ᠲᠦᠩ ᠳ᠋ᠤᠤ ᠵᠡᠭᠡᠯᠢ ᠭᠤᠳᠤᠮᠵᠢ᠄ ᠣᠯᠠᠨ ᠲᠠᠯ᠎ᠠ ᠶᠢᠨ ᠬᠢᠨ ᠢ ᠬᠤᠯᠪᠣᠭᠠᠯᠠᠨ ᠬᠥᠳᠡᠯᠦᠯᠴᠡᠵᠦ ᠥᠨᠳᠥᠷ ᠪᠠᠷᠢᠮᠵᠢᠶ᠎ᠠ ᠪᠠᠷ ᠨᠠᠷᠢᠯᠢᠭᠵᠢᠭᠤᠯᠤᠨ ᠬᠤᠲᠠ ᠶᠢᠨ ᠦᠵᠡᠮᠵᠢ ᠣᠷᠴᠢᠨ ᠲᠣᠭᠤᠷᠢᠨ ᠢ ᠴᠡᠭᠴᠡᠯᠡᠨ ᠵᠠᠰᠠᠵᠤ ᠪᠣᠯᠪᠠᠰᠤᠨ ᠬᠤᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2020-05-18
     ᠬᠠᠷᠢᠶ᠎ᠠ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠵᠤ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠵᠤ ᠨᠠᠷᠢᠯᠢᠬᠵᠢᠭᠤᠯᠬᠤ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ ᠎ᠠ ᠪᠠᠷ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠬᠤᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠦᠨ ᠠᠬᠢᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠤᠢᠢᠷ᠎ᠠ ᠶᠢᠨ ᠡᠳᠦᠷ ᠤᠨ ᠲᠤᠷᠰᠢ᠂ ᠲᠦᠩ ᠳ᠋ᠤᠤ ᠵᠡᠭᠡᠯᠢ ᠭᠤᠳᠤᠮᠵᠢ ᠶᠢᠨ ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠲᠦᠩ ᠳ᠋ᠤᠤ ᠵᠡᠭᠡᠯᠢ ᠭᠤᠳᠤᠮᠵᠢ ᠤᠨ ᠳᠤᠮᠳᠠ ᠠᠩᠬᠢ᠂ ᠲᠦᠩ ᠳ᠋ᠤᠤ ᠵᠡᠭᠡᠯᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠵᠡᠷᠭᠡ ᠤᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠬᠠᠷᠢᠶ᠎ᠠ ᠣᠷᠣᠨ ᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠥᠨᠳᠥᠷ ᠪᠠᠷᠢᠮᠵᠢᠶ᠎ᠠ᠂ ᠨᠠᠷᠢᠯᠢᠬᠵᠢᠭᠤᠯᠤᠨ ᠬᠠᠮᠢᠶᠠᠷᠴᠤ ᠴᠡᠭᠴᠡᠯᠡᠨ ᠵᠠᠰᠠᠵᠤ᠂ ᠥᠷᠭᠡᠨ ᠤᠯᠠᠨ ᠰᠠᠭᠤᠭᠠᠯᠢ ᠠᠷᠠᠳ ᠲᠦᠮᠡᠨ ᠳᠤ ᠪᠣᠯᠪᠠᠰᠤᠨ᠂ ᠴᠡᠪᠡᠷ ᠲᠡᠭᠰᠢ᠂ ᠡᠮᠬᠢ ᠳᠢᠭᠯᠢᠮ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠪᠤᠢ ᠪᠣᠯᠭᠠᠪᠠ᠃      ᠨᠢᠭᠡ ᠳᠤ᠂ ᠵᠢᠵᠢᠭ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠡᠮᠬᠢ ᠳᠢᠭᠯᠢᠮ ᠢ ᠥᠨᠳᠥᠷ ᠪᠠᠷᠢᠮᠵᠢᠶ᠎ᠠ᠂ ᠵᠢᠷᠤᠮᠵᠢᠭᠤᠯᠤᠨ ᠴᠡᠭᠴᠡᠯᠡᠨ ᠵᠠᠰᠠᠪᠠ᠃ ᠬᠠᠷᠢᠶᠠᠲᠤ ᠣᠷᠣᠨ ᠤ ᠡᠯ᠎ᠡ ᠵᠡᠭᠡᠯᠢ ᠭᠤᠳᠤᠮᠵᠢ ᠶᠢᠨ ᠳᠡᠯᠭᠡᠭᠦᠷ ᠢ ᠭᠠᠳᠠᠭᠰᠢ ᠳᠡᠯᠭᠡᠨ ᠬᠤᠳᠠᠯᠳᠤᠬᠤ᠂ ᠨᠡᠭᠦᠲᠡᠯ ᠳᠡᠯᠭᠡᠭᠦᠷᠴᠢᠨ᠂ ᠵᠠᠮ ᠡᠵᠡᠯᠡᠨ ᠡᠵᠡᠩᠨᠡᠬᠦ᠂ ᠬᠤᠪᠢ ᠪᠠᠷ ᠢᠶᠠᠨ ᠰᠠᠭᠠᠳ ᠪᠣᠳᠠᠰ ᠭᠠᠷᠭᠠᠵᠤ ᠲᠡᠷᠭᠡ ᠵᠣᠭᠰᠣᠬᠤ ᠣᠷᠣ ᠶᠢ ᠡᠵᠡᠯᠡᠨ ᠬᠡᠷᠡᠭᠯᠡᠬᠦ ᠵᠢᠴᠢ ᠡᠯ᠎ᠡ ᠲᠣᠭᠤᠷᠢᠭ ᠲᠤ ᠰᠠᠭᠤᠭ᠎ᠠ ᠨᠢᠭᠡᠴᠡ᠂ ᠰᠠᠭᠤᠭᠠᠯᠢ ᠠᠷᠠᠳ ᠤᠨ ᠪᠠᠭ᠎ᠠ ᠲᠣᠭᠤᠷᠢᠭ ᠤᠨ ᠬᠡᠷᠡᠮ ᠤᠨ ᠡᠯ᠎ᠡ ᠲᠥᠷᠥᠯ ᠤᠨ ᠨᠠᠭᠠᠮᠠᠯ ᠡᠳ᠋᠂ ᠤᠬᠠᠭᠤᠯᠭ᠎ᠠ ᠶᠢᠨ ᠡᠳ᠋ ᠵᠡᠷᠭᠡ ᠶᠢ ᠲᠥᠪᠯᠡᠷᠡᠭᠦᠯᠦᠨ ᠢᠯᠭᠠᠷᠠᠭᠤᠯᠵᠤ ᠴᠡᠭᠴᠡᠯᠡᠬᠦ ᠶᠢᠨ ᠬᠠᠮᠲᠤ᠂ ᠡᠯ᠎ᠡ ᠵᠡᠭᠡᠯᠢ ᠭᠤᠳᠤᠮᠵᠢ ᠶᠢᠨ ᠡᠷᠬᠢᠨ ᠲᠣᠭᠤᠷᠢᠨ ᠤ ᠠᠷᠢᠭᠤᠨ ᠴᠡᠪᠡᠷ ᠤᠨ ᠥᠯᠥ ᠣᠨᠣᠭᠳᠠᠬᠤ ᠪᠤᠯᠤᠩ᠂ ᠬᠤᠷᠠᠮᠳᠤᠭᠰᠠᠨ ᠬᠤᠭ ᠨᠣᠪᠰᠢ᠂ ᠬᠠᠶᠠᠭᠳᠠᠮᠠᠯ ᠬᠠᠭᠤᠴᠢᠨ ᠡᠳ᠋ ᠪᠣᠳᠠᠰ ᠵᠡᠷᠭᠡ ᠶᠢ ᠪᠦᠬᠦᠨ ᠢ ᠪᠦᠷᠬᠦᠭᠦᠯᠬᠦ᠂ ᠥᠨᠴᠥᠭ ᠪᠤᠯᠤᠩ ᠥᠬᠡᠶ ᠠᠷᠭ᠎ᠠ ᠮᠠᠶ᠋ᠢᠭ ᠢ ᠠᠪᠴᠤ᠂ ᠲᠦᠢᠯᠪᠤᠷᠢᠲᠠᠶ ᠢᠯᠭᠠᠷᠠᠭᠤᠯᠪᠠ᠃      ᠬᠤᠶᠠᠷ ᠲᠤ᠂ ᠨᠠᠷᠢᠨ ᠨᠢᠮᠪᠠᠢ ᠭᠠᠷᠳᠠᠨ ᠬᠢᠵᠦ᠂ ᠬᠤᠲᠠ ᠶᠢᠨ ᠳᠦᠷᠢ ᠲᠥᠷᠬᠦ ᠶᠢᠨ ᠣᠷᠴᠢᠨ ᠲᠣᠭᠤᠷᠢᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠠᠵᠢᠯᠲᠠᠨ ᠬᠠᠷᠢᠶᠠᠲᠤ ᠣᠷᠣᠨ ᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠳᠦᠷ ᠲᠤᠲᠤᠮ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠬᠤᠳᠠᠯᠳᠤᠭᠠᠴᠢᠨ ᠡᠷᠦᠬᠡ ᠶᠢ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠶᠢ ᠴᠢᠩᠭ᠎ᠠ ᠨᠠᠢᠳᠠᠪᠤᠷᠢᠵᠢᠭᠤᠯᠬᠤ᠂ ᠬᠤᠭᠤᠯᠠᠨ ᠭᠡᠷ ᠤᠨ ᠬᠤᠭ ᠨᠣᠪᠰᠢ᠂ ᠪᠣᠬᠢᠷ ᠤᠰᠤ ᠵᠡᠷᠭᠡ ᠳᠤ ᠡᠷᠬᠡᠪᠰᠢ ᠲᠣᠭᠲᠠᠭᠰᠠᠨ ᠴᠠᠭ ᠲᠣᠭᠲᠠᠭᠰᠠᠨ ᠴᠢᠭ ᠲᠣᠭᠲᠠᠭᠠᠨ ᠲᠠᠯᠪᠢᠵᠤ᠂ ᠬᠠᠷᠢᠭᠤᠴᠠᠯᠭ᠎ᠠ  ᠶᠢᠨ ᠲᠣᠭᠤᠷᠢᠭ ᠢ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠭᠦᠯᠬᠦ ᠶᠢ ᠦᠨᠡᠨᠬᠦ ᠪᠠᠲᠤᠯᠠᠵᠤ᠂ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠬᠤᠲᠠ ᠶᠢᠨ ᠲᠥᠪ ᠬᠤᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠦᠨ ᠪᠦᠲᠦᠭᠡᠬᠦ ᠳᠤ ᠤᠬᠠᠮᠰᠠᠷ ᠠᠴᠠ ᠪᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠠᠵᠢᠯᠲᠠᠨ᠂ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ᠂ ᠥᠷᠭᠡᠨ ᠣᠯᠠᠨ ᠬᠤᠳᠠᠯᠳᠤᠭᠠᠴᠢᠨ ᠡᠷᠦᠬᠡ᠂ ᠰᠠᠭᠤᠭᠠᠯᠢ ᠠᠷᠠᠳ ᠢ ᠳᠠᠶᠢᠴᠢᠯᠠᠨ᠂ ᠵᠡᠭᠡᠯᠢ ᠳᠠᠭᠠᠤ ︽ᠭᠤᠷᠪᠠᠨ ᠡᠷᠦᠶ ᠬᠤᠷᠤᠶ ᠥᠬᠡᠶ︾ ᠵᠢᠵᠢᠭ ᠵᠠᠷ ᠮᠡᠳᠡᠭᠡ ᠶᠢ ᠴᠡᠪᠡᠷᠯᠡᠬᠦ ᠶᠢᠨ ᠬᠠᠮᠲᠤ ᠂ ᠢᠳᠡᠭᠡᠨ ᠤᠮᠳᠠᠭᠠᠨ ᠡᠵᠡᠩᠨᠡᠬᠦ ᠡᠷᠦᠬᠡ ᠶᠢᠨ ᠡᠭᠦᠳᠡᠨ ᠡᠮᠦᠨᠡᠬᠢ ᠪᠣᠬᠢᠷᠲᠤᠭᠰᠠᠨ ᠱᠠᠲᠤ ᠶᠢ ᠨᠢᠭᠡᠳ ᠨᠢᠭᠡ ᠪᠠᠷ ᠴᠡᠪᠡᠷᠯᠡᠵᠦ᠂ ᠬᠠᠷᠢᠶᠠᠲᠤ ᠣᠷᠣᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢ ᠦᠨᠡᠨᠬᠦ ᠪᠠᠲᠤᠯᠠᠪᠠ᠃      ᠭᠤᠷᠪᠠ ᠳᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠡᠯ᠎ᠡ ᠲᠥᠷᠥᠯ ᠤᠨ ᠲᠡᠷᠭᠡ ᠬᠥᠰᠬᠡ ᠶᠢᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠵᠣᠭᠰᠣᠬᠤ ᠶᠢ ᠦᠨᠡᠨᠬᠦ ᠪᠠᠲᠤᠯᠠᠪᠠ᠃ ᠮᠠᠰᠢᠨᠲᠤ ᠲᠡᠷᠭᠡᠨ ᠳᠤ᠂ ᠵᠠᠮ ᠬᠠᠷᠢᠯᠴᠠᠭᠠᠨ ᠤ ᠴᠠᠭᠳᠠᠭ᠎ᠠ ᠶᠢ ᠢᠳᠡᠪᠬᠢᠲᠡᠶ ᠪᠠᠷ ᠵᠣᠬᠢᠴᠠᠭᠤᠯᠵᠤ ᠴᠢᠩᠭ᠎ᠠ ᠬᠠᠮᠢᠶᠠᠷᠴᠤ ᠬᠦᠨᠳᠦ ᠪᠠᠷ ᠲᠣᠷᠭᠠᠬᠤ ᠡᠷᠴᠢᠮ ᠢᠶᠠᠨ ᠴᠢᠩᠭᠠᠷᠠᠭᠤᠯᠵᠤ᠂ ᠮᠠᠰᠢᠨᠲᠤ ᠲᠡᠷᠭᠡᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠪᠠ᠃ ᠮᠠᠰᠢᠨᠲᠤ ᠪᠤᠰᠤ ᠲᠡᠷᠭᠡ ᠶᠢᠨ ᠲᠤᠬᠠᠶ᠂ ᠨᠢᠭᠡ ᠲᠠᠯ᠎ᠠ ᠪᠠᠷ ᠬᠠᠮᠲᠤ ᠪᠠᠷ ᠡᠳ᠋ᠯᠡᠬᠦ ᠳᠤᠭᠤᠶ ᠲᠡᠷᠭᠡᠨ ᠤ ᠠᠵᠤ ᠠᠬᠤᠶᠢᠯᠠᠯ ᠢ ᠰᠢᠪᠠᠳᠠᠵᠤ ᠪᠠᠶᠢᠭᠠᠳ ᠡᠯ᠎ᠡ ᠵᠠᠮ ᠤᠨ ᠬᠡᠰᠡᠭ ᠲᠤ ᠲᠣᠰ ᠲᠣᠰ ᠤᠨ ᠺᠣᠮᠫᠠᠨᠢ ᠶᠢᠨ ᠲᠡᠷᠭᠡ ᠬᠥᠰᠬᠡ ᠪᠠᠨ ᠡᠮᠬᠢ ᠵᠢᠷᠤᠮ ᠲᠠᠢ ᠪᠠᠷ ᠲᠠᠯᠪᠢᠵᠤ᠂ ᠨᠥᠭᠦᠭᠡ ᠲᠠᠯ᠎ᠠ ᠪᠠᠷ ᠰᠠᠶᠢᠨ ᠳᠤᠷᠠᠴᠤᠳ ᠢ ᠳᠠᠶᠢᠴᠢᠯᠠᠨ ᠡᠯ᠎ᠡ ᠵᠡᠭᠡᠯᠢ ᠭᠤᠳᠤᠮᠵᠢ ᠳᠤ ᠲᠠᠰᠤᠷᠠᠯᠲᠠ ᠥᠬᠡᠶ ᠭᠠᠷᠴᠤ᠂ ᠭᠠᠷ ᠤᠨ ᠠᠶ᠎ᠠ ᠪᠠᠷ ᠲᠠᠯᠪᠢᠵᠤ᠂ ᠮᠠᠰᠢᠨᠲᠤ ᠪᠤᠰᠤ ᠲᠡᠷᠭᠡ ᠶᠢ ᠴᠠᠭ ᠢᠮᠠᠭᠲᠠ ᠭᠠᠵᠠᠷ ᠪᠣᠯᠭᠠᠨ ᠳᠤ ᠬᠠᠮᠢᠶᠠᠷᠬᠤ ᠬᠥᠮᠦᠨ ᠲᠠᠢ᠂ ᠲᠡᠷᠢ ᠲᠡᠭᠰᠢ ᠲᠠᠯᠪᠢᠬᠤ ᠶᠢ ᠪᠠᠲᠤᠯᠠᠪᠠ᠃ ᠲᠦᠷᠪᠡ ᠳᠤ᠂ ᠴᠡᠪᠡᠷᠯᠡᠬᠦ ᠪᠠ ᠠᠷᠢᠭᠤᠨ ᠴᠡᠪᠡᠷ ᠢ ᠪᠦᠬᠦᠨ ᠢ ᠬᠠᠮᠤᠷᠴᠤ᠂ ᠪᠦᠬᠦ ᠡᠳᠦᠷ ᠤᠨ ᠴᠡᠪᠡᠷ ᠴᠡᠮᠴᠡᠭᠡᠷ ᠪᠠᠶᠢᠬᠤ ᠶᠢ ᠪᠠᠲᠤᠯᠠᠪᠠ᠃ ᠲᠤᠬᠠᠶᠢᠯᠠᠪᠠᠯ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠪᠦᠬᠦᠨ ᠢ ᠬᠡᠰᠡᠭ ᠳᠠᠭᠠᠭᠠᠴᠢᠯᠠᠭᠰᠠᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠵᠡᠭᠡᠯᠢ ᠭᠤᠳᠤᠮᠵᠢ ᠶᠢ ᠴᠡᠪᠡᠷᠯᠡᠬᠦ᠂ ᠬᠤᠭ ᠨᠣᠪᠰᠢ ᠶᠢ ᠴᠡᠪᠡᠷᠯᠡᠬᠦ ᠠᠵᠢᠯ ᠢ ᠡᠮᠬᠢ ᠵᠢᠷᠤᠮ ᠲᠠᠢ ᠬᠢᠵᠦ᠂ ᠡᠳᠦᠷ ᠲᠤᠲᠤᠮ ᠤᠨ ᠬᠠᠮᠢᠶᠠᠷᠤᠯᠲᠠ᠂ ᠠᠷᠢᠭᠤᠨ ᠴᠡᠪᠡᠷ ᠤᠨ ᠠᠵᠢᠯ ᠤᠨ ᠬᠦᠷᠦᠯᠴᠡᠬᠦ ᠥᠨᠴᠥᠭ ᠢ ᠬᠠᠷᠢᠶᠠᠲᠤ ᠣᠷᠣᠨ ᠤ ᠥᠨᠴᠥᠭ ᠪᠤᠯᠤᠩ ᠨᠢᠭᠡᠪᠦᠷᠢ ᠳᠤ ᠬᠦᠷᠲᠡᠯ᠎ᠡ ᠤᠷᠲᠤᠳᠬᠠᠬᠤ ᠪᠠᠷ ᠴᠢᠷᠮᠠᠶᠢᠵᠤ᠂ ᠵᠤᠷᠰᠢᠮᠠᠯ ᠬᠡᠪᠢᠰ ᠤᠨ ᠬᠡᠯᠪᠡᠷᠢ ᠪᠠᠷ ᠴᠡᠪᠡᠷᠯᠡᠨ ᠴᠡᠪᠡᠷᠯᠡᠵᠦ᠂ ᠬᠠᠷᠢᠶᠠᠲᠤ ᠣᠷᠣᠨ ᠤ ᠭᠤᠤᠯ ᠳᠡᠳ᠋ ᠭᠤᠤᠯ ᠱᠤᠭᠤᠮ᠂ ᠵᠡᠭᠡᠯᠢ ᠠᠷᠤ ᠶᠢᠨ ᠵᠢᠵᠢᠭ ᠭᠤᠳᠤᠮᠵᠢ ᠳᠤ ᠬᠤᠭ ᠨᠣᠪᠰᠢ ᠶᠢᠨ ᠥᠨᠴᠥᠭ ᠦᠭᠡᠢ᠂ ᠪᠤᠵᠠᠷ ᠰᠢᠪᠡᠷ ᠤᠰᠤ ᠬᠤᠷᠠᠬᠤ ᠦᠭᠡᠢ᠂ ᠣᠪᠣᠭᠠᠷᠠᠭᠰᠠᠨ ᠪᠣᠳᠠᠰ ᠦᠭᠡᠢ ᠪᠠᠶᠢᠬᠤ ᠶᠢ ᠦᠨᠡᠨᠬᠦ ᠪᠠᠲᠤᠯᠠᠪᠠ᠃      ᠳᠡᠭᠡᠷ᠎ᠡ ᠳᠤᠷᠠᠳᠤᠭᠰᠠᠨ ᠦᠷᠭᠦᠯᠵᠢᠯᠡᠨ ᠨᠡᠶᠢᠳᠡᠮ ᠪᠦᠷᠬᠦᠵᠦ ᠨᠠᠷᠢᠯᠢᠭᠵᠢᠭᠤᠯᠤᠨ ᠬᠠᠮᠢᠶᠠᠷᠴᠤ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠬᠠᠷᠢᠶ᠎ᠠ ᠣᠷᠣᠨ ᠤ ᠬᠤᠲᠠ ᠶᠢᠨ ᠳᠦᠷᠢ ᠲᠥᠷᠬᠦ ᠴᠣ᠋ ᠰᠢᠨ᠎ᠡ ᠳᠦᠷᠰᠦ ᠪᠠᠶᠢᠳᠠᠯ ᠲᠠᠢ ᠪᠣᠯᠭᠠᠵᠤ᠂ ᠬᠢᠵᠢᠭ ᠤᠨ ᠪᠠᠶᠢᠳᠠᠯ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠡᠷ ᠣᠷᠣᠨ ᠢᠶᠠᠨ ᠤᠯᠠᠮ ᠨᠢᠭᠡ ᠠᠯᠬᠤᠮ ᠴᠡᠪᠡᠷᠰᠢᠭᠦᠯᠦᠨ ᠭᠤᠶᠣᠯᠠᠵᠤ᠂ ᠪᠣᠯᠪᠠᠰᠤᠨ ᠬᠤᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠳᠤ ᠢᠳᠡᠪᠬᠢᠲᠡᠶ ᠦᠢᠯᠡᠳᠦᠯ ᠦᠵᠡᠭᠦᠯᠪᠡ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号