ᠬᠦᠬᠡᠬᠤᠳᠠ ᠦᠢᠯᠡᠴᠢᠯᠡᠬᠡᠨ ᠤ ᠠᠵᠦ ᠠᠬᠤᠢᠢᠯᠠᠯ ᠤᠨ ᠠᠵᠢᠯ ᠢᠶᠠᠨ ᠰᠡᠷᠬᠦᠬᠡᠵᠦ ᠦᠢᠯᠡᠳᠪᠦᠷᠢᠯᠡᠯ ᠢᠶᠠᠨ ᠰᠡᠷᠬᠦᠬᠡᠬᠦ ᠶᠢ ᠬᠦᠴᠦᠳᠡᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2020-04-09
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠬᠦᠬᠡᠬᠤᠳᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠦᠬᠦ ᠬᠦᠴᠦ ᠪᠠᠷ ᠢᠶᠠᠨ ᠰᠠᠶᠢᠳᠤᠷ ᠬᠢᠬᠦ ᠶᠢᠨ ᠬᠠᠮᠲᠤ᠂ ᠠᠵᠢᠯ ᠢᠶᠠᠨ ᠰᠡᠷᠬᠦᠬᠡᠵᠦ ᠦᠢᠯᠡᠳᠪᠦᠷᠢᠯᠡᠯ ᠢᠶᠠᠨ ᠰᠡᠷᠬᠦᠬᠡᠬᠦ ᠲᠤᠬᠳᠠᠴᠠ ᠪᠠᠨ ᠪᠦᠷᠢᠨᠰᠢᠬᠦᠯᠵᠦ᠂ ᠤᠯᠠᠨ ᠠᠷᠭ᠎ᠠ ᠬᠡᠮᠵᠢᠶ᠎ᠡ ᠠᠪᠴᠤ ᠦᠢᠯᠡᠴᠢᠯᠡᠬᠡᠨ ᠤ ᠠᠵᠦ ᠠᠬᠤᠶᠢᠯᠠᠯ ᠤᠨ ᠠᠵᠢᠯ ᠢᠶᠠᠨ ᠰᠡᠷᠬᠦᠬᠡᠵᠦ ᠦᠢᠯᠡᠳᠪᠦᠷᠢᠯᠡᠯ ᠢᠶᠠᠨ ᠰᠡᠷᠬᠦᠬᠡᠬᠦ ᠶᠢ ᠬᠦᠴᠦᠲᠡᠢ ᠠᠬᠢᠭᠤᠯᠵᠤ ᠪᠠᠶᠢᠨ᠎ᠠ᠃      ᠬᠤᠳᠠᠯᠳᠤᠭᠠᠨ ᠤ ᠲᠠᠯᠠᠪᠠᠢ ᠪᠦᠷᠢᠨ ᠪᠠᠷᠠᠭ᠎ᠠ ᠶᠢᠨ ᠦᠢᠯᠡᠰ ᠤᠨ ᠲᠠᠯ᠎ᠠ ᠪᠠᠷ᠂ ᠤᠳᠤᠬᠠᠨ ᠳᠤ᠂ ᠬᠥᠬᠡᠬᠤᠲᠠ ᠶᠢᠨ ᠡᠵᠡᠩᠨᠡᠯᠲᠡ ᠶᠢᠨ ᠲᠠᠯᠠᠪᠠᠢ ᠨᠢ 1 ᠲᠦᠮᠡᠨ ᠲᠡᠭᠰᠢ ᠳᠥᠷᠪᠡᠯᠵᠢᠨ ᠮᠧᠲᠷ ᠠᠴᠠ ᠲᠡᠭᠡᠭᠰᠢᠬᠢ 21 ᠲᠣᠮᠣ ᠬᠤᠳᠠᠯᠳᠤᠭᠠᠨ ᠤ ᠲᠠᠯᠠᠪᠠᠢ ᠨᠢ ᠪᠦᠬᠦᠨ ᠢᠶᠠᠷ ᠢᠶᠠᠨ ᠡᠵᠡᠩᠨᠡᠯᠳᠡ ᠪᠠᠨ ᠰᠡᠷᠬᠦᠬᠡᠵᠦ᠂ ᠡᠵᠡᠩᠨᠡᠯᠳᠡ ᠪᠠᠨ ᠰᠡᠷᠭᠦᠭᠡᠭᠰᠡᠨ ᠨᠣᠷᠮ᠎ᠠ ᠨᠢ 100% ᠳᠤ ᠬᠦᠷᠴᠦ᠂ ᠡᠵᠡᠩᠨᠡᠯᠲᠡ ᠶᠢᠨ ᠲᠠᠯᠠᠪᠠᠢ ᠨᠢ 1 ᠲᠦᠮᠡᠨ ᠲᠡᠭᠰᠢ ᠲᠦᠷᠪᠡᠯᠵᠢᠨ ᠮᠧᠲᠷ ᠠᠴᠠ ᠲᠤᠷᠤᠬᠰᠢᠬᠢ ᠶᠡᠷᠦᠩᠬᠡᠶᠢᠯᠡᠭᠰᠡᠨ ᠬᠤᠳᠠᠯᠳᠤᠭᠠᠨ ᠤ ᠲᠠᠯᠠᠪᠠᠢ ᠶᠢᠨ 14 ᠨᠢ ᠡᠵᠡᠩᠨᠡᠯᠲᠡ ᠪᠠᠨ ᠰᠡᠷᠬᠦᠬᠡᠭᠰᠡᠨ ᠪᠠᠶᠢᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠶᠢᠨ ᠬᠠᠮ ᠲᠡᠯᠬᠡᠬᠦᠷ ᠲᠦᠳᠡ ᠳᠡᠯᠭᠡᠭᠦᠷ ᠤᠨ ᠦᠢᠯᠡᠰ ᠤᠨ ᠲᠠᠯ᠎ᠠ ᠪᠠᠷ᠂ ᠬᠥᠬᠡᠬᠤᠲᠠ ᠶᠢᠨ ᠮᠧᠢ ᠲᠦᠩ᠂ ᠳ᠋ᠦᠩ ᠸᠠ ᠶᠣᠣ᠂ ᠸᠠᠨ ᠾᠦᠢ᠂ ᠱᠤᠸᠠᠩ ᠱᠤ᠋᠂ ᠪᠣᠣ ᠴᠢᠤᠧᠠᠨ ᠵᠤᠧᠠᠩ ᠲᠠᠷᠢᠶᠠᠯᠠᠩ ᠤᠨ ᠪᠦᠲᠦᠭᠡᠭᠳᠡᠬᠦᠨ ᠢ ᠪᠦᠬᠡᠮ ᠢᠶᠠᠷ ᠪᠣᠷᠣᠯᠠᠭᠤᠯᠬᠤ 5 ᠲᠣᠮᠣ ᠵᠠᠬ᠎ᠠ ᠳᠡᠯᠭᠡᠭᠦᠷ  ᠨᠢ ᠪᠦᠬᠦᠨ ᠢᠶᠠᠷ ᠢᠶᠠᠨ ᠡᠵᠡᠩᠨᠡᠯᠲᠡ ᠪᠠᠨ ᠰᠡᠷᠬᠦᠭᠡᠵᠦ᠂ ᠪᠦᠬᠦ ᠬᠤᠲᠠ ᠶᠢᠨ ᠡᠵᠡᠩᠨᠡᠯᠲᠡ ᠶᠢᠨ ᠲᠠᠯᠠᠪᠠᠢ ᠨᠢ 600 ᠲᠡᠭᠰᠢ ᠲᠦᠷᠪᠡᠯᠵᠢᠨ ᠮᠧᠲᠷ ᠠᠴᠠ ᠲᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠢᠳᠡᠰᠢᠨ ᠨᠣᠭᠤᠭ᠎ᠠ ᠶᠢᠨ 65 ᠵᠠᠬ᠎ᠠ ᠳᠡᠯᠭᠡᠭᠦᠷ ᠤᠨ 58 ᠨᠢ ᠬᠡᠪ ᠤᠨ ᠶᠣᠰᠣᠭᠠᠷ ᠡᠵᠡᠩᠨᠡᠵᠦ᠂ ᠡᠵᠡᠩᠨᠡᠯᠳᠡ ᠬᠢᠵᠦ ᠪᠠᠶᠢᠭ᠎ᠠ ᠨᠣᠷᠮ᠎ᠠ ᠨᠢ 89.2% ᠲᠤ  ᠬᠦᠷᠴᠦ᠂ 60 ᠶᠡᠷᠦᠩᠬᠡᠶᠢᠯᠡᠭᠰᠡᠨ ᠬᠠᠮ ᠲᠡᠯᠬᠡᠬᠦᠷ ᠨᠢ ᠬᠠᠩᠭᠠᠯᠭ᠎ᠠ ᠶᠢ ᠪᠠᠲᠤᠯᠠᠬᠤ ᠱᠠᠭᠠᠷᠳᠠᠯᠭ᠎ᠠ ᠠᠴᠠ ᠪᠤᠯᠵᠦ ᠴᠠᠭᠠᠨ ᠰᠠᠷ᠎ᠠ ᠠᠴᠠ ᠨᠠᠭᠠᠰᠢ ᠪᠦᠬᠦᠨ ᠢᠶᠠᠷ ᠢᠶᠠᠨ ᠬᠡᠪ ᠤᠨ ᠶᠣᠰᠣᠭᠠᠷ ᠡᠵᠡᠩᠨᠡᠵᠦ᠂ ᠡᠵᠡᠩᠨᠡᠯᠳᠡ ᠬᠢᠵᠦ ᠪᠠᠶᠢᠭ᠎ᠠ ᠨᠣᠷᠮ᠎ᠠ ᠨᠢ 100% ᠳᠤ ᠬᠦᠷᠴᠦ᠂ 863 ᠬᠠᠮ ᠲᠡᠯᠬᠡᠬᠦᠷ ᠪᠠ ᠲᠦᠳᠡ ᠳᠡᠯᠭᠡᠭᠦᠷ ᠤᠨ ᠠᠵᠤ ᠠᠬᠤᠶᠢᠯᠠᠯ ᠤᠨ 855 ᠨᠢ ᠬᠡᠪ ᠤᠨ ᠶᠣᠰᠣᠭᠠᠷ ᠡᠵᠡᠩᠨᠡᠵᠦ᠂ ᠡᠵᠡᠩᠨᠡᠯᠳᠡ ᠬᠢᠵᠦ ᠪᠠᠶᠢᠭ᠎ᠠ ᠨᠣᠷᠮ᠎ᠠ ᠨᠢ 99.07% ᠳᠤ ᠬᠦᠷᠦᠭᠰᠡᠨ ᠪᠠᠶᠢᠨ᠎ᠠ᠃ ᠢᠳᠡᠭᠡᠨ ᠤᠮᠳᠠᠭᠠᠨ ᠭᠡᠷ ᠤᠨ ᠠᠵᠢᠯ ᠤᠨ ᠦᠢᠯᠡᠰ ᠤᠨ ᠲᠠᠯ᠎ᠠ ᠪᠠᠷ᠂ ᠤᠳᠤᠬᠠᠨ ᠪᠣᠯᠲᠠᠯ᠎ᠠ᠂ ᠪᠦᠬᠦ ᠬᠤᠲᠠ ᠶᠢᠨ ᠢᠳᠡᠬᠡᠨ ᠤᠮᠳᠠᠭᠠᠨ ᠤ ᠦᠢᠯᠡᠴᠢᠯᠡᠬᠡᠨ ᠤ 17560 ᠠᠵᠦ ᠠᠬᠤᠶᠢᠯᠠᠯ ᠤᠨ 10063 ᠨᠢ ᠡᠵᠡᠩᠨᠡᠯᠲᠡ ᠪᠠᠨ ᠰᠡᠷᠬᠦᠬᠡᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ ᠨᠢ 57.3% ᠳᠤ ᠬᠦᠷᠴᠤ᠂ ᠭᠡᠷ ᠤᠨ ᠠᠵᠢᠯ ᠤᠨ 450 ᠠᠵᠦ ᠠᠬᠤᠶᠢᠯᠠᠯ ᠤᠨ 131 ᠨᠢ ᠡᠵᠡᠩᠨᠡᠯᠲᠡ ᠪᠠᠨ ᠰᠡᠷᠬᠦᠬᠡᠵᠦ᠂ ᠠᠵᠢᠯ ᠢᠶᠠᠨ ᠰᠡᠷᠬᠦᠭᠡᠭᠰᠡᠨ ᠨᠣᠷᠮ᠎ᠠ ᠨᠢ 29.1% ᠳᠤ ᠬᠦᠷᠦᠭᠰᠡᠨ ᠪᠠᠶᠢᠨ᠎ᠠ᠃ ᠪᠠᠭᠤᠳᠠᠯ ᠬᠤᠨᠣᠭᠯᠠᠬᠤ ᠦᠢᠯᠡᠰ ᠤᠨ ᠲᠠᠯ᠎ᠠ ᠪᠠᠷ᠂ ᠬᠦᠬᠡᠬᠤᠳᠠ ᠶᠢᠨ ᠤᠳᠤᠨ ᠲᠡᠰ ᠤᠨ 24 ᠪᠠᠭᠤᠳᠠᠯ ᠤᠨ 13 ᠨᠢ ᠬᠡᠪ ᠤᠨ ᠶᠤᠰᠤᠭᠠᠷ ᠡᠵᠡᠩᠨᠡᠵᠦ᠂ ᠪᠦᠬᠦ ᠬᠤᠳᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠨᠡᠶᠢᠳᠡ 23 ᠪᠠᠭᠤᠳᠠᠯ ᠨᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠭᠤᠴᠠᠭᠠᠨ ᠳᠠᠬᠢ ᠲᠦᠪᠯᠡᠷᠡᠬᠦᠯᠦᠨ ᠲᠤᠰᠠᠭᠠᠷᠯᠠᠵᠦ ᠠᠵᠢᠬᠯᠠᠯᠳᠠ ᠬᠢᠬᠦ ᠲᠠᠯᠠᠪᠤᠷ ᠪᠤᠯᠤᠬᠰᠠᠨ ᠪᠠᠶᠢᠨ᠎ᠠ᠃ ᠬᠤᠳᠠᠯᠳᠤᠭ᠎ᠠ ᠠᠷᠠᠯᠵᠢᠶ᠎ᠠ ᠪᠠᠷᠠᠭᠠᠨ ᠤ ᠬᠦᠢᠯᠬᠡᠬᠡ ᠶᠢᠨ ᠦᠢᠯᠡᠰ ᠤᠨ ᠲᠠᠯ᠎ᠠ ᠪᠠᠷ᠂ ᠬᠦᠬᠡᠬᠤᠳᠠ ᠶᠢᠨ ᠪᠠᠷᠠᠭᠠᠨ ᠤ ᠬᠦᠢᠯᠬᠡᠬᠡ ᠶᠢᠨ ᠦᠢᠯᠡᠰ ᠨᠢ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠬᠦᠬᠡᠵᠦ᠂ ᠠᠵᠢᠯ  ᠢᠶᠠᠨ ᠰᠡᠷᠭᠦᠭᠡᠭᠰᠡᠨ ᠨᠣᠷᠮ᠎ᠠ ᠨᠢ 100% ᠳᠤ ᠬᠦᠷᠴᠡᠢ᠃      ᠦᠢᠯᠡᠴᠢᠯᠡᠬᠡᠨ ᠤ ᠦᠢᠯᠡᠰ ᠤᠨ ᠠᠵᠢᠯ ᠢᠶᠠᠨ ᠰᠡᠷᠬᠦᠬᠡᠵᠦ ᠦᠢᠯᠡᠳᠪᠦᠷᠢᠯᠡᠯ ᠢᠶᠠᠨ ᠰᠡᠷᠬᠦᠬᠡᠬᠦ ᠶᠢ ᠠᠬᠢᠭᠤᠯᠬᠤ ᠪᠠᠷ᠂ ᠬᠦᠬᠡᠬᠤᠳᠠ ᠲᠥᠷᠥ ᠶᠢᠨ ᠪᠣᠳᠣᠯᠭ᠎ᠠ ᠶᠢᠨ ᠲᠡᠮᠵᠢᠯᠬᠡ ᠦᠵᠡᠬᠦᠯᠬᠦ ᠬᠦᠴᠦᠯᠡᠴᠡ ᠪᠠᠨ ᠲᠠᠰᠤᠷᠠᠯᠳᠠ ᠦᠬᠡᠢ ᠨᠡᠮᠡᠭᠳᠡᠬᠦᠯᠵᠦ᠂ ᠠᠵᠦ ᠠᠬᠤᠢᠢᠯᠠᠯ ᠤᠨ ᠢᠳᠡᠬᠡᠯ ᠢ ᠴᠢᠩᠭᠠᠷᠠᠭᠤᠯᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠢᠳᠡᠬᠡᠨ ᠤᠮᠳᠠᠭᠠᠨ ᠤ ᠦᠢᠯᠡᠴᠢᠯᠡᠬᠡᠨ ᠤ ᠦᠢᠯᠡᠰ ᠤᠨ ᠠᠵᠢᠯ ᠢᠶᠠᠨ ᠰᠡᠷᠬᠦᠬᠡᠵᠦ ᠦᠢᠯᠡᠳᠪᠦᠷᠢᠯᠡᠯ ᠢᠶᠠᠨ ᠰᠡᠷᠬᠦᠬᠡᠬᠦ ᠲᠤᠬᠠᠢ ᠵᠢᠯᠣᠭᠤᠳᠬᠤ ᠰᠠᠨᠠᠯ︾ ᠵᠡᠷᠬᠡ ᠦᠢᠯᠡᠴᠢᠯᠡᠬᠡᠨ ᠤ ᠦᠢᠯᠡᠰ  ᠤᠨ ᠠᠵᠦ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠬᠦᠬᠡᠬᠦ ᠶᠢ ᠲᠡᠮᠵᠢᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠳᠠᠭᠠᠵᠦ᠂ ᠪᠦᠬᠦ ᠬᠤᠲᠠ ᠶᠢᠨ ᠦᠢᠯᠡᠴᠢᠯᠡᠬᠡᠨ ᠤ ᠦᠢᠯᠡᠰ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠬᠦᠬᠡᠬᠦ ᠶᠢ ᠠᠬᠢᠭᠤᠯᠤᠬᠰᠠᠨ ᠪᠠᠶᠢᠨ᠎ᠠ᠃ ᠦᠢᠯᠡᠴᠢᠯᠡᠬᠡᠨ ᠤ ᠦᠢᠯᠡᠰ ᠤᠨ ᠪᠠᠭ᠎ᠠ ᠵᠢᠵᠢᠭ ᠠᠵᠦ ᠠᠬᠤᠶᠢᠯᠠᠯ ᠤᠨ ᠪᠤᠳᠠᠳᠠᠢ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠪᠦᠷᠢᠨ ᠪᠠᠷᠠᠭ᠎ᠠ ᠶᠢ ᠵᠢᠵᠢᠭᠯᠡᠨ ᠪᠣᠷᠣᠯᠠᠭᠤᠯᠬᠤ᠂ ᠬᠤᠨᠣᠭᠯᠠᠬᠤ᠂ ᠢᠳᠡᠭᠡᠨ ᠤᠮᠳᠠᠭᠠᠨ ᠵᠡᠷᠭᠡ ᠠᠵᠢᠯ ᠲᠦᠷᠦᠯ ᠳᠤ ᠲᠤᠯᠭᠠᠷᠠᠬᠰᠠᠨ ᠬᠦᠴᠢᠷᠳᠡᠯ ᠪᠠ ᠠᠰᠠᠭᠤᠳᠠᠯ ᠳᠤ ᠴᠢᠭᠯᠡᠬᠦᠯᠵᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠲᠤᠭᠳᠠᠭᠠᠨ ᠬᠡᠷᠡᠭᠵᠢᠬᠦᠯᠵᠦ᠂ ᠠᠵᠦ ᠠᠬᠤᠢᠢᠯᠠᠯ ᠢ ᠬᠠᠪᠰᠤᠷᠤᠨ ᠬᠦᠴᠢᠷᠳᠡᠯ ᠢ ᠲᠠᠪᠠᠭᠤᠯᠵᠦ᠂ ᠬᠠᠮ ᠳᠡᠯᠭᠡᠭᠦᠷ ᠤᠨ ᠲᠦᠷᠢᠶᠡᠰᠤᠨ ᠮᠦᠩᠬᠦ ᠶᠢ ᠪᠠᠭᠤᠷᠠᠭᠤᠯᠬᠤ᠂ ᠠᠳᠠᠯ ᠠᠬᠤᠢ ᠶᠢᠨ ᠰᠦᠢᠳᠬᠡᠯ ᠢ ᠬᠡᠯᠳᠦᠷᠢᠬᠦᠯᠬᠦ ᠵᠡᠷᠬᠡ ᠲᠦᠷᠦ ᠶᠢᠨ ᠪᠣᠳᠣᠯᠭ᠎ᠠ ᠶᠢ ᠬᠡᠷᠡᠭᠵᠢᠬᠦᠯᠦᠭᠰᠡᠨ ᠪᠠᠶᠢᠨ᠎ᠠ᠃ ᠵᠢᠭᠤᠯᠴᠢᠯᠠᠯ ᠤᠨ ᠬᠤᠷᠢᠶ᠎ᠠ ᠶᠢᠨ ᠦᠢᠯᠡᠴᠢᠯᠡᠬᠡᠨ ᠤ ᠶᠠᠰᠤ ᠴᠢᠨᠠᠷ ᠤᠨ ᠪᠠᠲᠤᠯᠠᠭ᠎ᠠ ᠶᠢᠨ ᠮᠦᠩᠬᠦ ᠶᠢ ᠲᠦᠷ ᠪᠤᠴᠠᠭᠠᠬᠤ ᠠᠵᠢᠯ ᠢ ᠡᠬᠢᠯᠡᠭᠦᠯᠵᠦ᠂ ᠣᠳᠣᠬᠠᠨ ᠪᠣᠯᠲᠠᠯ᠎ᠠ᠂ ᠨᠢᠬᠡᠨᠳᠡ 228 ᠵᠢᠭᠤᠯᠴᠢᠯᠠᠯ ᠤᠨ ᠬᠤᠷᠢᠶ᠎ᠠ ᠶᠢᠨ 4284 ᠲᠦᠮᠡᠨ ᠲᠦᠬᠦᠷᠢᠭ ᠤᠨ ᠵᠢᠭᠤᠯᠴᠢᠯᠠᠯ ᠤᠨ ᠦᠢᠯᠡᠴᠢᠯᠡᠬᠡᠨ ᠤ ᠶᠠᠰᠤ ᠴᠢᠨᠠᠷ ᠤᠨ ᠪᠠᠲᠤᠯᠠᠭ᠎ᠠ ᠶᠢᠨ ᠮᠦᠩᠬᠦ ᠶᠢ ᠲᠦᠷ ᠪᠤᠴᠠᠭᠠᠵᠦ᠂ ᠵᠢᠭᠤᠯᠴᠢᠯᠠᠯ ᠤᠨ ᠠᠵᠤ ᠠᠬᠤᠶᠢᠯᠠᠯ ᠤᠨ ᠬᠦᠴᠢᠷᠳᠡᠯ ᠢ ᠳᠠᠪᠠᠭ᠋ᠤ ᠶᠢ ᠳᠡᠮᠵᠢᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号