠠᠰᠠᠨ ᠴᠡᠭᠴᠡᠯᠡᠯᠳᠡ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠶᠡᠷᠦᠩᠬᠡᠶᠢᠯᠡᠭᠰᠡᠨ | ᠵᠠᠰᠠᠯᠲᠠ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠠᠶᠤᠯᠬᠦᠢ᠂ ᠬᠥᠳᠡᠭᠡ ᠲᠣᠰᠬᠤᠨ ᠤ ᠢᠳᠡᠭᠡᠨ ᠤ | ᠠᠶᠤᠯᠬᠦᠢ᠂ ᠭᠠᠭ᠋ᠠᠶ ᠶᠢᠨ ᠮᠢᠬᠠᠨ ᠤ ᠵᠠᠬ᠎ᠠ ᠳᠡᠯᠭᠡᠭᠦᠷ ᠵᠢᠴᠢ ︽ᠠᠹᠷᠢᠺᠠ ᠲᠢᠪ ᠤᠨ ᠭᠠᠭ᠋ᠠᠶ ᠶᠢᠨ ᠬᠢᠵᠢᠭ︾ ᠵᠡᠷᠭᠡ | ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ | ﹇ᠬᠦᠳᠦᠯᠦᠭᠴᠢ﹈ ᠳᠡᠭᠡᠷ᠎ᠡ ᠲᠠᠨᠢᠯᠴᠠᠭᠤᠯᠤᠭᠰᠠᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ︽ᠭᠤᠷᠪᠠᠨ ᠬᠤᠲᠠ ᠶᠢ ᠵᠡᠷᠭᠡᠪᠡᠷ ᠴᠣᠭᠴᠠᠯᠠᠬᠤ︾ ᠠᠵᠢᠯ ᠢ | ᠠᠬᠢᠭᠤᠯᠵᠤ᠂ ᠢᠳᠡᠭᠡᠨ ᠤ ᠠᠶᠤᠯᠬᠦᠢ ᠶᠢᠨ ᠠᠵᠢᠯ ᠢ ᠥᠷᠨᠢᠭᠦᠯᠬᠦ ᠳᠤᠮᠳᠠ ᠠᠪᠤᠭᠰᠠᠨ ᠠᠷᠭ᠎ᠠ ᠬᠡᠮᠵᠢᠶ᠎ᠡ ᠠᠴᠠ | ᠦᠵᠡᠬᠦ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠢᠳᠡᠭᠡᠨ ᠤ ᠠᠶᠤᠯᠬᠦᠢ | ᠶᠢᠨ ᠬᠤᠳᠠ ᠶᠢ ᠡᠭᠦᠳᠦᠨ ᠴᠤᠭᠴᠠᠯᠠᠬᠤ ᠳᠤ ᠶᠡᠭᠡ ᠬᠡᠮᠵᠢᠶᠡᠨ ᠤ ᠪᠦᠳᠦᠮᠵᠢᠳᠡᠢ ᠠᠵᠢᠯ ᠬᠢᠵᠦ᠂ ᠲᠥᠪ ᠬᠤᠳᠠ ᠶᠢᠨ | ᠠᠷᠠᠳ ᠤᠯᠠᠨ ᠤ ᠬᠤᠭᠤᠯᠠᠨ ᠰᠢᠷᠡᠭᠡᠨ ᠤ ᠠᠶᠤᠯᠬᠦᠢ ᠶᠢ ᠪᠠᠲᠤᠯᠠᠬᠤ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠭᠰᠡᠨ ᠶᠤᠮ ᠪᠠᠶᠢᠨ᠎ᠠ᠂ ᠲᠠᠷᠠᠭᠠᠴᠢ ᠶᠢᠨ ᠠᠯᠬᠤᠮ ᠳᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠬᠡᠷᠬᠢᠨ ᠢᠳᠡᠭᠡᠨ ᠤ ᠠᠶᠤᠯᠬᠦᠢ ᠶᠢᠨ ᠬᠤᠳᠠ ᠶᠢ ᠡᠭᠦᠳᠦᠨ ᠴᠤᠭᠴᠠᠯᠠᠬᠤ ᠪᠠᠷ | ᠳᠠᠮᠵᠢᠭᠤᠯᠤᠨ ᠡᠨᠡ ᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠪᠣᠶ︖ | ﹇ᠶᠦᠨ ᠳ᠋ᠦᠸᠧ﹈ ︽ᠠᠷᠠᠳ ᠢᠷᠭᠡᠳ ᠪᠣᠯᠪᠠᠰᠤ ᠠᠮᠤ ᠪᠤᠳᠠᠭ᠎ᠠ ᠪᠠᠷ ᠠᠮᠢ ᠭᠤᠤᠯ ᠢᠶᠠᠨ ᠪᠣᠯᠭᠠᠮᠤᠶ᠂ | ᠠᠮᠤ ᠪᠤᠳᠠᠭ᠎ᠠ ᠪᠤᠯᠪᠠᠰᠤ ᠠᠶᠤᠯᠬᠦᠢ ᠪᠠᠶᠢᠬᠤ ᠶᠢ ᠶᠠᠭᠤᠨ ᠤ ᠲᠡᠷᠢᠭᠦᠨ ᠳᠤ ᠲᠠᠯᠪᠢᠮᠤᠢ︾᠃ ᠲᠠᠷᠠᠭᠠᠴᠢ ᠶᠢᠨ | ᠠᠯᠬᠤᠮ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠡᠷᠦᠩᠬᠡᠶ ᠱᠦᠵᠢ | ᠰᠢ ᠶᠢᠨ ᠫᠢᠩ ᠤᠨ ︽ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ︾ ᠬᠥᠭᠵᠢᠯᠲᠡ ᠶᠢᠨ ᠦᠵᠡᠯ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠤ ︽ᠭᠤᠷᠪᠠᠨ ᠬᠤᠲᠠ ᠶᠢ ᠵᠡᠷᠭᠡᠪᠡᠷ ᠴᠣᠭᠴᠠᠯᠠᠬᠤ︾ ᠪᠦᠬᠦᠯᠢ ᠴᠣᠭᠴᠠ ᠶᠢᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠣᠰᠣᠭᠠᠷ᠂ ︽ᠳᠥᠷᠪᠡᠨ ᠬᠠᠮᠤᠭ ᠤᠨ ᠴᠢᠩᠭ᠎ᠠ︾ ᠶᠢ ᠨᠠᠶᠢᠳᠠᠪᠤᠷᠢᠵᠢᠭᠤᠯᠵᠤ᠂ ᠢᠳᠡᠭᠡᠨ ᠤ | ᠠᠶᠤᠯᠬᠦᠢ ᠶᠢᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠢᠳᠡᠭᠡᠨ ᠤ ᠠᠶᠤᠯᠬᠦᠢ ᠶᠢᠨ ᠶᠡᠷᠦᠩᠬᠡᠶᠢᠯᠡᠨ ᠵᠠᠰᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠢᠳᠡᠭᠡᠨ ᠤ | ᠠᠶᠤᠯᠬᠦᠢ ᠶᠢᠨ ᠮᠡᠳᠡᠭᠡ ᠵᠠᠩᠭᠢᠴᠢᠯᠠᠯᠳᠠ ᠶᠢᠨ ᠪᠠᠶᠢᠭᠤᠯᠤᠯᠲᠠ ᠶᠢ ᠲᠦᠷᠭᠡᠳᠭᠡᠨ᠂ ᠲᠥᠪ ᠬᠤᠳᠠ ᠶᠢᠨ ᠠᠷᠠᠳ | ᠲᠦᠮᠡᠨ ᠤ ︽ᠢᠳᠡᠭᠡᠨ ᠤᠮᠳᠠᠭᠠᠨ ᠤ ᠠᠶᠤᠯᠬᠦᠢ︾ ᠶᠢ ᠦᠨᠡᠨᠬᠦ ᠪᠠᠲᠤᠯᠠᠬᠤ ᠳᠤ ᠨᠠᠩ ᠬᠦᠴᠦᠲᠡᠶ ᠪᠠᠲᠤᠯᠠᠭ᠎ᠠ ᠪᠠ | ᠲᠤᠯᠭᠠᠭᠤᠷᠢᠯᠠᠯ ᠬᠠᠩᠭᠠᠵᠤ᠂ ᠠᠷᠠᠳ ᠣᠯᠠᠨ ᠳᠤ ᠨᠠᠩ ᠣᠯᠠᠨ ᠬᠦᠷᠳᠡᠭᠡᠮᠵᠢ ᠶᠢᠨ ᠲᠥᠷᠥᠭᠳᠡᠯ᠂ ᠵᠢᠷᠭᠠᠯᠲᠤ | ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠣᠯᠭᠤᠵᠤ᠂ ᠲᠥᠪ ᠬᠤᠳᠠ ᠶᠢᠨ ᠠᠵᠤ ᠠᠬᠤᠢ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ︕ | ﹇ᠬᠦᠳᠦᠯᠦᠭᠴᠢ﹈ ︽ᠠᠷᠠᠳ ᠢᠷᠭᠡᠳ ᠪᠣᠯᠪᠠᠰᠤ ᠠᠮᠤ ᠪᠤᠳᠠᠭ᠎ᠠ ᠪᠠᠷ ᠠᠮᠢ ᠭᠤᠤᠯ ᠢᠶᠠᠨ ᠪᠣᠯᠭᠠᠮᠤᠶ︾᠃ | ᠳᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠠᠷᠠᠳ ᠣᠯᠠᠨ ᠤ ︽ᠢᠳᠡᠭᠡᠨ ᠤᠮᠳᠠᠭᠠᠨ ᠤ ᠠᠶᠤᠯᠬᠦᠢ︾ ᠶᠢ ᠦᠨᠡᠨ ᠬᠦ ᠪᠠᠲᠤᠯᠠᠬᠤ ᠪᠠᠷ ᠡᠭᠦᠷᠭᠡ ᠪᠠᠨ ᠪᠣᠯᠭᠠᠵᠤ᠂ | ᠶᠡᠭᠡ ᠬᠦᠴᠦ ᠣᠷᠣᠭᠤᠯᠣᠨ ᠢᠳᠡᠭᠡᠨ ᠤ ᠠᠶᠤᠯᠬᠦᠢ ᠶᠢᠨ ᠭᠤᠭᠴᠤᠭ᠎ᠠ ᠨᠢᠭᠡᠪᠦᠷᠢ ᠪᠠ ᠥᠨᠴᠥᠭ ᠪᠤᠯᠤᠩ ᠪᠦᠷᠢ ᠶᠢ | ᠴᠢᠩᠭ᠎ᠠ ᠵᠢᠷᠤᠮᠵᠢᠭᠤᠯᠵᠤ᠂ ᠲᠥᠪ ᠬᠤᠳᠠ ᠶᠢᠨ ᠢᠳᠡᠭᠡᠨ ᠤ ᠠᠶᠤᠯᠬᠦᠢ ᠶᠢᠨ ᠠᠵᠢᠯ ᠳᠤ ᠰᠢᠪᠲᠤᠯᠤᠯᠲᠠ ᠶᠢᠨ | ᠴᠢᠨᠠᠷᠲᠠᠶ ᠦᠷ᠎ᠡ ᠪᠦᠲᠦᠮᠵᠢ ᠣᠯᠵᠤ᠂ ᠮᠠᠨ ᠤ ᠬᠤᠲᠠ ᠶᠢᠨ ᠢᠳᠡᠭᠡᠨ ᠤ ᠠᠶᠤᠯᠬᠦᠢ ᠶᠢᠨ ᠬᠤᠳᠠ ᠶᠢ ᠡᠭᠦᠳᠦᠨ | ᠪᠠᠶᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠬᠤ ᠪᠤᠯᠤᠨ᠎ᠠ᠃ | ﹇ᠬᠠᠮᠢᠶᠠᠷᠤᠭᠴᠢ﹈ ᠬᠦᠬᠡᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠶᠦᠨ ᠳ᠋ᠦᠸᠧ ᠲᠣᠪᠴᠢᠶᠠᠨ ᠳᠠᠷᠤᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠨᠠᠮ ᠤᠨ ᠤᠳᠤᠷᠢᠳᠬᠤ ᠲᠤᠭᠤᠶᠢᠯᠠᠩ ᠤᠨ ᠬᠡᠰᠢᠭᠦᠨ ᠡᠤ ᠶᠦᠩ ᠾᠧᠦ᠂ ᠢᠳᠡᠭᠡᠨ ᠤ ᠬᠦᠢᠯᠭᠡᠭᠡ ᠶᠢᠨ ᠰᠠᠯᠠᠭᠠᠨ ᠤ | ᠸᠠᠩ ᠴᠦᠨ ᠯᠢᠨ ᠰᠠᠯᠠᠭᠠᠨ ᠳᠠᠷᠤᠭ᠎ᠠ᠂ ᠢᠳᠡᠭᠡᠨ ᠤ ᠦᠢᠯᠡᠳᠪᠦᠷᠢᠯᠡᠯᠤᠨ ᠰᠠᠯᠠᠭ᠎ᠠ ᠶᠢᠨ ᠯᠢ ᠪᠦ᠋ ᠵᠢᠶᠦ᠋ᠨ ᠰᠠᠯᠠᠭᠠᠨ | ᠳᠠᠷᠤᠭ᠎ᠠ ᠳᠤ ᠪᠠᠶᠠᠷᠯᠠᠯ᠎ᠠ ᠂ ᠰᠦᠯᠵᠢᠶᠡᠨ ᠠᠨᠳᠠ ᠨᠠᠷ ᠤᠨ ᠠᠩᠬᠠᠷᠤᠯ ᠪᠣᠯᠤᠨ ᠤᠷᠤᠯᠴᠠᠯᠭ᠎ᠠ ᠳᠤ ᠪᠠᠶᠠᠷᠯᠠᠯ᠎ᠠ᠂ | ᠡᠨᠡ ᠳ᠋ᠤᠭᠠᠷ ᠤᠨ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠵᠦ ᠪᠠᠶᠢᠨ᠎ᠠ᠂ ᠪᠠᠶᠠᠷᠯᠠᠯ᠎ᠠ᠃ | | |