ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠮᠡᠷᠭᠡᠵᠢᠯᠲᠡᠳ ᠤᠨ ᠸᠢᠳᠢᠤ᠋ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-05-07
ᠸᠠᠩ ᠯᠢ ᠰᠢᠶᠠ  ᠵᠠᠩ ᠪᠠᠢ ᠴᠧᠩ ᠵᠡᠷᠭᠡ ᠬᠥᠮᠥᠰ ᠣᠷᠣᠯᠴᠠᠪᠠ       ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ ᠲᠦᠷᠦᠭᠦᠬᠡᠨ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠮᠡᠷᠭᠡᠵᠢᠯᠲᠡᠳ ᠤᠨ ᠸᠢᠳᠢᠤ᠋ ᠰᠠᠭᠤᠳᠠᠯ ᠤᠨ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ 10 ᠲᠤᠰᠬᠠᠢ ᠮᠡᠷᠭᠡᠵᠢᠯᠲᠡᠨ ᠢ ᠸᠢᠳᠢᠤ᠋ ᠪᠠᠷ ᠵᠠᠯᠭᠠᠨ ᠤᠷᠢᠵᠤ ᠰᠠᠭᠤᠳᠠᠯ ᠤᠨ ᠬᠤᠷᠠᠯ ᠳᠤ ᠣᠷᠣᠯᠴᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠰᠠᠭᠤᠳᠠᠯ ᠤᠨ ᠬᠤᠷᠠᠯ ᠳᠤ ᠣᠷᠣᠯᠴᠠᠪᠠ᠃ ᠰᠠᠭᠤᠳᠠᠯ ᠤᠨ ᠬᠤᠷᠠᠯ ᠢ ᠫᠠᠨ ᠭᠦ᠋ ᠣᠶᠣᠨ ᠤ ᠬᠥᠮᠥᠷᠭᠡ ᠪᠠᠷ ᠲᠠᠪᠴᠠᠩ ᠪᠣᠯᠭᠠᠨ᠂ ᠸᠢᠳᠢᠤ᠋ ᠮᠠᠶ᠋ᠢᠭ ᠢᠶᠠᠷ ᠬᠤᠷᠠᠯᠳᠤᠭᠤᠯᠵᠠᠢ᠃      ᠰᠠᠭᠤᠳᠠᠯ ᠤᠨ ᠬᠤᠷᠠᠯ ᠳᠤ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠰᠣᠨᠢᠨ ᠮᠡᠳᠡᠭᠡ ᠳᠡᠭᠡᠳᠦ ᠰᠤᠷᠭᠠᠭᠤᠯᠢ ᠶᠢᠨ ᠵᠠᠬᠢᠷᠤᠯ᠂ ᠨᠠᠮ ᠤᠨ ᠬᠤᠷᠢᠶ᠎ᠠ ᠶᠢᠨ ᠳᠡᠳ᠋ ᠱᠦᠵᠢ ᠬᠤ᠋ ᠪᠠᠢ ᠵᠢᠩ᠂ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠨᠡᠶᠢᠭᠡᠮᠯᠢᠭ ᠤᠨ ︽ᠢᠨᠲ᠋ᠧᠷ ᠰᠦᠯᠵᠢᠶ᠎ᠡ +︾ ᠰᠤᠳᠤᠯᠭᠠᠨ ᠯᠠᠪᠯᠠᠯᠲᠠ ᠶᠢᠨ ᠲᠥᠪ ᠤᠨ ᠳᠡᠳ᠋ ᠡᠷᠬᠢᠯᠡᠭᠴᠢ ᠯᠠᠩ ᠶᠦᠩ ᠴᠦᠨ᠂ ᠵᠦᠩ ᠮᠧᠢ ᠯᠢᠤᠢ ᠰᠧ ᠰᠠᠭᠤᠷᠢ ᠮᠥᠩᠭᠦᠨ ᠤ CEO ᠸᠠᠩ ᠵᠢᠶᠦ᠋ᠨ ᠹᠧᠩ᠂ ᠪᠡᠭᠡᠵᠢᠩ ᠶᠡᠭᠡ ᠰᠤᠷᠭᠠᠭᠤᠯᠢ ᠶᠢᠨ ᠵᠢᠭᠤᠯᠴᠢᠯᠠᠯ ᠤᠨ ᠰᠤᠳᠤᠯᠭᠠᠨ ᠬᠢᠭᠡᠳ ᠲᠥᠯᠥᠪᠵᠢᠭᠦᠯᠭᠡ ᠶᠢᠨ ᠲᠥᠪ ᠤᠨ ᠡᠷᠬᠢᠯᠡᠭᠴᠢ ᠦ᠋ ᠪᠢ ᠬᠤ᠋ ᠵᠡᠷᠭᠡ 10 ᠲᠤᠰᠬᠠᠢ ᠮᠡᠷᠭᠡᠵᠢᠯᠲᠡᠳ ᠢ ᠤᠷᠢᠵᠤ᠂ ᠣᠯᠠᠨ ᠮᠡᠷᠭᠡᠵᠢᠯᠲᠡᠳ ᠥᠪᠡᠷ ᠥᠪᠡᠷ ᠤᠨ ᠰᠤᠳᠤᠯᠭᠠᠨ ᠪᠠ ᠠᠵᠢᠯ ᠤᠨ ᠬᠦᠷᠢᠶᠡᠨ ᠤ ᠪᠣᠳᠠᠲᠠᠢ ᠳᠤ ᠤᠶᠠᠯᠳᠤᠭᠤᠯᠤᠨ᠂ ᠦᠵᠡᠯ ᠪᠣᠳᠣᠯ ᠢᠶᠠᠨ ᠳᠡᠯᠭᠡᠵᠦ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠤᠬᠠᠭᠤᠯᠭ᠎ᠠ ᠨᠡᠪᠲᠡᠷᠡᠭᠦᠯᠭᠡ᠂ ᠮᠥᠩᠭᠦᠨ ᠭᠦᠢᠯᠭᠡᠭᠡ᠂ ᠠᠷᠠᠯᠵᠢᠶ᠎ᠠ᠂ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠴᠢᠳᠠᠪᠤᠷᠢᠲᠠᠨ᠂ ᠰᠢᠨ᠎ᠡ ᠡᠨᠧᠷᠭᠢ᠂ ᠢᠨᠲ᠋ᠧᠷ ᠰᠦᠯᠵᠢᠶ᠎ᠡ +  ᠂ ᠬᠤᠲᠠ ᠶᠢᠨ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠬᠤᠲᠠ ᠪᠠᠯᠭᠠᠰᠤ ᠶᠢᠨ ᠰᠣᠶᠣᠯ ᠤᠨ ᠬᠥᠭᠵᠢᠯᠲᠡ ᠵᠡᠷᠭᠡ ᠲᠠᠯ᠎ᠠ ᠪᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠠᠮ ᠤᠨ ᠲᠥᠪ ᠬᠤᠷᠢᠶ᠎ᠠ ᠶᠢᠨ ᠲᠥᠷᠥ ᠶᠢᠨ ᠪᠣᠳᠣᠯᠭ᠎ᠠ ᠪᠠᠶᠢᠷᠢᠯᠠᠭᠤᠯᠤᠯᠲᠠ᠂ ᠲᠥᠷᠥ ᠶᠢᠨ ᠪᠣᠳᠣᠯᠭ᠎ᠠ ᠶᠢᠨ ᠵᠢᠯᠣᠭᠤᠳᠤᠮᠵᠢ ᠳᠤ ᠤᠶᠠᠯᠳᠤᠭᠤᠯᠤᠨ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠤᠳᠠᠯ ᠢ ᠪᠠᠷᠢᠵᠤ᠂ ᠰᠠᠨᠠᠯ ᠰᠠᠨᠠᠭᠤᠯᠭ᠎ᠠ ᠠᠷᠭ᠎ᠠ ᠪᠣᠳᠣᠯᠭ᠎ᠠ ᠭᠠᠷᠭᠠᠪᠠ᠃       ᠰᠠᠭᠤᠳᠠᠯ ᠤᠨ ᠬᠤᠷᠠᠯ ᠳᠡᠭᠡᠷ᠎ᠡ ᠸᠠᠩ ᠯᠢ ᠰᠢᠶᠠ᠂ ᠵᠠᠩ ᠪᠠᠢ ᠴᠧᠩ ᠢᠯᠡᠷᠬᠡᠶᠢᠯᠡᠬᠦ ᠳᠡᠭᠡᠨ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠣᠯᠣᠭᠰᠠᠨ ᠱᠠᠲᠤ ᠦᠶ᠎ᠡ ᠶᠢᠨ ᠴᠢᠨᠠᠷᠲᠠᠢ ᠠᠮᠵᠢᠯᠲᠠ ᠶᠢᠨ ᠰᠠᠶᠢᠨ ᠰᠠᠶᠢᠬᠠᠨ ᠪᠠᠶᠢᠳᠠᠯ ᠳᠣᠣᠷ᠎ᠠ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠨᠢ ᠪᠠᠷᠢᠨ ᠭᠦᠢᠴᠡᠳᠬᠡᠬᠦ ᠪᠠᠴᠢᠮ ᠡᠭᠦᠷᠭᠡ ᠪᠣᠯᠪᠠ᠃ ︽ᠪᠢᠯᠢᠭ ᠤᠨ ᠰᠢᠭᠤᠷᠭ᠎ᠠ︾ ᠰᠠᠭᠤᠳᠠᠯ ᠤᠨ ᠬᠤᠷᠠᠯ ᠢ ᠬᠤᠷᠠᠯᠳᠤᠭᠤᠯᠬᠤ ᠪᠠᠷ ᠳᠠᠮᠵᠢᠨ᠂ ᠤᠯᠤᠰ ᠤᠨ ᠳᠣᠲᠣᠭᠠᠳᠤ ᠶᠢᠨ ᠡᠯ᠎ᠡ ᠲᠠᠯ᠎ᠠ ᠶᠢᠨ ᠲᠤᠰᠬᠠᠢ ᠮᠡᠷᠭᠡᠵᠢᠯᠲᠡᠳ ᠢ ᠸᠢᠳᠢᠤ᠋ ᠪᠠᠷ ᠤᠷᠢᠨ ᠲᠥᠪ ᠬᠤᠲᠠ ᠶᠢᠨ ᠬᠥᠭᠵᠢᠯᠲᠡ ᠳᠤ ᠰᠠᠨᠠᠯ ᠰᠠᠨᠠᠭᠤᠯᠭ᠎ᠠ ᠠᠷᠭ᠎ᠠ ᠪᠣᠳᠣᠯᠭ᠎ᠠ ᠭᠠᠷᠭᠠᠭᠤᠯᠬᠤ ᠨᠢ ᠨᠢᠭᠡᠨ ᠴᠠᠭ ᠲᠤ ᠠᠷᠪᠢᠲᠠᠢ᠂ ᠥᠪᠡᠷ ᠤᠨ ᠥᠷᠲᠡᠭ ᠲᠤ ᠠᠷᠪᠢᠲᠠᠢ᠂ ᠪᠠᠭ᠎ᠠ ᠬᠦᠴᠦ ᠪᠠᠷ ᠶᠡᠭᠡ ᠠᠮᠵᠢᠯᠲᠠ ᠣᠯᠣᠭᠰᠠᠨ ᠤᠴᠢᠷ ᠪᠠᠶᠢᠵᠤ᠂ ᠡᠯ᠎ᠡ ᠲᠤᠰᠬᠠᠢ ᠮᠡᠷᠭᠡᠵᠢᠯᠲᠡᠨ ᠬᠥᠬᠡᠬᠤᠲᠠ ᠶᠢᠨ ᠣᠳᠣᠬᠠᠨ ᠤ ᠣᠷᠣᠰᠢᠵᠤ ᠪᠠᠶᠢᠭ᠎ᠠ ᠲᠡᠦᠬᠡ ᠶᠢᠨ ᠣᠷᠣᠨ ᠪᠠᠶᠢᠷᠢ ᠪᠠ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠳᠤ ᠵᠠᠳᠠᠯᠤᠯᠲᠠ ᠬᠢᠵᠦ᠂ ᠬᠥᠬᠡᠬᠤᠲᠠ ᠶᠢᠨ ᠢᠷᠡᠭᠡᠳᠦᠢ ᠶᠢᠨ ᠴᠢᠨᠠᠷ ᠰᠠᠶᠢᠲᠠᠢ ᠬᠥᠭᠵᠢᠯᠲᠡ ᠳᠤ ᠶᠡᠭᠡ ᠰᠠᠶᠢᠨ ᠵᠢᠯᠣᠭᠤᠳᠬᠤ ᠴᠢᠨᠠᠷ ᠪᠠ ᠪᠠᠷᠠᠯᠠᠯᠲᠤ ᠴᠢᠨᠠᠷ ᠲᠠᠢ ᠰᠠᠨᠠᠯ ᠰᠠᠨᠠᠭᠤᠯᠭ᠎ᠠ ᠳᠤᠷᠠᠳᠪᠠ ᠭᠡᠵᠡᠢ᠃       ᠸᠠᠩ ᠯᠢ ᠰᠢᠶᠠ ᠵᠢᠭᠠᠵᠤ ᠭᠠᠷᠭᠠᠭᠰᠠᠨ ᠨᠢ᠂ ᠰᠢᠨ᠎ᠡ ᠴᠠᠭ ᠦᠶ᠎ᠡ ᠶᠢᠨ ᠰᠢᠨ᠎ᠡ ᠬᠥᠭᠵᠢᠯᠲᠡ ᠶᠢ ᠪᠡᠶᠡᠯᠡᠭᠦᠯᠬᠦ ᠳᠤ ᠡᠯ᠎ᠡ ᠲᠠᠯ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠴᠢᠬᠤᠯᠠ ᠲᠠᠢ᠂ ᠡᠨᠡ ᠤᠳᠠᠭ᠎ᠠ ᠶᠢᠨ ︽ᠪᠢᠯᠢᠭ ᠤᠨ ᠰᠢᠭᠤᠷᠭ᠎ᠠ︾  ᠸᠢᠳᠢᠣ᠋ ᠰᠠᠭᠤᠳᠠᠯ ᠤᠨ ᠬᠤᠷᠠᠯ ᠳᠤ᠂ 10 ᠲᠤᠰᠬᠠᠢ ᠮᠡᠷᠭᠡᠵᠢᠯᠲᠡᠨ ᠡᠷᠳᠡᠮᠲᠡᠳ ᠤᠯᠤᠰ ᠤᠨ ᠣᠳᠣᠬᠠᠨ ᠤ ᠲᠦᠷᠦ ᠶᠢᠨ  ᠪᠣᠳᠣᠯᠭ᠎ᠠ ᠶᠢᠨ ᠤᠳᠤᠷᠢᠳᠤᠮᠵᠢ ᠶᠢᠨ ᠲᠣᠭᠤᠷᠢᠨ ᠳᠤ ᠲᠥᠪ ᠬᠤᠲᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠨᠢᠭᠡ ᠪᠦᠯᠦᠭ ᠰᠠᠶᠢᠨ ᠲᠦᠷᠦᠯ ᠵᠦᠢᠯ ᠢ ᠲᠠᠨᠢᠯᠴᠠᠭᠤᠯᠵᠤ᠂ ᠰᠠᠭᠤᠳᠠᠯ ᠤᠨ ᠬᠤᠷᠠᠯ ᠮᠠᠰᠢ ᠶᠡᠭᠡ ᠣᠯᠤᠯᠲᠠ ᠲᠠᠢ ᠪᠣᠯᠵᠠᠢ᠃ ᠬᠥᠬᠡᠬᠤᠲᠠ ᠬᠤᠶᠢᠰᠢᠳᠠ ᠶᠢᠨ ᠠᠵᠢᠯ ᠤᠨ ᠳᠤᠮᠳᠠ ᠪᠠᠨ ᠡᠯ᠎ᠡ ᠵᠦᠢᠯ ᠤᠨ ᠠᠷᠭ᠎ᠠ ᠬᠡᠯᠪᠡᠷᠢ ᠪᠠᠷ ᠡᠯ᠎ᠡ ᠬᠦᠷᠢᠶᠡᠨ ᠤ ᠲᠤᠰᠬᠠᠶ ᠮᠡᠷᠭᠡᠵᠢᠯᠲᠡᠨ ᠡᠷᠳᠡᠮᠲᠡᠳ ᠤᠨ ᠰᠠᠨᠠᠯ ᠰᠠᠨᠠᠭᠤᠯᠭ᠎ᠠ ᠶᠢ ᠨᠠᠩ ᠣᠯᠠᠨ ᠰᠣᠨᠣᠰᠴᠤ᠂ ︽ᠭᠠᠳᠠᠭᠠᠳᠤ ᠲᠠᠷᠢᠬᠢ︾ ᠶᠢᠨ ᠲᠤᠰᠬᠠᠶ ᠮᠡᠷᠭᠡᠵᠢᠯ ᠤᠨ ᠴᠢᠨᠠᠷ᠂ ᠲᠡᠷᠢᠭᠦᠨ ᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠤᠨ ᠳᠠᠪᠠᠭᠤᠯᠢᠭ ᠢ ᠠᠰᠢᠭᠯᠠᠨ ᠠᠵᠢᠯ ᠢᠶᠠᠨ ᠥᠷᠨᠢᠭᠦᠯᠵᠦ᠂ ︽ᠭᠠᠳᠠᠭᠠᠳᠤ ᠲᠠᠷᠢᠬᠢ︾ ᠠᠴᠠ ᠲᠠᠰᠤᠷᠠᠯᠲᠠ ᠥᠬᠡᠶ ᠰᠤᠷᠤᠯᠴᠠᠬᠤ ᠪᠠᠷ ᠳᠠᠮᠵᠢᠭᠤᠯᠤᠨ ᠂ ᠬᠠᠷᠠᠭ᠎ᠠ ᠪᠠᠨ ᠤᠯᠠᠮ ᠨᠢᠭᠡ ᠠᠯᠬᠤᠮ ᠥᠷᠭᠡᠳᠬᠡᠨ᠂ ᠰᠡᠳᠬᠢᠴᠡ ᠪᠠᠨ ᠥᠷᠭᠡᠳᠬᠡᠵᠦ᠂ ᠴᠢᠳᠠᠪᠤᠷᠢ ᠪᠠᠨ ᠳᠡᠭᠡᠭᠰᠢᠯᠡᠭᠦᠯᠦᠨ᠂ ᠪᠥᠬᠦ ᠬᠤᠲᠠ ᠶᠢᠨ ᠪᠦᠬᠦᠯᠢ ᠴᠣᠭᠴᠠ ᠶᠢᠨ ᠠᠵᠢᠯ ᠤᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠎ᠡ᠃ ᠬᠥᠬᠡᠬᠤᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠵᠦ᠂ ᠠᠷᠭ᠎ᠠ ᠬᠡᠮᠵᠢᠶ᠎ᠡ ᠳᠡᠭᠡᠨ ᠰᠢᠨ᠎ᠡ ᠶᠢ ᠡᠭᠦᠳᠴᠦ᠂ ᠴᠠᠭ ᠦᠶ᠎ᠡ ᠶᠢᠨ ᠠᠯᠬᠤᠮ ᠢ ᠳᠠᠭᠠᠵᠤ᠂ ᠵᠣᠷᠢᠭᠲᠠᠶ ᠪᠤᠳᠤᠵᠤ᠂ ᠵᠣᠷᠢᠭᠲᠠᠶ ᠲᠤᠷᠰᠢᠨ᠂ ᠵᠣᠷᠢᠭᠲᠠᠶ ᠠᠵᠢᠯᠯᠠᠵᠤ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠲᠤᠰᠬᠠᠶ ᠮᠡᠷᠭᠡᠵᠢᠯᠲᠡᠨ ᠡᠷᠳᠡᠮᠲᠡᠳ ᠤᠨ ᠰᠠᠨᠠᠯ ᠰᠠᠨᠠᠭᠤᠯᠭ᠎ᠠ ᠶᠢ ᠨᠠᠶᠢᠳᠠᠪᠤᠷᠢᠵᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ᠨᠠᠩ ᠶᠡᠭᠡ ᠬᠥᠭᠵᠢᠯᠲᠡ ᠶᠢ ᠬᠥᠭᠡᠭᠡᠴᠡᠯᠳᠦᠬᠦ ᠬᠡᠷᠡᠭᠲᠡᠶ᠃ ᠲᠣᠰ ᠤᠳᠠᠭᠠᠨ ᠤ ᠲᠤᠰᠬᠠᠶ ᠮᠡᠷᠭᠡᠵᠢᠯᠲᠡᠨ ᠡᠷᠳᠡᠮᠲᠡᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠣᠷᠣᠨ ᠤ ᠲᠥᠪ ᠬᠤᠲᠠ ᠶᠢᠨ ᠬᠥᠭᠵᠢᠯᠲᠡ ᠳᠤ ᠨᠡᠶᠢᠴᠡᠬᠦ ᠲᠥᠷᠥᠯ ᠵᠦᠢᠯ ᠢ ᠳᠠᠷᠦ᠋ᠢᠬᠠᠨ ᠵᠣᠯᠭᠠᠭᠤᠯᠵᠤ᠂ ᠬᠥᠭᠵᠢᠯᠲᠡ ᠶᠢᠨ ᠰᠠᠶᠢᠨ ᠰᠡᠳᠬᠢᠮᠵᠢ ᠶᠢ ᠪᠣᠳᠠᠲᠠᠶ ᠠᠵᠢᠯ ᠤᠨ ᠳᠤᠮᠳᠠ ᠲᠦᠷᠭᠡᠬᠡᠨ ᠨᠠᠶᠢᠳᠠᠪᠤᠷᠢᠵᠢᠭᠤᠯᠬᠤ᠂ ᠲᠤᠰᠬᠠᠶ ᠮᠡᠷᠭᠡᠵᠢᠯᠲᠡᠨ ᠡᠷᠳᠡᠮᠲᠡᠳ ᠤᠨ ᠣᠶᠤᠨ ᠤᠬᠠᠭᠠᠨ ᠪᠠ ᠬᠦᠴᠦᠨ ᠴᠢᠳᠠᠯ ᠢ ᠣᠷᠣᠨ ᠤ ᠲᠥᠪ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠ ᠨᠠᠶᠢᠳᠠᠪᠤᠷᠢᠵᠢᠭᠤᠯᠤᠨ᠂ ᠦᠷ᠎ᠡ ᠪᠦᠲᠦᠭᠡᠯ ᠭᠠᠷᠭᠠᠬᠤ ᠬᠡᠷᠡᠭᠲᠡᠶ ᠭᠡᠵᠡᠢ᠃      ᠬᠤᠲᠠ ᠶᠢᠨ ᠤᠳᠤᠷᠢᠳᠤᠯᠭ᠎ᠠ ᠵᠠᠩ ᠶᠢᠨ ᠫᠢᠩ᠂ ᠦ᠋ ᠸᠧᠨ ᠮᠢᠩ᠂ ᠪᠢ ᠭᠥᠸᠧ ᠴᠧᠨ᠂ ᠵᠸᠦ ᠴᠢᠶᠠᠩ᠂ ᠶᠦᠨ ᠰᠢᠨ ᠮᠢᠩ ᠵᠢᠴᠢ ᠳᠥᠷᠪᠡᠨ ᠲᠣᠭᠤᠷᠢᠭ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号