ᠬᠦᠬᠡᠬᠤᠳᠠ ᠭᠤᠷᠪᠠᠳᠡᠬᠢ ᠤᠳᠠᠭᠠᠨ ᠤ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠳᠠ ᠶᠢᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠠᠠᠵᠢᠭᠤᠯᠤᠨ ᠬᠢᠵᠦ ᠪᠤᠢ
ᠨᠡᠶᠢᠲᠡᠯᠡᠭᠰᠡᠨ ᠴᠠᠭ᠄
2020-03-24
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠣᠣ ᠨᠠᠷᠠᠨᠲᠤᠶᠠᠭ᠎ᠠ︶ 2020 ᠤᠨ ᠤ ᠭᠤᠷᠪᠠᠳᠡᠬᠢ ᠤᠳᠠᠭᠠᠨ ᠤ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠳᠠ ︵ᠳᠣᠣᠷ᠎ᠠ ︽ᠭᠤᠷᠪᠠᠳᠡᠬᠢ ᠪᠠᠶᠢᠴᠠᠭᠠᠯᠳᠠ︾ ᠭᠡᠵᠦ ᠳᠥᠭᠦᠮᠴᠢᠯᠡᠨ᠎ᠡ︶ ᠲᠡᠭᠦᠰᠬᠡᠯ ᠤᠨ ᠱᠠᠳᠤᠨ ᠳᠤ ᠤᠷᠤᠭᠠᠳ ᠪᠤᠢ᠂ ᠬᠦᠬᠡᠬᠤᠳᠠ ︽ᠭᠤᠷᠪᠠᠳᠡᠬᠢ ᠪᠠᠶᠢᠴᠠᠭᠠᠯᠳᠠ︾ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠦᠭᠡᠳ ᠡᠮᠬᠢ ᠵᠢᠷᠤᠮ ᠲᠠᠢ ᠠᠬᠢᠭᠤᠯᠬᠤ ᠶᠢᠨ ᠲᠦᠯᠦᠭᠡ᠂ ᠬᠤᠳᠠ ᠶᠢᠨ ︽ᠭᠤᠷᠪᠠᠳᠡᠬᠢ ᠪᠠᠶᠢᠴᠠᠭᠠᠯᠳᠠ︾ ᠶᠢᠨ ᠠᠯᠪᠠᠨ ᠭᠡᠷ ᠠᠴᠠ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠮᠠᠨ ᠤ ᠬᠤᠲᠠ ᠶᠢᠨ ᠭᠤᠷᠪᠠᠳᠡᠬᠢ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠳᠠ ᠶᠢᠨ ᠬᠠᠮᠢᠶ᠎ᠠ ᠪᠦᠬᠦᠢ ᠠᠵᠢᠯ ᠢ ᠰᠠᠶᠢᠳᠤᠷ ᠬᠢᠬᠦ ᠲᠤᠬᠠᠢ ᠮᠡᠳᠡᠭᠳᠡᠯ︾ ᠢ ᠲᠠᠷᠤᠮᠠᠯᠯᠠᠨ ᠲᠠᠷᠬᠠᠭᠠᠪᠠ᠃      ︽ᠮᠡᠳᠡᠭᠳᠡᠯ︾ ᠨᠢ ᠪᠤᠳᠠᠳᠠᠢ ᠠᠷᠭ᠎ᠠ ᠬᠡᠮᠵᠢᠶ᠎ᠡ ᠶᠢ ᠲᠤᠳᠤᠷᠬᠠᠢᠢᠯᠠᠵᠤ᠂ ᠠᠵᠢᠯ ᠤᠨ ᠰᠡᠳᠭᠢᠴᠡ ᠪᠠᠨ ᠨᠠᠷᠢᠯᠢᠠᠠᠵᠢᠭᠤᠯᠵᠤ᠂ ᠬᠦᠬᠡᠬᠤᠳᠠ ᠶᠢᠨ ︽ᠭᠤᠷᠪᠠᠳᠡᠬᠢ ᠪᠠᠶᠢᠴᠠᠭᠠᠯᠳᠠ︾ ᠶᠢᠨ ᠠᠵᠢᠯ ᠢ ᠴᠢᠨᠠᠷ ᠰᠠᠶᠢᠳᠠᠢ ᠪᠡᠶᠡᠯᠡᠭᠦᠯᠬᠦ ᠳᠤ ᠰᠠᠭᠤᠷᠢ ᠲᠠᠯᠪᠢᠵᠤ ᠦᠭᠪᠡ᠃ ᠠᠵᠢᠯᠯᠠᠬᠤ ᠬᠡᠯᠪᠡᠷᠢ ᠶᠢᠨ ᠲᠠᠯ᠎ᠠ ᠪᠠᠷ ᠲᠤᠬᠢᠷᠠᠭᠤᠯᠤᠯᠳᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠤᠷᠢᠳᠠᠯ ᠳᠣᠣᠷ᠎ᠠ᠂ ᠰᠦᠯᠵᠢᠶ᠎ᠡ ᠪᠠᠷ ᠠᠵᠢᠯᠯᠠᠬᠤ᠂ ᠴᠠᠭ ᠵᠦᠷᠢᠭᠦᠯᠡᠵᠦ ᠠᠵᠢᠯᠯᠠᠬᠤ᠂ ᠡᠭᠡᠯᠵᠢᠯᠡᠨ ᠠᠵᠢᠯᠯᠠᠬᠤ ᠵᠡᠷᠭᠡ ᠠᠵᠢᠯᠯᠠᠬᠤ ᠠᠮᠢᠳᠤᠯᠢᠭ ᠠᠷᠭ᠎ᠠ ᠮᠠᠶ᠋ᠢᠭ ᠠᠪᠴᠠᠢ︔ ᠤᠯᠤᠰ᠂ ᠦᠪᠡᠷᠳᠡᠭᠡᠨ ᠵᠠᠰᠠᠬᠤ ᠤᠷᠤᠨ ᠤ ᠤᠳᠠᠭ᠎ᠠ ᠪᠦᠷᠢ ᠶᠢᠨ ᠬᠢᠨᠠᠨ ᠵᠢᠯᠤᠭᠤᠳᠴᠤ ᠪᠠᠶᠢᠴᠠᠭᠠᠬᠤ ᠳᠤ ᠵᠢᠭᠠᠵᠤ ᠭᠠᠷᠭᠠᠭᠰᠠᠨ ᠠᠰᠠᠭᠤᠳᠠᠯ ᠲᠠᠢ ᠤᠶᠠᠯᠳᠤᠭᠤᠯᠤᠨ ᠠᠩᠬᠠᠨ ᠤ ᠪᠠᠶᠢᠴᠠᠭᠠᠯᠲᠠ ᠶᠢᠨ ᠦᠷ᠎ᠡ ᠪᠦᠳᠦᠭᠡᠯ ᠶᠢ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠵᠦ ᠪᠤᠢ︔ ᠡᠯ᠎ᠡ ᠬᠤᠰᠢᠭᠤ ᠰᠢᠶᠠᠨ ᠲᠣᠭᠤᠷᠢᠭ ᠨᠢ ᠠᠩᠬᠠᠨ ᠤ ᠪᠠᠶᠢᠴᠠᠭᠠᠯᠳᠠ ᠳᠤ ᠪᠦᠬᠦ ᠲᠠᠯ᠎ᠠ ᠪᠠᠷ ᠥᠪᠡᠷ ᠢ ᠪᠠᠨ ᠪᠠᠶᠢᠴᠠᠭᠠᠵᠤ᠂ ᠦᠪᠡᠰᠦᠪᠡᠨ ᠪᠠᠶᠢᠴᠠᠭᠠᠭᠰᠠᠨ ᠮᠡᠳᠡᠭᠦᠯᠦᠯᠳᠡ ᠪᠠ ᠠᠰᠠᠭᠤᠳᠠᠯ ᠤᠨ ᠵᠢᠷᠤᠭ ᠤᠨ ᠬᠦᠰᠦᠨᠦᠭ ᠢ ᠪᠤᠢ ᠪᠤᠯᠭᠠᠵᠤ᠂ ᠲᠡᠭᠡᠳᠤ ᠱᠠᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠭᠦᠯᠵᠦ᠂ ᠠᠵᠢᠯ ᠤᠨ ᠳ᠋ᠦᠩᠨᠡᠯᠳᠡ᠂ ᠲᠤᠭ᠎ᠠ ᠪᠠᠷᠢᠮᠳᠠ ᠶᠢᠨ ᠵᠠᠳᠠᠯᠤᠯᠳᠠ᠂ ᠮᠡᠳᠡᠭᠦᠯᠦᠯᠳᠡ ᠨᠠᠶᠢᠷᠠᠭᠤᠯᠤᠨ ᠪᠢᠴᠢᠬᠦ᠂ ᠮᠠᠲ᠋ᠧᠷᠢᠶᠠᠯ ᠢ ᠲᠠᠩᠰᠠ ᠡᠪᠬᠡᠮᠡᠯ ᠳᠤ ᠤᠷᠤᠭᠤᠯᠬᠤ ᠵᠡᠷᠭᠡ ᠶᠢ ᠤᠷᠢᠳ ᠢᠶᠠᠷ ᠬᠡᠷᠡᠭᠵᠢᠭᠦᠯᠵᠦ᠂ ᠬᠠᠮᠤᠭ ‍ᠤᠨ‌ᠣᠶᠢᠷ᠎ᠠ ᠴᠠᠭ ᠤᠨ ᠳᠣᠲᠣᠷ᠎ᠠ ᠱᠠᠳᠤᠴᠢ ᠴᠢᠨᠠᠷᠳᠠᠢ ᠠᠵᠢᠯ ᠢ ᠰᠠᠶᠢᠳᠤᠷ ᠬᠢᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号