ᠳᠠᠶᠢᠨ ᠤ ᠦᠶ᠎ᠡ ᠳᠤ ᠡᠷᠴᠢ ᠵᠣᠷᠢᠭ ᠢᠶᠠᠨ ᠬᠥᠪᠴᠢᠯᠡᠵᠦ᠂ ᠨᠢᠭᠡᠳᠦᠭᠡᠷ ᠹᠷᠣᠨᠲ ᠲᠤ ᠱᠠᠩᠨᠠᠯ ᠬᠦᠷᠭᠡᠵᠦ ᠬᠥᠮᠦᠰ ᠤᠨ ᠰᠡᠳᠬᠢᠯ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2020-03-30
     ᠰᠢᠨ᠎ᠡ ᠬᠡᠯᠪᠡᠷᠢ ᠶᠢᠨ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠠᠴᠠ ᠨᠠᠰᠢ᠂ ᠠᠯᠠᠱᠠᠨ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠡᠭᠦᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠶᠢ ᠣᠳᠣᠬᠠᠨ ᠤ ᠶᠠᠭᠤᠨ ᠠᠴᠠ ᠴᠤ ᠴᠢᠬᠤᠯᠠ ᠡᠭᠦᠷᠭᠡ ᠪᠣᠯᠭᠠᠵᠤ᠂ ᠨᠡᠶᠢᠭᠡᠮ ᠲᠣᠭᠤᠷᠢᠭ ᠤᠨ ᠪᠥᠬᠦ ᠠᠵᠢᠯᠲᠠᠨ ᠵᠢᠴᠢ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ᠂ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠣᠷᠣᠯᠴᠠᠭᠴᠢ ᠶᠢ ᠵᠣᠬᠢᠶᠠᠨ ᠪᠠᠶᠢᠭᠤᠯᠤᠨ ᠳᠠᠭᠠᠭᠤᠯᠵᠤ᠂ ᠲᠡᠷᠡ ᠳᠠᠷᠤᠶ ᠳᠤᠨᠢ ᠰᠢᠨ᠎ᠡ ᠬᠡᠯᠪᠡᠷᠢ ᠶᠢᠨ ᠲᠢᠲᠢᠮᠯᠡᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠶᠢᠭᠤᠯᠪᠠ᠃      ︽ᠬᠢᠵᠢᠭ︾ ᠢ ᠡᠰᠡᠷᠭᠦᠴᠡᠬᠦ ᠬᠤᠭᠤᠴᠠᠭᠠᠨ ᠳᠤ᠂ ᠨᠡᠶᠢᠭᠡᠮ ᠲᠣᠭᠤᠷᠢᠭ ᠲᠤ ᠨᠢᠭᠡ ᠪᠦᠯᠦᠭ ᠲᠡᠷᠢᠭᠦᠨ ᠤ ᠬᠠᠮᠲᠤ ᠪᠠ ᠬᠤᠪᠢ ᠬᠥᠮᠦᠨ ᠴᠣᠯᠭᠤᠷᠠᠨ ᠭᠠᠷᠴᠤ᠂ ᠲᠡᠳᠡᠨ ᠤ ᠳᠣᠲᠣᠷ᠎ᠠ ᠠᠵᠢᠯᠯᠠᠵᠤ ᠪᠠᠶᠢᠭ᠎ᠠ ᠨᠠᠮ ᠤᠨ ᠭᠡᠰᠢᠭᠦᠨ᠂ ᠨᠢᠭᠡᠴᠢ ᠶᠢᠨ ᠠᠵᠢᠯᠲᠠᠨ ᠠᠵᠢᠯᠴᠢᠨ᠂ ᠣᠶᠤᠲᠠᠨ ᠵᠡᠷᠭᠡ ᠪᠠᠶᠢᠪᠠ᠃ ᠲᠡᠳᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠦᠵᠡᠭᠦᠯᠦᠭᠰᠡᠨ ᠬᠤᠪᠢ ᠨᠡᠮᠡᠷᠢ ᠶᠢ ᠬᠥᠬᠢᠭᠦᠯᠦᠨ ᠰᠠᠶᠢᠰᠢᠶᠠᠬᠤ ᠶᠢᠨ ᠬᠠᠮᠲᠤ ᠪᠠᠰᠠ ᠤᠯᠠᠮ ᠨᠢᠭᠡ ᠠᠯᠬᠤᠮ ᠵᠣᠷᠢᠭ ᠰᠠᠨᠠᠭ᠎ᠠ ᠪᠠᠨ ᠬᠥᠪᠴᠢᠯᠡᠨ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠶᠢᠨ ᠲᠥᠯᠥᠭᠡ᠂ 2020 ᠣᠨ ᠤ 3 ᠰᠠᠷ᠎ᠠ ᠶᠢᠨ 15 ᠤ ᠡᠳᠦᠷ᠂ 16 ᠤ ᠡᠳᠦᠷ᠂ ᠠᠯᠠᠱᠠᠨ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠪᠠᠭ ᠤᠨ ᠪᠦᠷᠢᠯᠳᠦᠬᠦᠨ ᠲᠣᠰ ᠲᠣᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠰᠢᠯᠢᠳᠡᠭ ᠰᠠᠶᠢᠨ ᠳᠤᠷ᠎ᠠ ᠶᠢᠨ ᠣᠷᠣᠯᠴᠠᠭᠴᠢ ᠶᠢ ᠲᠤᠬᠠᠶ ᠶᠢᠨ ᠲᠠᠯᠠᠪᠤᠷ ᠲᠤ ᠢᠷᠠᠭᠤ ᠠᠯᠳᠠᠷ ᠤᠨ ᠦᠨᠡᠮᠯᠡᠯ ᠣᠯᠭᠤᠭᠰᠠᠨ ᠪᠥᠭᠡᠳ ᠲᠡᠳᠡᠨ ᠤ ᠬᠠᠷᠠᠮ ᠥᠬᠡᠶ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠭᠦᠢᠴᠡᠳ ᠨᠤᠲᠠᠯᠠᠵᠤ ᠲᠠᠯᠠᠷᠬᠠᠭᠰᠠᠨ ᠪᠠᠶᠢᠨ᠎ᠠ᠃  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号