ᠨᠠᠮ ᠤᠨ ᠭᠡᠰᠢᠭᠦᠨ ᠵᠣᠭᠤᠰ ᠬᠠᠨᠳᠢᠪᠯᠠᠵᠤ᠂ ︽ᠬᠢᠵᠢᠭ︾ ᠢ ᠡᠰᠡᠷᠭᠦᠴᠡᠬᠦ ᠬᠦᠴᠦᠨ ᠢ ᠨᠢᠭᠲᠠᠷᠠᠭᠤᠯᠪᠠ
ᠨᠡᠶᠢᠲᠡᠯᠡᠭᠰᠡᠨ ᠴᠠᠭ᠄
2020-03-19
     ᠬᠢᠵᠢᠭ ᠤᠨ ᠪᠠᠶᠢᠳᠠᠯ ᠢ ᠡᠰᠡᠷᠭᠦᠴᠡᠬᠦ ᠵᠠᠩᠭᠢᠯᠠᠭ᠎ᠠ ᠶᠢᠨ ᠦᠶ᠎ᠡ ᠳᠤ᠂ ᠲᠧ ᠬᠤᠨᠭ᠌ ᠨᠡᠶᠢᠭᠡᠮ ᠲᠣᠭᠤᠷᠢᠭ ᠤᠨ ᠨᠠᠮ ᠤ ᠡᠭᠦᠷ ᠤᠨ ᠠᠬᠠᠮᠠᠳ ᠨᠠᠮ ᠤᠨ ᠭᠡᠰᠢᠭᠦᠨ ᠴᠢ ᠾᠦᠢ ᠵᠧᠨ ᠡᠭᠦᠷ ᠤᠨ ᠱᠦᠵᠢ ᠲᠠᠢ ᠬᠠᠷᠢᠯᠴᠠᠵᠤ᠄ ︽ᠱᠦᠵᠢ ᠲᠠ ᠰᠠᠶᠢᠨ ᠪᠠᠶᠢᠨᠤ︖ ᠨᠠᠮ ᠤᠨ ᠭᠡᠰᠢᠭᠦᠨ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠨᠡᠷᠡᠰ ᠲᠤ ᠪᠢ ᠪᠠᠶᠢᠬᠤ ᠦᠭᠡᠢ᠂ ᠵᠣᠬᠢᠶᠠᠨ ᠪᠠᠶᠢᠭᠤᠯᠤᠯᠲᠠ ᠠᠴᠠ ᠮᠢᠨᠦ ᠨᠠᠰᠤ᠂ ᠪᠡᠶ᠎ᠡ ᠮᠠᠬᠠᠪᠣᠳ ᠵᠡᠷᠭᠡ ᠰᠢᠯᠲᠠᠭᠠᠨ ᠢ ᠪᠣᠳᠣᠯᠬᠢᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠠᠴᠠ ᠨᠠᠮ᠎ᠠ ᠶᠢ ᠬᠠᠯᠠᠮᠵᠢᠯᠠᠵᠤ ᠬᠠᠷᠠᠭᠠᠯᠵᠠᠭᠰᠠᠨ ᠳᠤ ᠲᠠᠯᠠᠷᠬᠠᠵᠤ ᠪᠠᠶᠢᠨ᠎ᠠ︕ ᠭᠡᠲᠡᠯ᠎ᠡ ᠪᠢ ᠨᠢᠭᠡᠨ ᠡᠪ ᠬᠠᠮᠲᠤ ᠨᠠᠮ ᠤᠨ ᠭᠡᠰᠢᠭᠦᠨ ᠤ ᠬᠤᠪᠢ ᠳᠤ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠪᠡᠯ ᠵᠣᠬᠢᠨ᠎ᠠ᠂ ᠤᠳᠤ ᠪᠣᠯ ᠶᠡᠷᠦ ᠪᠤᠰᠤ ᠶᠢᠨ ᠴᠠᠭ ᠦᠶ᠎ᠡ ᠮᠥᠨ᠂ ᠪᠢ ᠵᠥᠪᠬᠡᠨ ᠤᠯᠠᠭᠠᠨ ᠪᠠᠭᠯᠠᠭ᠎ᠠ ᠶᠢᠨ ᠬᠡᠯᠪᠡᠷᠢ ᠪᠠᠷ ᠨᠡᠶᠢᠭᠡᠮ ᠲᠣᠭᠤᠷᠢᠭ ᠤᠨ ᠨᠠᠮ ᠤᠨ ᠡᠭᠦᠷ ᠲᠤ 1000 ᠲᠥᠭᠦᠷᠢᠭ ᠬᠠᠨᠳᠢᠪᠯᠠᠶ᠎ᠠ᠂ ᠱᠦᠵᠢ ᠨᠠᠮᠠᠶᠢ ᠲᠥᠯᠥᠭᠡᠯᠡᠨ ᠬᠦᠯᠢᠶᠡᠨ ᠠᠪᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ︾ ᠬᠠᠨᠳᠢᠪᠯᠠᠭᠰᠠᠨ ᠵᠣᠭᠤᠰ ᠢ ᠣᠯᠤᠭᠰᠠᠨ ᠤ ᠳᠠᠷᠠᠭ᠎ᠠ᠂ ᠲᠧ ᠬᠤᠨᠭ᠌ ᠨᠡᠶᠢᠭᠡᠮ ᠲᠣᠭᠤᠷᠢᠭ ᠤᠨ ᠨᠠᠮ ᠤᠨ ᠡᠭᠦᠷ ᠬᠠᠨᠳᠢᠪᠯᠠᠭᠰᠠᠨ ᠵᠣᠭᠤᠰ ᠢ ᠲᠡᠷᠡ ᠳᠠᠷᠤᠶ ᠳᠤᠨᠢ ᠪᠣᠯᠣᠳ ᠲᠡᠮᠦᠷ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠳᠤ ᠲᠤᠰᠢᠶᠠᠪᠠ᠃ 2 ᠰᠠᠷ᠎ᠠ ᠶᠢᠨ 5 ᠤ ᠡᠳᠦᠷ 1000 ᠲᠥᠭᠦᠷᠢᠭ ᠬᠠᠨᠳᠢᠪᠯᠠᠭᠰᠠᠨ ᠤ ᠳᠠᠷᠠᠭ᠎ᠠ᠂ ᠴᠢ ᠾᠦᠢ ᠵᠧᠨ ᠨᠥᠬᠦᠷ 3 ᠰᠠᠷ᠎ᠠ ᠶᠢᠨ 2 ᠤᠨ ᠡᠳᠦᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠳᠠᠬᠢᠨᠲᠠ 200 ᠲᠥᠭᠦᠷᠢᠭ ᠬᠠᠨᠳᠢᠪᠯᠠᠪᠠ᠃      ᠴᠢ ᠾᠦᠢ ᠵᠧᠨ ᠨᠥᠬᠦᠷ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠵᠤ᠂ ᠬᠢᠵᠢᠭ ᠶᠢᠨ ᠪᠠᠶᠢᠳᠠᠯ ᠢ ᠡᠰᠡᠷᠭᠦᠴᠡᠬᠦ ᠬᠤᠭᠤᠴᠠᠭᠠᠨ ᠳᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠷᠡ ᠥᠪᠡᠷ ᠤᠨ ᠪᠠᠶᠢᠭ᠎ᠠ ᠵᠢᠵᠢᠭ ᠲᠣᠭᠤᠷᠢᠭ ᠤᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠬᠦ ᠪᠠᠷ ᠪᠠᠷᠠᠬᠤ ᠦᠭᠡᠢ ᠪᠠᠰᠠ ᠢᠳᠡᠪᠬᠢᠲᠡᠢ ᠪᠠᠷ ᠵᠣᠭᠤᠰ ᠬᠠᠨᠳᠢᠪᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠪᠡ᠃ ᠨᠡᠶᠢᠭᠡᠮ ᠲᠣᠭᠤᠷᠢᠭ ᠤᠨ ᠨᠠᠮ ᠤᠨ ᠭᠡᠰᠢᠭᠦᠳ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ︽ᠬᠢᠵᠢᠭ︾ ᠤᠨ ᠳᠠᠶᠢᠯᠠᠯᠳᠤᠭᠠᠨ ᠳᠤ ᠬᠠᠶᠢᠷ᠎ᠠ ᠬᠠᠯᠠᠮᠵᠢ ᠪᠠᠨ ᠡᠷᠭᠦᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠷᠢᠨ ᠨᠠᠮᠤᠭᠤᠬᠠᠨ ᠤᠷᠤᠰᠬᠠᠯ ᠰᠦᠷ ᠳᠠᠯᠠᠶᠢᠴᠠᠲᠠᠢ ᠬᠦᠴᠦᠨ ᠪᠣᠯᠪᠠ᠃ 
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号