ᠬᠦᠬᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠴᠠᠭᠳᠠᠭ᠎ᠠ ᠶᠢᠨ ᠰᠠᠯᠪᠤᠷᠢ | ᠠᠩᠭᠢ ᠶᠢᠨ ᠤᠯᠤᠰ ᠲᠥᠷᠥ ᠶᠢᠨ ᠭᠡᠰᠢᠭᠦᠨ ᠵᠤᠤ ᠬᠤᠩ ᠴᠢᠤᠸᠠᠨ᠂ ᠡᠷᠡᠭᠦᠤ ᠶᠢᠨ ᠴᠠᠭᠳᠠᠭ᠎ᠠ ᠶᠢᠨ ᠰᠠᠯᠪᠤᠷᠢ | ᠠᠩᠭᠢ ᠶᠢᠨ ᠴᠠᠭᠳᠠᠭ᠎ᠠ ᠪᠠᠶ ᠯᠦᠩ | | | | | | | | | | ﹇ᠬᠠᠮᠢᠶᠠᠷᠤᠭᠴᠢ﹈ ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠳᠠ ᠶᠢᠨ ᠵᠠᠰᠠᠭ ᠤᠨ ᠣᠷᠳᠣᠨ ᠤ | ᠰᠦᠯᠵᠢᠶ᠎ᠡ ᠪᠣᠯᠣᠨ ᠬᠦᠬᠡᠬᠤᠳᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ | ᠨᠡᠪᠲᠡᠷᠡᠭᠦᠯᠭᠡ ᠶᠢᠨ ᠬᠠᠮᠳᠤᠷᠠᠭᠰᠠᠨ ᠲᠣᠰᠬᠠᠢ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠤ ᠨᠦᠬᠦᠳ ᠰᠦᠯᠵᠢᠶᠡᠨ | ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠶᠠᠷᠢᠯᠴᠠᠵᠤ ᠪᠣᠯᠤᠨ᠎ᠠ᠂ ᠢᠳᠡᠪᠬᠢᠲᠡᠢ ᠣᠷᠣᠯᠴᠠᠬᠤ ᠶᠢ ᠴᠢᠨᠢ ᠪᠠᠶᠠᠷᠯᠠᠨ | ᠤᠭᠲᠤᠵᠤ ᠪᠠᠶᠢᠨ᠎ᠠ᠃ | ﹇ᠬᠥᠲᠥᠯᠥᠭᠴᠢ﹈ ᠤᠶᠢᠷ᠎ᠠ ᠶᠢᠨ ᠵᠢᠯ ᠳᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠬᠡᠷᠡᠭ ᠲᠠᠰᠤᠷᠠᠯᠲᠠ ᠦᠭᠡᠢ | ᠨᠡᠮᠡᠭᠳᠡᠨ᠂ ᠬᠡᠷᠡᠭ ᠬᠢᠬᠦ ᠠᠷᠭ᠎ᠠ ᠪᠠᠷᠢᠯ ᠨᠢ ᠲᠠᠰᠤᠷᠠᠯᠲᠠ ᠦᠭᠡᠢ ᠰᠢᠨᠡᠳᠴᠦ᠂ ᠬᠤᠬᠢᠷᠠᠯ ᠨᠢ ᠴᠦ ᠤᠯᠠᠮ ᠠᠴᠠ ᠤᠯᠠᠮ | ᠶᠡᠬᠡᠳᠴᠦ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠳᠤ ᠲᠦᠢᠯ ᠤᠨ ᠶᠡᠭᠡ ᠰᠦᠷᠳᠡᠭᠦᠯᠦᠯ ᠪᠣᠯᠵᠤ | ᠪᠠᠶᠢᠨ᠎ᠠ᠃ ᠤᠯᠠᠨ ᠳᠤ ᠶᠠᠷᠢᠭᠠᠳ ᠦᠭᠭᠦᠨ᠎ᠡ ᠤᠤ︖ ᠴᠠᠬᠢᠯᠭᠠᠨ ᠬᠤᠯᠪᠣᠭᠠᠨ ᠤ ᠮᠡᠬᠡᠯᠡᠯ ᠭᠡᠵᠦ ᠶᠠᠭᠤ ᠪᠤᠢ︖ | ﹇ᠵᠤᠤ ᠬᠤᠩ ᠴᠢᠤᠸᠠᠨ﹈ ᠴᠠᠬᠢᠯᠭᠠᠨ ᠬᠤᠯᠪᠣᠭᠠᠨ ᠤ ᠮᠡᠬᠡᠯᠡᠯ ᠭᠡᠪᠡᠯ᠂ ᠣᠯᠠᠨ ᠢᠶᠠᠷ ᠢᠶᠠᠨ ᠪᠦᠷ ᠮᠡᠳᠡᠵᠦ | ᠪᠠᠶᠢᠬ᠎ᠠ᠃ ᠴᠠᠬᠢᠯᠭᠠᠨ ᠬᠤᠯᠪᠣᠭ᠎ᠠ ᠪᠠᠷ ᠮᠡᠬᠡᠯᠡᠬᠦ ᠭᠡᠳᠡᠭ ᠨᠢ ᠤᠲᠠᠰᠤ᠂ ᠰᠦᠯᠵᠢᠶ᠎ᠡ ᠪᠠ ᠣᠬᠤᠷ ᠴᠢᠮᠡᠭᠡᠨ ᠤ ᠠᠷᠭ᠎ᠠ | ᠮᠠᠶ᠋ᠢᠭ ᠢ ᠠᠰᠢᠭᠯᠠᠨ᠂ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠵᠤ᠂ ᠮᠡᠭᠡ ᠭᠠᠷᠭᠠᠵᠤ᠂ ᠬᠤᠬᠢᠷᠠᠯ ᠠᠮᠰᠠᠭᠴᠢ ᠶᠢ | ᠠᠯᠤᠰ ᠵᠠᠶ ᠠᠴᠠ ᠦᠯᠦ ᠬᠦᠷᠦᠯᠴᠡᠬᠦ ᠬᠡᠯᠪᠡᠷᠢ ᠪᠠᠷ ᠮᠡᠭᠡᠯᠡᠨ᠂ ᠬᠤᠬᠢᠷᠠᠯ ᠠᠮᠰᠠᠭᠴᠢ ᠶᠢ ᠥᠳᠥᠭᠡᠨ ᠵᠣᠭᠤᠰ | ᠭᠤᠪᠢᠭᠤᠯᠤᠭᠤᠯᠬᠤ ᠶᠠᠯᠠᠲᠤ ᠠᠵᠢᠯᠯᠠᠭ᠎ᠠ ᠶᠢ ᠬᠡᠯᠡᠳᠡᠭ᠂ ᠶᠡᠷᠦ ᠳᠡᠭᠡᠨ ᠪᠤᠰᠤᠳ ᠢ ᠬᠠᠭᠤᠷᠮᠠᠭᠯᠠᠨ ᠤᠷᠤᠯᠠᠬᠤ ᠵᠢᠴᠢ | ᠡᠯ᠎ᠡ ᠵᠦᠢᠯ ᠤᠨ ᠬᠠᠤᠯᠢ ᠶᠤᠰᠤᠨ ᠤ ᠬᠡᠯᠪᠡᠷᠢ ᠲᠠᠢ ᠣᠪᠯᠠᠬᠤ ᠪᠤᠶᠤ ᠬᠠᠭᠤᠷᠮᠠᠭᠯᠠᠨ ᠵᠣᠬᠢᠶᠠᠬᠤ ᠬᠡᠯᠪᠡᠷᠢ ᠪᠠᠷ | ᠮᠡᠬᠡᠯᠡᠬᠦ ᠵᠣᠷᠢᠯᠭ᠎ᠠ ᠳᠠᠭᠠᠨ ᠬᠦᠷᠳᠡᠭ᠂ ᠵᠢᠱᠢᠶᠡᠯᠡᠪᠡᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ | ᠬᠤᠷᠢᠶ᠎ᠠ᠂ ᠰᠢᠭᠦᠬᠦ ᠬᠤᠷᠢᠶ᠎ᠠ ᠪᠠᠷ ᠣᠪᠯᠠᠬᠤ᠂ ᠬᠤᠳᠠᠯᠳᠤᠭᠠᠴᠢᠨ ᠺᠣᠮᠫᠠᠨᠢ ᠦᠢᠯᠡᠳᠪᠦᠷᠢ᠂ ᠲᠥᠷᠦ ᠶᠢᠨ | ᠪᠠᠶᠢᠭᠤᠯᠭ᠎ᠠ ᠶᠢᠨ ᠠᠵᠢᠯᠲᠠᠨ᠂ ᠪᠠᠩᠬᠢ ᠶᠢᠨ ᠠᠵᠢᠯᠲᠠᠨ᠂ ᠡᠯ᠎ᠡ ᠲᠥᠷᠥᠯ ᠤᠨ ᠪᠠᠶᠢᠭᠤᠯᠤᠮᠵᠢ ᠶᠢᠨ ᠠᠵᠢᠯᠲᠠᠨ᠂ | ᠠᠵᠢᠯᠴᠢᠨ ᠡᠯᠰᠡᠬᠦ᠂ ᠵᠢᠭᠡᠯᠡᠯᠭᠡ ᠲᠠᠯᠪᠢᠬᠤ᠂ ᠭᠠᠷ ᠤᠲᠠᠰᠤᠨ ᠤ ᠣᠷᠣᠨ ᠪᠠᠶᠢᠷᠢ ᠲᠣᠭᠲᠠᠭᠠᠬᠤ᠂ ᠶᠠᠩᠬᠠᠨ ᠳᠤ ᠡᠯᠰᠡᠬᠦ | ᠵᠡᠷᠭᠡ ᠡᠯ᠎ᠡ ᠵᠦᠢᠯ ᠤᠨ ᠬᠡᠯᠪᠡᠷᠢ ᠪᠠᠷ ᠮᠡᠬᠡᠯᠡᠳᠡᠭ᠃ | 2000 ᠣᠨ ᠠᠴᠠ ᠨᠠᠰᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠳᠠᠭᠠᠯᠳᠤᠨ᠂ ᠴᠠᠬᠢᠯᠭᠠᠨ | ᠬᠤᠯᠪᠣᠭᠠᠨ ᠤ ᠮᠡᠬᠡᠯᠡᠯ ᠳᠤᠮᠳᠠᠳᠤ ᠤᠯᠤᠰ ᠲᠤ ᠦᠳᠲᠡᠷ ᠲᠦᠷᠭᠡᠨ ᠬᠥᠭᠵᠢᠨ ᠳᠡᠯᠭᠡᠷᠡᠪᠡ᠂ ᠡᠳᠡᠭᠡᠷ ᠴᠠᠬᠢᠯᠭᠠᠨ | ᠬᠤᠯᠪᠣᠭᠠᠨ ᠤ ᠮᠡᠬᠡᠯᠡᠭᠴᠢ ᠶᠢᠨ ᠣᠯᠠᠩᠬᠢ ᠨᠢ ᠪᠦᠷ ᠮᠡᠷᠭᠡᠵᠢᠯ ᠤᠨ ᠠᠵᠢᠯᠲᠠᠨ ᠪᠠᠶᠢᠵᠤ᠂ ᠭᠠᠷ ᠤᠲᠠᠰᠤ᠂ ᠳ᠋ᠢᠶᠠᠩᠬᠤᠸᠠ᠂ | ᠰᠦᠯᠵᠢᠶ᠎ᠡ ᠵᠡᠷᠭᠡ ᠮᠡᠳᠡᠭᠡ ᠬᠤᠯᠪᠣᠭᠠᠨ ᠤ ᠪᠠᠭᠠᠵᠢ ᠪᠠ ᠤᠳᠤ ᠦᠶ᠎ᠡ ᠶᠢᠨ ᠲᠧᠭᠨᠢᠭ ᠮᠡᠷᠭᠡᠵᠢᠯ ᠵᠡᠷᠭᠡ ᠳᠤ | ᠲᠦᠰᠢᠭᠯᠡᠭᠰᠡᠨ ᠦᠯᠦ ᠬᠦᠷᠦᠯᠴᠡᠬᠦ ᠬᠡᠯᠪᠡᠷᠢ ᠶᠢᠨ ᠮᠡᠬᠡᠯᠡᠯ ᠨᠢ ᠦᠳᠲᠡᠷ ᠲᠦᠷᠭᠡᠨ ᠬᠥᠭᠵᠢᠨ ᠳᠡᠯᠭᠡᠷᠡᠵᠦ᠂ ᠠᠷᠠᠳ | ᠣᠯᠠᠨ ᠳᠤ ᠮᠠᠰᠢ ᠶᠡᠭᠡ ᠬᠤᠬᠢᠷᠠᠯ ᠤᠴᠠᠷᠠᠭᠤᠯᠵᠠᠶ᠃ | 2016 ᠤᠨ 12 ᠰᠠᠷ᠎ᠠ ᠶᠢᠨ 20 ᠤ ᠡᠳᠦᠷ᠂ ᠠᠷᠠᠳ ᠤᠨ ᠳᠡᠭᠡᠳᠦ ᠰᠢᠭᠦᠬᠦ ᠬᠤᠷᠢᠶ᠎ᠠ ᠵᠡᠷᠭᠡ ᠭᠤᠷᠪᠠᠨ | ᠰᠠᠯᠠᠭ᠎ᠠ ᠮᠥᠴᠢᠷ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠡᠷᠡᠭᠦᠤ ᠶᠢᠨ ᠬᠡᠷᠡᠭ ᠢ | ᠰᠢᠢᠳᠪᠦᠷᠢᠯᠡᠬᠦ ᠳᠤ ᠬᠡᠷᠡᠭᠯᠡᠬᠦ ᠬᠠᠤᠯᠢ ᠴᠠᠭᠠᠵᠠ ᠶᠢᠨ ᠠᠰᠠᠭᠤᠳᠠᠯ ᠤᠳ ᠤᠨ ᠲᠤᠬᠠᠶ ᠰᠠᠨᠠᠯ︾ ᠢ ᠨᠡᠶᠢᠲᠡᠯᠡᠵᠦ᠂ | ᠴᠠᠬᠢᠯᠭᠠᠨ ᠬᠤᠯᠪᠤᠭ᠎ᠠ ᠰᠦᠯᠵᠢᠶᠡᠨ ᠤ ᠮᠡᠷᠭᠡᠵᠢᠯ ᠤᠨ ᠠᠷᠭ᠎ᠠ ᠪᠠᠷ ᠮᠡᠬᠡᠯᠡᠪᠡᠯ᠂ ᠨᠡᠶᠢᠲᠡ ᠶᠢᠨ ᠬᠤᠪᠢ ᠶᠢᠨ ᠡᠳ᠋ | ᠪᠤᠳᠠᠰ ᠢ ᠮᠡᠬᠡᠯᠡᠭᠰᠡᠨ ᠥᠷᠲᠡᠭ 3000 ᠲᠦᠭᠦᠷᠢᠭ ᠢ ᠬᠡᠲᠦᠷᠡᠪᠡᠯ ᠡᠷᠡᠭᠦᠦ ᠰᠢᠢᠳᠭᠡᠯ ᠲᠤᠯᠭᠠᠵᠤ ᠪᠤᠯᠤᠨ᠎ᠠ᠂ | ᠨᠡᠶᠢᠲᠡ ᠶᠢᠨ ᠬᠤᠪᠢ ᠶᠢᠨ ᠡᠳ᠋ ᠪᠤᠳᠠᠰ ᠢ ᠮᠡᠬᠡᠯᠡᠭᠰᠡᠨ ᠥᠷᠲᠡᠭ 50 ᠲᠦᠮᠡᠨ ᠲᠦᠭᠦᠷᠢᠭ ᠢ ᠭᠡᠳᠦᠷᠡᠪᠡᠯ | ᠬᠤᠭᠤᠴᠠᠭ᠎ᠠ ᠦᠭᠡᠢ ᠬᠤᠷᠢᠬᠤ ᠶᠠᠯ᠎ᠠ ᠲᠤᠯᠭᠠᠵᠤ ᠪᠤᠯᠤᠨ᠎ᠠ ᠭᠡᠵᠦ ᠲᠠᠬᠢᠨᠳᠠ ᠲᠤᠳᠤᠷᠬᠠᠶᠢᠯᠠᠵᠠᠢ᠃ | ﹇ᠬᠥᠲᠥᠯᠥᠭᠴᠢ﹈ ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠨᠢ ᠶᠠᠮᠠᠷ ᠣᠨᠴᠠᠯᠢᠭ ᠲᠠᠢ ᠪᠣᠶ︖ | ﹇ᠪᠠᠶ ᠯᠦᠩ﹈ ᠨᠢᠭᠡ ᠳᠤ ᠴᠠᠬᠢᠯᠭᠠᠨ ᠬᠤᠯᠪᠣᠭ᠎ᠠ ᠪᠠᠷ ᠮᠡᠬᠡᠯᠡᠬᠦ ᠠᠵᠢᠯᠯᠠᠭ᠎ᠠᠶᠢᠨ ᠲᠡᠯᠭᠡᠷᠡᠬᠦ ᠴᠢᠨᠠᠷ ᠨᠢ | ᠨᠡᠯᠢᠶᠡᠳ ᠶᠡᠭᠡ᠂ ᠬᠥᠭᠵᠢᠯᠲᠡ ᠨᠢ ᠮᠠᠰᠢ ᠲᠦᠷᠭᠡᠨ ᠪᠠᠶᠢᠨ᠎ᠠ᠃ ᠴᠠᠬᠢᠯᠭᠠᠨ ᠬᠤᠯᠪᠤᠭ᠎ᠠ ᠪᠠᠷ ᠮᠡᠬᠡᠯᠡᠭᠴᠢ ᠶᠡᠷᠦ ᠨᠢ | ᠬᠥᠮᠦᠰ ᠤᠨ ᠠᠰᠢᠭ ᠬᠠᠷᠠᠨ ᠬᠤᠤᠷ ᠠᠴᠠ ᠵᠠᠶᠢᠯᠠᠬᠤ ᠰᠡᠳᠬᠢᠴᠡ ᠶᠢ ᠠᠰᠢᠭᠯᠠᠨ ᠬᠤᠳᠠᠯ ᠬᠠᠭᠤᠷᠮᠠᠭ ᠤᠳᠠᠰᠤ᠂ | ᠣᠬᠤᠷ ᠴᠢᠮᠡᠭᠡ ᠵᠤᠬᠢᠶᠠᠵᠤ ᠬᠤᠳᠠᠯ ᠬᠠᠭᠤᠷᠮᠠᠭ ᠮᠡᠳᠡᠭᠡ ᠵᠠᠩᠭᠢ ᠶᠢ ᠣᠯᠠᠨ ᠲᠦᠮᠡᠨ ᠳᠤ ᠨᠡᠶᠢᠳᠡᠮ ᠳᠤ ᠨᠢ | ᠲᠠᠮᠵᠢᠭᠤᠯᠤᠨ᠂ ᠲᠦᠢᠯ ᠤᠨ ᠤᠬᠤᠷᠬᠠᠨ ᠬᠤᠭᠤᠴᠠᠭᠠᠨ ᠳᠤ ᠲᠠᠮᠵᠢᠭᠤᠯᠬᠤ ᠬᠦᠷᠢᠶ᠎ᠡ ᠬᠡᠪᠴᠢᠶ᠎ᠡ ᠨᠢ ᠮᠠᠰᠢ ᠥᠷᠭᠡᠨ᠂ | ᠬᠠᠯᠳᠠᠯᠭ᠎ᠠ ᠶᠢᠨ ᠬᠡᠪᠴᠢᠶ᠎ᠡ ᠨᠢ ᠮᠠᠰᠢ ᠶᠡᠭᠡ ᠪᠣᠯᠬᠤᠷ ᠬᠤᠬᠢᠷᠠᠯ ᠤᠴᠠᠷᠠᠭᠤᠯᠬᠤ ᠬᠦᠷᠢᠶ᠎ᠡ ᠬᠡᠪᠴᠢᠶ᠎ᠡ ᠨᠢ ᠴᠦ ᠮᠠᠰᠢ | ᠥᠷᠭᠡᠨ ᠪᠠᠶᠢᠳᠠᠭ᠃ | ᠬᠤᠶᠠᠷ ᠲᠤ ᠮᠡᠬᠡᠯᠡᠬᠦ ᠠᠷᠭ᠎ᠠ ᠪᠠᠷᠢᠯ ᠤᠨ ᠰᠢᠨᠡᠳᠬᠦ ᠬᠤᠷᠳᠤᠴᠠ ᠨᠢ ᠮᠠᠰᠢ ᠲᠦᠷᠭᠡᠨ ᠪᠠᠶᠢᠵᠤ᠂ | ᠡᠬᠢᠯᠡᠩᠭᠦᠳᠡ ᠪᠠᠨ ᠵᠥᠪᠬᠡᠨ ᠮᠠᠰᠢ ᠪᠠᠭ᠎ᠠ ᠮᠦᠩᠭᠦ ᠪᠠᠷ ᠲᠥᠬᠦᠭᠡᠷᠦᠮᠵᠢ ᠬᠤᠳᠠᠯᠳᠤᠨ ᠠᠪᠴᠤ ᠣᠬᠤᠷ ᠴᠢᠮᠡᠭᠡ | ᠰᠠᠴᠤᠵᠤ ᠪᠠᠶᠢᠭᠰᠠᠨ ᠢᠶᠠᠨ ᠢᠨᠲ᠋ᠧᠷ ᠰᠦᠯᠵᠢᠶᠡᠨ ᠲᠡᠭᠡᠷᠡᠬᠢ ᠳᠤᠷ᠎ᠠ ᠶᠢᠨ ᠨᠢᠭᠡ ᠳ᠋ᠤᠭᠠᠷ ᠢᠯᠡᠷᠡᠭᠦᠯᠬᠦ ᠵᠥᠭᠡᠯᠡᠨ | ᠲᠣᠨᠤᠭ᠂ ᠳ᠋ᠤᠭᠠᠷ ᠢᠯᠡᠷᠡᠭᠦᠯᠬᠦ ᠷᠠᠳᠢᠣ᠋ ᠵᠡᠷᠭᠡ ᠪᠣᠯᠵᠤ ᠬᠥᠭᠵᠢᠭᠡᠳ᠂ ᠨᠢᠭᠡ ᠵᠦᠢᠯ ᠤᠨ ᠲᠡᠭᠡᠳᠦ ᠣᠶᠤᠨ ᠤ | ᠬᠡᠯᠪᠡᠷᠢ ᠶᠢᠨ ᠮᠡᠬᠡᠯᠡᠯ ᠪᠣᠯᠤᠭᠰᠠᠨ ᠪᠠᠶᠢᠨ᠎ᠠ᠃ ᠮᠡᠬᠡᠯᠡᠯ ᠤᠨ ᠰᠢᠯᠲᠠᠭ ᠠᠴᠠ ᠠᠪᠴᠤ ᠬᠡᠯᠡᠪᠡᠯ᠂ ᠬᠠᠮᠤᠭ ᠤᠨ ᠡᠷᠲᠡᠨ ᠤ | ᠱᠠᠩᠨᠠᠯ ᠤᠯᠤᠭᠰᠠᠨ ᠮᠡᠬᠡᠯᠡᠯ ᠠᠴᠠ ᠬᠥᠭᠵᠢᠭᠡᠳ᠂ ᠠᠶᠤᠯᠭᠠᠵᠤ ᠮᠡᠬᠡᠯᠡᠭ᠊᠂ ᠳ᠋ᠢᠶᠠᠩᠬᠤᠸᠠ ᠶᠢᠨ ᠵᠠᠷᠤᠳᠠᠯ ᠥᠷᠢᠲᠦᠬᠦ᠂ | ᠮᠠᠰᠢᠨ ᠲᠡᠷᠭᠡᠨ ᠤ ᠭᠠᠶᠢᠯᠢ ᠪᠤᠴᠠᠭᠠᠬᠤ ᠵᠡᠷᠭᠡ ᠳᠤ ᠬᠦᠷᠦᠭᠰᠡᠨ ᠪᠠᠶᠢᠨ᠎ᠠ᠃ ᠮᠡᠬᠡᠯᠡᠭᠴᠢ ᠡᠯᠳᠡᠪ ᠵᠦᠢᠯ ᠤᠨ ᠶᠠᠩᠵᠤ | ᠪᠦᠷᠢ ᠶᠢᠨ ᠮᠡᠬᠡᠯᠡᠯ ᠢ ᠪᠣᠳᠣᠵᠤ ᠣᠯᠳᠠᠭ᠃ ᠶᠠᠭ ︽ᠴᠢ ᠨᠠᠮᠠᠢᠢ ᠬᠡᠨ ᠪᠣᠯᠬᠤ ᠶᠢ ᠲᠠᠭᠠᠵᠤ ᠦᠵᠡ︾ ᠭᠡᠰᠡᠨ ᠰᠢᠭ᠂ | ᠵᠠᠷᠢᠮ ᠨᠢ ᠴᠢᠨᠠᠭᠰᠢᠯᠠᠭᠠᠳ ᠰᠢᠭᠤᠳ ᠵᠣᠭᠤᠰ ᠭᠤᠪᠢᠭᠤᠯᠤᠭᠤᠯᠤᠨ ᠮᠡᠬᠡᠯᠡᠵᠦ ᠪᠠᠶᠢᠨ᠎ᠠ᠂ ᠣᠯᠠᠨ ᠢᠶᠠᠷ ᠢᠶᠠᠨ ᠪᠦᠷ | ᠡᠶᠢᠮᠦ ᠮᠡᠭᠡᠯᠡᠯ ᠤᠨ ᠤᠳᠠᠰᠤ ᠶᠢ ᠲᠤᠰᠴᠤ ᠥᠩᠭᠡᠷᠡᠭᠰᠡᠨ ᠪᠠᠶᠢᠬ᠎ᠠ᠃ ᠠᠩᠬ᠎ᠠ ᠡᠬᠢᠨ ᠳᠡᠭᠡᠨ ᠣᠯᠠᠨ ᠢᠶᠠᠷ ᠢᠶᠠᠨ ᠪᠠᠰᠠ | ᠡᠶᠢᠮᠦ ᠠᠷᠭ᠎ᠠ ᠪᠠᠷ ᠵᠣᠭᠤᠰ ᠮᠡᠬᠡᠯᠡᠵᠦ ᠣᠯᠣᠨ᠎ᠠ ᠤᠤ︖ ᠭᠡᠵᠦ ᠪᠣᠳᠣᠵᠤ ᠪᠠᠶᠢᠭᠰᠠᠨ᠂ ᠦᠨᠡᠬᠡᠷ ᠵᠣᠭᠤᠰ ᠮᠡᠬᠡᠯᠡᠵᠦ | ᠣᠯᠣᠨ᠎ᠠ᠃ ᠤᠴᠢᠷ ᠨᠢ ᠮᠠᠰᠢ ᠣᠯᠠᠨ ᠬᠥᠮᠦᠨ ᠠᠷᠠᠯᠵᠢᠶ᠎ᠠ ᠬᠢᠵᠦ ᠪᠠᠶᠢᠨ᠎ᠠ᠂ ᠬᠤᠭᠤᠷᠣᠨᠳᠣ ᠪᠠᠨ ᠵᠣᠭᠤᠰ | ᠮᠥᠩᠭᠦᠨ ᠤ ᠶᠠᠪᠤᠯᠴᠠᠭ᠎ᠠ ᠲᠠᠢ᠂ ᠪᠢᠳᠡ ᠬᠤᠶᠠᠷ ᠠᠷᠠᠯᠵᠢᠶ᠎ᠠ ᠬᠢᠭᠡᠳ ᠪᠢ ᠴᠢᠮ᠎ᠠ ᠳᠤ ᠵᠣᠭᠤᠰ ᠶᠠᠪᠤᠭᠤᠯᠵᠤ ᠥᠭᠬᠦᠶ᠎ᠡ | ᠭᠡᠵᠦ ᠬᠡᠯᠡᠯᠴᠡᠵᠦ ᠲᠣᠬᠢᠷᠠᠭᠠᠳ ᠪᠠᠶᠢᠪᠠ᠂ ᠶᠠᠭ ᠰᠠᠶᠢᠬᠠᠨ ᠡᠨᠡ ᠣᠬᠤᠷ ᠴᠢᠮᠡᠭᠡ ᠶᠢ ᠲᠤᠰᠴᠤ ᠤᠯᠤᠭᠠᠳ ᠪᠢ | ᠵᠣᠭᠤᠰ ᠢᠶᠠᠨ ᠶᠠᠪᠤᠭᠤᠯᠴᠢᠬᠠᠨ᠎ᠠ᠃ ᠮᠡᠬᠡᠯᠡᠬᠦ ᠠᠷᠭ᠎ᠠ ᠪᠠᠰᠠ ᠲᠠᠰᠤᠷᠠᠯᠲᠠ ᠦᠭᠡᠢ ᠰᠢᠨᠡᠳᠴᠦ ᠪᠠᠶᠢᠨ᠎ᠠ᠂ ᠰᠢᠨᠡᠳᠬᠦ | ᠳᠠᠪᠲᠠᠮᠵᠢ ᠨᠢ ᠲᠤᠩ ᠥᠨᠳᠥᠷ᠂ ᠵᠠᠷᠢᠮ ᠦᠶ᠎ᠡ ᠳᠤ ᠴᠢᠨᠠᠭᠰᠢᠯᠠᠭᠠᠳ ᠨᠢᠭᠡ᠂ ᠬᠤᠶᠠᠷ ᠰᠠᠷ᠎ᠠ ᠶᠢᠨ ᠳᠣᠲᠣᠷ᠎ᠠ ᠰᠢᠨ᠎ᠡ | ᠮᠡᠬᠡᠯᠡᠬᠦ ᠠᠷᠭ᠎ᠠ ᠭᠠᠷᠴᠤ ᠪᠠᠶᠢᠨ᠎ᠠ᠃ | ᠭᠤᠷᠪᠠ ᠳᠤ᠂ ᠪᠦᠯᠦᠭ ᠢᠶᠠᠷ ᠢᠶᠠᠨ ᠬᠡᠷᠡᠭ ᠬᠢᠵᠦ᠂ ᠮᠦᠷᠳᠡᠨ ᠪᠠᠶᠢᠴᠠᠭᠠᠯᠲᠠ ᠶᠢ ᠡᠰᠡᠷᠭᠦᠴᠡᠬᠦ ᠴᠢᠳᠠᠪᠤᠷᠢ ᠨᠢ | ᠮᠠᠰᠢ ᠴᠢᠩᠭ᠎ᠠ ᠪᠠᠶᠢᠳᠠᠭ᠃ ᠶᠡᠷᠦ ᠳᠡᠭᠡᠨ ᠠᠯᠤᠰ ᠬᠤᠯᠠ ᠶᠢᠨ᠂ ᠬᠦᠷᠦᠯᠴᠡᠬᠦ ᠦᠭᠡᠢ ᠬᠡᠯᠪᠡᠷᠢ ᠶᠢᠨ ᠮᠡᠬᠡᠯᠡᠯ ᠢ | ᠬᠡᠷᠡᠭᠯᠡᠵᠦ᠂ ᠵᠤᠬᠢᠶᠠᠨ ᠪᠠᠶᠢᠭᠤᠯᠤᠯᠳᠠ ᠴᠢᠩᠭ᠎ᠠ᠂ ᠲᠡᠳᠡ ᠠᠵᠤ ᠠᠬᠤᠶᠢᠯᠠᠯ ᠤᠨ ᠠᠵᠢᠯᠯᠠᠬᠤ ᠬᠡᠯᠪᠡᠷᠢ ᠶᠢ ᠠᠪᠴᠤ᠂ | ᠠᠵᠢᠯ ᠤᠨ ᠬᠤᠪᠢᠶᠠᠷᠢᠯᠠᠯᠳᠠ ᠮᠠᠰᠢ ᠨᠠᠷᠢᠨ᠂ ᠲᠤᠰᠬᠠᠢ ᠬᠦᠮᠦᠨ ᠭᠠᠷ ᠤᠳᠠᠰᠤ ᠬᠤᠳᠠᠯᠳᠤᠨ ᠠᠪᠴᠤ᠂ ᠵᠠᠷᠢᠮ ᠨᠢ | ᠲᠤᠰᠬᠠᠶᠢᠯᠠᠨ ᠪᠠᠩᠭᠢ ᠶᠢᠨ ᠲᠠᠩᠰᠨ ᠨᠡᠭᠡᠭᠡᠵᠦ᠂ ᠵᠠᠷᠢᠮ ᠨᠢ ᠤᠳᠠᠰᠤᠳᠠᠬᠤ ᠶᠢ ᠬᠠᠷᠢᠭᠤᠴᠠᠵᠤ᠂ ᠵᠠᠷᠢᠮ ᠨᠢ ᠵᠤᠭᠤᠰ | ᠰᠢᠯᠵᠢᠬᠦᠯᠬᠦ ᠶᠢ ᠬᠠᠮᠢᠶᠠᠷᠴᠤ᠂ ᠲᠤᠤᠷ᠎ᠠ ᠲᠠᠯ᠎ᠠ ᠶᠢᠨ ᠠᠵᠢᠯ ᠤᠨ ᠲᠠᠷᠠᠭᠠᠯᠠᠯ ᠨᠢ ᠲᠡᠭᠡᠷ᠎ᠡ ᠲᠠᠯ᠎ᠠ ᠶᠢᠨ ᠠᠵᠢᠯ ᠤᠨ | ᠲᠠᠷᠠᠠᠭᠠᠯᠠᠯ ᠤᠨ ᠪᠠᠶᠢᠳᠠᠯ ᠢ ᠮᠡᠳᠡᠳᠡᠭ ᠦᠭᠡᠢ᠂ ᠡᠨᠡ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠣᠬᠢᠯᠲᠠ ᠥᠭᠭᠦ | ᠳᠤ ᠮᠠᠰᠢ ᠶᠡᠭᠡ ᠬᠦᠴᠢᠷᠳᠡᠯ ᠤᠴᠠᠷᠠᠭᠤᠯᠵᠠᠶ᠃ | ᠳᠥᠷᠪᠡ ᠳᠤ᠂ ᠬᠢᠯᠢ ᠠᠯᠤᠰᠯᠠᠭᠰᠠᠨ ᠮᠡᠬᠡᠯᠡᠯ᠃ ᠵᠠᠷᠢᠮ ᠬᠥᠮᠦᠨ ᠬᠢᠯᠢ ᠶᠢᠨ ᠳᠣᠲᠣᠷ᠎ᠠ ᠬᠤᠳᠠᠯ ᠬᠠᠭᠤᠷᠮᠠᠭ | ᠮᠡᠳᠡᠭᠡ ᠵᠠᠩᠭᠢ ᠨᠡᠶᠢᠲᠡᠯᠡᠵᠦ ᠬᠢᠯᠢ ᠶᠢᠨ ᠭᠠᠳᠠᠨᠠᠬᠢ ᠬᠥᠮᠦᠨ ᠢ ᠮᠡᠬᠡᠯᠡᠵᠦ ᠪᠠᠶᠢᠨ᠎ᠠ᠂ ᠪᠠᠰᠠ ᠵᠠᠷᠢᠮ ᠨᠢ ᠥᠷᠬᠦᠯᠵᠢ | ᠬᠢᠯᠢ ᠶᠢᠨ ᠭᠠᠳᠠᠨ᠎ᠠ ᠠᠴᠠ ᠤᠯᠤᠰ ᠤᠨ ᠳᠣᠲᠣᠭᠠᠳᠤ ᠳᠤ ᠣᠬᠤᠷ ᠮᠡᠳᠡᠭᠡ ᠲᠠᠮᠵᠢᠭᠤᠯᠵᠤ ᠳᠤᠮᠳᠠᠳᠤ ᠤᠯᠤᠰ ᠤᠨ | ᠠᠷᠠᠳ ᠤᠯᠠᠨ ᠢ ᠮᠡᠬᠡᠯᠡᠵᠦ ᠪᠠᠶᠢᠨ᠎ᠠ᠂ ᠴᠤᠬᠢᠯᠳᠠ ᠥᠭᠭᠦ ᠬᠦᠴᠢᠷᠳᠡᠯ ᠮᠠᠰᠢ ᠶᠡᠭᠡ᠃ | ﹇ᠬᠥᠲᠥᠯᠥᠭᠴᠢ﹈ ᠰᠦᠯᠵᠢᠶᠡᠨ ᠨᠦᠬᠦᠳ ᠠᠰᠠᠭᠤᠵᠤ ᠪᠠᠶᠢᠨ᠎ᠠ᠂ ᠮᠠᠨ ᠤ ᠬᠤᠲᠠ ᠶᠢᠨ ᠣᠯᠠᠨ ᠡᠭᠦᠰᠳᠡᠭ | ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠲᠤ ᠭᠤᠤᠯᠳᠠᠭᠤ ᠶᠠᠮᠠᠷ ᠶᠠᠮᠠᠷ ᠵᠦᠢᠯ ᠪᠠᠶᠢᠳᠠᠭ ᠪᠣᠶ︖ | ﹇ᠪᠠᠶ ᠯᠦᠩ﹈ ᠮᠠᠨ ᠤ ᠬᠤᠲᠠ ᠶᠢᠨ ᠮᠡᠬᠡᠯᠡᠭᠳᠡᠭᠰᠡᠨ ᠬᠦᠮᠦᠨ ᠤᠯᠠᠨ ᠪᠠᠶᠢᠳᠠᠭ ᠦᠳᠡ ᠶᠢᠨ ᠡᠮᠦᠨᠡᠬᠢ | ᠴᠠᠭ ᠤᠨ ᠴᠠᠬᠢᠯᠭᠠᠨ ᠬᠤᠯᠪᠣᠭᠠᠨ ᠤ ᠮᠡᠬᠡᠯᠡᠯ ᠤᠨ ᠲᠥᠷᠥᠯ ᠵᠦᠢᠯ ᠳᠤ᠄ | ᠨᠢᠭᠡ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠪᠠᠷ ᠣᠪᠯᠠᠨ᠎ᠠ᠃ ᠬᠤᠬᠢᠷᠠᠯ ᠠᠮᠰᠠᠭᠴᠢ ᠨᠢᠭᠡ | ᠵᠠᠭᠠᠯᠳᠤᠯᠭ᠎ᠠ ᠶᠢᠨ ᠳᠠᠩᠰᠠ ᠪᠠᠨ ᠰᠢᠢᠳᠪᠦᠷᠢᠯᠡᠭᠰᠡᠨ ᠦᠭᠡᠢ ᠭᠡᠰᠡᠨ ᠲᠠᠨᠢᠬᠤ ᠦᠭᠡᠢ ᠤᠳᠠᠰᠤ ᠶᠢ ᠲᠤᠰᠴᠤ᠂ | ᠲᠡᠭᠦᠨ ᠢ ᠲᠣᠭᠲᠠᠭᠰᠠᠨ ᠤᠲᠠᠰᠤ ᠪᠠᠷ ᠪᠠᠶᠢᠴᠠᠭᠠᠨ ᠯᠠᠪᠯᠠᠬᠤ ᠶᠢ ᠱᠠᠭᠠᠷᠳᠠᠬᠤ ᠪᠦᠭᠡᠳ 114 ᠳᠤ ᠤᠲᠠᠰᠤᠳᠠᠵᠤ | ᠪᠠᠶᠢᠴᠠᠭᠠᠨ ᠯᠠᠪᠯᠠᠵᠤ ᠪᠣᠯᠤᠨ᠎ᠠ ᠭᠡᠳᠡᠭ᠃ ᠳᠡᠮᠡᠶ ᠤᠳᠠᠯ ᠦᠭᠡᠢ ᠬᠤᠤᠷ ᠠᠮᠰᠠᠭᠴᠢ ᠪᠠᠰᠠ ᠨᠢᠭᠡ ᠤᠲᠠᠰᠤ ᠲᠤᠰᠤᠨ᠎ᠠ᠂ | ᠨᠥᠭᠦᠭᠡ ᠲᠠᠯ᠎ᠠ ᠨᠢ ᠤᠲᠠᠰᠤᠨ ᠤ ᠴᠠᠭᠠᠨ᠎ᠠ ᠠᠴᠠ ᠲᠡᠭᠦᠨ ᠢ ᠨᠢᠭᠡ ᠬᠤᠤᠷ ᠫᠠᠨᠽᠠᠯᠠᠭᠰᠠᠨ ᠬᠡᠷᠡᠭ ᠲᠠᠢ | ᠬᠤᠯᠪᠣᠭ᠎ᠠ ᠲᠠᠢ᠂ ᠨᠢᠭᠡ ᠬᠠᠮᠰᠠᠭᠠᠲᠠᠨ ᠨᠢ ᠨᠢᠭᠡᠨᠲᠡ ᠬᠤᠤᠷ ᠠᠮᠰᠠᠭᠴᠢ ᠶᠢ ᠴᠠᠭᠳᠠᠭ᠎ᠠ ᠳᠤ ᠬᠡᠯᠡᠵᠦ ᠭᠠᠷᠭᠠᠭᠰᠠᠨ | ᠭᠡᠳᠡᠭ᠂ ᠡᠭᠦᠨ ᠤ ᠬᠠᠮᠳᠤ ᠪᠠᠰᠠ ᠨᠢᠭᠡ ᠰᠦᠯᠵᠢᠶᠡᠨ ᠬᠠᠶ᠋ᠢᠭ ᠦᠭᠭᠦᠨ᠎ᠡ᠂ ᠬᠤᠤᠷ ᠠᠮᠰᠠᠭᠴᠢ ᠨᠡᠭᠡᠭᠡᠵᠦ ᠦᠵᠡᠪᠡᠯ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ︾ ᠶᠢᠨ | ᠰᠦᠯᠵᠢᠶ᠎ᠡ ᠢᠯᠡᠷᠡᠬᠦ ᠪᠥᠭᠡᠳ ᠵᠢᠭᠠᠭᠰᠠᠨ ᠶᠣᠰᠣᠭᠠᠷ ᠨᠢ ᠥᠪᠡᠷ ᠤᠨ ᠪᠡᠶ᠎ᠡ ᠲᠠᠢ ᠪᠠᠨ ᠬᠤᠯᠪᠣᠭᠳᠠᠯ ᠪᠦᠬᠦᠢ | ᠬᠡᠷᠡᠭ ᠤᠨ ᠮᠠᠲ᠋ᠧᠷᠢᠶᠠᠯ ᠪᠠ ᠪᠠᠷᠢᠪᠴᠢᠯᠠᠬᠤ ᠵᠠᠷᠯᠢᠭ ᠢ ᠮᠡᠳᠡᠵᠦ ᠣᠯᠳᠠᠭ᠃ ᠬᠠᠮᠤᠭ ᠤᠨ ᠰᠡᠭᠦᠯ ᠳᠤ ᠨᠢ ᠮᠡᠬᠡᠯᠡᠭᠴᠢ | ᠬᠤᠬᠢᠷᠠᠯ ᠠᠮᠰᠠᠭᠴᠢ ᠶᠢ ᠲᠣᠭᠲᠠᠭᠰᠠᠨ ᠪᠠᠩᠭᠢ ᠶᠢᠨ ᠲᠠᠩᠰᠠᠨ ᠳᠤ ᠵᠣᠭᠤᠰ ᠭᠤᠪᠢᠭᠤᠯᠬᠤ ᠪᠠᠷ ᠱᠠᠭᠠᠷᠳᠠᠵᠤ | ᠬᠦᠷᠦᠩᠭᠡ ᠮᠦᠩᠭᠦ ᠶᠢᠨ ᠲᠥᠪ ᠭᠤᠤᠯᠴᠢ ᠬᠠᠷᠢᠴᠠᠭᠤᠯᠤᠯ ᠬᠢᠨ᠎ᠡ ᠭᠡᠳᠡᠭ᠃ ᠳᠣᠲᠣᠭᠠᠳᠤ ᠶᠢ ᠬᠠᠮᠠᠭᠠᠯᠠᠬᠤ᠂ | ᠪᠠᠶᠢᠴᠠᠭᠠᠬᠤ᠂ ᠰᠢᠭᠦᠬᠦ ᠪᠠᠷ ᠣᠪᠯᠠᠨ ᠤᠳᠠᠰᠤ ᠪᠠᠷ ᠮᠡᠬᠡᠯᠡᠬᠦ ᠨᠢ ᠰᠢᠨ᠎ᠡ ᠰᠡᠪᠡᠭᠦᠨ ᠠᠷᠭ᠎ᠠ ᠪᠠᠷᠢᠯ ᠪᠢᠰᠢ ᠶᠤᠮ᠃ | ᠭᠡᠪᠡᠴᠦ ᠬᠡᠳᠦᠷᠬᠡᠢ ᠠᠶᠤᠯᠭᠠᠵᠤ ᠰᠦᠷᠳᠡᠭᠦᠯᠬᠦ ᠴᠢᠨᠠᠷ ᠲᠠᠢ ᠪᠤᠯᠬᠤᠷ ᠡᠨᠡ ᠬᠦ ᠮᠡᠬᠡᠯᠡᠯ ᠢ ᠣᠶᠢᠯᠠᠭᠠᠬᠤ ᠦᠭᠡᠢ ᠪᠤᠶᠤ | ᠠᠩᠬ᠎ᠠ ᠤᠳᠠᠭ᠎ᠠ ᠡᠶᠢᠮᠦᠷᠬᠦᠦ ᠤᠲᠠᠰᠤ ᠳᠤᠰᠤᠭᠰᠠᠨ ᠬᠥᠮᠦᠨ ᠳᠤ ᠠᠪᠴᠤ ᠬᠡᠯᠡᠪᠡᠯ ᠲᠤᠩ ᠠᠮᠠᠷᠬᠠᠨ ᠮᠡᠬᠡᠯᠡᠭᠳᠡᠳᠡᠭ᠃ | | ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠪᠠᠷ ᠣᠪᠯᠠᠭᠰᠠᠨ ᠮᠡᠬᠡᠯᠡᠯ ᠠᠴᠠ ᠰᠡᠷᠭᠡᠶᠢᠯᠡᠬᠦ | ᠰᠠᠨᠠᠭᠤᠯᠤᠮᠵᠢ᠄ 1.ᠲᠠᠨᠢᠬᠤ ᠦᠭᠡᠢ ᠬᠥᠮᠦᠨ ᠤ ᠢᠷᠡᠭᠦᠯᠦᠭᠰᠡᠨ ᠤᠲᠠᠰᠤ ᠶᠢ ᠠᠮᠠᠷᠬᠠᠨ ᠢᠲᠡᠭᠡᠵᠦ ᠪᠣᠯᠬᠤ ᠦᠭᠡᠢ᠂ | ᠬᠡᠷᠪᠡ ᠵᠠᠷᠢᠮ ᠬᠥᠮᠦᠨ ᠥᠪᠡᠷ ᠢ ᠴᠢᠨᠢ ᠶᠠᠯ᠎ᠠ ᠬᠢᠭᠰᠡᠨ ᠰᠡᠵᠢᠭᠯᠡᠯᠲᠡᠶ ᠭᠡᠵᠦ ᠬᠡᠯᠡᠪᠡᠯ᠂ ᠤᠷᠢᠳ ᠢᠶᠠᠷ 110 ᠳᠤ | ᠤᠲᠠᠰᠤᠳᠠᠵᠤ ᠯᠠᠪᠯᠠᠨ ᠠᠰᠠᠭᠤᠬᠤ ᠬᠡᠷᠡᠭᠲᠡᠶ᠂ ᠬᠠᠷᠢᠨ ᠠᠷᠠᠳ ᠤᠨ ᠴᠠᠭᠳᠠᠭ᠎ᠠ ᠶᠢᠨ ᠤᠲᠠᠰᠤ ᠪᠤᠶᠤ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠤᠲᠠᠰᠤ ᠭᠡᠳᠡᠭ ᠢ ᠢᠲᠡᠭᠡᠵᠦ ᠪᠣᠯᠬᠤ ᠦᠭᠡᠢ᠃ 2.ᠳᠣᠲᠣᠭᠠᠳᠤ ᠶᠢ ᠬᠠᠮᠠᠭᠠᠯᠠᠬᠤ | ᠪᠠᠶᠢᠴᠠᠭᠠᠬᠤ ᠰᠢᠭᠦᠬᠦ ᠪᠠᠶᠢᠭᠤᠯᠭ᠎ᠠ ᠴᠦᠮ ᠬᠠᠤᠯᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ ᠡᠶᠢᠮᠦ ᠬᠦᠨᠳᠦ ᠶᠡᠭᠡ | ᠬᠡᠷᠡᠭ ᠢ ᠤᠳᠠᠰᠤᠳᠠᠬᠤ ᠡᠶᠢᠮᠦᠷᠬᠦᠦ ᠲᠦᠭᠦᠮᠬᠡᠨ ᠬᠡᠯᠪᠡᠷᠢ ᠪᠠᠷ ᠲᠤᠬᠠᠶ ᠶᠢᠨ ᠬᠥᠮᠦᠨ ᠳᠤ ᠮᠡᠳᠡᠭᠳᠡᠬᠦ ᠦᠭᠡᠢ ᠶᠤᠮ᠃ | ᠤᠨᠴᠠᠭᠠᠶᠢᠯᠠᠨ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶ᠎ᠠ ᠪᠠᠷᠢᠪᠴᠢᠯᠠᠬᠤ ᠪᠠᠷ ᠵᠠᠷᠯᠠᠭᠳᠠᠭᠰᠠᠨ | ᠶᠠᠯᠠᠲᠠᠨ ᠳᠤ ᠤᠳᠠᠰᠤᠳᠠᠵᠤ ᠲᠠᠨ ᠢ ᠨᠢᠭᠡᠨᠲᠡ ᠪᠠᠷᠢᠪᠴᠢᠯᠠᠬᠤ ᠪᠠᠷ ᠵᠠᠯᠠᠷᠠᠭᠰᠠᠨ ᠭᠡᠵᠦ ᠬᠡᠯᠡᠬᠦ ᠪᠤᠯᠤᠯᠴᠠᠭ᠎ᠠ ᠦᠭᠡᠢ᠃ | ᠤᠴᠢᠷ ᠨᠢ ᠡᠨᠡ ᠨᠢ ᠪᠠᠷᠢᠪᠴᠢᠯᠠᠬᠤ ᠪᠠᠷ ᠵᠠᠷᠯᠠᠭᠳᠠᠭᠰᠠᠨ ᠶᠠᠯᠠᠲᠠᠨ ᠳᠤ ᠬᠤᠷᠳᠤᠨ ᠳᠤᠲᠠᠭᠠᠬᠤ ᠶᠢ ᠮᠡᠳᠡᠭᠳᠡᠵᠦ | ᠪᠠᠶᠢᠭ᠎ᠠ ᠪᠢᠰᠢ ᠤᠤ︖ 3.ᠡᠶᠢᠮᠦᠷᠬᠦᠤ ᠰᠦᠷᠳᠡᠭᠦᠯᠦᠯ ᠤᠨ ᠤᠲᠠᠰᠤ ᠶᠢ ᠲᠤᠰᠤᠪᠠᠯ ᠬᠡᠲᠦᠷᠬᠡᠶ ᠠᠶᠤᠵᠤ | ᠰᠠᠨᠳᠤᠷᠤᠭᠰᠠᠨ ᠤ ᠬᠡᠷᠡᠭ ᠦᠭᠡᠢ᠂ ᠳᠡᠷᠭᠡᠳᠡᠬᠢ ᠲᠥᠷᠥᠯ ᠰᠠᠳᠤᠨ ᠨᠠᠶᠢᠵᠠ ᠨᠥᠬᠦᠳ ᠠᠴᠠ ᠪᠠᠨ ᠯᠠᠪᠯᠠᠨ ᠠᠰᠠᠭᠤᠳᠠᠭ | ᠯᠠ ᠶᠤᠮ ᠪᠣᠯ ᠶᠡᠷᠦ ᠳᠡᠭᠡᠨ ᠮᠠᠰᠢ ᠲᠦᠷᠭᠡᠨ ᠢᠶᠠᠷ ᠮᠡᠬᠡᠯᠡᠯ ᠢ ᠨᠢ ᠮᠡᠳᠡᠴᠢᠬᠡᠳᠡᠭ ᠶᠤᠮ᠃ 4.ᠲᠠᠨᠢᠯ ᠪᠤᠰᠤ ᠤᠲᠠᠰᠤᠨ | ᠳ᠋ᠤᠭᠠᠷ ᠢ ᠰᠦᠯᠵᠢᠶᠡᠨ ᠳᠡᠭᠡᠷ᠎ᠡ ᠠᠴᠠ ᠡᠷᠢᠵᠦ ᠯᠠᠪᠯᠠᠨ᠂ ᠦᠨᠡᠨ ᠬᠤᠳᠠᠯ ᠢ ᠨᠢ ᠰᠢᠯᠭᠠᠵᠤ ᠪᠣᠯᠤᠨ᠎ᠠ᠃ ᠬᠡᠷᠪᠡ ᠭᠠᠷ | ᠤᠲᠠᠰᠤᠨ ᠤ ᠠᠮᠤᠷ ᠲᠦᠪᠰᠢᠨ ᠤ ᠵᠥᠭᠡᠯᠡᠨ ᠲᠣᠨᠤᠭ ᠲᠦᠭᠰᠢᠭᠦᠷᠢ ᠶᠢ ᠨᠢᠭᠡᠨᠲᠡ ᠰᠠᠨᠠᠭᠤᠯᠤᠭᠰᠠᠨ ᠪᠠᠶᠢᠪᠠᠯ᠂ ᠡᠨᠡ | ᠤᠲᠠᠰᠤ ᠶᠢ ᠶᠠᠭᠠᠬᠢᠭᠰᠠᠨ ᠴᠤ ᠢᠲᠡᠭᠡᠵᠦ ᠪᠣᠯᠬᠤ ᠦᠭᠡᠢ᠃ | ᠬᠤᠶᠠᠷ᠂ ᠰᠦᠯᠵᠢᠶᠡᠨ ᠳᠡᠯᠭᠡᠭᠦᠷ ᠤᠨ ᠢᠲᠡᠭᠡᠯ ᠢ ᠨᠡᠮᠡᠭᠳᠡᠬᠦᠯᠬᠦ ᠮᠡᠬᠡᠯᠡᠯ᠃ ᠡᠶᠢᠮᠦᠷᠬᠦᠤ ᠬᠡᠷᠡᠭ ᠤᠨ ᠬᠤᠤᠷ | ᠠᠮᠰᠠᠭᠴᠢ ᠶᠢᠨ ᠣᠯᠠᠩᠬᠢ ᠨᠢ ᠰᠤᠷᠤᠭᠴᠢ ᠪᠠ ᠠᠵᠢᠯ ᠦᠭᠡᠢ ᠬᠥᠮᠦᠰ᠂ ᠡᠳᠡᠭᠡᠷ ᠬᠥᠮᠦᠰ ᠠᠵᠢᠯ ᠤᠯᠬᠤ ᠪᠠᠷ | ᠶᠠᠭᠠᠷᠠᠵᠤ ᠪᠠᠶᠢᠭ᠎ᠠ ᠳᠤ ᠬᠠᠨᠳᠤᠭᠤᠯᠤᠨ᠂ ᠶᠠᠯ᠎ᠠ ᠬᠢᠬᠦ ᠰᠡᠵᠢᠭᠲᠡᠨ ︽ᠰᠦᠯᠵᠢᠶᠡᠨ ᠠᠵᠢᠯ ᠬᠠᠪᠰᠤᠷᠭᠠᠬᠤ ᠠᠵᠢᠯᠳᠠᠨ | ᠡᠯᠰᠡᠨ᠎ᠡ᠂ ᠰᠦᠯᠵᠢᠶᠡᠨ ᠲᠡᠯᠭᠡᠭᠦᠷ ᠤᠨ ᠡᠵᠡᠩᠨᠡᠭᠴᠢ ᠳᠤ ᠬᠠᠪᠰᠤᠷᠤᠨ ᠢᠲᠡᠭᠡᠯ ᠬᠦᠨᠳᠦ ᠶᠢ ᠨᠢ ᠨᠡᠮᠡᠭᠳᠡᠭᠦᠯᠵᠦ᠂ | ᠳᠤᠮᠳᠠ ᠠᠴᠠ ᠨᠢ ᠮᠥᠩᠭᠦ ᠣᠯᠵᠤ ᠪᠣᠯᠤᠨ᠎ᠠ︾ ᠭᠡᠳᠡᠭ᠂ ᠬᠤᠤᠷ ᠠᠮᠰᠠᠭᠴᠢ ᠢᠳᠡᠭᠡᠭᠰᠡᠨ ᠤ ᠲᠠᠷᠠᠭ᠎ᠠ ᠶᠠᠯ᠎ᠠ ᠬᠢᠬᠦ | ᠰᠡᠵᠢᠭᠲᠡᠨ ᠬᠤᠤᠷ ᠠᠮᠰᠠᠭᠴᠢ ᠪᠠᠷ ᠲᠤᠭᠳᠠᠭᠰᠠᠨ ᠲᠡᠯᠭᠡᠭᠦᠷ ᠤᠨ ᠪᠦᠳᠦᠭᠡᠭᠳᠡᠭᠦᠨ ᠪᠤᠶᠤ ᠲᠤᠭᠳᠠᠭᠰᠠᠨ | ᠬᠤᠳᠠᠯᠳᠤᠭᠠᠨ ᠤ ᠭᠠᠵᠠᠷ ᠤᠨ ᠺᠠᠷᠲ ᠢ ᠬᠠᠭᠤᠷᠮᠠᠭᠯᠠᠨ ᠬᠤᠳᠠᠯᠳᠤᠨ ᠠᠪᠤᠭᠤᠯᠳᠠᠭ᠃ ᠡᠮᠦᠨᠡᠬᠢ ᠬᠤᠭᠤᠴᠠᠭᠠᠨ ᠳᠤ | ᠬᠤᠤᠷ ᠠᠮᠰᠠᠭᠴᠢ ᠳᠤ ᠪᠠᠭ᠎ᠠ ᠠᠰᠢᠭ ᠢ ᠨᠢ ᠪᠤᠴᠠᠭᠠᠨ ᠥᠭᠴᠦ᠂ ᠬᠤᠤᠷ ᠠᠮᠰᠠᠭᠴᠢ ᠶᠢᠨ ᠢᠲᠡᠭᠡᠯ ᠢ ᠣᠯᠤᠭᠰᠠᠨ ᠤ | ᠳᠠᠷᠠᠭ᠎ᠠ᠂ ᠬᠤᠤᠷ ᠠᠮᠰᠠᠭᠴᠢ ᠶᠢ ᠦᠷᠭᠦᠯᠵᠢᠯᠡᠨ ᠨᠡᠩ ᠦᠨᠡᠳᠡᠢ ᠪᠠᠷᠠᠭ᠎ᠠ ᠠᠪᠤᠭᠤᠯᠬᠤ ᠪᠠᠷ ᠱᠠᠭᠠᠷᠳᠠᠵᠤ | ᠡᠭᠦᠨ ᠤ ᠤᠯᠠᠮ ᠠᠴᠠ ᠲᠡᠳᠡᠨ ᠢ ᠮᠡᠬᠡᠯᠡᠳᠡᠭ᠃ ᠡᠨᠡ ᠲᠥᠷᠥᠯ ᠤᠨ ᠬᠡᠷᠡᠭ ᠤᠨ ᠰᠡᠵᠢᠭᠳᠡᠨ ᠤ ᠣᠯᠠᠩᠬᠢ ᠨᠢ Q Q | ᠣᠷᠣᠨ ᠵᠠᠶ᠂ ᠲᠤᠰᠢᠶᠠᠯ ᠬᠠᠪᠰᠤᠷᠭᠠᠬᠤ Q Q ᠪᠦᠯᠦᠭ᠂ ᠰᠦᠯᠵᠢᠶᠡᠨ ᠤ ᠨᠢᠭᠤᠷ ᠤᠨ ᠬᠠᠷᠢᠮᠠᠬᠠᠶ ᠴᠣᠩᠬᠤ᠂ | ᠲᠤᠰᠢᠶᠠᠯ ᠬᠠᠪᠰᠤᠷᠭᠠᠬᠤ ᠠᠵᠢᠯᠲᠠᠨ ᠡᠯᠰᠡᠬᠦ ᠰᠦᠯᠵᠢᠶ᠎ᠡ ᠪᠠᠷ ᠳᠠᠮᠵᠢᠭᠤᠯᠤᠨ ᠬᠤᠳᠠᠯ ᠬᠠᠭᠤᠷᠮᠠᠭ ᠲᠤᠰᠢᠶᠠᠯ | ᠬᠠᠪᠰᠤᠷᠭᠠᠬᠤ ᠮᠡᠳᠡᠭᠡ ᠵᠠᠩᠭᠢ ᠨᠡᠶᠢᠳᠡᠯᠡᠳᠡᠭ᠃ | ᠰᠦᠯᠵᠢᠶᠡᠨ ᠳᠡᠯᠭᠡᠭᠦᠷ ᠤᠨ ᠢᠲᠡᠭᠡᠮᠵᠢ ᠶᠢᠨ ᠮᠡᠬᠡᠯᠡᠯ ᠳᠤ ᠴᠢᠭᠯᠡᠭᠦᠯᠦᠨ᠄ ᠠᠵᠢᠯ ᠡᠷᠢᠭᠰᠡᠳ ᠰᠦᠯᠵᠢᠶᠡᠨ | ᠳᠡᠭᠡᠷᠡᠬᠢ ︽ᠥᠨᠳᠥᠷ ᠬᠦᠯᠦᠰᠦ ᠤᠯᠭᠤᠮᠵᠢ︾ ︽ᠤᠷᠢᠳ ᠢᠶᠠᠷ ᠣᠷᠣᠯᠠᠨ ᠥᠭᠬᠦ︾ ᠵᠡᠷᠭᠡ ᠲᠤᠰᠢᠶᠠᠯ | ᠬᠠᠪᠰᠤᠷᠭᠠᠬᠤ ᠠᠵᠢᠯ ᠢ ᠠᠮᠠᠷᠬᠠᠨ ᠢᠲᠡᠭᠡᠵᠦ ᠪᠣᠯᠬᠤ ᠥᠬᠡᠶ᠂ ᠤᠳᠠᠰᠤ ᠪᠠ ᠠᠵᠢᠯᠯᠠᠬᠤ ᠬᠠᠶ᠋ᠢᠭ ᠦᠯᠡᠳᠡᠭᠡᠭᠰᠡᠨ | ᠥᠬᠡᠶ ᠠᠵᠢᠯᠲᠠᠨ ᠡᠯᠰᠡᠬᠦ ᠵᠠᠷ ᠢ ᠠᠮᠠᠷᠬᠠᠨ ᠢᠲᠡᠭᠡᠵᠦ ᠪᠣᠯᠬᠤ ᠥᠬᠡᠶ᠃ | ﹇ᠪᠠᠶ ᠯᠦᠩ﹈ ᠭᠤᠷᠪᠠ᠂ ᠵᠢᠭᠡᠯᠡᠯᠭᠡ ᠲᠠᠯᠪᠢᠬᠤ᠂ ᠢᠲᠡᠭᠡᠮᠵᠢ ᠶᠢᠨ ᠺᠠᠷᠲ ᠤᠷᠤᠯᠠᠨ ᠬᠦᠢᠴᠡᠳᠭᠡᠬᠦ ᠮᠡᠬᠡᠯᠡᠯ᠃ | ᠶᠠᠯᠠᠲᠤ ᠡᠲᠡᠭᠡᠳ ᠨᠡᠶᠢᠲᠡ ᠳᠤ ᠨᠢ ᠮᠡᠳᠡᠭᠡ ᠲᠠᠷᠬᠠᠭᠠᠬᠤ ᠬᠡᠯᠪᠡᠷᠢ ᠪᠠᠷ ᠮᠦᠩᠭᠦ ᠲᠤᠳᠠᠭᠳᠠᠵᠤ ᠪᠠᠶᠢᠭ᠎ᠠ ᠬᠦᠮᠦᠨ ᠳᠤ | ᠵᠢᠭᠡᠯᠡᠯᠭᠡ ᠲᠠᠯᠪᠢᠬᠤ ᠪᠤᠶᠤ ᠶᠡᠭᠡ ᠲᠣᠭᠠᠨ ᠤ ᠮᠦᠩᠭᠦ ᠲᠠᠢ ᠢᠲᠡᠭᠡᠮᠵᠢ ᠶᠢᠨ ᠺᠠᠷᠲ ᠢ ᠣᠷᠣᠯᠠᠨ ᠬᠦᠢᠴᠡᠳᠭᠡᠵᠦ | ᠦᠭᠭᠦᠨ᠎ᠡ᠂ ᠰᠠᠷ᠎ᠠ ᠶᠢᠨ ᠬᠦᠤ ᠮᠥᠩᠭᠦ ᠨᠢ ᠳᠣᠤᠷ᠎ᠠ᠂ ᠪᠠᠲᠤᠯᠠᠭ᠎ᠠ ᠬᠢᠬᠦ ᠴᠢᠬᠤᠯᠠ ᠦᠭᠡᠢ ᠭᠡᠵᠦ ᠬᠡᠯᠡᠳᠡᠭ᠃ ᠬᠡᠷᠪᠡ | ᠦᠨᠡᠮᠰᠢᠬᠦ ᠳᠤ ᠬᠦᠷᠪᠡᠯ ᠨᠥᠬᠦᠭᠡ ᠡᠲᠡᠭᠡᠳ ᠨᠢ ᠬᠦᠤ ᠮᠥᠩᠭᠦ᠂ ᠭᠠᠷ ᠬᠦᠢᠴᠡᠳᠭᠡᠯ ᠤᠨ ᠰᠦᠢᠳᠭᠡᠯ᠂ | ᠪᠠᠲᠤᠯᠠᠭ᠎ᠠ ᠶᠢᠨ ᠮᠥᠩᠭᠦ ᠵᠡᠷᠭᠡ ᠶᠢ ᠤᠷᠢᠳᠴᠢᠯᠠᠨ ᠲᠣᠭᠠᠴᠠᠭ᠎ᠠ ᠬᠢᠬᠦ ᠨᠡᠷ᠎ᠡ ᠪᠠᠷ ᠮᠡᠬᠡᠯᠡᠳᠡᠭ᠃ | ᠮᠡᠬᠡᠯᠡᠭᠳᠡᠬᠦ ᠠᠴᠠ ᠰᠡᠷᠭᠡᠶᠢᠯᠡᠬᠦ ᠰᠠᠨᠠᠭᠤᠯᠤᠮᠵᠢ᠄ ᠣᠶᠤᠨᠴᠢ ᠪᠠᠷ ᠵᠢᠭᠡᠯᠡᠯᠭᠡ᠂ ᠢᠲᠡᠭᠡᠮᠵᠢ ᠶᠢᠨ ᠺᠠᠷᠲ ᠠᠪᠬᠤ | ᠬᠡᠷᠡᠭᠳᠡᠢ᠂ ᠡᠯ᠎ᠡ ᠲᠥᠷᠥᠯ ᠤᠨ ᠵᠢᠭᠡᠯᠡᠯᠭᠡ ᠶᠢᠨ ᠵᠠᠭᠤᠴᠢ ᠶᠢᠨ ᠮᠡᠬᠡᠯᠡᠯ ᠢ ᠢᠲᠡᠭᠡᠵᠦ ᠪᠣᠯᠬᠤ ᠥᠬᠡᠶ᠂ ᠬᠤᠪᠢ | ᠬᠥᠮᠦᠨ ᠤ ᠮᠡᠳᠡᠭᠡ ᠵᠠᠩᠭᠢ ᠪᠠᠨ ᠳᠤᠷ᠎ᠠ ᠪᠠᠷ ᠢᠶᠠᠨ ᠵᠠᠳᠠᠷᠠᠭᠤᠯᠵᠤ ᠪᠣᠯᠬᠤ ᠥᠬᠡᠶ᠂ ᠨᠥᠬᠦᠭᠡ ᠡᠲᠡᠭᠡᠳ ᠲᠡᠭᠡᠨ | ᠬᠢᠯᠪᠠᠷᠬᠠᠨ ᠢᠶᠠᠷ ᠮᠦᠩᠭᠦ ᠭᠤᠪᠢᠭᠤᠯᠵᠤ ᠪᠣᠯᠬᠤ ᠥᠬᠡᠶ᠂ ᠵᠢᠭᠡᠯᠡᠯᠭᠡ᠂ ᠢᠲᠡᠭᠡᠮᠵᠢ ᠶᠢᠨ ᠺᠠᠷᠲ ᠤᠨ ᠬᠢᠷᠢ ᠬᠡᠮ ᠪᠦᠬᠦᠢ | ᠵᠢᠩᠬᠢᠨᠢ ᠪᠠᠩᠬᠢ ᠪᠤᠶᠤ ᠨᠡᠷᠡᠲᠦ ᠰᠦᠯᠵᠢᠶᠡᠨ ᠤ ᠵᠢᠭᠡᠯᠡᠯᠭᠡ ᠶᠢᠨ ᠺᠣᠮᠫᠠᠨᠢ ᠪᠠᠷ ᠳᠠᠮᠵᠢᠨ᠂ ᠵᠢᠩᠭᠢᠨᠢ ᠲᠠᠷᠠᠭᠠᠯᠠᠯ ᠢᠶᠠᠷ | ᠭᠠᠷ ᠭᠦᠢᠴᠡᠳᠭᠡᠯ ᠬᠦᠢᠴᠡᠳᠭᠡᠬᠦ ᠬᠡᠷᠡᠭᠳᠡᠢ᠃ | ᠳᠥᠷᠪᠡ᠂ ᠨᠠᠶᠢᠵᠠᠯᠠᠵᠤ ᠵᠣᠭᠤᠰ ᠨᠠᠭᠠᠳᠬᠤ᠂ ᠪᠡᠯᠡ ᠤᠷᠤᠭᠤᠯᠬᠤ ᠪᠠᠷ ᠦᠳᠦᠭᠡᠵᠦ ᠮᠡᠬᠡᠯᠡᠬᠦ᠃ ᠶᠠᠭᠤᠨ ᠤ | ᠡᠮᠦᠨ᠎ᠡ ᠰᠡᠵᠢᠭᠲᠡᠨ 30 ᠨᠠᠰᠤᠨ ᠠᠴᠠ ᠳᠡᠭᠡᠭᠰᠢᠬᠢ ᠬᠥᠮᠦᠰ ᠢ ᠡᠷᠢᠳᠡᠭ᠂ ᠡᠨᠡ ᠨᠠᠰᠤᠨ ᠤ ᠮᠡᠬᠡᠯᠡᠭᠳᠡᠭᠰᠡᠳ | ᠶᠡᠷᠦ ᠳᠡᠭᠡᠨ ᠪᠦᠷ ᠠᠵᠤ ᠠᠬᠤᠢ ᠶᠢᠨ ᠰᠠᠭᠤᠷᠢ ᠲᠠᠢ᠂ ᠬᠠᠶᠢᠷ᠎ᠠ ᠰᠡᠳᠬᠢᠯᠭᠡ ᠳᠤ ᠵᠣᠬᠢᠬᠤ ᠱᠠᠭᠠᠷᠳᠠᠯᠭ᠎ᠠ ᠲᠠᠢ | ᠪᠠᠶᠢᠳᠠᠭ᠂ ᠡᠶᠢᠮᠦ ᠠᠴᠠ ᠲᠡᠳᠡᠨ ᠤ ᠱᠠᠭᠠᠷᠳᠠᠯᠭ᠎ᠠ ᠳᠤ ᠨᠡᠶᠢᠴᠡᠵᠦ᠂ ᠡᠶᠢᠮᠦᠷᠬᠦᠤ ᠬᠥᠮᠦᠰ ᠢ ᠬᠠᠷᠠᠯᠲᠠ ᠪᠠᠨ ᠪᠣᠯᠭᠠᠳᠠᠭ᠃ | ᠰᠠᠶᠢᠨ ᠨᠠᠶᠢᠵᠠ ᠨᠡᠮᠡᠵᠦ ᠠᠪᠤᠭᠰᠠᠨ ᠤ ᠳᠠᠷᠠᠭ᠎ᠠ ᠤᠶᠢᠷᠠᠳᠤᠵᠤ᠂ ᠳᠠᠬᠢᠨ ᠳᠠᠪᠲᠠᠨ ᠵᠤᠭᠤᠭᠳᠠᠨ᠂ ᠬᠤᠤᠷ | ᠠᠮᠰᠠᠭᠴᠢ ᠶᠢᠨ ᠢᠲᠡᠭᠡᠯ ᠢ ᠣᠯᠵᠤ᠂ ᠴᠢᠨᠠᠭᠰᠢᠯᠠᠪᠠᠯ ᠴᠢᠮ᠎ᠠ ᠶᠢ ᠲᠦᠢᠯ ᠢᠶᠠᠷ ᠬᠠᠯᠠᠮᠵᠢᠯᠠᠵᠤ᠂ ᠴᠢᠮ᠎ᠠ ᠲᠠᠢ ᠢᠨᠠᠭᠯᠠᠬᠤ | ᠬᠠᠷᠢᠴᠠᠭ᠎ᠠ ᠪᠠᠨ ᠲᠤᠭᠲᠠᠭᠠᠵᠤ᠂ ᠲᠡᠭᠦᠨ ᠳᠤ ᠨᠠᠩ ᠭᠦᠨ ᠢᠲᠡᠭᠡᠯ ᠲᠠᠢ ᠪᠣᠯᠭᠠᠨ᠎ᠠ᠃ ᠬᠠᠷᠢᠴᠠᠭ᠎ᠠ ᠲᠣᠭᠲᠠᠭᠤᠨ | ᠪᠣᠯᠤᠭᠰᠠᠨ ᠤ ᠳᠠᠷᠠᠭ᠎ᠠ᠂ ᠮᠡᠬᠡᠯᠡᠭᠴᠢ ᠴᠢᠮ᠎ᠠ ᠶᠢ ᠥᠪᠡᠷ ᠤᠨ ᠬᠢᠨᠢ ᠬᠢᠭᠰᠡᠨ ᠲᠠᠪᠴᠠᠩ ᠠᠴᠠ ᠰᠲ᠋ᠣᠺ ᠬᠤᠳᠠᠯᠳᠤᠨ | ᠠᠪᠤᠭᠤᠯᠬᠤ ᠪᠠᠷ ᠦᠳᠦᠭᠡᠳᠡᠭ᠂ ᠣᠯᠠᠩᠬᠢ ᠬᠥᠮᠦᠰ ᠪᠠᠭ᠎ᠠ ᠲᠣᠭᠠᠨ ᠤ ᠪᠡᠯᠡ ᠣᠷᠣᠭᠤᠯᠬᠤ ᠪᠠᠷ ᠲᠤᠷᠰᠢᠳᠠᠭ᠂ | ᠮᠡᠬᠡᠯᠡᠭᠴᠢ ᠠᠷᠤ ᠲᠠᠪᠴᠠᠩ ᠳᠤ ᠤᠷᠤᠯᠳᠤᠬᠤ ᠪᠠᠷ ᠳᠠᠮᠵᠢᠨ᠂ ᠴᠢᠮ᠎ᠠ ᠳᠤ ᠪᠠᠭ᠎ᠠ ᠰᠠᠭ᠎ᠠ ᠮᠦᠩᠭᠦ ᠣᠯᠣᠭᠤᠯᠤᠨ᠎ᠠ᠃ | ᠴᠢ ᠠᠰᠢᠭ ᠬᠦᠷᠲᠡᠭᠰᠡᠨ ᠤ ᠳᠠᠷᠠᠭ᠎ᠠ᠂ ᠮᠡᠬᠡᠯᠡᠭᠴᠢ ᠦᠪᠡᠷ ᠢᠶᠠᠨ ᠡᠨᠡ ᠬᠦ ᠰᠲ᠋ᠣᠺ ᠤᠨ A P P ᠶᠢᠨ ᠵᠢᠮ᠎ᠡ | ᠶᠣᠰᠣ ᠶᠢ ᠨᠢᠭᠡᠨᠲᠡ ᠡᠵᠡᠮᠰᠢᠵᠦ᠂ ᠲᠡᠭᠦᠨ ᠢ ᠳᠠᠭᠠᠵᠤ ᠪᠡᠯᠡ ᠣᠷᠣᠭᠤᠯᠪᠠᠯ ᠯᠠᠪᠲᠠᠶ ᠬᠤᠨᠵᠢᠨ᠎ᠠ ᠭᠡᠳᠡᠭ᠃ ᠡᠨᠡ | ᠦᠶ᠎ᠡ ᠳᠤ᠂ ᠲᠠ ᠨᠢᠭᠡᠨᠲᠡ ᠪᠠᠲᠤ ᠢᠲᠡᠭᠡᠵᠦ᠂ ᠶᠡᠭᠡ ᠬᠡᠮᠵᠢᠶᠡᠨ ᠤ ᠪᠡᠯᠡ ᠤᠷᠤᠭᠤᠯᠳᠠᠭ᠃ ᠬᠤᠤᠷ ᠠᠮᠰᠠᠭᠴᠢ ᠶᠡᠭᠡ | ᠬᠡᠮᠵᠢᠶᠡᠨ ᠤ ᠪᠡᠯᠡ ᠮᠥᠩᠭᠦ ᠣᠷᠣᠭᠤᠯᠤᠭᠰᠠᠨ ᠤ ᠲᠠᠷᠠᠭ᠎ᠠ᠂ ᠲᠠᠪᠴᠠᠩ ᠤᠨ ᠵᠤᠭᠤᠰ ᠤᠨ ᠲᠤᠭ᠎ᠠ ᠨᠡᠮᠡᠭᠳᠡᠭᠰᠡᠨ ᠦᠭᠡᠢ | ᠪᠠᠶᠢᠬᠤ ᠶᠢ ᠣᠯᠵᠤ ᠦᠵᠡᠭᠡᠳ ᠳᠣᠲᠣᠷᠠᠬᠢ ᠮᠦᠩᠭᠦ ᠶᠢ ᠪᠡᠯᠡᠨ ᠵᠤᠭᠤᠰ ᠪᠤᠯᠭᠠᠨ ᠭᠠᠷᠭᠠᠨ ᠠᠪᠬᠤ ᠪᠠᠷ | ᠪᠡᠯᠡᠳᠭᠡᠳᠡᠭ᠂ ᠭᠡᠪᠡᠴᠦ ᠭᠠᠷᠭᠠᠵᠤ ᠠᠪᠬᠤ ᠠᠷᠭ᠎ᠠ ᠦᠭᠡᠢ ᠪᠤᠯᠤᠭᠰᠠᠨ ᠢᠶᠠᠨ ᠣᠯᠵᠤ ᠮᠡᠳᠡᠳᠡᠭ᠃ ᠳᠠᠬᠢᠨ ᠡᠰᠡᠷᠭᠦ | ᠡᠲᠡᠭᠡᠳ ᠲᠠᠢ ᠪᠠᠨ ᠬᠠᠷᠢᠯᠴᠠᠬᠤ ᠦᠶ᠎ᠡ ᠳᠤ᠂ ᠮᠡᠬᠡᠯᠡᠭᠴᠢ ᠨᠢᠭᠡᠨᠲᠡ ᠣᠷᠣ ᠮᠥᠷ ᠦᠭᠡᠢ ᠠᠷᠢᠯᠤᠵᠠᠢ᠃ ᠬᠤᠬᠢᠷᠠᠯ | ᠠᠮᠰᠠᠭᠴᠢ ᠭᠡᠨᠡᠳᠲᠡ ᠤᠬᠠᠭᠠᠷᠠᠵᠤ᠂ ᠮᠡᠬᠡᠯᠡᠭᠳᠡᠭᠰᠡᠨ ᠢᠶᠠᠨ ᠮᠡᠳᠡᠭᠰᠡᠨ ᠤ ᠳᠠᠷᠠᠭ᠎ᠠ᠂ ᠵᠣᠭᠤᠰ ᠨᠢᠭᠡᠨᠲᠡ ᠮᠡᠬᠡᠯᠡᠭᠴᠢ ᠶᠢᠨ | ᠬᠠᠷᠮᠠᠨ ᠳᠤ ᠤᠷᠤᠴᠢᠬᠠᠭᠰᠠᠨ ᠪᠠᠶᠢᠳᠠᠭ᠃ ᠡᠶᠢᠮᠦᠷᠬᠦᠤ ᠮᠡᠬᠡᠯᠡᠯ ᠤᠨ ᠪᠠᠰᠠ ᠨᠢᠭᠡ ᠬᠠᠮᠤᠭ ᠤᠨ ᠴᠢᠬᠤᠯᠠ ᠳᠤᠲᠠᠭᠳᠠᠯ | ᠭᠡᠪᠡᠯ ᠳᠠᠷᠤᠶ ᠵᠣᠭᠤᠰ ᠬᠤᠷᠢᠶᠠᠵᠤ ᠤᠯᠳᠠᠭ ᠨᠢ ᠶᠡᠷᠦ ᠳᠡᠭᠡᠨ ᠦᠨᠡᠲᠦ ᠲᠡᠮᠳᠡᠭᠲᠦ ᠶᠢᠨ ᠺᠣᠮᠫᠠᠨᠢ ᠪᠢᠰᠢ᠂ ᠬᠠᠷᠢᠨ | ᠬᠤᠪᠢ ᠬᠥᠮᠦᠨ ᠤ ᠲᠠᠩᠰᠨ ᠪᠠᠶᠢᠳᠠᠭ᠃ ᠬᠡᠷᠪᠡ ᠮᠦᠩᠭᠦ ᠨᠢ ᠦᠨᠡᠬᠡᠷ ᠦᠨᠡᠲᠦ ᠲᠡᠮᠳᠡᠭᠲᠦ ᠶᠢᠨ ᠺᠣᠮᠫᠠᠨᠢ ᠶᠢᠨ | ᠳᠠᠩᠰᠠᠨ ᠳᠤ ᠤᠷᠤᠭᠰᠠᠨ ᠪᠠᠶᠢᠪᠠᠯ᠂ ᠦᠨᠡᠲᠦ ᠲᠡᠮᠳᠡᠭᠲᠦ ᠶᠢᠨ ᠺᠣᠮᠫᠠᠨᠢ ᠳᠤ ᠱᠠᠭᠠᠷᠳᠠᠯᠭ᠎ᠠ ᠲᠤᠷᠠᠳᠬᠤ ᠳᠤ ᠬᠦᠷᠪᠡᠯ᠂ | ᠮᠦᠩᠭᠦ ᠪᠠᠨ ᠪᠤᠴᠠᠭᠠᠵᠤ ᠠᠪᠴᠤ ᠪᠤᠯᠳᠠᠭ᠃ | ᠮᠡᠭᠡᠯᠡᠭᠳᠡᠬᠦ ᠠᠴᠠ ᠰᠡᠷᠭᠡᠶᠢᠯᠡᠬᠦ ᠰᠠᠨᠠᠭᠤᠯᠤᠮᠵᠢ᠄ 1. ᠶᠠᠮᠠᠷᠪᠠ ᠬᠤᠪᠢ ᠲᠠᠨᠢᠯᠴᠠᠭᠤᠯᠬᠤ᠂ ᠬᠤᠪᠢ ᠰᠣᠩᠭᠤᠬᠤ | ᠮᠡᠳᠡᠭᠡ ᠵᠠᠩᠭᠢ ᠶᠢ ᠢᠲᠡᠭᠡᠵᠦ ᠪᠣᠯᠬᠤ ᠦᠭᠡᠢ᠂ ᠡᠳᠡᠭᠡᠷ ᠮᠡᠳᠡᠭᠡ ᠵᠠᠩᠭᠢ ᠨᠢ ᠰᠦᠯᠵᠢᠶᠡᠨ ᠥᠷᠲᠡᠭᠡ᠂ Q Q᠂ | ᠣᠬᠤᠷ ᠴᠢᠮᠡᠭᠡ ᠪᠤᠶᠤ ᠤᠳᠠᠰᠤ ᠠᠴᠠ ᠢᠷᠡᠭᠰᠡᠨ ᠴᠦ ᠪᠣᠯᠤᠭ᠃ 2 .ᠲᠠᠨᠢᠬᠤ ᠦᠭᠡᠢ ᠬᠥᠮᠦᠨ ᠤ ᠤᠳᠠᠰᠤ ᠶᠢ | ᠠᠮᠠᠷᠬᠠᠨ ᠢᠳᠡᠭᠡᠵᠦ ᠪᠤᠯᠬᠤ ᠦᠭᠡᠢ᠂ ᠦᠪᠡᠷ ᠢ ᠪᠠᠨ ᠶᠠᠮᠠᠷ ᠶᠠᠮᠠᠷ ᠦᠨᠡᠲᠦ ᠲᠡᠮᠳᠡᠭᠲᠦ ᠶᠢᠨ ᠺᠣᠮᠫᠠᠨᠢ ᠶᠢᠨ ᠬᠢᠨ | ᠭᠡᠰᠡᠨ ᠤᠳᠠᠰᠤ ᠲᠠᠢ ᠲᠠᠭᠠᠷᠠᠯᠳᠤᠪᠠᠯ᠂ ᠤᠲᠠᠰᠤᠨ ᠨᠣᠮᠧᠷ ᠨᠢ ᠦᠨᠡᠬᠡᠷ ᠦᠨᠡᠲᠦ ᠲᠡᠮᠳᠡᠭᠲᠦ ᠶᠢᠨ ᠺᠣᠮᠫᠠᠨᠢ ᠶᠢᠨ | ᠠᠯᠪᠠᠨ ᠤ ᠲᠠᠯ᠎ᠠ ᠶᠢᠨ ᠦᠢᠯᠡᠴᠢᠯᠡᠭᠡᠨ ᠤ ᠳ᠋ᠤᠭᠠᠷ ︵ᠤᠴᠢᠷ ᠨᠢ ᠳ᠋ᠤᠭᠠᠷ ᠰᠣᠯᠢᠬᠤ ᠵᠥᠭᠡᠯᠡᠨ ᠲᠣᠨᠤᠭ ᠪᠠᠶᠢᠬᠤ | ᠤᠴᠢᠷ ᠠᠴᠠ︶ ᠪᠠᠶᠢᠭᠰᠠᠨ ᠴᠤ ᠠᠯᠪᠠᠨ ᠤ ᠲᠠᠯ᠎ᠠ ᠶᠢᠨ ᠦᠢᠯᠡᠴᠢᠯᠡᠭᠡᠨ ᠤ ᠳ᠋ᠤᠭᠠᠷ ᠲᠤ ᠪᠤᠴᠠᠭᠠᠵᠤ ᠤᠳᠠᠰᠤᠳᠠᠬᠤ | ᠠᠷᠭ᠎ᠠ ᠮᠠᠶ᠋ᠢᠭ ᠢᠶᠠᠷ ᠭᠡᠷᠡᠴᠢᠯᠡᠨ᠎ᠡ᠃ 3.ᠲᠠᠨᠢᠬᠤ ᠦᠭᠡᠢ ᠬᠤᠪᠢ ᠬᠥᠮᠦᠨ ᠤ ᠳᠠᠩᠰᠠᠨ ᠳ᠋ᠤᠭᠠᠷ ᠲᠤ ᠮᠦᠩᠭᠦ | ᠶᠠᠪᠤᠭᠤᠯᠵᠤ ᠪᠤᠯᠬᠤ ᠦᠭᠡᠢ᠂ ᠠᠷᠠᠯᠵᠢᠶᠠᠨ ᠤ ᠦᠢᠯᠡ ᠠᠵᠢᠯᠯᠠᠭ᠎ᠠ ᠲᠣᠬᠢᠶᠠᠯᠳᠤᠪᠠᠯ᠂ ᠠᠵᠤ ᠠᠬᠤᠶᠢᠯᠠᠯ ᠤᠨ ᠠᠯᠪᠠᠨ ᠤ | ᠲᠠᠯ᠎ᠠ ᠶᠢᠨ ᠳᠠᠩᠰᠠᠨ ᠳ᠋ᠤᠭᠠᠷ ᠲᠤ ᠮᠦᠩᠭᠦ ᠭᠤᠪᠢᠭᠤᠯᠵᠤ ᠲᠣᠭᠠᠴᠠᠭ᠎ᠠ ᠬᠢᠬᠦ ᠬᠡᠷᠡᠭᠲᠡᠶ᠃ 4 .ᠶᠠᠮᠠᠷᠪᠠ ᠡᠯᠧᠺᠲᠷᠣᠨ | ᠬᠡᠯᠪᠡᠷᠢ ᠶᠢᠨ ᠦᠨᠡᠮᠯᠡᠯ᠂ ᠦᠢᠯᠡᠳᠪᠦᠷᠢ ᠬᠤᠳᠠᠯᠳᠤᠭᠠᠨ ᠤ ᠭᠡᠷᠡᠴᠢ ᠵᠡᠷᠭᠡ ᠶᠢ ᠴᠥᠮ ᠠᠮᠠᠷᠬᠠᠨ ᠢᠲᠡᠭᠡᠵᠦ ᠪᠣᠯᠬᠤ | ᠦᠭᠡᠢ᠃ | ﹇ᠪᠠᠶ ᠯᠦᠩ﹈ ᠲᠠᠪᠤ᠂ ᠪᠠᠷᠠᠭ᠎ᠠ ᠠᠪᠤᠭᠠᠳ ᠮᠦᠩᠭᠦ ᠪᠤᠴᠠᠭᠠᠬᠤ ᠮᠡᠬᠡᠯᠡᠯ᠃ ᠮᠡᠬᠡᠯᠡᠭᠴᠢ ᠤᠳᠠᠰᠤ ᠢᠷᠡᠭᠦᠯᠵᠦ | ᠥᠪᠡᠷ ᠢ ᠪᠠᠨ ᠨᠢᠭᠡᠨ ᠰᠦᠯᠵᠢᠶᠡᠨ ᠳᠡᠭᠡᠷ᠎ᠡ ᠠᠴᠠ ᠪᠠᠷᠠᠭ᠎ᠠ ᠠᠪᠬᠤ ᠲᠠᠪᠴᠠᠩ ᠤᠨ ᠪᠤᠷᠤᠯᠠᠭᠤᠯᠭ᠎ᠠ ᠶᠢᠨ ᠳᠠᠷᠠᠭᠠᠬᠢ | ᠦᠢᠯᠡᠴᠢᠯᠡᠭᠴᠢ ᠭᠡᠵᠦ᠂ ᠬᠤᠬᠢᠷᠠᠯ ᠠᠮᠰᠠᠭᠴᠢ ᠲᠣᠭᠠᠴᠠᠭ᠎ᠠ ᠬᠢᠬᠦ ᠳᠤ ᠠᠰᠠᠭᠤᠳᠠᠯ ᠭᠠᠷᠤᠭᠰᠠᠨᠡᠴᠠ᠂ ᠬᠤᠬᠢᠷᠠᠯ | ᠠᠮᠰᠠᠭᠴᠢ ᠶᠢ ᠪᠠᠩᠬᠢ ᠶᠢᠨ ᠺᠠᠷᠲ ᠤᠨ ᠨᠣᠮᠧᠷ ᠢᠶᠠᠨ ᠬᠠᠩᠭᠠᠵᠤ᠂ ᠮᠦᠩᠭᠦ ᠶᠢ ᠨᠢ ᠪᠤᠴᠠᠭᠠᠵᠤ ᠥᠭᠭᠦᠨ᠎ᠡ ᠭᠡᠳᠡᠭ᠃ | ᠬᠤᠬᠢᠷᠠᠯ ᠠᠮᠰᠠᠭᠴᠢ ᠶᠢ ᠪᠠᠷᠠᠭ᠎ᠠ ᠶᠠᠪᠤᠭᠤᠯᠬᠤ ᠠᠷᠭ᠎ᠠ ᠮᠠᠶ᠋ᠢᠭ ᠢᠶᠠᠨ ᠪᠠᠷᠠᠭ᠎ᠠ ᠬᠦᠷᠦᠭᠰᠡᠨ ᠤ ᠳᠠᠷᠠᠭ᠎ᠠ ᠲᠣᠭᠠᠴᠠᠭ᠎ᠠ | ᠬᠢᠬᠦ ᠪᠤᠯᠭᠠᠨ ᠥᠭᠡᠷᠡᠴᠢᠯᠡᠬᠦ ᠶᠢ ᠱᠠᠭᠠᠷᠳᠠᠳᠠᠭ᠃ ᠲᠤᠰ ᠳ᠋ᠤᠭᠠᠷ ᠨᠢ ᠬᠤᠬᠢᠷᠠᠯ ᠠᠮᠰᠠᠭᠴᠢ ᠳᠤ ᠨᠢᠭᠡ ᠮᠦᠩᠭᠦ | ᠪᠤᠴᠠᠭᠠᠬᠤ ᠰᠦᠯᠵᠢᠶᠡᠨ ᠬᠠᠶ᠋ᠢᠭ ᠲᠠᠢ ᠣᠬᠤᠷ ᠮᠡᠳᠡᠭᠡ ᠶᠠᠪᠤᠭᠤᠯᠵᠤ᠂ ᠬᠤᠬᠢᠷᠠᠯ ᠠᠮᠰᠠᠭᠴᠢ ᠶᠢ ᠲᠤᠰ ᠨᠢᠭᠤᠷ | ᠳᠡᠭᠡᠷ᠎ᠡ ᠮᠦᠩᠭᠦ ᠪᠠᠨ ᠪᠤᠴᠠᠭᠠᠵᠤ ᠠᠪᠬᠤ ᠶᠢ ᠱᠠᠭᠠᠷᠳᠠᠳᠠᠭ᠃ ᠬᠤᠬᠢᠷᠠᠯ ᠠᠮᠰᠠᠭᠴᠢ ᠣᠬᠤᠷ ᠴᠢᠮᠡᠭᠡᠨ ᠲᠤᠳᠤᠷᠠᠬᠢ | ᠰᠦᠯᠵᠢᠶᠡᠨ ᠬᠠᠶ᠋ᠢᠭ ᠢ ᠨᠡᠭᠡᠭᠡᠭᠡᠳ ᠳᠠᠩᠰᠠᠨ ᠳ᠋ᠤᠭᠠᠷ᠂ ᠨᠢᠭᠤᠴᠠ ᠨᠣᠮᠧᠷ᠂ ᠰᠢᠯᠭᠠᠨ ᠪᠠᠲᠤᠯᠠᠬᠤ ᠺᠤᠳ᠋ ᠵᠢᠴᠢ | ᠪᠡᠶ᠎ᠡ ᠶᠢᠨ ᠦᠨᠡᠮᠯᠡᠯ ᠵᠡᠷᠭᠡ ᠮᠡᠳᠡᠭᠡ ᠵᠠᠩᠭᠢ ᠪᠠᠨ ᠲᠠᠭᠯᠠᠭᠰᠠᠨ ᠤ ᠳᠠᠷᠠᠭ᠎ᠠ ᠺᠠᠷᠲ ᠳᠣᠲᠣᠷᠠᠬᠢ ᠦᠯᠡᠳᠡᠪᠦᠷᠢ | ᠵᠣᠭᠤᠰ ᠢ ᠨᠢ ᠰᠢᠯᠵᠢᠭᠦᠯᠦᠭᠡᠳ ᠠᠪᠤᠴᠢᠬᠠᠳᠠᠭ᠃ ᠡᠶᠢᠮᠦᠷᠬᠦᠦ ᠮᠡᠬᠡᠯᠡᠯ ᠡᠭᠦᠰᠴᠦ ᠪᠠᠶᠢᠭ᠎ᠠ ᠶᠢᠨ ᠰᠢᠯᠲᠠᠭᠠᠨ ᠪᠣᠯ | ᠮᠡᠬᠡᠯᠡᠭᠴᠢ ᠶᠠᠭᠤᠨ ᠤ ᠡᠮᠦᠨ᠎ᠡ ᠬᠤᠤᠷ ᠠᠮᠰᠠᠭᠴᠢ ᠶᠢᠨ ᠰᠦᠯᠵᠢᠶᠡᠨ ᠳᠡᠭᠡᠷ᠎ᠡ ᠠᠴᠠ ᠪᠠᠷᠠᠭ᠎ᠠ ᠬᠤᠳᠠᠯᠳᠤᠨ ᠠᠪᠤᠭᠰᠠᠨ | ᠮᠡᠳᠡᠭᠡ ᠵᠠᠩᠭᠢ ᠶᠢ ᠪᠦᠷᠢᠮᠦᠰᠦᠨ ᠡᠵᠡᠮᠰᠢᠭᠰᠡᠨ ᠪᠥᠭᠡᠳ ᠪᠠᠷᠠᠭ᠎ᠠ ᠬᠤᠳᠠᠯᠳᠤᠨ ᠠᠪᠤᠭᠰᠠᠨ ᠮᠡᠳᠡᠭᠡ ᠵᠠᠩᠭᠢ ᠶᠢ | ᠣᠨᠣᠪᠴᠢᠲᠠᠶ ᠳᠦᠷᠰᠦᠯᠡᠬᠦ ᠪᠠᠷ ᠳᠠᠮᠵᠢᠭᠤᠯᠤᠨ ᠬᠤᠤᠷ ᠠᠮᠰᠠᠭᠴᠢ ᠶᠢᠨ ᠢᠲᠡᠭᠡᠯ ᠢ ᠣᠯᠵᠤ᠂ ᠡᠭᠦᠨ ᠤ ᠤᠯᠠᠮ ᠠᠴᠠ | ᠪᠠᠩᠬᠢ ᠶᠢᠨ ᠺᠠᠷᠲ ᠤᠨ ᠨᠣᠮᠧᠷ᠂ ᠨᠢᠭᠤᠴᠠ ᠨᠣᠮᠧᠷ ᠪᠠ ᠣᠬᠤᠷ ᠴᠢᠮᠡᠭᠡᠨ ᠤ ᠰᠢᠯᠭᠠᠨ ᠪᠠᠲᠤᠯᠠᠬᠤ ᠺᠣᠳ᠋ ᠢ ᠮᠡᠬᠡᠯᠡᠨ | ᠠᠪᠤᠭᠰᠠᠨ ᠶᠠᠪᠤᠳᠠᠯ ᠪᠣᠯᠤᠨ᠎ᠠ᠃ ᠮᠡᠬᠡᠯᠡᠭᠴᠢᠳ ᠵᠠᠷᠢᠮ ᠳᠠᠭᠠᠨ ᠰᠢᠭᠤᠳ ᠤᠳᠠᠰᠤ ᠪᠠᠷ ᠬᠤᠯᠪᠣᠭᠳᠠᠯ ᠪᠦᠬᠦᠢ ᠮᠡᠳᠡᠭᠡ | ᠵᠠᠩᠭᠢ ᠶᠢ ᠮᠡᠬᠡᠯᠡᠨ ᠠᠪᠴᠤ᠂ ᠵᠠᠷᠢᠮ ᠳᠠᠭᠠᠨ ᠪᠠᠰᠠ ᠬᠤᠤᠷ ᠠᠮᠰᠠᠭᠴᠢ ᠪᠠᠷ ᠬᠠᠭᠤᠷᠮᠠᠭ ᠰᠦᠯᠵᠢᠶ᠎ᠡ ᠶᠢ ᠨᠡᠭᠡᠭᠡᠯᠭᠡᠵᠦ᠂ | ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠢ ᠲᠠᠭᠯᠠᠭᠤᠯᠳᠠᠭ᠃ ᠪᠠᠩᠬᠢ ᠶᠢᠨ ᠺᠠᠷᠲ ᠤᠨ ᠳ᠋ᠤᠭᠠᠷ᠂ ᠨᠢᠭᠤᠴᠠ ᠨᠣᠮᠧᠷ᠂ | ᠰᠢᠯᠭᠠᠨ ᠪᠠᠲᠤᠯᠠᠬᠤ ᠨᠣᠮᠧᠷ ᠵᠡᠷᠭᠡ ᠪᠠᠷ ᠯᠡᠪᠡᠷᠡᠪᠡᠯ᠂ ᠮᠡᠬᠡᠯᠡᠭᠴᠢ ᠰᠦᠯᠵᠢᠶᠡᠨ ᠪᠠᠩᠬᠢ ᠶᠢᠨ ᠲᠠᠩᠰᠠᠨ ᠡᠷᠦᠭᠡ ᠳᠠᠬᠢ | ᠵᠣᠭᠤᠰ ᠢ ᠰᠠᠭᠠᠳ ᠦᠭᠡᠢ ᠰᠢᠯᠵᠢᠬᠦᠯᠦᠭᠡᠳ ᠠᠪᠤᠴᠢᠬᠠᠳᠠᠭ᠃ | ᠮᠡᠬᠡᠯᠡᠭᠳᠡᠬᠦ ᠠᠴᠠ ᠰᠡᠷᠭᠡᠶᠢᠯᠡᠬᠦ ᠰᠠᠨᠠᠭᠤᠯᠤᠮᠵᠢ᠄ 1.ᠲᠠᠸᠠᠷ ᠤᠨ ᠠᠷᠠᠯᠵᠢᠶᠠᠨ ᠤ ᠬᠡᠪ ᠤᠨ ᠪᠤᠰᠤ ᠪᠠᠶᠢᠳᠠᠯ | ᠭᠠᠷᠬᠤ᠂ ᠪᠠᠷᠠᠭ᠎ᠠ ᠶᠢᠨ ᠬᠠᠩᠭᠠᠯᠭ᠎ᠠ ᠲᠠᠰᠤᠷᠠᠬᠤ ᠵᠡᠷᠭᠡ ᠪᠠᠶᠢᠳᠠᠯ ᠲᠣᠬᠢᠶᠠᠯᠳᠤᠪᠠᠯ᠂ ᠡᠩ ᠲᠡᠷᠢᠭᠦᠨ ᠳᠤ ᠪᠠᠷᠠᠭ᠎ᠠ | ᠬᠤᠳᠠᠯᠳᠤᠨ ᠠᠪᠤᠭᠰᠠᠨ ᠰᠦᠯᠵᠢᠶᠡᠨ ᠤ ᠠᠯᠪᠠᠨ ᠤ ᠲᠠᠯ᠎ᠠ ᠶᠢᠨ ᠦᠢᠯᠡᠴᠢᠯᠡᠭᠡᠨ ᠤ ᠤᠳᠠᠰᠤ ᠪᠠᠷ ᠬᠤᠯᠪᠤᠭ᠎ᠠ ᠪᠠᠷᠢᠵᠤ | ᠠᠰᠠᠭᠤᠨ ᠯᠠᠪᠯᠠᠬᠤ ᠬᠡᠷᠡᠭᠲᠡᠶ᠂ ᠬᠠᠷᠢᠨ ᠰᠠᠨᠠᠭᠠᠴᠢᠯᠠᠭ᠎ᠠ ᠠᠴᠠ ᠪᠠᠨ ᠤᠳᠠᠰᠤ ᠢᠷᠡᠬᠦᠯᠵᠦ᠂ ᠦᠪᠡᠷ ᠢ ᠪᠠᠨ | ᠭᠡᠷᠡᠭᠯᠡᠭᠴᠢ ᠳᠤ ᠦᠢᠯᠡᠴᠢᠯᠡᠭᠴᠢ ᠭᠡᠵᠦ ᠪᠠᠶᠢᠭ᠎ᠠ ᠬᠦᠮᠦᠨ ᠢ ᠠᠮᠠᠷᠬᠠᠨ ᠢᠲᠡᠭᠡᠵᠦ ᠪᠣᠯᠬᠤ ᠦᠭᠡᠢ᠂ 2 .ᠰᠦᠯᠵᠢᠶᠡᠨ | ᠳᠡᠭᠡᠷ᠎ᠡ ᠠᠴᠠ ᠪᠠᠷᠠᠭ᠎ᠠ ᠬᠤᠳᠠᠯᠳᠤᠨ ᠠᠪᠬᠤ ᠳᠠᠩᠰᠠᠨ ᠳ᠋ᠤᠭᠠᠷ᠂ ᠲᠣᠭᠠᠴᠠᠭ᠎ᠠ ᠬᠢᠬᠦ ᠳᠠᠩᠰᠠᠨ ᠳ᠋ᠤᠭᠠᠷ ᠲᠤ ᠲᠤᠰᠠᠭᠠᠷ | ᠨᠢᠭᠤᠴᠠ ᠨᠣᠮᠧᠷ ᠲᠣᠬᠢᠷᠠᠭᠤᠯᠬᠤ ᠬᠡᠷᠡᠭᠲᠡᠶ ᠪᠥᠭᠡᠳ ᠮᠠᠰᠢ ᠪᠤᠳᠤᠯᠢᠶᠠᠨᠲᠠᠶ ᠨᠢᠭᠤᠴᠠ ᠨᠣᠮᠧᠷ ᠣᠷᠣᠭᠤᠯᠣᠨ᠂ | ᠲᠣᠭᠲᠠᠮᠠᠯ ᠬᠤᠭᠤᠴᠠᠭ᠎ᠠ ᠲᠠᠢ ᠰᠣᠯᠢᠵᠤ᠂ ᠲᠠᠩᠰᠠᠨ ᠳ᠋ᠤᠭᠠᠷ ᠶᠠᠯᠠᠲᠤ ᠡᠲᠡᠭᠡᠳ ᠲᠤ ᠬᠤᠯᠠᠭᠠᠶᠢᠯᠠᠭᠳᠠᠵᠤ᠂ ᠬᠤᠪᠢ ᠤᠨ | ᠮᠡᠳᠡᠭᠡ ᠵᠠᠩᠭᠢ ᠶᠢ ᠵᠠᠳᠠᠷᠠᠭᠤᠯᠬᠤ ᠠᠴᠠ ᠰᠡᠷᠭᠡᠶᠢᠯᠡᠬᠦ ᠭᠡᠷᠡᠭᠳᠡᠢ ᠃ | ﹇ᠬᠥᠲᠥᠯᠥᠭᠴᠢ﹈ ᠶᠠᠮᠠᠷ ᠶᠠᠮᠠᠷ ᠬᠥᠮᠦᠨ ᠠᠮᠠᠷᠬᠠᠨ ᠮᠡᠬᠡᠯᠡᠭᠳᠡᠳᠡᠭ ᠪᠤᠢ︖ ᠴᠠᠬᠢᠯᠭᠠᠨ ᠬᠤᠯᠪᠣᠭᠠᠨ ᠤ | ᠮᠡᠬᠡᠯᠡᠯ ᠢ ᠨᠠᠩ ᠠᠩᠬᠠᠷᠬᠤ ᠬᠡᠷᠡᠭᠲᠡᠶ ᠪᠤᠢ︖ | ﹇ᠪᠠᠶ ᠯᠦᠩ﹈ ᠴᠠᠬᠢᠯᠭᠠᠨ ᠬᠤᠯᠪᠤᠭᠠᠨ ᠤ ᠮᠡᠬᠡᠯᠡᠯ ᠳᠤ ᠤᠴᠠᠷᠠᠳᠠᠭ ᠬᠦᠮᠦᠰ ᠮᠠᠰᠢ ᠥᠷᠭᠡᠨ ᠳᠡᠯᠭᠡᠷᠡᠩᠭᠦᠶ | ᠣᠨᠴᠠᠯᠢᠭ ᠲᠠᠢ ᠪᠥᠭᠡᠳ ᠣᠨᠴᠠ ᠲᠣᠭᠲᠠᠭᠰᠠᠨ ᠪᠢᠰᠢ ᠶᠤᠮ᠂ ᠭᠠᠵᠠᠷ ᠪᠣᠯᠭᠠᠨ ᠳᠤ ᠲᠣᠤᠷ ᠰᠠᠴᠤᠵᠤ᠂ ᠶᠠᠮᠠᠷ ᠨᠢᠭᠡᠨ | ᠬᠤᠭᠤᠴᠠᠭᠠᠨ ᠳᠤ ᠶᠠᠮᠠᠷ ᠨᠢᠭᠡᠨ ᠳ᠋ᠤᠭᠠᠷ ᠪᠤᠶᠤ ᠶᠠᠮᠠᠷ ᠨᠢᠭᠡᠨ ᠭᠠᠵᠠᠷ ᠣᠷᠣᠨ ᠳᠤ ᠲᠥᠪᠯᠡᠷᠡᠭᠦᠯᠦᠨ ᠤᠲᠠᠰᠤ ᠠᠪᠬᠤ | ᠪᠤᠶᠤ ᠣᠬᠤᠷ ᠮᠡᠳᠡᠭᠡ ᠶᠠᠪᠤᠭᠤᠯᠳᠠᠭ᠂ ᠬᠤᠤᠷ ᠠᠮᠰᠠᠭᠴᠢ ᠳᠤ ᠨᠡᠶᠢᠭᠡᠮ ᠤᠨ ᠡᠯ᠎ᠡ ᠳᠠᠪᠬᠤᠷᠭ᠎ᠠ ᠶᠢᠨ ᠬᠢᠨ ᠢ | ᠪᠠᠭᠳᠠᠭᠠᠵᠤ ᠪᠠᠶᠢᠳᠠᠭ᠂ ᠡᠩ ᠤᠨ ᠠᠷᠠᠳ ᠣᠯᠠᠨ ᠪᠠᠶᠢᠬᠤ ᠮᠥᠷᠲᠡᠭᠡᠨ ᠠᠵᠤ ᠠᠬᠤᠶᠢᠯᠠᠯ ᠤᠨ ᠡᠵᠡᠨ᠂ ᠠᠯᠪᠠᠲᠠᠨ᠂ | ᠰᠤᠷᠭᠠᠭᠤᠯᠢ ᠶᠢᠨ ᠪᠠᠭᠰᠢ᠂ ᠡᠯ᠎ᠡ ᠠᠵᠢᠯ ᠲᠥᠷᠥᠯ ᠤᠨ ᠬᠢᠨ ᠴᠥᠮ ᠴᠠᠬᠢᠯᠭᠠᠨ ᠬᠤᠯᠪᠣᠭᠠᠨ ᠤ ᠮᠡᠬᠡᠯᠡᠯ ᠤᠨ ᠬᠤᠬᠢᠷᠠᠯ | ᠠᠮᠰᠠᠭᠴᠢ ᠪᠣᠯᠵᠤ ᠮᠡᠳᠡᠨ᠎ᠡ᠂ ᠨᠥᠯᠥᠭᠡᠯᠡᠬᠦ ᠬᠡᠪᠴᠢᠶ᠎ᠡ ᠨᠢ ᠮᠠᠰᠢ ᠥᠷᠭᠡᠨ᠂ ᠨᠡᠶᠢᠭᠡᠮ ᠤᠨ ᠨᠥᠯᠥᠭᠡ ᠨᠢ ᠮᠠᠰᠢ ᠮᠠᠭᠤ | ᠪᠠᠶᠢᠳᠠᠭ᠃ | ᠵᠠᠷᠢᠮ ᠮᠡᠬᠡᠯᠡᠯ ᠨᠢ ᠬᠠᠨᠳᠤᠯᠭᠠᠲᠤ ᠴᠢᠨᠠᠷ ᠢᠶᠠᠷ ᠨᠡᠯᠢᠶᠡᠳ ᠴᠢᠩᠭ᠎ᠠ᠃ ᠵᠢᠱᠢᠶᠡᠯᠡᠪᠡᠯ ᠮᠠᠰᠢᠨ ᠲᠡᠷᠭᠡᠨ ᠤ | ᠭᠠᠶᠢᠯᠢ ᠪᠤᠴᠠᠭᠠᠬᠤ ᠮᠡᠬᠡᠯᠡᠯ᠂ ᠮᠡᠬᠡᠯᠡᠭᠳᠡᠭᠰᠡᠨ ᠨᠢ ᠭᠤᠤᠯᠳᠠᠭᠤ ᠮᠠᠰᠢᠨ ᠲᠡᠷᠭᠡ ᠲᠠᠢ ᠬᠦᠮᠦᠰ ᠪᠣᠯᠤᠨ᠎ᠠ᠃ ᠪᠠᠰᠠ ᠨᠢᠭᠡ | ᠪᠦᠯᠦᠭ ᠲᠤᠪᠤᠶᠢᠮ᠎ᠠ ᠵᠦᠢᠯ ᠭᠡᠪᠡᠯ ᠴᠠᠬᠢᠯᠭᠠᠨ ᠬᠤᠯᠪᠣᠭᠠᠨ ᠤ ᠠᠵᠢᠯᠲᠠᠨ᠂ ᠳᠣᠲᠣᠭᠠᠳᠤ ᠶᠢ ᠬᠠᠮᠠᠭᠠᠯᠠᠬᠤ | ᠠᠵᠢᠯᠲᠠᠨ ᠢᠶᠠᠷ ᠣᠪᠯᠠᠭᠰᠠᠨ ᠮᠡᠬᠡᠯᠡᠯ ᠪᠣᠯᠤᠨ᠎ᠠ᠂ ᠮᠡᠬᠡᠯᠡᠭᠴᠢ ᠶᠡᠷᠦ ᠨᠢ ᠡᠳᠦᠷ ᠢᠶᠠᠷ ᠤᠳᠠᠰᠤᠳᠠᠳᠠᠭ᠂ ᠡᠳᠦᠷ ᠪᠣᠯ | ᠵᠠᠯᠠᠭᠤᠴᠤᠳ ᠴᠥᠮ ᠠᠵᠢᠯ ᠳᠠᠭᠠᠨ ᠶᠠᠪᠤᠴᠢᠬᠠᠨ᠎ᠠ᠂ ᠭᠡᠷ ᠲᠤ ᠨᠠᠰᠤᠲᠠᠶᠢᠴᠤᠳ ᠨᠡᠯᠢᠶᠡᠳ ᠣᠯᠠᠨ ᠪᠠᠶᠢᠳᠠᠭ᠂ ᠲᠡᠳᠡ | ᠨᠠᠰᠤᠲᠠᠶᠢᠴᠤᠳ ᠤᠨ ᠬᠥᠷᠥᠩᠭᠡ ᠢᠲᠡᠭᠡᠮᠵᠢ ᠶᠢᠨ ᠬᠡᠮᠵᠢᠶ᠎ᠡ ᠨᠡᠯᠢᠶᠡᠳ ᠲᠦᠭᠵᠢᠮᠡᠯ᠂ ᠠᠮᠠᠷᠬᠠᠨ ᠮᠡᠭᠡᠯᠡᠭᠳᠡᠳᠡᠭ | ᠪᠠᠶᠢᠳᠠᠯ ᠢ ᠨᠢ ᠴᠢᠩᠭ᠎ᠠ ᠠᠳᠬᠤᠵᠤ ᠬᠡᠷᠡᠭ ᠬᠢᠳᠡᠭ᠃ | ﹇ᠬᠦᠳᠦᠯᠦᠭᠴᠢ﹈ ᠮᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠠᠬᠢᠯᠭᠠᠨ ᠬᠤᠯᠪᠣᠭᠠᠨ ᠤ | ᠮᠡᠬᠡᠯᠡᠯ ᠤᠨ ᠬᠡᠷᠡᠭ ᠲᠤ ᠴᠣᠬᠢᠯᠲᠠ ᠦᠭᠭᠦᠭᠡᠳ ᠶᠠᠮᠠᠷ ᠶᠠᠮᠠᠷ ᠦᠷ᠎ᠡ ᠪᠦᠳᠦᠮᠵᠢ ᠣᠯᠤᠭᠰᠠᠨ ᠪᠤᠢ︖ ᠪᠠᠰᠠ ᠶᠠᠮᠠᠷ | ᠶᠠᠮᠠᠷ ᠬᠦᠴᠢᠷᠳᠡᠯ ᠳᠤ ᠲᠤᠯᠭᠠᠷᠠᠭᠰᠠᠨ ᠪᠤᠢ︖ | ﹇ᠪᠠᠶ ᠯᠦᠩ﹈ ᠡᠨᠡ ᠵᠢᠯ ᠠᠴᠠ ᠨᠠᠰᠢ ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠴᠠᠬᠢᠯᠭᠠᠨ ᠬᠤᠯᠪᠣᠭ᠎ᠠ ᠪᠠᠷ ᠮᠡᠬᠡᠯᠡᠭᠰᠡᠨ ᠬᠡᠷᠡᠭ ᠢ186 ᠢᠯᠡᠷᠡᠭᠦᠯᠵᠦ᠂ ᠬᠡᠷᠡᠭ ᠲᠤ ᠬᠤᠯᠪᠣᠭᠳᠠᠭᠰᠠᠨ 403 | ᠪᠠᠩᠬᠢ ᠶᠢᠨ ᠺᠠᠷᠲᠢ ᠴᠡᠪᠳᠡᠭᠯᠡᠵᠦ᠂ ᠬᠡᠷᠡᠭ ᠲᠤ ᠬᠤᠯᠪᠣᠭᠳᠠᠭᠰᠠᠨ 1386 ᠭᠠᠷᠤᠶ ᠲᠦᠮᠡᠨ ᠲᠥᠭᠦᠷᠢᠭ ᠤᠨ ᠪᠠᠯᠠ | ᠮᠥᠩᠭᠦ ᠶᠢ ᠴᠡᠪᠳᠡᠭᠯᠡᠵᠦ᠂ 32 ᠶᠠᠯ᠎ᠠ ᠬᠢᠭᠰᠡᠨ ᠰᠡᠵᠢᠭᠳᠡᠨ ᠳᠤ ᠴᠣᠬᠢᠯᠲᠠ ᠦᠭᠴᠦ ᠰᠢᠢᠳᠭᠡᠪᠡ᠃ ᠣᠳᠣᠬᠠᠨ ᠳᠤ | ᠨᠡᠶᠢᠲᠡ 22 ᠲᠦᠮᠡᠨ ᠵᠤᠷᠪᠤᠰ ᠣᠬᠤᠷ ᠮᠡᠳᠡᠭᠡ᠂10 ᠲᠦᠮᠡᠨ ᠵᠤᠷᠪᠤᠰ ᠮᠡᠬᠡᠯᠡᠬᠦ ᠤᠳᠠᠰᠤ ᠶᠢ ᠬᠤᠷᠢᠭᠯᠠᠵᠤ᠂ 900 | ᠲᠦᠮᠡᠨ ᠵᠤᠷᠪᠤᠰ ᠰᠡᠷᠡᠮᠵᠢᠯᠡᠭᠦᠯᠦᠯ ᠤᠨ ᠨᠡᠶᠢᠲᠡ ᠶᠢᠨ ᠠᠰᠠᠷᠠᠮᠵᠢ ᠶᠢᠨ ᠣᠬᠤᠷ ᠮᠡᠳᠡᠭᠡ ᠶᠠᠪᠤᠭᠤᠯᠵᠤ᠂ ᠬᠤᠬᠢᠷᠠᠯ | ᠠᠮᠰᠠᠭᠴᠢ ᠶᠢ ᠬᠥᠮᠦᠨ ᠤ ᠬᠦᠴᠦ ᠪᠠᠷ 5 ᠲᠦᠮᠡᠨ ᠬᠥᠮᠥᠨ ᠤᠳᠠᠭ᠎ᠠ ᠰᠡᠷᠡᠮᠵᠢᠯᠡᠭᠦᠯᠦᠭᠰᠡᠨ ᠪᠠᠶᠢᠨ᠎ᠠ᠃ | ᠮᠠᠰᠢ ᠤᠯᠠᠨ ᠬᠦᠮᠦᠨ ᠣᠶᠢᠯᠠᠭᠠᠳᠠᠭ ᠦᠭᠡᠢ ᠨᠢᠭᠡ ᠠᠰᠠᠭᠤᠳᠠᠯ᠃ ᠮᠡᠬᠡᠯᠡᠭᠴᠢ ᠪᠦᠷ ᠤᠲᠠᠰᠤ ᠪᠠᠨ | ᠦᠯᠡᠳᠡᠭᠡᠴᠢᠭᠡᠯᠡ᠂ ᠳᠠᠩᠰᠠᠨ ᠳ᠋ᠤᠭᠠᠷ ᠢᠶᠠᠨ ᠦᠯᠡᠳᠡᠭᠡᠴᠢᠭᠡᠯᠡ᠂ ᠪᠠᠷᠢᠭᠠᠳ ᠠᠪᠤᠪᠠᠯ ᠪᠣᠯᠴᠢᠬᠠᠬᠤ ᠪᠢᠰᠢ ᠤᠤ᠂ | ᠦᠨᠡᠨ ᠳᠡᠭᠡᠨ ᠡᠩ ᠤᠨ ᠰᠠᠶᠢᠨ ᠰᠠᠨᠠᠭ᠎ᠠ ᠲᠠᠢ ᠬᠥᠮᠦᠰ ᠤᠨ ᠪᠣᠳᠣᠭᠰᠠᠨ ᠰᠢᠭ᠋ ᠲᠡᠶᠢᠮᠦ ᠳᠥᠭᠦᠮᠬᠡᠨ ᠪᠢᠰᠢ᠃ | ᠤᠴᠢᠷ ᠨᠢ ᠴᠠᠬᠢᠯᠭᠠᠨ ᠬᠤᠯᠪᠣᠭᠠᠨ ᠤ ᠮᠡᠬᠡᠯᠡᠯ ᠨᠢ ᠡᠩ ᠤᠨ ᠬᠤᠯᠠᠭᠠᠶᠢᠯᠠᠭᠰᠠᠨ᠂ ᠵᠣᠳᠣᠭᠠᠨ ᠬᠢᠭᠰᠡᠨ ᠲᠠᠢ ᠠᠳᠠᠯᠢ | ᠦᠭᠡᠢ᠂ ᠣᠷᠣ ᠮᠥᠷ ᠪᠤᠳᠠᠰ ᠤᠨ ᠭᠡᠷᠡᠴᠢ ᠦᠯᠡᠳᠡᠳᠡᠭ᠂ ᠬᠢᠲᠤᠭ᠎ᠠ ᠲᠠᠢ᠂ ᠫᠤᠤ ᠲᠠᠢ ᠪᠤᠶᠤ ᠲᠤᠬᠠᠶ ᠶᠢᠨ ᠲᠠᠯᠠᠪᠤᠷ ᠲᠤ | ᠤᠯᠠ ᠮᠥᠷ ᠪᠠ ᠰᠦᠪᠡᠭᠴᠢ ᠪᠠᠶᠢᠳᠠᠭ᠂ ᠬᠠᠷᠢᠨ ᠴᠠᠬᠢᠯᠭᠠᠨ ᠬᠤᠯᠪᠣᠭᠠᠨ ᠤ ᠮᠡᠬᠡᠯᠡᠯ ᠨᠢ ᠠᠯᠤᠰ ᠤᠨ ᠬᠢ᠂ ᠬᠦᠷᠦᠯᠴᠡᠬᠦ | ᠦᠭᠡᠢ ᠬᠡᠯᠪᠡᠷᠢ ᠶᠢᠨ ᠬᠢ ᠶᠤᠮ᠂ ᠴᠢ ᠮᠡᠬᠡᠯᠡᠭᠳᠡᠭᠰᠡᠨ ᠴᠦ ᠮᠡᠬᠡᠯᠡᠭᠴᠢ ᠶᠢᠨ ᠵᠢᠰᠦ ᠶᠢ ᠦᠵᠡᠵᠦ ᠦᠩᠭᠡᠷᠡᠭᠰᠡᠨ ᠦᠭᠡᠢ᠃ | ᠬᠤᠤᠷ ᠠᠮᠰᠠᠭᠴᠢ ᠲᠠᠢ ᠦᠨᠡᠬᠡᠷ ᠠᠭᠤᠯᠵᠠᠬᠤ ᠴᠢᠬᠤᠯᠠ ᠦᠭᠡᠢ᠂ ᠤᠳᠤ ᠦᠶ᠎ᠡ ᠶᠢᠨ ᠮᠠᠰᠢ ᠬᠥᠭᠵᠢᠭᠰᠡᠨ ᠴᠢᠮᠡᠭᠡ | ᠬᠤᠯᠪᠣᠭᠠᠨ ᠤ ᠮᠡᠷᠭᠡᠵᠢᠯ᠂ ᠰᠢᠨ᠎ᠡ ᠮᠠᠶ᠋ᠢᠭ ᠤᠨ ᠮᠡᠷᠭᠡᠵᠢᠯ ᠢ ᠬᠡᠷᠡᠭᠯᠡᠵᠦ ᠪᠠᠶᠢᠭᠠᠳ᠂ ᠮᠠᠰᠢ ᠣᠬᠤᠷᠬᠠᠨ | ᠬᠤᠭᠤᠴᠠᠭᠠᠨ ᠳᠤ ᠮᠡᠬᠡᠯᠡᠴᠢᠬᠡᠳᠡᠭ᠃ ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠳᠤ ᠦᠯᠡᠳᠡᠭᠡᠭᠰᠡᠨ ᠨᠢ ᠦᠨᠡᠬᠡᠷ | ᠮᠡᠬᠡᠯᠡᠬᠦ ᠤᠲᠠᠰᠤ ᠪᠠ ᠬᠡᠷᠡᠭ ᠲᠤ ᠬᠤᠯᠪᠣᠭᠳᠠᠭᠰᠠᠨ ᠲᠠᠩᠰᠠᠨ ᠡᠷᠦᠭᠡ ᠪᠠᠶᠢᠨ᠎ᠠ᠂ ᠭᠡᠪᠡᠴᠦ ᠡᠳᠡᠭᠡᠷ ᠤᠲᠠᠰᠤ ᠪᠠ | ᠲᠠᠩᠰᠠᠨ ᠡᠷᠦᠭᠡ ᠶᠢᠨ ᠨᠢᠭᠡ ᠬᠠᠮᠳᠤ ᠶᠢᠨ ᠣᠨᠴᠠᠯᠢᠭ ᠪᠣᠯ ᠪᠦᠷ ᠬᠠᠭᠤᠷᠮᠠᠭ᠂ ᠨᠢᠭᠡ ᠨᠢ ᠴᠤ ᠦᠨᠡᠨ ᠪᠢᠰᠢ᠃ | ᠡᠳᠡᠭᠡᠷ ᠭᠠᠷ ᠤᠲᠠᠰᠤᠨ ᠤ ᠳ᠋ᠤᠭᠠᠷ ᠨᠢ ᠪᠦᠷ ᠨᠡᠷ᠎ᠡ ᠦᠭᠡᠢ ᠪᠠᠶᠢᠳᠠᠭ᠃ | ᠳᠡᠯᠭᠡᠭᠦᠷ᠂ ᠵᠡᠭᠡᠯᠢ ᠳᠡᠭᠡᠷ᠎ᠡ ᠬᠡᠵᠢᠶ᠎ᠡ ᠴᠦ ᠭᠡᠰᠡᠨ ᠭᠠᠷ ᠤᠲᠠᠰᠤᠨ ᠺᠠᠷᠲ ᠬᠤᠳᠠᠯᠳᠤᠨ ᠠᠪᠴᠤ ᠪᠣᠯᠬᠤ ᠶᠢ | ᠪᠢᠳᠡ ᠮᠡᠳᠡᠨ᠎ᠡ᠂ ᠪᠦᠷ ᠨᠡᠷ᠎ᠡ ᠲᠡᠮᠳᠡᠭᠯᠡᠬᠦ ᠦᠭᠡᠢ ᠭᠠᠷ ᠤᠲᠠᠰᠤᠨ ᠺᠠᠷᠲ᠂ ᠢᠯᠡᠷᠡᠬᠦ ᠳ᠋ᠢᠶᠠᠩᠬᠤᠸᠠ ᠶᠢᠨ ᠳ᠋ᠤᠭᠠᠷ ᠤᠨ | ᠣᠯᠠᠩᠬᠢ ᠨᠢ ᠪᠦᠷ ᠰᠦᠯᠵᠢᠶᠡᠨ ᠤ ᠬᠡᠶᠢᠰᠪᠦᠷᠢ ᠳ᠋ᠤᠭᠠᠷ᠂ ᠰᠠᠶ᠋ᠢᠬᠠᠨ ᠪᠢ ᠰᠦᠯᠵᠢᠶᠡᠨ ᠨᠦᠬᠦᠳ ᠤᠨ | ᠠᠰᠠᠭᠤᠭᠰᠠᠨ ᠢ ᠬᠠᠷᠠᠯ᠎ᠠ᠂ ᠲᠡᠮᠦᠷ ᠵᠠᠮ ᠤᠨ ᠴᠠᠬᠢᠯᠭᠠᠨ ᠬᠤᠯᠪᠤᠭ᠎ᠠ ᠶᠢᠨ ᠨᠢᠭᠡᠳᠦᠭᠡᠷ ᠨᠤᠮᠧᠷᠲᠤ᠂ ᠸᠠᠩ ᠲᠦᠩ | 400 ᠲᠠᠢ ᠠᠳᠠᠯᠢ᠂ ᠡᠳᠡᠭᠡᠷ ᠨᠢ ᠪᠦᠷ ᠣᠳᠣ ᠦᠶ᠎ᠡ ᠶᠢᠨ ᠴᠢᠮᠡᠭᠡ ᠬᠤᠯᠪᠣᠭᠠᠨ ᠤ ᠮᠡᠷᠭᠡᠵᠢᠯ ᠤᠨ ᠳᠣᠤᠷᠠᠬᠢ ᠨᠢᠭᠡ | ᠵᠦᠢᠯ ᠤᠨ ᠲᠡᠭᠡᠳᠦ ᠮᠡᠷᠭᠡᠵᠢᠯ ᠤᠨ ᠬᠡᠶᠢᠰᠪᠦᠷᠢ ᠤᠳᠠᠰᠤ ᠪᠣᠯᠤᠨ᠎ᠠ᠃ ᠤᠳᠠᠰᠤᠳᠠᠬᠤ ᠳᠤ ᠭᠤᠤᠯ ᠳᠠᠭᠤᠳᠠᠯᠭ᠎ᠠ ᠶᠢᠨ | ᠨᠣᠮᠧᠷ ᠪᠠᠶᠢᠬᠤ ᠬᠡᠷᠡᠭᠲᠡᠶ᠂ ᠭᠡᠪᠡᠴᠦ ᠡᠨᠡ ᠬᠦ ᠨᠢᠭᠡᠳᠦᠭᠡᠷ ᠨᠣᠮᠧᠷ ᠪᠣᠯᠤᠨ 400 ᠨᠣᠮᠧᠷ ᠢ ᠪᠦᠷ ᠪᠤᠰᠤᠳ ᠨᠤᠮᠧᠷ | ᠲᠠᠢ ᠬᠤᠯᠪᠤᠭᠰᠠᠨ ᠪᠦᠭᠡᠳ ᠴᠢᠨᠠᠭᠰᠢᠯᠠᠪᠠᠯ ᠳᠤᠷ᠎ᠠ ᠤᠨ ᠨᠢᠭᠡ ᠨᠤᠮᠧᠷ ᠢᠯᠡᠷᠡᠭᠦᠯᠬᠦ ᠰᠤᠹᠲ ᠨᠢ ᠬᠤᠳᠠᠯ ᠬᠠᠭᠤᠷᠮᠠᠭ | ᠤᠳᠠᠰᠤᠨ ᠳ᠋ᠤᠭᠠᠷ ᠢ ᠢᠯᠡᠷᠡᠭᠦᠯᠵᠦ ᠪᠤᠯᠳᠠᠭ᠃ ᠵᠠᠷᠢᠮ ᠦᠶ᠎ᠡ ᠳᠤ ᠴᠢᠨᠠᠭᠰᠢᠯᠠᠪᠠᠯ ᠪᠠᠩᠬᠢ ᠶᠢᠨ ᠤᠲᠠᠰᠤ᠂ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠲᠠᠰᠤ ᠶᠢ ᠴᠤ ᠢᠯᠡᠷᠡᠭᠦᠯᠵᠦ ᠪᠣᠯᠤᠨ᠎ᠠ᠂ ᠦᠨᠡᠨ ᠳᠡᠭᠡᠨ ᠬᠤᠳᠠᠯ | ᠬᠠᠭᠤᠷᠮᠠᠭ ᠪᠠᠶᠢᠵᠤ᠂ ᠶᠠᠯᠠᠲᠤ ᠡᠲᠡᠭᠡᠳ ᠭᠠᠷ ᠤᠷᠤᠭᠤᠯᠵᠤ ᠲᠣᠬᠢᠷᠠᠭᠤᠯᠤᠭᠰᠠᠨ ᠶᠤᠮ᠂ ᠲᠡᠷᠡ ᠨᠢ ᠬᠤᠬᠢᠷᠠᠯ | ᠠᠮᠰᠠᠭᠴᠢ ᠶᠢ ᠬᠠᠭᠤᠷᠴᠤ ᠮᠡᠭᠡᠯᠡᠵᠦ ᠴᠢᠳᠠᠬᠤ ᠮᠥᠷᠲᠡᠭᠡᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠴᠣᠬᠢᠯᠲᠠ ᠥᠭᠭᠦ ᠠᠴᠠ ᠵᠠᠶᠢᠯᠠᠵᠤ ᠴᠢᠳᠠᠨ᠎ᠠ᠃ ᠵᠠᠷᠢᠮ ᠨᠢ ᠴᠢᠨᠠᠭᠰᠢᠯᠠᠪᠠᠯ ᠬᠢᠯᠢ ᠶᠢᠨ ᠳᠣᠲᠣᠷᠠᠬᠢ ᠪᠠ ᠬᠢᠯᠢ ᠶᠢᠨ | ᠭᠠᠳᠠᠨᠠᠬᠢ ᠦᠢᠯᠡᠴᠢᠯᠡᠭᠡᠨ ᠤ ᠬᠤᠳᠠᠯᠳᠤᠭᠠᠴᠢᠨ᠂ ᠬᠤᠳᠠᠯᠳᠤᠭᠠᠨ ᠤ ᠭᠠᠵᠠᠷ᠂ ᠦᠢᠯᠡᠴᠢᠯᠡᠭᠦᠷ ᠮᠠᠰᠢᠨ ᠢᠶᠠᠷ ᠢᠶᠠᠷ | ᠱᠠᠲᠤ ᠱᠠᠲᠤ ᠪᠠᠷ ᠳᠠᠮᠵᠢᠭᠤᠯᠤᠭᠳᠠᠳᠠᠭ᠃ | ᠪᠠᠩᠬᠢ ᠶᠢᠨ ᠳᠠᠩᠰᠠᠨ ᠳ᠋ᠤᠭᠠᠷ ᠪᠠ ᠪᠠᠩᠬᠢ ᠶᠢᠨ ᠺᠠᠷᠲ ᠴᠤ ᠠᠳᠠᠯᠢ᠂ ᠬᠠᠤᠯᠢ ᠪᠤᠰᠤ ᠡᠲᠡᠭᠡᠳ ᠮᠦᠩᠭᠦ | ᠵᠠᠷᠤᠴᠠᠭᠤᠯᠤᠨ ᠪᠤᠰᠤᠳ ᠤᠨ ᠲᠠᠩᠰᠠᠨ ᠡᠷᠦᠭᠡ ᠶᠢ ᠪᠥᠭᠡᠮ ᠢᠶᠠᠷ ᠬᠡᠷᠡᠭᠯᠡᠳᠡᠭ᠃ ᠬᠡᠳᠦᠨ ᠠᠷᠪᠠᠨ ᠲᠥᠭᠦᠷᠢᠭ ᠢᠶᠠᠷ | ᠨᠢᠭᠡ ᠬᠦᠯᠦᠰᠦᠨ ᠠᠵᠢᠯᠴᠢᠨ ᠤ ᠪᠡᠶ᠎ᠡ ᠶᠢᠨ ᠦᠨᠡᠮᠯᠡᠯ ᠢ ᠬᠤᠳᠠᠯᠳᠤᠨ ᠠᠪᠴᠤ᠂ ᠨᠢᠭᠡ ᠬᠤᠶᠠᠷ ᠵᠠᠭᠤᠨ ᠪᠠᠩᠬᠢ ᠶᠢᠨ | ᠺᠠᠷᠲ ᠨᠡᠭᠡᠭᠡᠨ᠎ᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠮᠦᠷᠳᠡᠨ ᠪᠠᠶᠢᠴᠠᠭᠠᠪᠠᠯ ᠬᠠᠷᠢᠨ ᠨᠢᠭᠡ ᠬᠦᠯᠦᠰᠦᠨ | ᠠᠵᠢᠯᠴᠢᠨ ᠤ ᠪᠡᠶ᠎ᠡ ᠶᠢᠨ ᠦᠨᠡᠮᠯᠡᠯ ᠪᠠᠶᠢᠳᠠᠭ᠃ ᠡᠭᠦᠨ ᠠᠴᠠ ᠭᠠᠳᠠᠨ᠎ᠠ᠂ ᠶᠠᠯᠠᠲᠤ ᠡᠲᠡᠭᠡᠳ ᠣᠯᠠᠨ ᠲᠡᠰ ᠤᠨ | ᠲᠠᠩᠰᠠᠨ ᠡᠷᠦᠭᠡ ᠭᠠᠷᠭᠠᠵᠤ᠂ ᠪᠠᠩᠬᠢ ᠪᠠᠷ ᠳᠠᠮᠵᠢᠭᠤᠯᠤᠨ ᠮᠦᠩᠭᠦ ᠪᠠᠨ ᠮᠠᠰᠢ ᠲᠦᠷᠭᠡᠨ ᠢᠶᠠᠷ ᠱᠠᠲᠤ ᠱᠠᠲᠤ ᠪᠠᠷ | ᠲᠠᠮᠵᠢᠭᠤᠯᠵᠤ᠂ ᠬᠠᠮᠤᠭ ᠤᠨ ᠰᠡᠭᠦᠯ ᠳᠤ ᠪᠦᠬᠦ ᠤᠯᠤᠰ ᠤᠨ ᠡᠯ᠎ᠡ ᠭᠠᠵᠠᠷ ᠲᠤ ᠲᠠᠷᠬᠠᠵᠤ ᠪᠠᠶᠢᠭ᠎ᠠ A T M ᠮᠠᠰᠢᠨ | ᠳᠡᠭᠡᠷ᠎ᠡ ᠠᠴᠠ ᠪᠡᠯᠡᠨ ᠵᠣᠭᠤᠰ ᠭᠠᠷᠭᠠᠵᠤ ᠠᠪᠤᠳᠠᠭ᠃ | ᠵᠠᠷᠢᠮ ᠳᠠᠭᠠᠨ ᠶᠠᠯᠠᠲᠤ ᠡᠲᠡᠭᠡᠳ ᠬᠤᠶᠠᠷ ᠭᠤᠷᠪᠠᠨ ᠵᠠᠭᠤᠨ ᠲᠦᠮᠡᠨ ᠲᠥᠭᠦᠷᠢᠭ ᠮᠡᠬᠡᠯᠡᠵᠦ ᠠᠪᠤᠭᠠᠳ | ᠬᠡᠳᠦᠬᠡᠨ ᠮᠢᠨᠦ᠋ᠲ ᠤᠨ ᠳᠣᠲᠣᠷ᠎ᠠ ᠡᠯ᠎ᠡ ᠭᠠᠵᠠᠷ ᠲᠤ ᠰᠢᠯᠵᠢᠭᠦᠯᠦᠭᠡᠳ ᠤᠳᠠᠯ ᠦᠭᠡᠢ ᠭᠠᠷᠭᠠᠭᠠᠳ ᠠᠪᠤᠴᠢᠬᠠᠳᠠᠭ᠃ | ᠡᠶᠢᠮᠦ ᠠᠴᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠶᠢᠮᠦ ᠨᠢᠭᠡ ᠬᠡᠷᠡᠭ ᠢ ᠲᠠᠩᠨᠠᠨ ᠰᠢᠢᠳᠪᠦᠷᠢᠯᠡᠬᠦ ᠳᠤ ᠶᠡᠭᠡ | ᠬᠡᠮᠵᠢᠶᠡᠨ ᠤ ᠬᠦᠮᠦᠨ ᠤ ᠬᠦᠴᠦ᠂ ᠵᠠᠷᠤᠳᠠᠯ ᠮᠦᠩᠭᠦ ᠣᠷᠣᠭᠤᠯᠬᠤ ᠴᠢᠬᠤᠯᠠᠲᠠᠶ᠂ ᠮᠠᠰᠢ ᠣᠯᠠᠨ ᠲᠤᠰᠬᠠᠶ ᠬᠡᠷᠡᠭ ᠤᠨ | ᠳᠤᠭᠤᠶᠢᠯᠠᠩ ᠲᠣᠮᠢᠯᠠᠵᠤ᠂ ᠬᠠᠮᠢᠭ᠎ᠠ ᠭᠠᠵᠠᠷ ᠦᠭᠡᠢ ᠭᠦᠶᠦᠵᠦ᠂ ᠭᠠᠵᠠᠷ ᠪᠣᠯᠭᠠᠨ ᠳᠤ ᠬᠠᠤᠯᠢ ᠴᠠᠭᠠᠵᠠ ᠶᠢᠨ ᠭᠠᠷ | ᠬᠦᠢᠴᠡᠳᠭᠡᠯ ᠢᠶᠠᠨ ᠪᠠᠷᠢᠵᠤ ᠪᠠᠩᠬᠢ᠂ ᠴᠢᠮᠡᠭᠡ ᠬᠤᠯᠪᠣᠭᠠᠨ ᠤ ᠰᠠᠯᠠᠭ᠎ᠠ ᠮᠥᠴᠢᠷ ᠢ ᠡᠷᠢᠭᠡᠳᠤᠲᠠᠰᠤ᠂ ᠳᠠᠩᠰᠠ | ᠬᠠᠷ᠎ᠠ ᠶᠢ ᠪᠠᠶᠢᠴᠠᠭᠠᠬᠤ ᠬᠡᠷᠡᠭᠲᠡᠶ᠃ ᠠᠯᠢ ᠨᠢᠭᠡ ᠭᠤᠭᠴᠤᠭ᠎ᠠ ᠳᠤ ᠵᠢᠭᠠᠬᠠᠨ ᠠᠯᠳᠠᠭ᠎ᠠ ᠪᠤᠷᠤᠭᠤ ᠭᠠᠷᠤᠭᠰᠠᠨ ᠴᠤ | ᠮᠦᠷᠳᠡᠨ ᠪᠠᠶᠢᠴᠠᠭᠠᠬᠤ ᠠᠵᠢᠯ ᠢ ᠨᠥᠯᠥᠭᠡᠯᠡᠬᠦ ᠪᠣᠯᠤᠨ᠎ᠠ᠃ ᠡᠶᠢᠮᠦ ᠬᠡᠷᠡᠭ ᠢ ᠢᠯᠡᠷᠡᠭᠦᠯᠬᠦ ᠨᠢ ᠡᠩ ᠤᠨ ᠮᠡᠷᠭᠡᠵᠢᠯ ᠤᠨ | ᠪᠤᠰᠤ ᠬᠦᠮᠦᠨ ᠪᠠ ᠣᠶᠢᠯᠠᠭᠠᠬᠤ ᠦᠭᠡᠢ ᠬᠥᠮᠦᠰ ᠤᠨ ᠪᠤᠳᠤᠭᠰᠠᠨ ᠰᠢᠭ᠋ ᠲᠡᠶᠢᠮᠦ ᠬᠢᠯᠪᠠᠷ ᠪᠢᠰᠢ ᠭᠡᠵᠦ ᠬᠡᠯᠡᠵᠦ | ᠪᠣᠯᠤᠨ᠎ᠠ᠃ ᠦᠨᠡᠨ ᠳᠡᠭᠡᠨ ᠠᠵᠢᠯ ᠪᠣᠯ ᠲᠦᠢᠯ ᠤᠨ ᠶᠠᠷᠰᠢᠭ ᠲᠦᠪᠡᠭ ᠲᠠᠢ ᠶᠤᠮ᠂ ᠮᠠᠰᠢ ᠶᠡᠭᠡ ᠬᠦᠴᠦ | ᠤᠷᠤᠭᠤᠯᠤᠮᠠᠨᠵᠢᠨ ᠰᠠᠶ᠋ᠢ ᠡᠶᠢᠮᠦ ᠬᠡᠷᠡᠭ ᠢ ᠢᠯᠡᠷᠡᠭᠦᠯᠵᠦ ᠴᠢᠳᠠᠨ᠎ᠠ᠃ | ﹇ᠬᠥᠲᠥᠯᠥᠭᠴᠢ ﹈ ᠪᠢᠳᠡ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠶᠠᠭᠤ ᠶᠠᠭᠤ ᠶᠢ ᠠᠩᠬᠠᠷᠪᠠᠯ | ᠵᠤᠬᠢᠬᠤ ᠪᠤᠢ︖ ᠴᠠᠬᠢᠯᠭᠠᠨ ᠬᠤᠯᠪᠣᠭᠠᠨ ᠤ ᠮᠡᠬᠡᠯᠡᠯ ᠢ ᠬᠡᠷᠬᠢᠨ ᠰᠡᠷᠭᠡᠶᠢᠯᠡᠬᠦ ᠪᠤᠢ︖ ᠬᠡᠷᠪᠡ ᠮᠡᠬᠡᠯᠡᠭᠳᠡᠪᠡᠯ | ᠬᠤᠬᠢᠷᠠᠯ ᠢ ᠬᠡᠷᠬᠢᠨ ᠪᠠᠭᠠᠰᠬᠠᠬᠤ ᠪᠤᠢ︖ | ﹇ᠪᠠᠶ ᠯᠦᠩ﹈ ᠰᠣᠨᠣᠷ ᠰᠡᠷᠡᠮᠵᠢ ᠪᠠᠨ ᠳᠡᠭᠡᠭᠰᠢᠯᠡᠭᠦᠯᠬᠦ ᠬᠡᠷᠡᠭᠲᠡᠶ᠂ ᠬᠤᠪᠢ ᠶᠢᠨ ᠮᠡᠳᠡᠭᠡ ᠵᠠᠩᠭᠢ ᠪᠠᠨ | ᠳᠤᠷ᠎ᠠ ᠪᠠᠷ ᠢᠶᠠᠨ ᠵᠠᠳᠠᠷᠠᠭᠤᠯᠵᠤ ᠪᠣᠯᠬᠤ ᠦᠭᠡᠢ᠃ ᠴᠢᠮ᠎ᠠ ᠠᠴᠠ ᠨᠥᠭᠦᠭᠡ ᠡᠲᠡᠭᠡᠳ ᠤᠨ ᠪᠠᠩᠬᠢ ᠶᠢᠨ ᠺᠠᠷᠲ ᠤᠨ | ᠮᠡᠳᠡᠭᠡ ᠵᠠᠩᠭᠢ ᠶᠢ ᠠᠪᠬᠤ ᠭᠡᠪᠡᠯ ᠠᠩᠬᠠᠷᠬᠤ ᠬᠡᠷᠡᠭᠲᠡᠶ᠂ ᠡᠨᠡ ᠪᠣᠯ ᠮᠡᠬᠡᠯᠡᠭᠴᠢ ᠶᠢᠨ ᠲᠠᠯᠪᠢᠭᠰᠠᠨ ᠤᠷᠬ᠎ᠠ᠂ ᠴᠢ | ᠬᠡᠷᠪᠡ ᠲᠡᠭᠦᠨ ᠤ ᠵᠢᠯᠣᠭᠤᠳᠣᠯᠭ᠎ᠠ ᠶᠢ ᠳᠠᠭᠠᠪᠠᠯ᠂ ᠮᠦᠩᠭᠦ ᠪᠠᠨ ᠪᠦᠬᠦᠨ ᠢ ᠭᠡᠭᠡᠬᠦ ᠪᠣᠯᠤᠨ᠎ᠠ᠃ ᠲᠠᠨᠢᠬᠤ ᠦᠭᠡᠢ | ᠬᠦᠮᠦᠨ ᠤ ᠢᠷᠡᠭᠦᠯᠦᠭᠰᠡᠨ ᠤᠲᠠᠰᠤ ᠶᠢ ᠠᠮᠠᠷᠬᠠᠨ ᠢᠲᠡᠭᠡᠵᠦ ᠪᠣᠯᠬᠤ ᠦᠭᠡᠢ᠃ ᠲᠠᠨᠢᠬᠤ ᠦᠭᠡᠢ ᠬᠥᠮᠦᠨ ᠤ | ᠢᠷᠡᠭᠦᠯᠦᠭᠰᠡᠨ ᠤᠲᠠᠰᠤ ᠵᠣᠭᠤᠰ ᠮᠥᠩᠭᠦᠨ ᠤ ᠠᠰᠠᠭᠤᠳᠠᠯ ᠳᠤ ᠬᠤᠯᠪᠣᠭᠳᠠᠭᠰᠠᠨ ᠯᠡ ᠪᠠᠶᠢᠪᠠᠯ ᠤᠶᠢᠰᠢᠶᠠᠭᠰᠠᠨ ᠤ | ᠬᠡᠷᠡᠭ ᠦᠭᠡᠢ᠂ ᠮᠡᠬᠡᠯᠡᠭᠳᠡᠬᠦ ᠠᠴᠠ ᠰᠡᠷᠭᠡᠶᠢᠯᠡᠬᠦ ᠬᠡᠷᠡᠭᠲᠡᠶ᠃ ᠮᠡᠬᠡᠯᠡᠭᠴᠢ ᠺᠣᠮᠫᠢᠦ᠋ᠲ᠋ᠧᠷ ᠢᠶᠠᠷ ᠳᠠᠮᠵᠢᠨ ᠨᠣᠮᠧᠷ ᠢᠶᠠᠨ | ᠥᠭᠡᠷᠡᠴᠢᠯᠡᠵᠦ ᠪᠤᠯᠳᠠᠭ᠂ ᠴᠢᠨᠦ ᠭᠠᠷ ᠤᠲᠠᠰᠤ ᠲᠡᠭᠡᠷ᠎ᠡ ᠶᠠᠮᠠᠷ ᠨᠢᠭᠡᠨ ᠪᠠᠶᠢᠭᠤᠯᠭ᠎ᠠ ᠶᠢᠨ ᠤᠲᠠᠰᠤ ᠢᠯᠡᠷᠡᠨ᠎ᠡ᠂ | ᠦᠨᠡᠨ ᠳᠡᠭᠡᠨ ᠲᠡᠷᠡ ᠪᠣᠯ ᠮᠡᠬᠡᠯᠡᠭᠴᠢ ᠪᠤᠰᠤᠳ ᠤᠨ ᠨᠣᠮᠧᠷ ᠢᠶᠠᠷ ᠬᠠᠭᠤᠷᠮᠠᠭᠯᠠᠵᠤ ᠪᠠᠶᠢᠨ᠎ᠠ᠃ ᠡᠨᠡ ᠪᠣᠯ ᠶᠡᠷᠦ ᠶᠢᠨ | ᠮᠡᠳᠡᠯᠭᠡ᠂ ᠦᠨᠡᠨ ᠳᠡᠭᠡᠨ ᠲᠧᠯᠸᠢᠰ ᠷᠠᠳᠢᠣ᠋ ᠨᠡᠪᠲᠡᠷᠡᠭᠦᠯᠭᠡ ᠦᠷᠭᠦᠯᠵᠢ ᠡᠳᠡᠭᠡᠷ ᠬᠡᠷᠡᠭ ᠤᠨ ᠵᠢᠱᠢᠶ᠎ᠡ ᠶᠢ | ᠨᠡᠪᠲᠡᠷᠡᠭᠦᠯᠳᠡᠭ ᠪᠣᠯᠬᠤᠷ ᠠᠩᠬᠠᠷᠤᠯ ᠳᠠᠭᠠᠨ ᠠᠪᠬᠤ ᠬᠡᠷᠡᠭᠲᠡᠶ᠃ | ᠪᠠᠭ᠎ᠠ ᠠᠰᠢᠭ ᠢ ᠬᠥᠭᠡᠭᠡᠴᠡᠯᠳᠦᠵᠦ ᠪᠣᠯᠬᠤ ᠦᠭᠡᠢ᠃ ᠴᠢᠮ᠎ᠠ ᠶᠢ ᠲᠤᠮᠤ ᠱᠠᠩᠨᠠᠯ ᠤᠯᠵᠠᠢ ᠭᠡᠪᠡᠯ ᠲᠤᠭᠳᠠᠭᠤᠨ | ᠪᠠᠶᠢᠬᠤ ᠭᠡᠷᠡᠭᠳᠡᠢ᠂ ᠲᠡᠶᠢᠮᠦ ᠪᠢᠰᠢ ᠪᠣᠯ ᠮᠡᠬᠡᠯᠡᠭᠴᠢ ᠶᠢᠨ ᠮᠠᠯᠳᠠᠭᠰᠠᠨ ᠨᠦᠭᠡᠨ ᠳᠤ ᠤᠨᠠᠨ᠎ᠠ ᠰᠢᠤ᠂ ᠬᠥᠮᠦᠨ ᠯᠠᠪᠳᠠᠢ | ᠵᠦᠭᠡᠷ ᠯᠡ ᠴᠢᠮ᠎ᠠ ᠳᠤ ᠵᠣᠭᠤᠰ ᠥᠭᠬᠦ ᠦᠭᠡᠢ ᠶᠤᠮ᠃ ᠱᠠᠩᠨᠠᠯ ᠤᠯᠤᠭᠰᠠᠨ ᠭᠡᠳᠡᠭ ᠢᠶᠠᠨ ᠰᠤᠨᠤᠰᠤᠭᠠᠳ ᠴᠢ | ᠨᠢᠭᠡᠮᠦᠰᠦᠨ ᠭᠦᠭᠰᠡᠵᠦ ᠪᠠᠶᠠᠷᠯᠠᠴᠢᠬᠠᠪᠠᠯ ᠮᠡᠬᠡᠯᠡᠭᠴᠢ ᠴᠢᠮ᠎ᠠ ᠶᠢ ᠳᠤᠷ᠎ᠠ ᠪᠠᠷ ᠢᠶᠠᠨ ᠵᠠᠬᠢᠷᠤᠨ᠎ᠠ᠂ ᠳᠠᠷᠠᠭ᠎ᠠ ᠳᠤᠨᠢ | ᠴᠢᠮ᠎ᠠ ᠪᠠᠷ ᠤᠷᠢᠳᠠᠪᠠᠷ ᠨᠢᠭᠡ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠯᠭᠠᠨ᠎ᠠ᠂ ᠵᠠᠯᠭᠠᠭᠠᠳ | ᠳᠠᠬᠢᠨ ᠠᠷᠭ᠎ᠠ ᠪᠤᠳᠤᠵᠤ ᠪᠠᠩᠬᠢ ᠶᠢᠨ ᠺᠠᠷᠲ ᠤᠨ ᠨᠢᠭᠤᠴᠠ ᠨᠣᠮᠧᠷ ᠢ ᠴᠢᠨᠢ ᠮᠡᠭᠡᠯᠡᠵᠦ ᠤᠯᠤᠭᠠᠳ ᠺᠠᠷᠲ ᠲᠠᠬᠢ | ᠮᠦᠩᠭᠦ ᠶᠢ ᠴᠢᠨᠢ ᠬᠤᠭᠤᠰᠣᠯᠠᠨᠠ᠃ | ︽ᠪᠠᠴᠢᠮ ᠪᠠᠶᠢᠳᠠᠯ︾ ᠲᠤᠯᠭᠠᠷᠠᠪᠠᠯ ᠪᠠᠯᠳᠠᠨ ᠰᠠᠨᠳᠤᠷᠴᠤ ᠪᠣᠯᠬᠤ ᠦᠭᠡᠢ᠂ ᠤᠷᠢᠳᠠᠪᠡᠷ ᠲᠠᠶᠢᠪᠤᠭᠤᠨ | ᠪᠠᠶᠢᠵᠤ᠂ ᠰᠠᠶᠢᠬᠠᠨ ᠪᠤᠳᠤᠵᠤ ᠤᠬᠠᠭᠠᠨ ᠶᠢ ᠨᠢ ᠤᠯᠵᠤ ᠪᠠᠶᠢᠭᠠᠳ ᠬᠥᠳᠡᠯᠬᠦ ᠬᠡᠷᠡᠭᠳᠡᠢ᠃ ᠮᠡᠬᠡᠯᠡᠭᠴᠢ ᠭᠡᠷ ᠤᠨ | ᠬᠦᠮᠦᠨ ᠴᠢᠨᠢ ᠲᠡᠷᠭᠡᠨ ᠠᠳᠡᠯ ᠭᠠᠷᠴᠠᠢ ᠭᠡᠵᠦ ᠴᠢᠮ᠎ᠠ ᠶᠢ ᠠᠶᠤᠯᠭᠠᠨ ᠮᠦᠩᠭᠦ ᠭᠤᠪᠢᠭᠤᠯᠤᠭᠤᠯᠤᠨᠠ᠂ ᠴᠢ | ᠲᠡᠩᠳᠡᠭᠦᠦ ᠰᠠᠨᠳᠤᠷᠤᠭᠰᠠᠨ ᠠᠴᠠ ᠪᠤᠷᠤᠭᠤ ᠭᠠᠷᠴᠤ ᠮᠡᠬᠡᠯᠡᠭᠳᠡᠵᠦ ᠮᠡᠳᠡᠨ᠎ᠡ᠃ ᠥᠪᠡᠷ ᠤᠨ ᠪᠡᠶ᠎ᠡ ᠪᠠᠷ ᠢᠶᠠᠨ ᠭᠡᠷ ᠤᠨ | ᠬᠦᠮᠦᠨ ᠪᠤᠶᠤ ᠪᠤᠰᠤᠳ ᠬᠦᠮᠦᠨ ᠲᠠᠢ ᠤᠲᠠᠰᠤ ᠨᠡᠪᠳᠡᠷᠡᠭᠡᠳ ᠲᠤᠳᠤᠷᠠᠭᠤᠯᠪᠠᠯ ᠰᠢᠢᠳᠪᠦᠷᠢᠯᠡᠭᠳᠡᠴᠢᠬᠡᠨᠡ᠃ ᠵᠠᠷᠢᠮ | ᠦᠶ᠎ᠡ ᠳᠤ᠂ ᠲᠡᠭᠦᠨ ᠠᠴᠠ ᠴᠢ ᠬᠠᠮᠢᠭᠠᠬᠢ ᠪᠤᠢ ᠭᠡᠵᠦ ᠠᠰᠠᠭᠤᠵᠤ ᠪᠣᠯᠤᠨ᠎ᠠ᠂ ᠡᠰᠡᠷᠭᠦ ᠡᠲᠡᠭᠡᠳ ᠴᠢᠨᠢ ᠭᠠᠵᠠᠷ ᠢᠶᠠᠨ | ᠪᠤᠷᠤᠭᠤ ᠬᠡᠯᠡᠭᠡᠳ ᠯᠡᠪᠡᠷᠡᠴᠢᠬᠡᠬᠦ ᠮᠠᠭᠠᠳ᠃ | ᠬᠡᠷᠪᠡ ᠴᠠᠬᠢᠯᠭᠠᠨ ᠬᠤᠯᠪᠣᠭ᠎ᠠ ᠪᠠᠷ ᠮᠡᠬᠡᠯᠡᠭᠳᠡᠭᠰᠡᠨ ᠪᠠᠶᠢᠳᠠᠯ ᠲᠣᠬᠢᠶᠠᠯᠳᠤᠪᠠᠯ᠂ ᠬᠤᠬᠢᠷᠠᠯ ᠠᠮᠰᠠᠭᠴᠢ | ᠤᠷᠢᠳᠠᠪᠡᠷ 110 ᠳᠤ ᠤᠲᠠᠰᠤᠳᠠᠵᠤ ᠴᠠᠭᠳᠠᠭ᠎ᠠ ᠳᠤ ᠮᠡᠳᠡᠭᠦᠯᠵᠦ᠂ ᠪᠠᠶᠢᠳᠠᠯ ᠢ ᠲᠣᠳᠣᠷᠬᠠᠶᠢᠯᠠᠭᠰᠠᠨ ᠤ ᠳᠠᠷᠠᠭ᠎ᠠ | ᠳᠠᠷᠤᠶᠢᠬᠠᠨ ᠬᠠᠮᠤᠭ ᠤᠨ ᠤᠶᠢᠷᠠᠬᠠᠨ ᠡᠷᠡᠭᠦᠤ ᠶᠢᠨ ᠴᠠᠭᠳᠠᠭ᠎ᠠ ᠶᠢᠨ ᠳᠤᠮᠳᠠ ᠠᠩᠭᠢ ᠳᠤ ᠬᠦᠷᠴᠦ᠂ ᠵᠣᠭᠤᠰ | ᠭᠤᠪᠢᠭᠤᠯᠤᠭᠰᠠᠨ ᠪᠠᠷᠢᠮᠲᠠ ᠪᠠᠨ ᠠᠪᠴᠤ᠂ ᠮᠡᠬᠡᠯᠡᠭᠴᠢ ᠶᠢᠨ ᠪᠠᠩᠭᠢ ᠶᠢᠨ ᠳᠠᠩᠰᠠᠨ ᠳ᠋ᠤᠭᠠᠷ ᠢ ᠲᠣᠳᠣᠷᠬᠠᠶ | ᠴᠡᠭᠡᠵᠢᠯᠡᠵᠦ᠂ ᠴᠠᠭᠳᠠᠭ᠎ᠠ ᠳᠣᠲᠣᠭᠠᠳᠤ ᠶᠢ ᠬᠠᠮᠠᠭᠠᠯᠠᠬᠤ ᠶᠠᠮᠤᠨ ᠤ ᠴᠠᠬᠢᠯᠭᠠᠨ ᠬᠤᠯᠪᠣᠭᠠᠨ ᠤ ᠮᠡᠬᠡᠯᠡᠯ ᠢ ᠮᠦᠷᠳᠡᠨ | ᠭᠦᠢᠴᠡᠳᠭᠡᠬᠦ ᠲᠠᠪᠴᠠᠩ ᠢᠶᠠᠷ ᠳᠠᠮᠵᠢᠨ ᠵᠤᠭᠤᠰ ᠭᠤᠪᠢᠭᠤᠯᠬᠤ ᠶᠢ ᠪᠠᠴᠢᠮ ᠵᠣᠭᠰᠣᠭᠠᠬᠤ ᠳᠤ ᠳᠥᠭᠦᠮ | ᠦᠵᠡᠭᠦᠯᠦᠨ᠎ᠡ᠃ ᠳᠠᠷᠠᠭ᠎ᠠ ᠨᠢ ᠴᠠᠭ ᠲᠤᠬᠠᠢ ᠳᠤᠨᠢ ᠪᠠᠩᠬᠢ ᠤ ᠤᠳᠠᠰᠤᠨ ᠤ ᠦᠢᠯᠡᠴᠢᠯᠡᠭᠡ ᠪᠠᠷ ᠳᠠᠮᠵᠢᠭᠤᠯᠤᠨ | ᠲᠠᠩᠰᠠᠨ ᠡᠷᠦᠭᠡ ᠶᠢ ᠴᠡᠪᠳᠡᠭᠯᠡᠵᠦ ᠭᠤᠪᠢᠭᠤᠯᠭ᠎ᠠ ᠶᠢ ᠵᠤᠭᠰᠤᠭᠠᠨ᠎ᠠ᠃ ᠳᠠᠷᠤᠶ ᠲᠤᠰ ᠮᠡᠬᠡᠯᠡᠯ ᠤᠨ ᠳᠠᠩᠰᠠᠨ ᠳ᠋ᠤᠭᠠᠷ | ᠬᠠᠷᠢᠶᠠᠯᠠᠭᠳᠠᠬᠤ ᠪᠠᠩᠭᠢ ᠶᠢᠨ ᠦᠢᠯᠡᠴᠢᠯᠡᠭᠡᠨ ᠤ ᠤᠲᠠᠰᠤ ᠳᠤ ᠤᠳᠠᠰᠤᠳᠠᠵᠤ᠂ ᠰᠠᠨᠠᠭᠤᠯᠤᠮᠵᠢ ᠶᠢ ᠦᠨᠳᠦᠰᠦᠯᠡᠨ | ᠲᠤᠰ ᠮᠡᠬᠡᠯᠡᠯ ᠤᠨ ᠳᠠᠩᠰᠠᠨ ᠳ᠋ᠤᠭᠠᠷ ᠢ ᠤᠷᠤᠭᠤᠯᠤᠭᠰᠠᠨ ᠤ ᠲᠠᠷᠠᠭ᠎ᠠ ᠭᠤᠷᠪᠠ ᠤᠳᠠᠭ᠎ᠠ ᠪᠤᠷᠤᠭᠤ ᠨᠢᠭᠤᠴᠠ ᠨᠣᠮᠧᠷ | ᠤᠷᠤᠭᠤᠯᠪᠠᠯ ᠲᠤᠰ ᠮᠡᠬᠡᠯᠡᠯ ᠤᠨ ᠳᠠᠩᠰᠠᠨ ᠳ᠋ᠤᠭᠠᠷ ᠢ ᠴᠡᠪᠳᠡᠭᠯᠡᠵᠦ ᠮᠦᠩᠭᠦ ᠭᠤᠪᠢᠭᠤᠯᠬᠤ ᠶᠢ ᠵᠤᠭᠰᠤᠭᠠᠵᠤ | ᠪᠤᠯᠤᠨ᠎ᠠ᠂ ᠲᠤᠰ ᠡᠳᠦᠷ ᠤᠨ 24 ᠴᠠᠭ ᠪᠣᠯᠲᠠᠯ᠎ᠠ ᠴᠡᠪᠳᠡᠭᠯᠡᠨ᠎ᠡ᠃ ᠰᠦᠯᠵᠢᠶᠡᠨ ᠳᠡᠭᠡᠷᠡᠬᠢ ᠪᠠᠩᠬᠢ ᠪᠠᠷ ᠳᠠᠮᠵᠢᠭᠤᠯᠤᠨ | ᠭᠤᠪᠢᠭᠤᠯᠭ᠎ᠠ ᠶᠢ ᠵᠤᠭᠰᠤᠭᠠᠵᠤ ᠪᠤᠯᠤᠨ᠎ᠠ᠃ ᠳᠠᠷᠤᠶ ᠲᠤᠰ ᠮᠡᠬᠡᠯᠡᠯ ᠤᠨ ᠳᠠᠩᠰᠠᠨ ᠳ᠋ᠤᠭᠠᠷ ᠬᠠᠷᠢᠶᠠᠯᠠᠭᠳᠠᠬᠤ | ᠪᠠᠩᠬᠢ ᠶᠢᠨ ᠰᠦᠯᠵᠢᠶᠡᠨ ᠤ ᠬᠠᠶ᠋ᠢᠭ ᠢᠶᠠᠷ ︽ᠰᠦᠯᠵᠢᠶᠡᠨ ᠳᠡᠭᠡᠷᠡᠬᠢ ᠪᠠᠩᠬᠢ︾ ᠶᠢᠨ ᠨᠢᠭᠤᠷ ᠲᠤ ᠣᠷᠣᠵᠤ ᠲᠤᠰ | ᠮᠡᠬᠡᠯᠡᠯ ᠤᠨ ᠳᠠᠩᠰᠠᠨ ᠳ᠋ᠤᠭᠠᠷ ᠢ ᠤᠷᠤᠭᠤᠯᠤᠭᠰᠠᠨ ᠤ ᠲᠠᠷᠠᠭ᠎ᠠ ᠭᠤᠷᠪᠠ ᠤᠳᠠᠭ᠎ᠠ ᠪᠤᠷᠤᠭᠤ ᠨᠢᠭᠤᠴᠠ ᠨᠣᠮᠧᠷ | ᠤᠷᠤᠭᠤᠯᠪᠠᠯ ᠲᠤᠰ ᠮᠡᠬᠡᠯᠡᠯ ᠤᠨ ᠳᠠᠩᠰᠠᠨ ᠳ᠋ᠤᠭᠠᠷ ᠢ ᠴᠡᠪᠳᠡᠭᠯᠡᠵᠦ ᠮᠦᠩᠭᠦ ᠭᠤᠪᠢᠭᠤᠯᠬᠤ ᠶᠢ ᠵᠣᠭᠰᠣᠭᠠᠵᠤ | ᠪᠤᠯᠤᠨ᠎ᠠ᠂ ᠲᠤᠰ ᠡᠳᠦᠷ ᠤᠨ 24 ᠴᠠᠭ ᠪᠣᠯᠲᠠᠯ᠎ᠠ ᠴᠡᠪᠳᠡᠭᠯᠡᠨ᠎ᠡ᠃ ᠬᠡᠷᠪᠡ ᠪᠠᠩᠬᠢ ᠠᠯᠤᠰᠯᠠᠭᠰᠠᠨ ᠪᠠᠶᠢᠪᠠᠯ ᠰᠢᠭᠤᠳ | ᠮᠦᠩᠭᠦ ᠭᠤᠪᠢᠭᠤᠯᠤᠭᠰᠠᠨ ᠪᠠᠩᠭᠢ ᠶᠢᠨ ᠦᠢᠯᠡᠴᠢᠯᠡᠭᠡᠨ ᠤ ᠭᠠᠵᠠᠷ ᠲᠤ ᠬᠦᠷᠴᠦ ᠭᠤᠪᠢᠭᠤᠯᠤᠭᠰᠠᠨ ᠮᠦᠩᠭᠦ ᠪᠠᠨ | ᠪᠠᠴᠢᠮ ᠬᠤᠷᠢᠭᠯᠠᠵᠤ ᠠᠪᠬᠤ ᠪᠠᠷ ᠱᠠᠭᠠᠷᠳᠠᠵᠤ ᠪᠤᠯᠤᠨ᠎ᠠ᠃ | ᠨᠠᠶᠢᠵᠠ ᠨᠠᠷ ᠡ᠂ ᠬᠦᠬᠡᠬᠤᠳᠠ ᠶᠢᠨ ᠮᠡᠬᠡᠯᠡᠯ ᠢ ᠡᠰᠡᠷᠭᠦᠴᠡᠬᠦ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢ | ᠠᠩᠬᠠᠷᠴᠤ ᠪᠣᠯᠤᠨ᠎ᠠ᠂ ᠡᠨᠡᠬᠦ ᠣᠯᠠᠨ ᠨᠡᠶᠢᠲᠡ ᠶᠢᠨ ᠳ᠋ᠤᠭᠠᠷ ᠨᠢ ᠦᠷᠭᠦᠯᠵᠢ ᠬᠠᠮᠤᠭ ᠤᠨ ᠰᠢᠨ᠎ᠡ ᠮᠡᠬᠡᠯᠡᠬᠦ ᠠᠷᠭ᠎ᠠ | ᠪᠠᠷᠢᠯ ᠶᠢ ᠲᠠᠨᠢᠯᠴᠠᠭᠤᠯᠵᠤ᠂ ᠣᠯᠠᠨ ᠨᠡᠶᠢᠲᠡ ᠶᠢ ᠠᠩᠬᠠᠷᠤᠨ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃ | ﹇ᠬᠠᠮᠢᠶᠠᠷᠤᠭᠴᠢ﹈ ᠬᠦᠬᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ | ᠴᠠᠭᠳᠠᠭ᠎ᠠ ᠶᠢᠨ ᠰᠠᠯᠪᠤᠷᠢ ᠠᠩᠭᠢ ᠶᠢᠨ ᠤᠯᠤᠰ ᠲᠥᠷᠥ ᠶᠢᠨ ᠭᠡᠰᠢᠭᠦᠨ ᠵᠤᠤ ᠬᠤᠩ ᠴᠢᠤᠸᠠᠨ᠂ ᠡᠷᠡᠭᠦᠤ ᠶᠢᠨ | ᠴᠠᠭᠳᠠᠭ᠎ᠠ ᠶᠢᠨ ᠰᠠᠯᠪᠤᠷᠢ ᠠᠩᠭᠢ ᠶᠢᠨ ᠴᠠᠭᠳᠠᠭ᠎ᠠ ᠪᠠᠶ ᠯᠦᠩ ᠳᠤ ᠪᠠᠶᠠᠷᠯᠠᠯ᠎ᠠ᠂ ᠰᠦᠯᠵᠢᠶᠡᠨ ᠨᠦᠬᠦᠳ ᠤᠨ | ᠠᠩᠬᠠᠷᠤᠯ ᠢᠶᠠᠨ ᠬᠠᠨᠳᠤᠭᠤᠯᠵᠤ ᠤᠷᠤᠯᠴᠠᠭᠰᠠᠨ ᠳᠤ ᠪᠠᠶᠠᠷᠯᠠᠯ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠬᠦᠷᠦᠭᠡᠳ ᠦᠨᠳᠦᠷᠯᠡᠵᠦ ᠪᠠᠶᠢᠨ᠎ᠠ᠃ ᠪᠠᠶᠠᠷᠯᠠᠯ᠎ᠠ᠃ |