ᠨᠢᠭᠡ ᠴᠢᠬᠤᠯᠠ ᠲᠣᠯᠭᠠᠭᠤᠷᠢᠯᠠᠯ ᠪᠣᠯᠣᠨ ᠬᠤᠶᠠᠷ ᠵᠢᠱᠢᠶ᠎ᠡ ᠦᠵᠡᠭᠦᠯᠦᠨ ᠬᠦᠲᠦᠯᠦᠨ ᠵᠢᠯᠣᠭᠤᠳᠬᠤ ᠳᠡᠭᠡᠷ᠎ᠡ ᠬᠦᠴᠦᠯᠡᠨ᠎ᠡ
ᠨᠡᠶᠢᠲᠡᠯᠡᠭᠰᠡᠨ ᠴᠠᠭ᠄
2020-03-13
          ᠨᠢᠭᠡ ᠴᠢᠬᠤᠯᠠ ᠲᠣᠯᠭᠠᠭᠤᠷᠢᠯᠠᠯ ᠪᠣᠯᠣᠨ ᠬᠤᠶᠠᠷ ᠵᠢᠱᠢᠶ᠎ᠡ           ᠦᠵᠡᠭᠦᠯᠦᠨ ᠬᠦᠲᠦᠯᠦᠨ ᠵᠢᠯᠣᠭᠤᠳᠬᠤ ᠳᠡᠭᠡᠷ᠎ᠡ ᠬᠦᠴᠦᠯᠡᠨ᠎ᠡ                                 —— ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ                          ᠳᠠᠷᠤᠭ᠎ᠠ ᠴᠧᠨ ᠯᠢ ᠶᠢᠨ ᠢ ᠰᠣᠷᠪᠣᠯᠵᠢᠯᠠᠭᠰᠠᠨ ᠨᠢ                                                                                                ᠰᠣᠷᠪᠣᠯᠵᠢᠯᠠᠭᠴᠢ   ᠯᠢ ᠬᠠᠢ ᠵᠧᠨ            ︽ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠣᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠦᠭᠦᠳᠡ ᠬᠤᠷᠠᠯ ᠠᠴᠠ ︿ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠭᠤᠰᠢᠯᠠᠭᠤᠯᠬᠤ ᠲᠣᠬᠠᠢ ᠳᠣᠮᠳᠠᠳᠤ ᠣᠯᠣᠰ ᠤᠨ ᠡᠪ ᠬᠠᠮᠲᠣ ᠨᠠᠮ ᠤᠨ ᠬᠦᠬᠡᠬᠤᠲᠠ ᠶᠢᠨ ᠬᠤᠷᠢᠶ᠎ᠠ ᠶᠢᠨ ᠬᠡᠷᠡᠭᠵᠢᠭᠦᠯᠬᠦ ᠰᠠᠨᠠᠯ﹀ ᠢ ᠬᠢᠨᠠᠨ ᠪᠠᠲᠣᠯᠠᠵᠣ᠂ ᠬᠤᠷᠢᠨᠭᠡᠷ ᠰᠢᠶᠠᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠨ ᠲᠣᠭᠤᠰᠢᠯᠠᠭᠤᠯᠬᠤ ᠶᠢ ᠣᠳᠣᠬᠠᠨ ᠤ ᠪᠣᠯᠣᠨ ᠬᠤᠶᠢᠰᠢᠬᠢ ᠨᠢᠭᠡᠨ ᠬᠤᠭᠤᠴᠠᠭᠠᠨ ᠤ ᠲᠡᠷᠢᠭᠦᠨ ᠤ ᠣᠯᠣᠰ ᠲᠦᠷᠥ ᠶᠢᠨ ᠡᠭᠦᠷᠭᠡ ᠪᠣᠯᠭᠠᠵᠣ᠂ ︿ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠯᠠᠭ᠎ᠠ ᠪᠠᠨ ᠪᠠᠲᠣ ᠴᠡᠭᠡᠵᠢᠯᠡᠬᠦ﹀ ᠭᠤᠣᠯ ᠰᠡᠳᠦᠪᠲᠦ ᠬᠦᠮᠦᠵᠢᠯ ᠢ ᠯᠠᠪᠳᠠᠭᠤᠨ ᠪᠠᠲᠣᠲᠠᠢ ᠥᠷᠨᠢᠭᠦᠯᠬᠦ ᠬᠡᠷᠡᠭᠲᠡᠢ᠃︾ ᠭᠡᠵᠦ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠰᠣᠷᠪᠣᠯᠵᠢᠯᠠᠭ᠎ᠠ ᠶᠢ ᠬᠦᠯᠢᠶᠡᠨ ᠠᠪᠬᠤ ᠳᠤ ᠪᠠᠨ ᠢᠯᠡᠳᠬᠡᠭᠰᠡᠨ ᠪᠠᠶᠢᠨ᠎ᠠ᠃      ᠴᠧᠨ ᠯᠢ ᠶᠢᠨ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠣᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠦᠭᠦᠳᠡ ᠬᠤᠷᠠᠯ ᠨᠢ ᠲᠥᠪ ᠬᠤᠲᠠ ᠶᠢᠨ ᠦᠨᠳᠦᠷ ᠴᠢᠨᠰᠠᠭᠠᠲᠣ ᠬᠦᠭᠵᠢᠯᠲᠡ ᠶᠢ ᠪᠡᠶᠡᠯᠡᠭᠦᠯᠬᠦ ᠪᠠ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠯᠠᠭ᠎ᠠ ᠪᠠᠨ ᠪᠠᠲᠣ ᠴᠡᠭᠡᠵᠢᠯᠡᠬᠦ︾ ᠭᠤᠣᠯ ᠰᠡᠳᠦᠪᠲᠦ ᠬᠦᠮᠦᠵᠢᠯ ᠵᠡᠷᠭᠡ ᠳᠤ ᠪᠦᠬᠦ ᠲᠠᠯ᠎ᠠ ᠶᠢᠨ ᠪᠠᠶᠢᠷᠢᠯᠠᠭᠤᠯᠣᠯᠲᠠ ᠬᠢᠵᠦ᠂ ᠬᠤᠷᠢᠨᠭᠡᠷ ᠰᠢᠶᠠᠨ ᠨᠢ ᠵᠠᠪᠠᠯ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠭᠤᠰᠢᠯᠠᠭᠤᠯᠵᠣ᠂ ︽ᠳᠦᠷᠪᠡᠨ ᠤᠬᠠᠮᠰᠠᠷ︾ ᠢ ᠦᠨᠡᠨᠬᠦ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠣᠵᠢᠭᠤᠯᠵᠣ᠂ ︽ᠬᠤᠶᠠᠷ ᠢ ᠬᠠᠮᠠᠭᠠᠯᠠᠬᠤ︾ ᠶᠢ ᠰᠠᠶᠢᠲᠣᠷ ᠬᠢᠵᠦ᠂ ᠤᠯᠤᠰ ᠲᠦᠷᠥ ᠪᠣᠯᠣᠨ ᠪᠦᠬᠦ ᠲᠠᠯ᠎ᠠ ᠶᠢᠨ ᠦᠨᠳᠦᠷᠴᠡ ᠠᠴᠠ ᠭᠦᠨᠵᠡᠭᠡᠢ ᠣᠶᠢᠯᠠᠭᠠᠨ ᠣᠨᠣᠪᠴᠢᠲᠠᠢ ᠠᠳᠬᠤᠵᠣ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠥᠪ ᠥᠨᠡᠨᠬᠦ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭᠠᠨ ᠳᠡᠭᠡᠷ᠎ᠡ ᠨᠢᠭᠡᠲᠦᠯᠵᠢᠭᠦᠯᠬᠦ ᠬᠡᠷᠡᠭᠲᠡᠢ ᠭᠡᠰᠡᠨ ᠪᠠᠶᠢᠨ᠎ᠠ᠃      ︽ᠬᠤᠷᠢᠨᠭᠡᠷ ᠰᠢᠶᠠᠨ ᠪᠣᠲᠠᠲᠠᠢ ᠳᠤ ᠰᠠᠭᠤᠷᠢᠯᠠᠨ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠣᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠣ᠂ ᠨᠢᠭᠡ ᠴᠢᠬᠤᠯᠠ ᠲᠣᠯᠭᠠᠭᠤᠷᠢᠯᠠᠯ ᠪᠣᠯᠣᠨ ᠬᠤᠶᠠᠷ ᠵᠢᠱᠢᠶ᠎ᠡ ᠦᠵᠡᠭᠦᠯᠦᠨ ᠬᠦᠲᠦᠯᠦᠨ ᠵᠢᠯᠣᠭᠤᠳᠬᠤ ᠳᠡᠭᠡᠷ᠎ᠡ ᠬᠦᠴᠦᠯᠡᠨ᠎ᠡ᠃︾ ᠴᠧᠨ ᠯᠢ ᠶᠢᠨ ᠶᠠᠷᠢᠭᠰᠠᠨ ᠨᠢ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠨᠢ ᠦᠨᠳᠦᠷ ᠴᠢᠨᠰᠠᠭᠠᠲᠣ ᠬᠦᠭᠵᠢᠯᠲᠡ ᠶᠢᠨ ᠬᠤᠰᠢᠭᠤᠴᠢ ᠪᠣᠯᠬᠤ ᠵᠢᠱᠢᠶ᠎ᠡ ᠦᠵᠡᠭᠦᠯᠬᠦ ᠲᠣᠭᠤᠷᠢᠭ᠂ ᠪᠠᠶᠢᠯᠳᠣᠬᠤ ᠪᠣᠳᠣᠯᠭ᠎ᠠ ᠶᠢᠨ ᠴᠢᠨᠠᠷ ᠲᠠᠢ ᠠᠵᠣ ᠦᠢᠯᠡᠰ ᠢ ᠲᠣᠬᠢᠷᠠᠭᠤᠯᠣᠨ ᠡᠵᠡᠮᠳᠡᠵᠦ ᠪᠠᠶᠢᠭ᠎ᠠ ᠭᠤᠣᠯᠯᠠᠭᠴᠢ ᠲᠠᠪᠴᠠᠩ ᠪᠣᠯᠬᠤ ᠶᠤᠮ᠃ ᠬᠤᠷᠢᠨᠭᠡᠷ ᠰᠢᠶᠠᠨ ᠨᠢ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠲᠠ ᠪᠠᠷ ᠴᠢᠬᠤᠯᠠ ᠲᠣᠯᠭᠠᠭᠤᠷᠢᠯᠠᠯ ᠪᠣᠯᠭᠠᠵᠤ᠂ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢᠨ ᠴᠢᠬᠤᠯᠠ ᠠᠵᠤ ᠵᠠᠪᠰᠢᠶᠠᠨ ᠢ ᠴᠢᠩᠭ᠎ᠠ ᠠᠳᠬᠤᠵᠤ᠂ ᠤᠯᠠᠨ ᠬᠦᠷᠢᠶᠡᠨ ᠠᠴᠠ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠪᠦᠬᠦ ᠬᠦᠴᠦᠨ ᠢᠶᠠᠷ ᠳᠡᠮᠵᠢᠵᠦ᠂ ᠬᠤᠷᠢᠨᠭᠡᠷ ᠰᠢᠨ᠎ᠡ ᠲᠣᠭᠤᠷᠢᠭ ᠤᠨ ᠠᠵᠣ ᠠᠬᠤᠢ ᠨᠡᠶᠢᠭᠡᠮ ᠤᠨ ᠦᠨᠳᠦᠷ ᠴᠢᠨᠰᠠᠭᠠᠲᠣ ᠬᠦᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃ ᠡᠭᠦᠨ ᠤ ᠬᠠᠮᠲᠣ᠂ ᠬᠤᠷᠢᠨᠭᠡᠷ ᠰᠢᠶᠠᠨ ᠨᠢ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠲᠠ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠦᠭᠵᠢᠯᠲᠡ ᠳᠡᠭᠡᠷ᠎ᠡ ᠵᠢᠱᠢᠶ᠎ᠡ ᠦᠵᠡᠭᠦᠯᠦᠨ ᠬᠦᠲᠦᠯᠦᠨ ᠵᠢᠯᠣᠭᠤᠳᠬᠤ ᠦᠢᠯᠡᠳᠦᠯ ᠦᠵᠡᠭᠦᠯᠦᠨ᠎ᠡ᠃ ᠪᠠᠢ ᠡᠯ ᠶᠧ ᠤᠨ ᠡᠯᠡᠰᠦᠨ ᠳᠠᠯᠠᠩ ᠢ ᠵᠠᠰᠠᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠣ᠂ ᠬᠤᠷᠢᠨᠭᠡᠷ ᠰᠢᠶᠠᠨ ᠤ ᠠᠮᠢ ᠠᠬᠤᠢ ᠶᠢᠨ ᠪᠦᠲᠦᠭᠡᠨ ᠪᠠᠶᠢᠭᠤᠯᠣᠯᠲᠠ ᠶᠢᠨ ᠰᠠᠶᠢᠨ ᠰᠠᠶᠢᠬᠠᠨ ᠤᠯᠠᠮᠵᠢᠯᠠᠯ ᠢ ᠦᠷᠭᠦᠯᠵᠢᠯᠡᠭᠦᠯᠵᠦ᠂ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠲᠠ ᠶᠢᠨ ᠬᠤᠪᠢ ᠳᠤ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠵᠢᠭᠰᠠᠭᠠᠵᠣ᠂ ᠵᠢᠱᠢᠶ᠎ᠡ ᠦᠵᠡᠭᠦᠯᠦᠨ ᠬᠦᠲᠦᠯᠦᠨ ᠵᠢᠯᠣᠭᠤᠳᠬᠤ ᠶᠢ ᠰᠠᠶᠢᠲᠣᠷ ᠬᠢᠨ᠎ᠡ᠃ ᠬᠤᠷᠢᠨᠭᠡᠷ ᠰᠢᠶᠠᠨ ᠪᠣᠯ ᠬᠦᠬᠡᠬᠤᠲᠠ ᠶᠢᠨ ᠰᠢᠶᠠᠨ ᠤ ᠬᠡᠪᠴᠢᠶᠡᠨ ᠤ ᠠᠵᠣ ᠠᠬᠤᠢ ᠶᠢᠨ ᠬᠦᠭᠵᠢᠯᠲᠡ ᠶᠢᠨ ᠬᠤᠰᠢᠭᠤᠴᠢᠯᠠᠭᠴᠢ ᠪᠠᠶᠢᠵᠤ᠂ ᠲᠠᠷᠢᠶᠠᠯᠠᠩ ᠮᠠᠯ ᠠᠬᠤᠢ ᠶᠢᠨ ᠠᠵᠣ ᠦᠢᠯᠡᠰᠵᠢᠭᠰᠡᠨ ᠬᠦᠭᠵᠢᠯᠲᠡ ᠳᠤᠮᠳᠠ᠂ ᠮᠧᠩ ᠨᠢᠦ᠂ ᠵᠧᠩ ᠳ᠋ᠠ ᠵᠡᠷᠭᠡ ᠲᠣᠯᠣᠭᠠᠶᠢᠯᠠᠭᠴᠢ ᠠᠵᠣ ᠠᠬᠤᠶᠢᠯᠠᠯ ᠢ ᠲᠠᠲᠠᠨ ᠣᠷᠣᠭᠤᠯᠵᠣ᠂ ᠳᠡᠭᠡᠳᠦ ᠳᠣᠣᠷᠠᠳᠣ ᠤᠷᠤᠰᠬᠠᠯ ᠤᠨ ᠠᠵᠤ ᠦᠢᠯᠡᠰ ᠤᠨ ᠥᠷᠭᠡᠳᠬᠡᠯ ᠢ ᠬᠦᠴᠦᠲᠡᠢ ᠳᠠᠶᠢᠴᠢᠯᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠨᠢ ᠲᠠᠷᠢᠶᠠᠯᠠᠩ ᠮᠠᠯ ᠠᠵᠤ ᠠᠬᠤᠢ ᠶᠢᠨ ᠠᠵᠣ ᠦᠢᠯᠡᠰᠵᠢᠭᠰᠡᠨ ᠬᠦᠭᠵᠢᠯᠲᠡ ᠶᠢᠨ ᠠᠯᠬᠤᠴᠠ ᠶᠢ ᠦᠷᠭᠦᠯᠵᠢᠯᠡᠨ ᠲᠦᠷᠭᠡᠳᠬᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠣᠭᠠᠷ ᠬᠤᠭᠤᠴᠠᠭᠠᠨ ᠤ ᠶᠢᠰᠦᠳᠦᠭᠡᠷ ᠣᠳᠠᠭᠠᠨ ᠤ ᠪᠦᠭᠦᠳᠡ ᠬᠤᠷᠠᠯ ᠳᠤ ᠳᠣᠷᠠᠳᠣᠭᠰᠠᠨ ︽ᠠᠵᠣ ᠦᠢᠯᠡᠰ ᠤᠨ ᠰᠠᠭᠤᠷᠢ ᠶᠢᠨ ᠳᠡᠭᠡᠳᠦ ᠳᠡᠰᠵᠢᠯᠲᠡ᠂ ᠠᠵᠣ ᠦᠢᠯᠡᠰ ᠤᠨ ᠬᠡᠯᠬᠢᠶᠡᠵᠢᠯ ᠤᠨ ᠣᠳᠣᠬᠢᠴᠢᠯᠠᠯᠲᠠ ᠶᠢᠨ ᠪᠣᠭᠤᠮᠲᠠ ᠰᠢᠪᠲᠣᠯᠬᠤ ᠳᠠᠶᠢᠨ ᠤ ᠢᠯᠠᠯᠲᠠ ᠶᠢ ᠣᠯᠬᠤ︾ ᠵᠡᠷᠭᠡ ᠱᠠᠭᠠᠷᠳᠠᠯᠭ᠎ᠠ ᠶᠣᠰᠣᠭᠠᠷ᠂ ᠣᠳᠣᠬᠠᠨ ᠤ ᠪᠠᠶᠢᠭ᠎ᠠ ᠳᠠᠪᠠᠭᠤᠯᠢᠭ ᠠᠵᠣ ᠦᠢᠯᠡᠰ᠂ ᠴᠢᠬᠤᠯᠠ ᠠᠵᠣ ᠠᠬᠤᠶᠢᠯᠠᠯ ᠳᠤ ᠰᠠᠭᠤᠷᠢᠯᠠᠨ᠂ ᠠᠵᠣ ᠦᠢᠯᠡᠰ ᠤᠨ ᠰᠠᠭᠤᠷᠢ ᠶᠢᠨ ᠳᠡᠭᠡᠳᠦ ᠳᠡᠰᠵᠢᠯᠲᠡ᠂ ᠠᠵᠣ ᠦᠢᠯᠡᠰ ᠤᠨ ᠬᠡᠯᠬᠢᠶᠡᠵᠢᠯ ᠤᠨ ᠣᠳᠣᠬᠢᠴᠢᠯᠠᠯᠲᠠ ᠶᠢᠨ ᠪᠣᠭᠤᠮᠲᠠ ᠰᠢᠪᠲᠣᠯᠬᠤ ᠳᠠᠶᠢᠨ ᠤ ᠪᠤᠲᠠᠲᠠᠢ ᠠᠷᠭ᠎ᠠ ᠬᠡᠮᠵᠢᠶ᠎ᠡ ᠶᠢ ᠭᠦᠨᠵᠡᠭᠡᠢ ᠰᠣᠳᠣᠯᠤᠨ ᠲᠦᠯᠦᠪᠯᠡᠵᠦ᠂ ᠬᠠᠨᠳᠣᠯᠭᠠᠲᠣ ᠴᠢᠨᠠᠷ ᠲᠠᠢ ᠪᠠᠷ ᠬᠡᠯᠬᠢᠶᠡᠵᠢᠯ ᠢ ᠪᠠᠶᠢᠭᠤᠯᠵᠣ᠂ ᠬᠡᠯᠬᠢᠶᠡᠵᠢᠯ ᠢ ᠨᠦᠬᠦᠪᠦᠷᠢᠯᠡᠵᠦ᠂ ᠬᠡᠯᠵᠢᠶᠡᠵᠢᠯ ᠢ ᠴᠢᠩᠭᠠᠳᠬᠠᠵᠣ᠂ ᠲᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰ ᠤᠨ ᠬᠡᠯᠬᠢᠶᠡᠵᠢᠯ ᠤᠨ ᠬᠦᠭᠵᠢᠯᠲᠡ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠶᠢ ᠳᠠᠶᠢᠴᠢᠯᠠᠵᠣ᠂ ᠲᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰᠵᠢᠭᠰᠡᠨ ᠬᠦᠭᠵᠢᠯᠲᠡ ᠪᠣᠯᠣᠨ ᠬᠦᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠬᠤ ᠳᠡᠭᠡᠷ᠎ᠡ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠵᠢᠭᠰᠠᠭᠠᠵᠣ᠂ ᠵᠢᠱᠢᠶ᠎ᠡ ᠦᠵᠡᠭᠦᠯᠦᠨ ᠬᠦᠲᠦᠯᠦᠨ ᠵᠢᠯᠣᠭᠤᠳᠬᠤ ᠶᠢ ᠰᠠᠶᠢᠲᠣᠷ ᠬᠢᠬᠦ ᠬᠡᠷᠡᠭᠲᠡᠢ ᠭᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号