ᠬᠦᠬᠡᠬᠤᠳᠠ ᠦᠯᠦ ᠬᠦᠳᠡᠯᠬᠦ ᠬᠦᠷᠦᠩᠭᠡ ᠶᠢ ᠲᠠᠩᠰᠠᠯᠠᠨ ᠲᠡᠮᠳᠡᠭᠯᠡᠬᠦ ᠬᠦᠷᠢᠶᠡᠨ ᠳᠠᠬᠢ ᠬᠤᠳᠠᠯᠳᠤᠭ᠎ᠠ ᠡᠷᠬᠢᠯᠡᠬᠦ ᠤᠷᠴᠢᠨ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2020-05-12
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠤᠤ ᠨᠠᠷᠠᠨᠲᠤᠶᠠᠭ᠎ᠠ︶ ᠬᠦᠬᠡᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠣᠯᠣᠭᠠᠨ ᠵᠦᠢᠯ ᠤᠨ ᠠᠷᠭ᠎ᠠ ᠬᠡᠮᠵᠢᠶ᠎ᠡ ᠨᠡᠶᠢᠳᠡᠯᠡᠵᠦ᠂ ᠲᠤᠰ ᠬᠤᠳᠠ ᠶᠢᠨ ᠦᠯᠦ ᠬᠦᠳᠡᠯᠬᠦ ᠬᠦᠷᠦᠩᠭᠡ ᠶᠢ ᠲᠠᠩᠰᠠᠯᠠᠨ ᠲᠡᠮᠳᠡᠭᠯᠡᠬᠦ ᠬᠦᠷᠢᠶᠡᠨ ᠳᠠᠬᠢ ᠬᠤᠳᠠᠯᠳᠤᠭ᠎ᠠ ᠡᠷᠬᠢᠯᠡᠬᠦ ᠣᠷᠴᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ ᠪᠣᠢ᠃      ᠳ᠋ᠠᠶᠢᠲ᠋ᠠ ᠶᠢ ᠬᠠᠮᠳᠤ ᠪᠠᠷ ᠡᠳ᠋ᠯᠡᠬᠦ ᠪᠠᠷ ᠲᠠᠮᠵᠢᠭᠤᠯᠤᠨ ᠴᠢᠬᠤᠯᠠ ᠨᠥᠬᠦᠴᠡᠯ ᠤᠨ ᠮᠠᠲ᠋ᠧᠷᠢᠶᠠᠯ ᠢ ᠤᠯᠬᠤ ᠶᠢ ᠵᠣᠷᠢᠭᠵᠢᠭᠤᠯᠵᠤ᠂ ᠨᠥᠭᠡᠴᠡ ᠭᠡᠷ ᠪᠠᠶᠢᠰᠢᠩ ᠤᠨ ᠭᠠᠵᠠᠷ ᠰᠢᠷᠣᠢ ᠶᠢᠨ ᠳᠠᠩᠰᠠᠯᠠᠯᠲᠠ ᠶᠢᠨ ᠲᠤᠭ᠎ᠠ ᠪᠠᠷᠢᠮᠲᠠ ᠶᠢ ᠨᠡᠶᠢᠳᠭᠡᠬᠦ ᠠᠵᠢᠯ ᠢ ᠲᠦᠷᠭᠡᠳᠭᠡᠨ ᠠᠬᠢᠭᠤᠯᠪᠠ︔ ᠤᠷᠢᠳᠴᠢᠯᠠᠨ ᠪᠠᠶᠢᠴᠠᠭᠠᠨ ᠪᠢᠳᠡᠭᠦᠮᠵᠢᠯᠡᠬᠦ᠂ ᠤᠷᠢᠳᠴᠢᠯᠠᠨ ᠪᠠᠷᠢᠴᠠᠭᠠᠯᠠᠬᠤ ᠵᠡᠷᠭᠡ ᠲᠠᠩᠰᠠᠯᠠᠬᠤ ᠲᠤᠬᠠᠢᠢᠯᠠᠭᠰᠠᠨ ᠠᠵᠢᠯ ᠢ ᠦᠷᠨᠢᠭᠦᠯᠵᠦ᠂ ᠤᠷᠢᠳᠴᠢᠯᠠᠨ ᠮᠡᠳᠡᠭᠳᠡᠬᠦ ᠲᠠᠩᠰᠠᠯᠠᠯᠳᠠ ᠶᠢᠨ ᠲᠦᠷᠢᠮ ᠢ ᠬᠡᠷᠡᠭᠵᠢᠭᠦᠯᠪᠠ︔ ᠠᠷᠠᠯᠵᠢᠶᠠᠯᠠᠬᠤ᠂ ᠭᠠᠶᠢᠯᠢ ᠲᠤᠰᠢᠶᠠᠬᠤ ᠪᠠ ᠲᠠᠩᠰᠠᠯᠠᠬᠤ ᠶᠢ ᠬᠠᠮᠳᠤ ᠳᠤᠨᠢ ᠭᠦᠢᠴᠡᠳᠭᠡᠪᠠ︔ ᠠᠵᠢᠯ ᠶᠠᠪᠤᠳᠠᠯ ᠭᠦᠢᠴᠡᠳᠭᠡᠬᠦ ᠴᠠᠭ ᠢ ᠪᠤᠭᠤᠨᠢᠰᠬᠠᠵᠤ᠂ ᠲᠡᠷᠡ ᠲᠠᠷᠤᠢ ᠳᠤᠨᠢ ᠰᠢᠢᠳᠪᠦᠷᠢᠯᠡᠵᠦ ᠲᠠᠭᠤᠰᠬᠠᠬᠤ ᠪᠠᠷ ᠬᠦᠴᠦᠯᠡᠪᠡ︔ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠬᠠᠷᠢᠶ᠎ᠠ ᠲᠠᠭᠠᠭᠠᠨ ᠭᠦᠢᠴᠡᠳᠭᠡᠬᠦ ᠰᠠᠯᠠᠭ᠎ᠠ ᠮᠦᠴᠢᠷ ᠯᠦᠭᠡ ᠬᠠᠮᠳᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠵᠤᠬᠢᠴᠠᠭᠤᠯᠬᠤ ᠠᠵᠢᠯ ᠤᠨ ᠲᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠪᠠ︔ ᠲᠠᠩᠰᠠᠯᠠᠬᠤ ᠲᠦᠪ ᠤᠨ ᠡᠯ᠎ᠡ ᠱᠠᠳᠤ ᠡᠯ᠎ᠡ ᠲᠥᠷᠥᠯ ᠤᠨ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢᠨ ᠲᠦᠷᠢᠮ ᠢ ᠲᠤᠭᠳᠠᠭᠠᠵᠤ᠂ ᠲᠠᠩᠰᠠᠯᠠᠬᠤ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠵᠤ ᠪᠢᠴᠢᠭ ᠢᠶᠠᠷ ᠮᠡᠳᠡᠭᠳᠡᠬᠦ ᠲᠦᠷᠢᠮ ᠢ ᠨᠠᠷᠢᠨ ᠬᠢᠨᠠᠮᠠᠭᠠᠢ  ᠨᠠᠶᠢᠳᠠᠪᠤᠷᠢᠵᠢᠭᠤᠯᠪᠠ︔ ᠡᠳᠦᠷ ᠲᠤᠳᠤᠮ ᠤᠨ ᠲᠠᠩᠰᠠᠯᠠᠨ ᠲᠡᠮᠳᠡᠭᠯᠡᠬᠦ ᠲᠤᠬᠠᠢᠢᠯᠠᠭᠰᠠᠨ ᠠᠵᠢᠯ ᠤᠨ ᠲᠠᠩᠰᠠ ᠡᠪᠬᠡᠮᠡᠯ  ᠢ ᠡᠮᠬᠢᠯᠡᠨ ᠬᠦᠮᠦᠷᠭᠡ ᠳᠤ ᠤᠷᠤᠭᠤᠯᠬᠤ ᠠᠵᠢᠯ ᠢ ᠢᠳᠡᠪᠬᠢᠳᠡᠢ ᠠᠬᠢᠭᠤᠯᠵᠤ᠂ ᠳᠠᠩᠰᠠ ᠡᠪᠬᠡᠮᠡᠯ ᠤᠨ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠪᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号