ᠢᠷᠡᠭᠡᠳᠦᠶ ᠶᠢᠨ ᠬᠤᠲᠠ ᠶᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠢᠨᠲ᠋ᠤᠷ ᠰᠦᠯᠵᠢᠶ᠎ᠡ + ᠨᠠᠮ ᠤᠨ ᠬᠢᠴᠢᠶᠡᠯ︾ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-03-17
     ᠢᠷᠡᠭᠡᠳᠦᠶ ᠶᠢᠨ ᠬᠤᠲᠠ ᠶᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠢᠨᠲ᠋ᠤᠷ ᠰᠦᠯᠵᠢᠶ᠎ᠡ + ᠨᠠᠮ ᠤᠨ ᠬᠢᠴᠢᠶᠡᠯ︾ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠬᠦ ︽ᠬᠤᠣᠰ ᠳᠠᠪᠬᠤᠴᠠᠭ᠎ᠠ︾ ᠵᠠᠩᠭᠢᠯᠠᠭ᠎ᠠ ᠶᠢᠨ ᠦᠶ᠎ᠡ ᠳᠤ᠂ ᠨᠠᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠲᠤᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠨᠢᠭᠡᠳᠦᠭᠡᠷ ᠹᠷᠣᠨᠲ ᠲᠤ ᠥᠨᠳᠥᠷ ᠨᠠᠮᠢᠷᠠᠭᠤᠯᠬᠤ ᠶᠢᠨ ᠲᠥᠯᠥᠭᠡ᠂ 3 ᠰᠠᠷ᠎ᠠ ᠶᠢᠨ 9 ᠤ ᠡᠳᠦᠷ᠂ ᠢᠷᠡᠭᠡᠳᠦᠶ ᠶᠢᠨ ᠬᠤᠲᠠ ᠶᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠢᠭᠡ ᠤᠳᠠᠭᠠᠨ ᠤ ᠣᠨᠴᠠᠭᠠᠶ ︽ᠢᠨᠲ᠋ᠤᠷ ᠰᠦᠯᠵᠢᠶ᠎ᠡ + ᠨᠠᠮ ᠤᠨ ᠬᠢᠴᠢᠶᠡᠯ︾ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃      ᠠᠵᠢᠯᠯᠠᠭ᠎ᠠ ᠨᠢ ᠰᠦᠯᠵᠢᠶᠡᠨ ᠳᠡᠭᠡᠷ᠎ᠡ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ ᠡᠷᠭᠢᠴᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠭᠡᠰᠢᠭᠦᠨ ᠤ ᠰᠠᠶᠢᠨ ᠳᠤᠷ᠎ᠠ ᠠᠴᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠠᠮ ᠤᠨ ᠰᠦᠢᠳᠬᠡᠯ ᠢ ᠲᠤᠰᠢᠶᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠰᠢᠨ᠎ᠡ ᠬᠡᠯᠪᠡᠷᠢ ᠶᠢᠨ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠳᠡᠮᠵᠢᠬᠦ ᠳᠤ ᠳᠠᠬᠢᠨᠲᠠ ᠬᠦᠴᠦᠨ ᠨᠡᠮᠡᠷᠢᠯᠡᠪᠡ᠃      ᠣᠳᠣᠬᠠᠨ ᠪᠣᠯᠲᠠᠯ᠎ᠠ᠂ ᠢᠷᠡᠭᠡᠳᠦᠶ ᠶᠢᠨ ᠬᠤᠲᠠ ᠶᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ 151 ᠨᠠᠮ ᠤᠨ ᠭᠡᠰᠢᠭᠦᠨ ᠭᠠᠷ ᠤᠲᠠᠰᠤᠨ ᠤ ᠸᠢᠴᠠᠲ ᠪᠠ ᠰᠦᠯᠵᠢᠶᠡᠨ ᠠᠴᠠ ᠭᠠᠳᠠᠨᠠᠬᠢ ᠨᠠᠮ ᠤᠨ ᠰᠦᠢᠳᠬᠡᠯ ᠲᠤᠰᠢᠶᠠᠬᠤ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠨᠠᠮ ᠤᠨ ᠰᠦᠢᠳᠬᠡᠯ ᠨᠡᠶᠢᠲᠡ 9630 ᠲᠥᠭᠦᠷᠢᠭ ᠲᠤᠰᠢᠶᠠᠵᠠᠶ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号