ᠬᠦᠬᠡᠬᠤᠲᠠ ᠪᠠᠶᠢᠭᠠᠯᠢ ᠪᠠᠶᠠᠯᠢᠭ ᠠᠯᠪᠠᠨ ᠦᠰᠦᠭ ﹇2020﹈ 47 ᠳ᠋ᠤᠭᠠᠷ ᠲᠤᠭᠠᠳᠤ | 2020 ᠤᠨ ᠤ 2 ᠳ᠋ᠤᠭᠠᠷ ᠰᠠᠷ᠎ᠠ ᠶᠢᠨ 28 ᠤ ᠡᠳᠦᠷ | ᠬᠤᠰᠢᠭᠤ ᠰᠢᠶᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ᠂ ᠬᠥᠬᠡᠬᠤᠲᠠ ᠶᠢᠨ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ᠂ ᠬᠤᠲᠠ ᠶᠢᠨ ᠲᠣᠪᠴᠢᠶ᠎ᠠ ᠶᠢᠨ ᠬᠤᠯᠪᠤᠭᠳᠠᠯ ᠪᠥᠬᠦᠶ ᠰᠠᠯᠠᠭ᠎ᠠ ᠲᠠᠰᠤᠭ᠂ | ᠬᠤᠶᠠᠳᠤᠭᠠᠷ ᠳᠡᠰ ᠤᠨ ᠠᠵᠢᠯ ᠦᠢᠯᠡᠰ ᠤᠨ ᠨᠢᠭᠡᠴᠡ ᠳᠤ᠄ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ | ᠬᠤᠲᠠ ᠶᠢᠨ ᠵᠠᠰᠠᠭ ᠤᠨ ᠤᠷᠳᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠳᠤ ᠭᠡᠷᠡᠭᠯᠡᠬᠦ ᠭᠠᠵᠠᠷ ᠤᠨ | ᠪᠠᠲᠤᠯᠠᠭ᠎ᠠ ᠶᠢᠨ ᠠᠵᠢᠯ ᠢ ᠲᠡᠮᠵᠢᠬᠦ ᠵᠢᠷᠭᠤᠭᠠᠨ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ | ︵ᠥᠪᠥᠷ ᠪᠠᠶᠢᠭᠠᠯᠢ ᠪᠠᠶᠠᠯᠢᠭ ᠦᠰᠦᠭ︹ 2020 ︺40 ᠳ᠋ᠤᠭᠡᠷ ᠲᠣᠭᠠᠲᠤ︶ ᠤᠨ ᠲᠣᠭᠲᠠᠭᠠᠯ ᠢ ᠦᠨᠳᠦᠰᠦᠯᠡᠨ | ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠮᠠᠨ ᠤ ᠲᠣᠪᠴᠢᠶ᠎ᠠ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠶᠢ | ᠳᠡᠮᠵᠢᠬᠦ ᠲᠤᠬᠠᠶ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠲᠤᠷᠠᠳᠤᠶ᠎ᠠ᠂ ᠡᠯ᠎ᠡ ᠭᠠᠵᠠᠷ ᠣᠷᠣᠨ ᠪᠠ ᠰᠠᠯᠠᠭ᠎ᠠ | ᠮᠦᠴᠢᠷ ᠤᠨ ᠬᠢᠨ ᠪᠣᠳᠠᠲᠠᠶ ᠲᠠᠢ ᠪᠠᠨ ᠤᠶᠠᠯᠳᠤᠭᠤᠯᠤᠨ ᠰᠠᠶᠢᠲᠤᠷ ᠨᠠᠶᠢᠳᠠᠪᠤᠷᠢᠵᠢᠭᠤᠯᠲᠤᠭᠠᠶ᠃ | ᠨᠢᠭᠡ᠂ ᠰᠠᠭᠠᠳ ᠦᠭᠡᠢ ᠬᠢᠨᠠᠨ ᠵᠥᠪᠰᠢᠶᠡᠷᠡᠬᠦ ᠵᠠᠮ ᠢ ᠨᠡᠭᠡᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠤᠷᠢᠳᠠᠪᠠᠷ ᠪᠠᠲᠤᠯᠠᠨ᠎ᠠ | 1. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥᠯ ᠵᠦᠢᠯ ᠳᠤ ᠬᠡᠷᠡᠭᠯᠡᠬᠦ ᠭᠠᠵᠠᠷ ᠤᠨ | ᠲᠦᠯᠦᠪᠵᠢᠬᠦᠯᠭᠡ ᠶᠢᠨ ᠭᠠᠵᠠᠷ ᠰᠤᠩᠭᠤᠬᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠪᠠ | ᠭᠠᠵᠠᠷ ᠰᠢᠷᠣᠶ ᠲᠠᠲᠠᠪᠤᠷᠢᠯᠠᠬᠤ ᠶᠢ ᠮᠡᠳᠡᠭᠦᠯᠦᠨ ᠵᠥᠪᠰᠢᠶᠡᠷᠡᠭᠦᠯᠬᠦ᠂ ᠭᠠᠵᠠᠷ ᠰᠢᠷᠣᠶ ᠬᠠᠩᠭᠠᠬᠤ᠂ ᠢᠨᠵᠧᠨᠧᠷᠢᠩ ᠤᠨ | ᠲᠥᠯᠥᠪᠵᠢᠭᠦᠯᠭᠡ ᠶᠢ ᠵᠥᠪᠰᠢᠶᠡᠷᠡᠬᠦ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠵᠡᠷᠭᠡ ᠭᠠᠷᠳᠠᠮ ᠤᠨ ᠲᠠᠯ᠎ᠠ ᠪᠠᠷ | ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠳᠥᠭᠦᠮᠴᠢᠯᠡᠵᠦ᠂ ︽ᠤᠷᠢᠳᠴᠢᠯᠠᠨ ᠣᠷᠣᠯᠴᠠᠬᠤ︾ ᠵᠠᠭᠪᠤᠷ ᠢ ᠠᠪᠴᠤ᠂ | ᠲᠥᠷᠥᠯ ᠵᠦᠢᠯ ᠤᠨ ᠲᠥᠯᠥᠪᠵᠢᠭᠦᠯᠭᠡ ᠪᠠ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠶᠢ ᠲᠦᠷᠭᠡᠳᠬᠡᠨ ᠠᠬᠢᠭᠤᠯᠵᠤ᠂ | ᠲᠥᠷᠥᠯ ᠵᠦᠢᠯ ᠤᠨ ᠲᠥᠯᠥᠪᠵᠢᠭᠦᠯᠭᠡ ᠵᠢᠴᠢ ᠬᠡᠷᠡᠭᠯᠡᠬᠦ ᠭᠠᠵᠠᠷ ᠵᠡᠷᠭᠡ ᠶᠢᠨ ᠬᠤᠯᠪᠤᠭᠳᠠᠯ ᠪᠦᠬᠦᠢ ᠭᠠᠷᠳᠠᠮ ᠢ ᠠᠯᠢ | ᠲᠦᠷᠭᠡᠨ ᠢᠶᠠᠷ ᠬᠢᠨᠠᠨ ᠵᠥᠪᠰᠢᠶᠡᠷᠡᠬᠦ ᠶᠢ ᠦᠨᠡᠨᠬᠦ ᠪᠠᠲᠤᠯᠠᠵᠤ᠂ ᠲᠥᠷᠥᠯ ᠵᠦᠢᠯ ᠳᠤ ᠭᠠᠵᠠᠷ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠬᠤ ᠬᠡᠷᠡᠭᠲᠡᠶ᠃ | 2. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮᠨᠡᠨ ᠵᠠᠰᠠᠬᠤ ᠳᠤ ᠪᠠᠴᠢᠮ ᠬᠡᠷᠡᠭᠰᠡᠬᠦ ᠡᠮᠴᠢᠯᠡᠭᠡ | ᠡᠷᠡᠭᠦᠯ ᠬᠠᠮᠠᠭᠠᠯᠠᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠡᠮ ᠤᠨ ᠵᠦᠢᠯ᠂ ᠡᠮᠴᠢᠯᠡᠭᠡᠨ ᠤ | ᠪᠠᠭᠠᠵᠢ ᠬᠡᠷᠡᠭᠰᠡᠯ ᠤᠨ ᠦᠢᠯᠡᠳᠪᠦᠷᠢᠯᠡᠯ ᠵᠡᠷᠭᠡ ᠳᠤ ᠬᠡᠷᠡᠭᠯᠡᠬᠦ ᠭᠠᠵᠠᠷ ᠢ ︽ᠬᠠᠤᠯᠢ ᠲᠣᠭᠲᠠᠭᠠᠯ ᠶᠣᠰᠣᠭᠠᠷ᠂ | ᠤᠨᠴᠠᠭᠠᠢ ᠶᠠᠪᠤᠳᠠᠯ ᠢ ᠣᠨᠴᠠᠭᠠᠢ ᠰᠢᠢᠳᠪᠦᠷᠢᠯᠡᠬᠦ᠂ ᠪᠠᠴᠢᠮ ᠬᠡᠷᠡᠭᠰᠡᠬᠦ ᠳᠤ ᠨᠢ ᠤᠷᠢᠳᠠᠪᠠᠷ ᠬᠡᠷᠡᠭᠯᠡᠬᠦ︾ | ᠵᠠᠷᠴᠢᠮ ᠤᠨ ᠶᠣᠰᠣᠭᠠᠷ᠂ ᠭᠠᠵᠠᠷ ᠰᠢᠷᠣᠶ ᠶᠢ ᠤᠷᠢᠳᠠᠪᠠᠷ ᠬᠡᠷᠡᠭᠯᠡᠵᠦ ᠪᠣᠯᠤᠨ᠎ᠠ᠃ ᠬᠢᠵᠢᠭ ᠤᠨ ᠪᠠᠶᠢᠳᠠᠯ ᠢ | ᠲᠠᠶᠢᠯᠤᠭᠰᠠᠨ ᠤ ᠳᠠᠷᠠᠭ᠎ᠠ᠂ ᠡᠭᠦᠷᠢᠳᠡ ᠶᠢᠨ ᠴᠢᠨᠠᠷᠲᠠᠶ ᠭᠠᠵᠠᠷ ᠬᠡᠷᠡᠭᠯᠡᠬᠦ ᠴᠢᠬᠤᠯᠠ ᠲᠠᠢ ᠳᠤ᠂ 6 ᠰᠠᠷ᠎ᠠ ᠶᠢᠨ | ᠳᠣᠲᠣᠷ᠎ᠠ ᠬᠠᠮᠢᠶ᠎ᠠ ᠪᠥᠬᠦᠶ ᠭᠠᠷᠳᠠᠮ ᠢ ᠨᠥᠬᠦᠨ ᠬᠦᠢᠴᠡᠳᠭᠡᠨ᠎ᠡ︔ ᠲᠦᠷ ᠴᠠᠭ ᠭᠠᠵᠠᠷ ᠬᠡᠷᠡᠭᠯᠡᠬᠦ ᠳᠤ | ᠬᠠᠷᠢᠶᠠᠯᠠᠭᠳᠠᠪᠠᠯ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠪᠣᠯᠤᠨ ᠭᠠᠵᠠᠷ ᠰᠢᠷᠣᠶ ᠬᠡᠷᠡᠭᠯᠡᠬᠦ ᠨᠢᠭᠡᠴᠡ ᠨᠢ | ᠭᠠᠵᠠᠷ ᠰᠢᠷᠣᠶ ᠶᠢᠨ ᠤᠤᠯ ᠪᠠᠶᠢᠳᠠᠯ ᠢ ᠴᠠᠭ ᠲᠤᠬᠠᠶ ᠳᠤᠨᠢ ᠰᠡᠷᠭᠦᠭᠡᠵᠦ᠂ ᠤᠤᠯ ᠤᠨ ᠭᠠᠵᠠᠷ ᠰᠢᠷᠣᠶ ᠬᠡᠷᠡᠭᠯᠡᠭᠴᠢ ᠳᠤ | ᠪᠤᠴᠠᠭᠠᠨ ᠥᠭᠬᠦ ᠬᠡᠷᠡᠭᠲᠡᠶ᠃ | ᠬᠤᠶᠠᠷ᠂ ᠰᠢᠨ᠎ᠡ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ ᠬᠡᠷᠡᠭᠵᠢᠭᠦᠯᠦᠯᠲᠡ ᠶᠢ | ᠵᠣᠯᠭᠠᠭᠤᠯᠬᠤ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠦᠨ ᠠᠵᠢᠯ ᠢᠶᠠᠨ | ᠰᠡᠷᠭᠦᠭᠡᠬᠦ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ | 1. 2019 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠭᠠᠵᠠᠷ ᠰᠢᠷᠣᠶ | ᠲᠠᠲᠠᠪᠤᠷᠢᠯᠠᠬᠤ ᠠᠵᠢᠯ ᠢ ᠥᠷᠨᠢᠭᠦᠯᠦᠭᠰᠡᠨ ᠲᠥᠷᠥᠯ ᠵᠦᠢᠯ ︵ᠳᠠᠷᠤᠶ᠄ ᠭᠠᠵᠠᠷ ᠰᠢᠷᠣᠶ ᠲᠠᠲᠠᠪᠤᠷᠢᠯᠠᠬᠤ ᠠᠯᠪᠠᠨ | ᠵᠠᠷ ᠤᠨ ᠲᠠᠰ ᠳᠠᠷᠠᠭᠠᠯᠠᠯ ᠢ ᠨᠢᠭᠡᠨᠲᠡ ᠬᠦᠢᠴᠡᠳᠭᠡᠵᠦ᠂ ᠲᠣᠰᠬᠤᠨ ᠤ ᠠᠷᠠᠳ ᠤᠨ ᠲᠤᠭᠤᠶᠢᠯᠠᠩ ᠤᠨ ᠭᠡᠰᠢᠭᠦᠳ ᠨᠢ | ᠨᠥᠬᠦᠪᠥᠷᠢ ᠥᠭᠴᠦ ᠲᠥᠪᠬᠢᠨᠡᠭᠦᠯᠬᠦ ᠲᠥᠰᠦᠯ ᠢ ᠵᠥᠪᠰᠢᠶᠡᠷᠡᠵᠦ᠂ ᠣᠨᠳᠣᠤ ᠰᠠᠨᠠᠯ ᠥᠬᠡᠶ︶ ᠤᠨ ᠪᠥᠲᠥᠭᠡᠨ | ᠪᠠᠶᠢᠭᠤᠯᠤᠯᠳᠠ ᠶᠢᠨ ᠲᠥᠷᠥᠯ ᠵᠦᠢᠯ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠤᠨ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠠᠴᠠ ᠮᠡᠳᠡᠭᠦᠯᠦᠭᠰᠡᠨ ᠪᠢᠴᠢᠭ ᠮᠠᠲ᠋ᠧᠷᠢᠶᠠᠯ ᠨᠢ ᠰᠢᠨ᠎ᠡ ᠬᠠᠤᠯᠢ ᠳᠤ ᠨᠡᠶᠢᠴᠡᠭᠰᠡᠨ ᠪᠠᠶᠢᠳᠠᠯ ᠢ ᠨᠥᠬᠦᠪᠥᠷᠢᠯᠡᠨ | ᠵᠠᠯᠠᠷᠠᠭᠤᠯᠬᠤ ᠲᠣᠳᠣᠷᠬᠠᠶᠢᠯᠠᠯᠲᠠ ᠬᠢᠵᠦ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠯᠢ ᠲᠦᠷᠭᠡᠨ ᠢᠶᠠᠷ | ᠬᠢᠨᠠᠨ ᠵᠥᠪᠰᠢᠶᠡᠷᠡᠬᠦ ᠶᠢ ᠪᠡᠶᠡᠯᠡᠭᠦᠯᠦᠨ᠎ᠡ᠃ | 2. 2020 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠬᠤᠶᠢᠰᠢ ᠭᠠᠵᠠᠷ ᠰᠢᠷᠣᠶ ᠲᠠᠳᠠᠪᠤᠷᠢᠯᠠᠭᠰᠠᠨ | ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ | ᠵᠦᠪᠰᠢᠶᠡᠷᠡᠬᠦ ᠳᠤ ᠰᠢᠨ᠎ᠡ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ ᠳᠥᠴᠢᠨ ᠲᠠᠪᠤᠳᠤᠭᠠᠷ | ᠵᠦᠢᠯ ᠂ ᠳᠦᠴᠢᠨ ᠳᠣᠯᠣᠳᠤᠭᠠᠷ ᠵᠦᠢᠯ᠂ ᠳᠥᠴᠢᠨ ᠨᠠᠢᠮᠠᠳᠤᠭᠠᠷ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠨ | ᠬᠡᠷᠡᠭᠵᠢᠭᠦᠯᠦᠨ᠎ᠡ᠃ | ᠭᠤᠷᠪᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠣᠰ ᠣᠨ ᠤ ᠨᠢᠭᠡᠨᠲᠡ ᠨᠠᠶᠢᠳᠠᠪᠤᠷᠢᠵᠢᠵᠤ | ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠲᠥᠷᠥᠯ ᠵᠦᠢᠯ ᠤᠨ ᠭᠠᠵᠠᠷ ᠬᠡᠷᠡᠭᠯᠡᠬᠦ ᠲᠥᠯᠥᠪᠯᠡᠭᠡ ᠶᠢ | ᠪᠠᠳᠤᠯᠠᠨ᠎ᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠭᠠᠵᠠᠷ | ᠬᠡᠷᠡᠭᠯᠡᠬᠦ ᠲᠥᠯᠥᠪᠯᠡᠭᠡ ᠶᠢᠨ ᠬᠦᠢᠴᠡᠳᠭᠡᠯ ᠲᠤᠭ᠎ᠠ ᠶᠢ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠨ᠎ᠠ︔ ᠴᠢᠬᠤᠯᠠ | ᠶᠡᠭᠡ ᠰᠠᠭᠤᠷᠢ ᠪᠡᠯᠡᠳᠭᠡᠮᠵᠢ ᠶᠢᠨ ᠢᠨᠵᠧᠨᠧᠷᠢᠩ ᠤᠨ ᠲᠥᠷᠥᠯ ᠵᠦᠢᠯ ᠳᠤ᠂ ᠤᠷᠢᠳᠠᠪᠠᠷ ᠬᠢᠨᠠᠨ ᠵᠦᠪᠰᠢᠶᠡᠷᠡᠭᠰᠡᠨ ᠤ | ᠳᠠᠷᠠᠭ᠎ᠠ ᠭᠠᠵᠠᠷ ᠬᠡᠷᠡᠭᠯᠡᠬᠦ ᠲᠥᠯᠥᠪᠯᠡᠭᠡ ᠶᠢ ᠬᠠᠷᠭᠤᠭᠤᠯᠤᠨ ᠬᠠᠰᠤᠨ᠎ᠠ︔ ᠡᠯ᠎ᠡ ᠭᠠᠵᠠᠷ ᠤᠨ ᠳᠤᠮᠳᠠ ᠵᠢᠵᠢᠭ ᠠᠵᠤ | ᠠᠬᠤᠶᠢᠯᠠᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ᠂ ᠲᠤᠰ ᠵᠢᠯ ᠳᠤ ᠪᠣᠳᠠᠲᠠᠶᠢᠵᠢᠭᠤᠯᠤᠨ ᠠᠵᠢᠯ ᠢᠶᠠᠨ | ᠡᠬᠢᠯᠡᠭᠦᠯᠵᠦ ᠠᠵᠢᠯ ᠢᠶᠠᠨ ᠰᠡᠷᠭᠦᠭᠡᠵᠦ ᠳᠡᠶᠢᠯᠬᠦ ᠳᠤ ᠨᠢ ᠭᠠᠵᠠᠷ ᠬᠡᠷᠡᠭᠯᠡᠬᠦ ᠲᠦᠯᠦᠪᠯᠡᠭᠡ ᠶᠢ ᠨᠢ ᠪᠦᠬᠦᠨ ᠢ ᠪᠠᠳᠤᠯᠠᠨ᠎ᠠ | ᠃ | ᠲᠦᠷᠪᠡ᠂ ᠴᠢᠬᠤᠯᠠ ᠶᠡᠭᠡ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠦᠢᠯᠡᠴᠢᠯᠡᠭᠡ ᠪᠣᠯᠤᠨ | ᠪᠠᠲᠤᠯᠠᠭ᠎ᠠ ᠶᠢᠨ ᠠᠵᠢᠯ ᠢ ᠬᠢᠨᠠᠮᠠᠭᠠᠶ ᠰᠠᠶᠢᠲᠤᠷ ᠬᠢᠨ᠎ᠡ | 1. ᠬᠤᠲᠠ ᠶᠢᠨ ᠲᠣᠪᠴᠢᠶ᠎ᠠ ᠬᠤᠯᠪᠤᠭᠳᠠᠯ ᠪᠦᠬᠦᠢ ᠠᠵᠢᠯᠲᠠᠨ ᠢ ᠲᠠᠲᠠᠵᠤ ᠰᠢᠯᠵᠢᠭᠦᠯᠦᠨ ᠴᠢᠬᠤᠯᠠ ᠶᠡᠭᠡ | ᠲᠥᠷᠥᠯ ᠵᠦᠢᠯ ᠤᠨ ᠠᠯᠪᠠᠨ ᠭᠡᠷ ᠪᠠᠶᠢᠭᠤᠯᠵᠤ᠂ ᠠᠵᠢᠯ ᠤᠨ ᠪᠠᠶᠢᠷᠢ ᠠᠴᠠ ᠨᠢ ᠰᠠᠯᠭᠠᠨ ᠲᠤᠰᠬᠠᠶ ᠲᠤᠰᠢᠶᠠᠯ ᠢ | ᠲᠤᠰᠬᠠᠢ ᠬᠠᠷᠢᠭᠤᠴᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 5000 ᠲᠦᠮᠡᠨ | ᠲᠥᠭᠦᠷᠢᠭ ᠠᠴᠠ ᠳᠡᠭᠡᠭᠰᠢᠬᠢ ᠵᠠᠰᠠᠭ ᠤᠨ ᠣᠷᠳᠣᠨ ᠤ ᠪᠡᠯᠡ ᠤᠷᠤᠭᠤᠯᠤᠭᠰᠠᠨ ᠲᠥᠷᠥᠯ ᠵᠦᠢᠯ ᠪᠣᠯᠤᠨ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠤᠨ ᠪᠡᠯᠡ ᠤᠷᠤᠭᠤᠯᠤᠭᠰᠠᠨ ᠲᠥᠷᠥᠯ ᠵᠦᠢᠯ ᠵᠢᠴᠢ ᠮᠠᠨ ᠤ | ᠬᠤᠲᠠ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠳᠤ ᠨᠠᠷᠢᠨ ᠬᠠᠭᠤᠳᠠᠰᠤ ᠮᠠᠶ᠋ᠢᠭ ᠤᠨ ᠬᠠᠮᠢᠶᠠᠷᠤᠯᠲᠠ ᠶᠢ | ᠬᠡᠷᠡᠭᠵᠢᠭᠦᠯᠵᠦ᠂ ᠵᠣᠬᠢᠶᠠᠨ ᠪᠠᠶᠢᠭᠤᠯᠤᠨ ᠲᠤᠬᠢᠷᠠᠭᠤᠯᠬᠤ ᠪᠠᠨ ᠴᠢᠩᠭᠠᠳᠬᠠᠨ᠂ ᠲᠤᠰᠬᠠᠶ ᠬᠥᠮᠦᠨ ᠠᠩᠬᠠᠷᠴᠤ | ᠭᠦᠢᠴᠡᠳᠬᠡᠨ᠂ ᠴᠢᠬᠤᠯᠠ ᠶᠡᠭᠡ ᠲᠥᠷᠥᠯ ᠵᠦᠢᠯ ᠳᠤ ᠤᠷᠢᠳᠴᠢᠯᠠᠨ ᠣᠷᠣᠯᠴᠠᠵᠤ᠂ ᠬᠢᠨᠠᠨ ᠵᠦᠪᠰᠢᠶᠡᠷᠡᠭᠦᠯᠬᠦ ᠶᠢ | ᠵᠢᠭᠠᠨ ᠵᠢᠯᠣᠭᠤᠳᠬᠤ ᠪᠠ ᠭᠤᠶᠤᠴᠢᠯᠠᠨ ᠮᠡᠳᠡᠭᠦᠯᠦᠭᠰᠡᠨ ᠢ ᠬᠢᠨᠠᠨ ᠬᠠᠷᠭᠤᠭᠤᠯᠬᠤ ᠵᠡᠷᠭᠡ ᠦᠢᠯᠡᠴᠢᠯᠡᠭᠡᠨ ᠤ ᠠᠵᠢᠯ ᠢ | ᠡᠮᠦᠨᠡᠬᠢ ᠬᠤᠭᠤᠴᠠᠭᠠᠨ ᠳᠤ ᠰᠠᠶᠢᠲᠤᠷ ᠬᠢᠨ᠎ᠡ᠃ | 2. ᠭᠠᠵᠠᠷ ᠬᠡᠷᠡᠭᠯᠡᠬᠦ ᠵᠢᠴᠢ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠬᠤᠯᠪᠤᠭᠳᠠᠯ | ᠪᠦᠬᠦᠢ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠢᠨ ᠬᠢᠨᠠᠨ ᠵᠥᠪᠰᠢᠶᠡᠷᠡᠬᠦ ᠳᠡᠰ | ᠳᠠᠷᠠᠭᠠᠯᠠᠯ ᠢ ᠳᠥᠭᠦᠮᠴᠢᠯᠡᠵᠦ᠂ ᠲᠣᠪᠴᠢᠶ᠎ᠠ ᠶᠢᠨ ᠳᠣᠲᠣᠭᠠᠳᠤ ᠳᠠᠬᠢ ᠬᠠᠷᠢᠯᠴᠠᠨ ᠤᠷᠢᠳᠠᠴᠢ ᠪᠣᠯᠭᠠᠭᠰᠠᠨ ᠬᠢᠨᠠᠨ | ᠵᠥᠪᠰᠢᠶᠡᠷᠡᠬᠦ ᠨᠥᠬᠦᠴᠡᠯ ᠢ ᠬᠦᠴᠦᠨ ᠦᠭᠡᠢ ᠪᠣᠯᠭᠠᠵᠤ᠂ ᠨᠡᠶᠢᠯᠡᠭᠦᠯᠦᠨ ᠬᠤᠯᠪᠣᠭᠠᠯᠠᠨ ᠬᠢᠨᠠᠨ ᠵᠥᠪᠰᠢᠶᠡᠷᠡᠬᠦ ᠶᠢ | ᠬᠡᠷᠡᠭᠵᠢᠭᠦᠯᠦᠨ᠎ᠡ᠃ ᠬᠢᠨᠠᠨ ᠵᠥᠪᠰᠢᠶᠡᠷᠡᠬᠦ ᠱᠠᠭᠠᠷᠳᠠᠯᠭ᠎ᠠ ᠳᠤ ᠨᠡᠶᠢᠴᠡᠭᠰᠡᠨ ᠲᠥᠷᠥᠯ ᠵᠦᠢᠯ ᠢ ᠳᠠᠭᠠᠭᠠᠨ ᠠᠪᠴᠤ | ᠰᠢᠢᠳᠪᠦᠷᠢᠯᠡᠬᠦ ᠰᠠᠯᠠᠭ᠎ᠠ ᠲᠠᠰᠤᠭ ᠭᠥᠯᠢᠶᠡᠨ ᠠᠪᠤᠭᠰᠠᠨ ᠤ ᠳᠠᠷᠠᠭ᠎ᠠ ᠲᠣᠰ ᠡᠳᠦᠷ ᠲᠤ ᠨᠢ ᠬᠦᠢᠴᠡᠳᠭᠡᠵᠦ | ᠳᠠᠭᠤᠰᠬᠠᠨ᠎ᠠ︔ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠬᠢᠵᠠᠭᠠᠷᠯᠠᠯ ᠪᠤᠶᠤ ᠪᠤᠰᠤᠳ | ᠰᠢᠯᠲᠠᠭᠠᠨ ᠠᠴᠠ ᠪᠣᠯᠵᠤ ᠬᠢᠨᠠᠨ ᠵᠥᠪᠰᠢᠶᠡᠷᠡᠬᠦ ᠶᠢ ᠲᠦᠷ ᠪᠡᠶᠡᠯᠡᠭᠦᠯᠵᠦ ᠲᠡᠶᠢᠯᠬᠦ ᠦᠭᠡᠢ ᠲᠥᠷᠥᠯ ᠵᠦᠢᠯ ᠢ ᠴᠢᠬᠤᠯᠠ | ᠶᠡᠭᠡ ᠲᠦᠷᠦᠯ ᠵᠦᠢᠯ ᠤᠨ ᠤᠳᠤᠷᠢᠳᠬᠤ ᠳᠤᠭᠤᠶᠢᠯᠠᠩ ᠪᠤᠶᠤ ᠲᠣᠪᠴᠢᠶ᠎ᠠ ᠶᠢᠨ ᠠᠵᠢᠯ ᠤᠨ ᠵᠣᠷᠰᠢᠯ ᠬᠤᠷᠠᠯ ᠳᠤ | ᠴᠠᠭ ᠲᠤᠬᠠᠶ ᠳᠤᠨᠢ ᠮᠡᠳᠡᠭᠦᠯᠵᠦ ᠰᠢᠢᠳᠪᠦᠷᠢᠳᠦ ᠪᠣᠳᠣᠯᠭ᠎ᠠ ᠰᠤᠳᠤᠯᠬᠤ ᠬᠡᠷᠡᠭᠲᠡᠶ᠃ | ᠲᠠᠪᠤ᠂ ᠳᠤᠲᠠᠭᠤ ᠶᠢ ᠪᠠᠭᠲᠠᠭᠠᠵᠤ ᠬᠦᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠬᠦᠯᠦᠨ᠂ ᠲᠦᠷᠭᠡᠨ | ᠬᠢᠨᠠᠨ ᠪᠠᠶᠢᠴᠠᠭᠠᠨ᠎ᠠ | 1. ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠪᠠ ᠭᠠᠵᠠᠷ ᠰᠢᠷᠣᠶ ᠲᠠᠲᠠᠪᠤᠷᠢᠯᠠᠬᠤ | ᠪᠦᠷᠢᠯᠳᠦᠭᠦᠨ ᠢ ᠬᠤᠲᠠ ᠶᠢᠨ ᠱᠠᠲᠤᠨ ᠳᠤ ᠮᠡᠳᠡᠭᠦᠯᠦᠨ ᠵᠥᠪᠰᠢᠶᠡᠷᠡᠭᠦᠯᠬᠦ ᠲᠠᠯ᠎ᠠ ᠪᠠᠷ᠂ ᠨᠡᠶᠢᠭᠡᠮ ᠤᠨ ᠳᠠᠭᠠᠳᠬᠠᠯ ᠢ | ᠬᠢᠨᠠᠨ ᠬᠠᠷᠭᠤᠭᠤᠯᠬᠤ᠂ ᠣᠢ ᠰᠢᠭᠤᠶ ᠪᠡᠯᠴᠢᠭᠡᠷ ᠭᠠᠵᠠᠷ ᠬᠡᠷᠡᠭᠯᠡᠬᠦ ᠶᠢ ᠴᠣᠬᠤᠯᠠᠪᠤᠷᠢᠯᠠᠨ ᠬᠠᠷᠢᠭᠤᠯᠬᠤ᠂ | ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠪᠠᠶᠢᠴᠠᠭᠠᠨ ᠰᠢᠢᠳᠪᠦᠷᠢᠯᠡᠬᠦ ᠵᠦᠢᠯᠡᠰ ᠲᠤ ᠳᠤᠲᠠᠭᠤ ᠶᠢ ᠨᠢ | ᠪᠠᠭᠲᠠᠭᠠᠵᠤ ᠭᠥᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠦᠨ᠂ ᠤᠷᠢᠳᠠᠪᠠᠷ ᠬᠢᠨᠠᠨ ᠪᠠᠶᠢᠴᠠᠭᠠᠵᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠠᠵᠠᠷ ᠬᠡᠷᠡᠭᠯᠡᠬᠦ ᠶᠢ ᠬᠢᠨᠠᠨ | ᠵᠥᠪᠰᠢᠶᠡᠷᠡᠬᠦ ᠠᠴᠠ ᠡᠮᠦᠨ᠎ᠡ ᠨᠥᠬᠦᠵᠦ ᠭᠦᠢᠴᠡᠳᠭᠡᠨ᠎ᠡ᠃ ᠴᠠᠭᠠᠰᠤᠨ ᠮᠠᠲ᠋ᠧᠷᠢᠶᠠᠯ ᠤᠨ ᠤᠭ ᠬᠡᠪ ᠢ ᠲᠤᠰᠢᠶᠠᠬᠤ | ᠴᠢᠬᠤᠯᠠ ᠲᠠᠢ ᠪᠣᠯ ᠤᠷᠢᠳᠠᠪᠠᠷ ᠡᠯᠧᠺᠲᠷᠣᠨ ᠮᠠᠲ᠋ᠧᠷᠢᠶᠠᠯ ᠢ ᠬᠠᠩᠭᠠᠨ ᠬᠦᠢᠴᠡᠳᠭᠡᠵᠦ ᠪᠣᠯᠤᠨ᠎ᠠ᠂ ᠬᠢᠵᠢᠭ ᠤᠨ | ᠪᠠᠶᠢᠳᠠᠯ ᠢ ᠲᠠᠶᠢᠯᠤᠭᠰᠠᠨ ᠤ ᠳᠠᠷᠠᠭ᠎ᠠ ᠳᠠᠬᠢᠨ ᠴᠠᠭᠠᠰᠤᠨ ᠤ ᠤᠭ ᠮᠠᠲ᠋ᠧᠷᠢᠶᠠᠯ ᠢ ᠨᠥᠬᠦᠵᠦ ᠲᠤᠰᠢᠶᠠᠨ᠂ ᠬᠢᠨᠠᠨ | ᠵᠥᠪᠰᠢᠶᠡᠷᠡᠭᠦᠯᠵᠦ ᠳᠠᠩᠰᠠ ᠡᠪᠬᠡᠮᠡᠯ ᠳᠤ ᠣᠷᠤᠭᠤᠯᠬᠤ ᠮᠠᠲ᠋ᠧᠷᠢᠶᠠᠯ ᠢ ᠲᠤᠰᠢᠶᠠᠬᠤ ᠪᠠᠨ ᠲᠦᠷ ᠬᠤᠶᠢᠰᠢᠯᠠᠭᠤᠯᠤᠨ᠎ᠠ | ᠃ | 2. ᠲᠥᠯᠥᠪᠵᠢᠭᠦᠯᠭᠡ ᠳᠤ ᠨᠡᠶᠢᠴᠡᠬᠦ ᠦᠭᠡᠢ ᠪᠣᠯᠪᠠᠴᠤ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ | ᠨᠥᠬᠦᠴᠡᠯ ᠳᠤ ᠨᠡᠶᠢᠴᠡᠬᠦ ᠭᠠᠵᠠᠷ ᠬᠡᠷᠡᠭᠯᠡᠬᠦ ᠲᠥᠷᠥᠯ ᠵᠦᠢᠯ ᠢ᠂ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ | ᠲᠥᠰᠦᠯ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠮᠠᠲ᠋ᠧᠷᠢᠶᠠᠯ ᠯᠤᠭ᠎ᠠ | ᠵᠡᠷᠭᠡ ᠳᠤᠨᠢ ᠬᠦᠯᠢᠶᠡᠨ ᠠᠪᠴᠤ ᠰᠢᠢᠳᠪᠦᠷᠢᠯᠡᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠵᠥᠪᠰᠢᠶᠡᠷᠡᠬᠦ ᠠᠴᠠ ᠡᠮᠦᠨ᠎ᠡ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠬᠤᠯᠪᠤᠭᠳᠠᠯ ᠪᠦᠬᠦᠢ ᠳᠡᠰ ᠳᠠᠷᠠᠭᠠᠯᠠᠯ ᠢ | ᠪᠡᠶᠡᠯᠡᠭᠦᠯᠬᠦ ᠬᠡᠷᠡᠭᠲᠡᠶ᠃ | 3. ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠵᠦ ᠬᠡᠷᠡᠭᠯᠡᠬᠦ ᠪᠠ ᠨᠦᠬᠦᠵᠦ ᠬᠤᠪᠢᠶᠠᠷᠢᠯᠠᠬᠤ ᠶᠢ | ᠬᠡᠭᠡᠷ᠎ᠡ ᠬᠦᠳᠡᠭᠡ ᠪᠣᠳᠠᠲᠠᠶ ᠭᠠᠵᠠᠷ ᠲᠤ ᠨᠢ ᠬᠠᠶᠢᠨ ᠰᠢᠨᠵᠢᠬᠦ ᠵᠡᠷᠭᠡ ᠱᠠᠭᠠᠷᠳᠠᠯᠭ᠎ᠠ ᠶᠢ ᠲᠦᠷ ᠬᠦᠴᠦᠨ ᠦᠭᠡᠢ | ᠪᠣᠯᠭᠠᠵᠤ᠂ ᠵᠢᠷᠤᠭ ᠳᠦᠷᠰᠦ ᠪᠠᠷ ᠬᠠᠷᠢᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠨᠤᠲᠠᠯᠠᠯᠲᠠ ᠬᠢᠵᠦ ᠪᠣᠯᠤᠨ᠎ᠠ᠃ | ᠵᠢᠷᠭᠤᠭ᠎ᠠ᠂ ᠪᠡᠯᠡᠳᠭᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠳᠠᠩᠰᠠᠯᠠᠭᠤᠯᠬᠤ ᠭᠠᠷᠳᠠᠮ ᠢ | ᠳᠥᠭᠦᠮᠴᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠰᠢᠯᠢᠳᠡᠭᠵᠢᠭᠦᠯᠦᠨ ᠪᠠᠲᠤᠯᠠᠨ᠎ᠠ | 1. ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠬᠡᠷᠡᠭᠴᠡᠭᠡ ᠱᠠᠭᠠᠷᠳᠠᠯᠭ᠎ᠠ ᠳᠤ ᠬᠤᠯᠪᠣᠭᠳᠠᠪᠠᠯ᠂ | ᠪᠡᠯᠡᠳᠬᠡᠮᠵᠢᠲᠦ ᠲᠠᠷᠢᠶᠠᠯᠠᠩ ᠤᠨ ᠡᠵᠡᠩᠨᠡᠭᠴᠢ ᠬᠢᠭᠡᠳ ᠲᠣᠰᠬᠤᠨ ᠤ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠭᠠᠵᠠᠷ ᠬᠡᠷᠡᠭᠯᠡᠬᠦ ᠶᠠᠪᠤᠳᠠᠯ ᠤᠨ ᠲᠤᠬᠠᠶ ᠵᠥᠪᠳᠡᠯᠴᠡᠭᠡᠳ ᠰᠠᠨᠠᠯ ᠨᠢᠭᠡᠳᠦᠭᠰᠡᠨ ᠤ ᠳᠠᠷᠠᠭ᠎ᠠ | ᠳᠠᠷᠤᠶ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠣᠯᠤᠨ᠎ᠠ᠂ ᠰᠢᠶᠠᠩ ︵ᠪᠠᠯᠭᠠᠰᠤ᠂ ᠵᠡᠭᠡᠯᠢ ᠭᠤᠳᠤᠮᠵᠢ︶ ᠳᠤ | ᠮᠡᠳᠡᠭᠦᠯᠦᠨ ᠳᠠᠩᠰᠠᠯᠠᠭᠤᠯᠬᠤ ᠵᠢᠴᠢ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠬᠤᠷᠢᠶᠠᠩᠭᠤᠶᠢᠯᠠᠬᠤ ᠵᠡᠷᠭᠡ ᠭᠠᠷᠳᠠᠮ ᠢ ᠬᠤᠶᠢᠰᠢᠯᠠᠭᠤᠯᠤᠨ ᠨᠥᠬᠦᠵᠦ ᠬᠦᠢᠴᠡᠳᠭᠡᠵᠦ | ᠪᠣᠯᠤᠨ᠎ᠠ᠃ | 2. ᠲᠡᠵᠢᠭᠡᠨ ᠦᠷᠡᠵᠢᠭᠦᠯᠬᠦ ᠪᠡᠯᠡᠳᠬᠡᠮᠵᠢ ᠳᠤ ᠬᠡᠷᠡᠭᠯᠡᠬᠦ ᠭᠠᠵᠠᠷ ᠨᠢ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠠᠴᠠ ᠦᠨᠡᠨᠬᠦ ᠵᠠᠶᠢᠯᠠᠵᠤ ᠲᠡᠶᠢᠯᠬᠦ ᠦᠭᠡᠢ ᠪᠣᠯ᠂ ᠪᠠᠭ᠎ᠠ ᠬᠡᠮᠵᠢᠶᠡᠨ ᠤ᠂ ᠬᠡᠰᠡᠭ ᠪᠤᠰᠠᠭ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠬᠡᠷᠡᠭᠯᠡᠬᠦ ᠶᠢ ᠨᠢ ᠵᠥᠪᠰᠢᠶᠡᠷᠡᠵᠦ᠂ ᠤᠷᠢᠳᠠᠪᠠᠷ ᠬᠡᠷᠡᠭᠯᠡᠵᠦ ᠪᠣᠯᠤᠨ᠎ᠠ᠂ ᠬᠢᠵᠢᠭ ᠤᠨ | ᠪᠠᠶᠢᠳᠠᠯ ᠢ ᠲᠠᠶᠢᠯᠤᠭᠰᠠᠨ ᠤ ᠳᠠᠷᠠᠭ᠎ᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠨᠥᠬᠦᠵᠦ ᠬᠤᠪᠢᠶᠠᠷᠢᠯᠠᠬᠤ | ᠭᠠᠷᠳᠠᠮ ᠢ ᠨᠥᠬᠦᠵᠦ ᠬᠦᠢᠴᠡᠳᠭᠡᠬᠦ ᠬᠡᠷᠡᠭᠲᠡᠶ᠃ | ᠳᠣᠯᠤᠭ᠎ᠠ᠂ ᠰᠢᠰᠲ᠋ᠧᠮ ᠤᠨ ᠳᠣᠲᠣᠭᠠᠳᠤ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ | ᠴᠢᠩᠭᠠᠷᠠᠭᠤᠯᠵᠤ᠂ ᠬᠤᠰᠢᠭᠤ ᠰᠢᠶᠠᠨ ᠲᠣᠭᠤᠷᠢᠭ ᠪᠠ ᠬᠤᠲᠠ ᠶᠢᠨ ᠲᠣᠪᠴᠢᠶ᠎ᠠ ᠶᠢᠨ ᠬᠢᠨᠠᠨ ᠵᠥᠪᠰᠢᠶᠡᠷᠡᠬᠦ | ᠰᠢᠰᠲ᠋ᠧᠮ ᠤᠨ ᠲᠠᠪᠴᠠᠩ ᠢ ᠨᠡᠪᠲᠡᠷᠡᠭᠦᠯᠦᠨ᠎ᠡ | ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠬᠤᠶᠠᠷ ᠱᠠᠲᠤᠨ ᠤ ᠳᠠᠪᠬᠤᠷᠭ᠎ᠠ ᠳᠤ ᠣᠳᠣᠬᠠᠨ ᠳᠤ | ᠠᠵᠢᠯᠯᠠᠭᠤᠯᠵᠤ ᠬᠡᠷᠡᠭᠯᠡᠵᠦ ᠪᠠᠶᠢᠭ᠎ᠠ ᠪᠠᠶᠢᠭᠠᠯᠢ ᠶᠢᠨ ᠡᠬᠢ ᠪᠠᠶᠠᠯᠢᠭ ᠤᠨ ᠡᠯᠧᠺᠲᠷᠣᠨ ᠵᠠᠰᠠᠭ ᠤᠨ ᠶᠠᠪᠤᠳᠠᠯ ᠤᠨ | ᠰᠢᠰᠲ᠋ᠧᠮ ᠢ ᠬᠤᠰᠢᠭᠤ ᠰᠢᠶᠠᠨ ᠲᠣᠭᠤᠷᠢᠭ ᠤᠨ ᠱᠠᠲᠤᠨ ᠳᠤ ᠬᠦᠷᠲᠡᠯ᠎ᠡ ᠥᠷᠭᠡᠳᠬᠡᠵᠦ᠂ ᠬᠤᠰᠢᠭᠤ ᠰᠢᠶᠠᠨ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠰᠢᠰᠲ᠋ᠧᠮ ᠤᠨ ᠳᠣᠲᠣᠷ᠎ᠠ ᠮᠡᠳᠡᠭᠦᠯᠬᠦ | ᠮᠠᠲ᠋ᠧᠷᠢᠶᠠᠯ ᠢ ᠰᠢᠭᠤᠳ ᠳᠠᠮᠵᠢᠭᠤᠯᠬᠤ ᠪᠠ ᠨᠥᠬᠦᠵᠦ ᠵᠠᠯᠠᠷᠠᠭᠤᠯᠬᠤ ᠶᠢ ᠪᠡᠶᠡᠯᠡᠭᠦᠯᠵᠦ᠂ ᠴᠠᠭᠠᠰᠤᠨ | ᠮᠠᠲ᠋ᠧᠷᠢᠶᠠᠯ ᠢᠶᠠᠷ ᠮᠡᠳᠡᠭᠦᠯᠦᠨ ᠬᠦᠷᠭᠡᠬᠦ ᠳᠡᠰ ᠳᠠᠷᠠᠭᠠᠯᠠᠯ ᠢ ᠳᠥᠭᠦᠮᠴᠢᠯᠡᠵᠦ᠂ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ | ᠨᠠᠢᠮᠠ᠂ ᠳᠡᠭᠡᠳᠦ ᠳᠣᠣᠷᠠᠳᠤ ᠱᠠᠳᠤ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠢ | ᠨᠡᠪᠲᠡᠷᠡᠯᠴᠡᠭᠦᠯᠦᠨ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠨ᠎ᠠ | ᠡᠯ᠎ᠡ ᠬᠤᠰᠢᠭᠤ ᠰᠢᠶᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠪᠣᠯᠤᠨ ᠡᠯ᠎ᠡ | ᠬᠤᠯᠪᠤᠭᠳᠠᠯ ᠪᠦᠬᠦᠢ ᠬᠢᠨᠠᠨ ᠵᠥᠪᠰᠢᠶᠡᠷᠡᠬᠦ ᠰᠠᠯᠠᠭ᠎ᠠ ᠲᠠᠰᠤᠭ ᠨᠢ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠳᠣᠲᠣᠭᠠᠳᠤ ᠶᠢᠨ ᠠᠵᠢᠯ ᠤᠨ ᠲᠠᠷᠠᠭᠠᠯᠠᠯ ᠢᠶᠠᠨ ᠤᠯᠠᠮ ᠨᠢᠭᠡ ᠠᠯᠬᠤᠮ | ᠰᠢᠯᠢᠳᠡᠭᠵᠢᠬᠦᠯᠵᠦ᠂ ᠴᠠᠭ ᠤᠨ ᠬᠢᠵᠠᠭᠠᠷ ᠢ ᠪᠠᠭᠠᠰᠬᠠᠨ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠳᠤ | ᠬᠡᠷᠡᠭᠯᠡᠬᠦ ᠭᠠᠵᠠᠷ ᠤᠨ ᠱᠠᠭᠠᠷᠳᠠᠯᠭ᠎ᠠ ᠶᠢ ᠪᠠᠳᠤᠯᠠᠨ ᠲᠡᠮᠵᠢᠵᠦ᠂ ᠲᠥᠷᠥ ᠶᠢᠨ ᠪᠣᠳᠣᠯᠭ᠎ᠠ ᠶᠢ ᠲᠡᠭᠡᠳᠦ ᠳᠣᠣᠷᠠᠳᠤ | ᠱᠠᠲᠤ ᠪᠠᠷ ᠢᠶᠠᠨ ᠨᠡᠪᠳᠡᠷᠡᠯᠴᠡᠭᠦᠯᠦᠨ᠂ ᠡᠯ᠎ᠡ ᠭᠤᠭᠴᠤᠭ᠎ᠠ ᠶᠢ ᠪᠦᠲᠦᠮᠵᠢᠲᠡᠶ ᠵᠣᠯᠭᠠᠭᠤᠯᠵᠤ᠂ ᠲᠦᠯᠬᠢᠬᠦ᠂ | ᠰᠢᠯᠲᠠᠭᠯᠠᠬᠤ ᠵᠡᠷᠭᠡ ᠠᠯᠢ ᠣᠯᠠᠨ ᠬᠠᠷᠢᠭᠤᠴᠠᠵᠤ ᠬᠢᠬᠦ ᠦᠭᠡᠢ᠂ ᠤᠳᠠᠭᠠᠨ ᠬᠢᠬᠦ ᠦᠵᠡᠭᠳᠡᠯ ᠭᠠᠷᠬᠤ ᠶᠢ | ᠬᠤᠷᠢᠭᠯᠠᠵᠤ᠂ ᠪᠠᠶᠢᠴᠠᠭᠠᠨ ᠲᠣᠳᠣᠯᠠᠪᠠᠯ ᠬᠤᠯᠪᠤᠭᠳᠠᠯ ᠪᠦᠬᠦᠢ ᠬᠥᠮᠦᠰ ᠠᠴᠠ ᠬᠠᠷᠢᠭᠤᠴᠠᠯᠭ᠎ᠠ ᠶᠢ ᠡᠷᠡᠰ | ᠨᠡᠬᠡᠮᠵᠢᠯᠡᠨ᠎ᠡ᠃ | ᠲᠤᠰ ᠮᠡᠳᠡᠭᠳᠡᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ | ᠬᠤᠭᠤᠴᠠᠭ᠎ᠠ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠲᠠᠶᠢᠯᠬᠤ ᠪᠤᠯᠲᠠᠯ᠎ᠠ᠂ | ᠳᠡᠭᠡᠳᠦ ᠱᠠᠲᠤᠨ ᠠᠴᠠ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠬᠡᠷᠡᠭᠵᠢᠭᠦᠯᠦᠨ᠎ᠡ᠃ | |