ᠠᠵᠢᠯ ᠦᠢᠯᠡᠰ ᠢᠶᠠᠨ ᠡᠷᠬᠢᠮᠯᠡᠬᠦ ᠪᠠᠭ᠎ᠠ ᠰᠤᠪᠢᠯᠠᠭᠴᠢ᠂ ᠶᠡᠭᠡ ᠬᠢᠵᠢᠭ ᠤᠨ ᠪᠠᠶᠢᠳᠠᠯ ᠠᠴᠠ ᠠᠶᠤᠬᠤ ᠦᠭᠡᠢ
ᠨᠡᠶᠢᠲᠡᠯᠡᠭᠰᠡᠨ ᠴᠠᠭ᠄
2020-03-25
     ᠨᠢᠭᠡ ᠤᠳᠠᠭᠠᠨ ᠤ ᠭᠡᠨᠡᠳᠲᠡ ᠶᠢᠨ ᠬᠢᠵᠢᠭ ᠤᠨ ᠪᠠᠶᠢᠳᠠᠯ ᠨᠢ ᠡᠨᠡ ᠵᠢᠯ ᠤᠨ ᠴᠠᠭᠠᠨ ᠰᠠᠷ᠎ᠠ ᠶᠢ ᠶᠡᠷᠦ ᠪᠤᠰᠤ ᠶᠢᠨ ᠪᠣᠯᠭᠠᠵᠠᠢ᠃ ᠵᠠᠩ ᠵᠢᠶᠦ᠋ᠨ ᠰᠢᠶᠠ ᠮᠠᠨ ᠤ ᠭᠡᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠰᠤᠪᠢᠯᠠᠭᠴᠢ ᠪᠣᠯᠤᠭᠰᠠᠨ ᠤ ᠬᠤᠪᠢ ᠳᠤ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠲᠡᠷᠡ ᠴᠠᠭᠠᠨ ᠰᠠᠷ᠎ᠠ ᠶᠢᠨ ᠠᠮᠠᠷᠠᠯᠲᠠ ᠪᠠᠨ ᠬᠠᠶᠠᠵᠤ᠂ ᠡᠳᠦᠷ ᠰᠥᠨᠢ ᠦᠭᠡᠶ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠥᠯᠥᠭᠡ ᠶᠠᠭᠠᠷᠠᠯᠳᠤᠵᠤ᠂ ᠨᠡᠶᠢᠭᠡᠮ ᠲᠣᠭᠤᠷᠢᠭ ᠤᠨ ᠠᠵᠢᠯᠲᠠᠳ ᠲᠠᠢ ᠢᠳᠡᠪᠬᠢᠲᠡᠶ ᠬᠠᠮᠵᠢᠯᠴᠠᠵᠤ᠂ ᠲᠣᠭᠤᠷᠢᠭ ᠤᠨ ᠬᠢᠵᠢᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠪᠦᠷᠢᠳᠬᠡᠯ ᠬᠢᠬᠦ ᠵᠡᠷᠭᠡ ᠲᠠᠯ᠎ᠠ ᠪᠠᠷ ᠡᠨᠡ ᠪᠦᠬᠦᠨ ᠳᠤ ᠬᠠᠨᠳᠤᠵᠤ᠂ ᠲᠡᠷᠡ ᠶᠡᠷᠦ ᠠᠴᠠ ᠥᠴᠦᠬᠡᠨ ᠴᠦ ᠡᠷᠡᠭᠡᠯᠵᠡᠨ ᠲᠠᠲᠠᠭᠠᠯᠵᠠᠵᠤ ᠥᠩᠭᠡᠷᠡᠭᠰᠡᠨ ᠦᠭᠡᠢ᠂ ᠨᠡᠩ ᠴᠤ ᠤᠬᠤᠷᠢᠭᠰᠠᠨ ᠦᠭᠡᠢ᠂ ᠬᠠᠬᠢᠷ ᠬᠦᠢᠲᠡᠨ ᠡᠪᠦᠯ᠂ ᠬᠠᠲᠠᠭᠤ ᠰᠢᠷᠦᠭᠦᠨ ᠥᠷᠢᠰᠥᠯᠳᠦᠭᠡᠨ ᠠᠴᠠ ᠡᠮᠦᠨ᠎ᠡ᠂ ᠮᠥᠨ ᠯᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠥᠯᠥᠰᠥ ᠤᠰᠤ ᠪᠠᠷ ᠢᠶᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠵᠤ᠂ ᠰᠡᠳᠬᠢᠯ ᠳᠣᠭᠳᠣᠯᠤᠭᠰᠠᠨ ᠬᠤᠷᠣᠮᠬᠠᠨ ᠵᠠᠭᠤᠷ᠎ᠠ ᠦᠯᠡᠳᠡᠪᠡ᠃      ᠬᠢᠵᠢᠭ ᠤᠨ ᠪᠠᠶᠢᠳᠠᠯ ᠪᠣᠯ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠡᠪᠦᠯ ᠤᠨ ᠤᠯᠠᠷᠢᠯ ᠬᠤᠯᠠᠳᠠᠵᠤ᠂ ᠬᠠᠪᠤᠷ ᠨᠢᠭᠡᠨᠲᠡ ᠬᠦᠷᠴᠦ ᠢᠷᠡᠯ᠎ᠡ᠂ ᠡᠨᠡᠬᠦ ᠤᠳᠠᠭᠠᠨ ᠤ ᠤᠲᠤᠭ᠎ᠠ ᠦᠭᠡᠶ ᠳᠠᠶᠢᠨ ᠤ ︽ᠬᠢᠵᠢᠭ︾ ᠳᠤᠮᠳᠠ᠂ ᠨᠡᠩ ᠣᠯᠠᠨ ᠨᠠᠮ ᠤᠨ ᠭᠡᠰᠢᠭᠦᠨ ᠰᠠᠶᠢᠨ ᠳᠤᠷᠠᠴᠤᠳ᠂ ᠨᠡᠶᠢᠭᠡᠮ ᠲᠣᠭᠤᠷᠢᠭ ᠤᠨ ᠬᠠᠯᠠᠭᠤᠨ ᠰᠡᠳᠬᠢᠯᠲᠦ ᠰᠠᠭᠤᠭᠠᠯᠢ ᠠᠷᠠᠳ ᠢᠳᠡᠪᠬᠢᠲᠡᠶ ᠪᠠᠷ ︽ᠳᠠᠶᠢᠨ︾ ᠳᠤ ᠣᠷᠣᠯᠴᠠᠵᠤ᠂ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠨ ᠤ ᠢᠯᠠᠯᠲᠠ ᠣᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号