ᠬᠦᠬᠡᠬᠤᠲᠠ ᠡᠮ ᠡᠮᠨᠡᠯᠬᠡ ᠶᠢᠨ ᠪᠠᠳᠤᠯᠠᠭ᠎ᠠ ᠶᠢᠨ ᠲᠠᠭᠠᠳᠬᠠᠯ ᠤᠨ ᠮᠦᠡᠭᠬᠦ ᠶᠢ ᠮᠡᠬᠡᠯᠡᠨ ᠠᠪᠬᠤ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠤ ᠵᠠᠰᠠᠨ ᠴᠡᠭᠴᠡᠯᠠᠬᠦ ᠠᠵᠢᠯᠯᠠᠭ᠎ᠠ ᠥᠷᠨᠢᠭᠦᠯᠦᠯ᠎ᠡ
ᠨᠡᠶᠢᠲᠡᠯᠡᠭᠰᠡᠨ ᠴᠠᠭ᠄
2020-04-23
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠤᠤ ᠢᠤᠢ ᠶᠢᠩ︶  ᠰᠤᠷᠪᠤᠯᠵᠢᠯᠠᠭᠴᠢ ᠬᠥᠬᠡᠬᠤᠲᠠ ᠶᠢᠨ ᠡᠮ ᠡᠮᠨᠡᠯᠬᠡ ᠶᠢᠨ ᠪᠠᠲᠤᠯᠠᠭ᠎ᠠ ᠶᠢᠨ ᠲᠣᠪᠴᠢᠶᠠᠨ ᠠᠴᠠ  ᠣᠶᠢᠯᠠᠭᠠᠭᠰᠠᠨ ᠢᠶᠠᠷ᠂ ᠡᠮ ᠡᠮᠨᠡᠯᠬᠡ ᠶᠢᠨ ᠪᠠᠲᠤᠯᠠᠭ᠎ᠠ ᠶᠢᠨ ᠬᠦᠷᠢᠶ᠎ᠡ ᠴᠠᠷᠠᠭ᠎ᠠ ᠳᠠᠬᠢ ᠳᠠᠭᠠᠳᠬᠠᠯ ᠤᠨ ᠮᠦᠡᠭᠬᠦ ᠶᠢ ᠮᠡᠬᠡᠯᠡᠨ ᠠᠪᠬᠤ ᠠᠵᠢᠯᠯᠠᠭ᠎ᠠ ᠳᠤ ᠴᠤᠬᠢᠯᠲᠠ ᠦᠭᠴᠤ᠂ ᠰᠠᠭᠤᠷᠢ ᠮᠦᠡᠭᠬᠦ ᠶᠢᠨ ᠠᠮᠤᠷ ᠲᠦᠪᠰᠢᠨ ᠤ ᠲᠣᠭᠲᠠᠭᠤᠨ ᠢ ᠬᠠᠮᠠᠭᠠᠯᠠᠬᠤ ᠶᠢᠨ ᠲᠦᠯᠤᠬᠡ᠂ ᠬᠦᠬᠡᠬᠤᠲᠠ 4 ᠰᠠᠷ᠎ᠠ ᠠᠴᠠ 11 ᠰᠠᠷ᠎ᠠ ᠶᠢᠨ ᠬᠤᠭᠤᠷᠤᠨᠲᠤ᠂ ᠪᠦᠬᠦ ᠬᠤᠲᠠ ᠶᠢᠨ ᠬᠡᠪᠴᠢᠶᠡᠨ ᠳᠤ ᠡᠮ ᠡᠮᠨᠡᠯᠬᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢ ᠦᠪᠠᠷ  ᠢᠶᠠᠨ ᠪᠠᠶᠢᠴᠠᠭᠠᠨ ᠥᠪᠡᠷ ᠢᠶᠠᠨ ᠵᠠᠯᠠᠷᠠᠭᠤᠯᠬᠤ ᠲᠤᠰᠬᠠᠢ ᠲᠥᠷᠥᠯ ᠤᠨ ᠠᠵᠢᠯᠯᠠᠭ᠎ᠠ ᠥᠷᠨᠢᠭᠦᠯᠵᠦ ᠡᠬᠢᠯᠡᠵᠡᠢ᠃      ᠲᠠᠨᠢᠯᠴᠠᠭᠤᠯᠭ᠎ᠠ ᠶᠢ ᠦᠨᠳᠤᠰᠤᠯᠠᠪᠠᠯ᠂ ᠲᠤᠰ ᠤᠲᠠᠭᠠᠨ ᠤ ᠴᠢᠩᠭ᠎ᠠ ᠴᠤᠬᠢᠯᠲᠠ ᠦᠭᠴᠤ ᠵᠠᠰᠠᠨ ᠴᠡᠭᠴᠡᠯᠡᠬᠦ ᠠᠵᠢᠯᠯᠠᠭ᠎ᠠ ᠨᠢ ᠭᠤᠤᠯᠲᠠᠭᠤ ᠲᠣᠭᠲᠠᠭᠰᠠᠨ ᠴᠡᠭ ᠤᠨ ᠡᠮ ᠡᠮᠨᠡᠯᠬᠡ ᠶᠢᠨ ᠪᠠᠶᠢᠭᠤᠯᠤᠮᠵᠢ ᠵᠢᠴᠢ ᠲᠡᠭᠦᠨ ᠤ ᠠᠵᠢᠯᠲᠠᠨ ᠡᠮ ᠡᠮᠨᠡᠯᠬᠡ ᠶᠢᠨ ᠬᠠᠭᠤᠷᠮᠠᠬ ᠡᠮ ᠡᠮᠨᠡᠯᠭᠡ ᠶᠢᠨ ᠦᠢᠯᠠᠴᠢᠯᠡᠭᠡ ᠬᠠᠩᠭᠠᠵᠣ᠂ ᠡᠮ ᠡᠮᠨᠡᠯᠬᠡ ᠶᠢᠨ ᠪᠢᠴᠢᠭ ᠬᠠᠷ᠎ᠠ ᠪᠠ ᠪᠠᠷᠢᠮᠲᠠ ᠶᠢ ᠬᠠᠭᠤᠷᠮᠠᠭᠯᠠᠨ ᠵᠤᠬᠢᠶᠠᠵᠣ ᠡᠮ ᠡᠮᠨᠡᠯᠬᠡ ᠶᠢᠨ ᠪᠠᠲᠤᠯᠠᠭ᠎ᠠ ᠶᠢᠨ ᠰᠠᠭᠤᠷᠢ ᠮᠦᠡᠭᠬᠦ ᠶᠢ ᠮᠡᠬᠡᠯᠡᠨ ᠠᠪᠬᠤ︔ ᠲᠠᠭᠠᠳᠬᠠᠯ ᠳᠤ ᠤᠷᠤᠭᠰᠠᠨ ᠬᠦᠮᠤᠰ ᠲᠤ ᠬᠤᠳᠠᠯ ᠬᠠᠭᠤᠷᠮᠠᠭ ᠪᠠᠷᠢᠮᠲᠠ ᠬᠠᠨᠭ᠍ᠭᠠᠬᠤ︔ ᠬᠤᠪᠢ ᠬᠥᠮᠥᠨ ᠤ ᠡᠭᠦᠷᠭᠡᠯᠡᠬᠦ ᠡᠮ ᠡᠮᠨᠡᠯᠬᠡ ᠶᠢᠨ ᠰᠦᠢᠳᠬᠡᠯ ᠢ ᠡᠮ ᠡᠮᠨᠡᠯᠬᠡ ᠶᠢᠨ ᠪᠠᠲᠤᠯᠠᠭ᠎ᠠ ᠶᠢᠨ ᠰᠠᠭᠤᠷᠢ ᠮᠦᠡᠭᠬᠦ ᠠᠴᠠ ᠭᠠᠷᠭᠠᠬᠤ ᠬᠦᠷᠢᠶ᠎ᠡ ᠬᠡᠪᠴᠢᠶᠠᠨ ᠳᠤ ᠲᠠᠮᠳᠡᠭᠯᠡᠨ ᠤᠷᠤᠭᠤᠯᠬᠤ︔ ᠡᠮ ᠡᠮᠨᠡᠯᠬᠡ ᠶᠢᠨ ᠪᠠᠲᠤᠯᠠᠭ᠎ᠠ ᠶᠢᠨ ᠬᠦᠷᠢᠶᠠᠨ ᠳᠤ ᠬᠠᠷᠢᠶᠠᠯᠠᠭᠲᠠᠬᠤ ᠦᠬᠡᠢ ᠬᠦᠮᠤᠰ ᠲᠤ ᠡᠮ ᠡᠮᠨᠡᠯᠬᠡ ᠶᠢᠨ ᠳᠠᠭᠠᠳᠬᠠᠯ ᠤᠨ ᠠᠰᠠᠷᠠᠮᠵᠢ ᠣᠯᠭᠤᠮᠵᠢ ᠰᠢᠢᠳᠪᠦᠷᠢᠯᠡᠨ ᠦᠭᠬᠦ︔ ᠲᠤᠭᠲᠠᠭᠰᠠᠨ ᠴᠡᠭ ᠤᠨ ᠪᠤᠰᠤ ᠡᠮ ᠡᠮᠨᠡᠯᠬᠡ ᠶᠢᠨ ᠪᠠᠶᠢᠭᠤᠯᠤᠮᠵᠢ ᠳᠤ ᠺᠠᠷᠲ  ᠬᠡᠷᠡᠭᠯᠡᠵᠤ ᠲᠠᠩᠰᠠᠨ ᠳᠤ ᠲᠠᠮᠳᠡᠭᠯᠡᠬᠦ ᠦᠢᠯᠠᠴᠢᠯᠡᠭᠡ ᠬᠠᠨᠭ᠍ᠭᠠᠬᠤ︔ ᠨᠡᠷ᠎ᠡ ᠡᠯᠬᠦᠵᠤ ᠡᠮᠨᠡᠯᠬᠡ ᠳᠤ ᠰᠠᠭᠤᠬᠤ᠂ ᠡᠮᠨᠡᠯᠬᠡ ᠳᠤ ᠰᠠᠭᠤᠬᠤ ᠨᠥᠬᠦᠴᠡᠯ ᠢ ᠪᠠᠭᠤᠷᠠᠭᠤᠯᠬᠤ᠂ ᠨᠦᠬᠦᠴᠠᠯ ᠦᠬᠡᠢ ᠪᠠᠷ ᠡᠮᠴᠢᠯᠡᠭᠡ ᠬᠢᠬᠦ᠂ ᠨᠢᠬᠡ ᠤᠳᠠᠭ᠎ᠠ ᠶᠢᠨ ᠴᠢᠨᠠᠷᠲᠠᠢ ᠲᠣᠭᠠᠴᠠᠭ᠎ᠠ ᠬᠢᠬᠦ ᠶᠢ ᠬᠡᠳᠦ ᠤᠳᠠᠭ᠎ᠠ ᠬᠤᠪᠢᠶᠠᠵᠤ ᠲᠣᠭᠠᠴᠠᠭ᠎ᠠ ᠬᠢᠬᠦ︔ ᠡᠮ ᠤᠨ ᠵᠦᠢᠯ᠂ ᠬᠤᠷᠤᠭᠲᠠᠯ ᠮᠠᠲ᠋ᠧᠷᠢᠶᠠᠯ ᠂ ᠡᠳ᠋ ᠪᠤᠲᠠᠰ᠂ ᠡᠮᠴᠢᠯᠠᠬᠡᠨ ᠤ ᠲᠦᠷᠦᠯ ᠵᠦᠢᠯ ᠵᠡᠷᠬᠡ ᠶᠢ ᠰᠤᠯᠢᠯᠴᠠᠭᠤᠯᠵᠤ ᠡᠮ ᠡᠮᠨᠡᠯᠬᠡ ᠶᠢᠨ ᠪᠠᠲᠤᠯᠠᠭ᠎ᠠ ᠶᠢᠨ ᠰᠠᠭᠤᠷᠢ ᠮᠦᠡᠭᠬᠦ ᠶᠢᠨ ᠵᠠᠷᠤᠯᠭ᠎ᠠ ᠶᠢ ᠮᠠᠬᠡᠯᠡᠨ ᠠᠪᠬᠤ︔ ᠲᠤᠭᠲᠠᠭᠰᠠᠨ ᠴᠡᠭ ᠤᠨ ᠡᠮ ᠤᠨ ᠲᠠᠯᠬᠡᠬᠦᠷ ᠵᠢᠴᠢ ᠳᠡᠭᠦᠨ ᠤ ᠠᠵᠢᠯᠲᠠᠨ ᠡᠮ ᠡᠮᠨᠡᠯᠬᠡ ᠶᠢᠨ ᠪᠠᠲᠤᠯᠠᠭ᠎ᠠ ᠶᠢᠨ ᠭᠡᠷᠡᠴᠢ ᠶᠢ ᠬᠤᠯᠠᠭᠠᠢᠢᠯᠠᠨ ᠬᠡᠷᠡᠭᠯᠠᠵᠤ᠂ ᠲᠠᠭᠠᠳᠬᠠᠯ ᠳᠤ ᠤᠷᠤᠭᠰᠠᠨ ᠬᠦᠮᠤᠰ ᠲᠤ ᠪᠠᠯᠠᠨ ᠵᠤᠭᠤᠰ ᠭᠠᠷᠭᠠᠨ ᠦᠭᠬᠦ ᠪᠤᠶᠤ ᠰᠢᠮ᠎ᠡ ᠲᠠᠵᠢᠬᠡᠯᠳᠦ ᠪᠣᠳᠠᠰ ᠡᠷᠡᠭᠦᠯᠵᠢᠯ ᠤᠨ ᠢᠲᠠᠬᠡᠨ᠂ ᠭᠤᠶᠣᠯᠠᠯ ᠤᠨ ᠡᠳ᠋᠂ ᠠᠮᠢᠳᠤᠷᠠᠯ ᠤᠨ ᠬᠡᠷᠡᠭᠯᠡᠬᠡᠨ ᠤ ᠪᠤᠲᠠᠰ ᠵᠡᠷᠬᠡ ᠡᠮ ᠡᠮᠨᠡᠯᠬᠡ ᠶᠢᠨ ᠪᠤᠲᠠᠰ ᠢ ᠬᠤᠳᠠᠯᠳᠣᠨ ᠠᠪᠬᠤ ᠳᠤ ᠳᠦᠭᠦᠮ ᠦᠵᠡᠭᠦᠯᠬᠦ ᠵᠡᠷᠬᠡ ᠠᠭᠤᠯᠭ᠎ᠠ ᠪᠠᠭᠲᠠᠨ᠎ᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号