ᠬᠦᠬᠡᠬᠤᠳᠠ ᠤᠷᠤᠨ ᠤ ᠳᠠᠷᠢᠮᠠᠯ ᠤᠨ ᠦᠷ᠎ᠡ ᠶᠢᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2020-05-09
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠤᠤ ᠨᠠᠷᠠᠨᠲᠤᠶᠠᠭ᠎ᠠ︶ ᠣᠶᠢᠷ᠎ᠠ ᠳᠤ᠂ ᠦᠪᠡᠷᠳᠡᠭᠡᠨ ᠵᠠᠰᠠᠬᠤ ᠤᠷᠤᠨ ᠤ ᠲᠠᠷᠢᠮᠠᠯ ᠤᠨ ᠦᠷ᠎ᠡ ᠶᠢᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠰᠬᠠᠢ ᠠᠵᠢᠯ ᠤᠨ ᠪᠠᠶᠢᠴᠠᠭᠠᠬᠤ ᠲᠤᠭᠤᠢᠢᠯᠠᠩ ᠬᠦᠬᠡᠬᠤᠳᠠ ᠤᠷᠤᠨ ᠤ ᠡᠨᠡ ᠬᠠᠪᠤᠷ ᠤᠨ ᠦᠷ᠎ᠡ ᠶᠢᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠠᠵᠢᠯ ᠵᠢᠴᠢ ᠲᠠᠷᠢᠮᠠᠯ ᠤᠨ ᠦᠷ᠎ᠡ ᠶᠢᠨ ᠦᠢᠯᠡᠰ ᠤᠨ ᠠᠵᠤ ᠠᠬᠤᠢᠢᠯᠠᠯ ᠪᠤᠯᠤᠨ ᠦᠷ᠎ᠡ ᠶᠢᠨ ᠡᠵᠡᠩᠨᠡᠯᠳᠡ ᠶᠢᠨ ᠲᠡᠯᠭᠡᠭᠦᠷ ᠲᠤ ᠪᠠᠶᠢᠴᠠᠭᠠᠯᠳᠠ ᠬᠢᠪᠠ᠃     ᠪᠠᠶᠢᠴᠠᠭᠠᠯᠳᠠ ᠳᠤ ᠭᠤᠤᠯᠳᠠᠭᠤ᠂ ᠦᠷ᠎ᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠭᠤᠤᠯ ᠴᠤᠭᠴᠠ ᠶᠢᠨ ᠪᠠᠶᠢᠳᠠᠯ᠂ ᠦᠷ᠎ᠡ ᠶᠢᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠥᠰᠥᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠤᠣᠯᠳᠠᠯᠭ᠎ᠠ ᠲᠠᠢ ᠲᠠᠷᠢᠮᠠᠯ ᠤᠨ ᠦᠷ᠎ᠡ᠂ ᠭᠤᠣᠯᠳᠠᠯᠭ᠎ᠠ ᠲᠠᠢ ᠤᠷᠤᠨ ᠪᠦᠰᠡ ᠶᠢᠨ ᠬᠢᠨᠠᠯᠳᠠ ᠬᠠᠮᠢᠶᠠᠷᠤᠯᠳᠠ ᠶᠢᠨ ᠠᠵᠢᠯ ᠤᠨ ᠪᠠᠶᠢᠳᠠᠯ᠂ ᠲᠠᠷᠢᠮᠠᠯ ᠤᠨ ᠵᠠᠰᠠᠭ ᠵᠠᠬᠢᠷᠭᠠᠨ ᠤ ᠢᠯᠡ ᠪᠤᠯᠭᠠᠭᠰᠠᠨ ᠪᠠᠶᠢᠳᠠᠯ᠂ ᠬᠠᠤᠯᠢ ᠲᠣᠭᠲᠠᠭᠠᠯ ᠢ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠪᠠᠶᠢᠳᠠᠯ ᠵᠡᠷᠭᠡ ᠶᠢ ᠬᠠᠮᠤᠷᠴᠠᠢ᠃      ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠲᠤᠭᠤᠢᠢᠯᠠᠩ ᠤᠨ ᠬᠢᠨ ᠬᠦᠬᠡᠬᠤᠳᠠ ᠶᠢᠨ ᠲᠠᠷᠢᠮᠠᠯ ᠤᠨ ᠦᠷ᠎ᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠠᠵᠢᠯ ᠳᠤ ᠰᠠᠶᠢᠨ ᠦᠨᠡᠯᠡᠯᠳᠡ ᠦᠭᠪᠡ᠃ ᠡᠨᠡ ᠪᠤᠯ ᠥᠪᠡᠷᠲᠡᠭᠡᠨ ᠵᠠᠰᠠᠬᠤ ᠣᠷᠣᠨ ᠠᠴᠠ ᠪᠠᠷᠠᠭᠤᠨ ᠬᠡᠰᠡᠭ ᠤᠨ ᠣᠯᠠᠨ ᠠᠶᠢᠮᠠᠭ ᠬᠤᠲᠠ ᠪᠠᠷ ᠪᠠᠶᠢᠴᠠᠭᠠᠬᠤ ᠶᠠᠪᠤᠴᠠ ᠳᠤ ᠤᠯᠭᠤᠭᠰᠠᠨ ᠠᠩᠬᠠᠳᠠᠭᠴᠢ ᠰᠠᠶᠢᠨ ᠦᠨᠡᠯᠡᠯᠳᠡ ᠶᠢᠨ ᠪᠠᠶᠢᠴᠠᠭᠠᠯᠳᠠ ᠶᠢᠨ ᠦᠷ᠎ᠡ ᠳ᠋ᠦᠩ ᠪᠣᠯᠣᠨ᠎ᠠ᠃ ᠲᠤᠰ ᠤᠳᠠᠭᠠᠨ ᠤ ᠲᠦᠪᠯᠡᠷᠡᠭᠦᠯᠦᠨᠪᠠᠶᠢᠴᠠᠭᠠᠬᠤ ᠪᠠᠷ ᠲᠠᠮᠵᠢᠨ᠂ ᠬᠦᠬᠡᠬᠤᠳᠠ ᠶᠢᠨ ᠬᠠᠪᠤᠷ ᠤᠨ ᠲᠠᠷᠢᠶᠠᠯᠠᠭ᠎ᠠ ᠶᠢᠨ ᠲᠠᠷᠢᠮᠠᠯ ᠤᠨ ᠦᠷ᠎ᠡ ᠶᠢᠨ ᠵᠠᠬ᠎ᠠ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠳᠠ ᠳᠤ ᠲᠤᠶᠢᠯ ᠤᠨ ᠶᠡᠭᠡ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号