ᠦᠪᠦᠷ ᠮᠤᠩᠭᠤᠯ ᠤᠷᠤᠨ ᠳᠠᠬᠢ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/6/19
     2020 ᠣᠨ ᠤ 6 ᠰᠠᠷ᠎ᠠ ᠶᠢᠨ 18 ᠤ ᠡᠳᠦᠷ ᠤᠨ 7 ᠴᠠᠭ ᠠᠴᠠ 6 ᠰᠠᠷ᠎ᠠ ᠶᠢᠨ 19 ᠤ ᠡᠳᠦᠷ ᠤᠨ 7 ᠴᠠᠭ ᠪᠣᠯᠲᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠳᠡᠢ ᠡᠪᠡᠳᠴᠢᠨ ᠤ ᠵᠢᠱᠢᠶ᠎ᠠ ᠨᠡᠮᠡᠭᠳᠡᠭᠰᠡᠨ ᠦᠬᠡᠢ᠃      2020 ᠤᠨ ᠤ 6 ᠰᠠᠷ᠎ᠠ ᠶᠢᠨ 19 ᠤ ᠡᠳᠦᠷ ᠤᠨ 7 ᠴᠠᠭ ᠪᠤᠯᠳᠠᠯ᠎ᠠ᠂ ᠬᠢᠯᠢ ᠶᠢᠨ ᠭᠠᠳᠠᠨ᠎ᠠ ᠠᠴᠠ ᠤᠷᠤᠵᠦ ᠢᠷᠡᠭᠰᠡᠨ ᠳᠤᠳᠤᠯᠠᠭᠰᠠᠨ ᠡᠪᠡᠳᠴᠢᠨ ᠤ ᠵᠢᠱᠢᠶ᠎ᠠ ᠨᠡᠶᠢᠳᠡ 161 ︵ᠤᠷᠤᠰ ᠠᠴᠠ 108᠂ ᠠᠩᠭ᠍ᠯᠢ ᠠᠴᠠ 23᠂ ᠹᠷᠠᠨᠼᠢ ᠠᠴᠠ 19᠂ ᠠᠮᠧᠷᠢᠺᠠ ᠠᠴᠠ 4᠂ ᠢᠰᠫᠠᠨᠢ ᠠᠴᠠ 2᠂ ᠰᠸᠧᠳᠧᠨ ᠠᠴᠠ 2᠂ ᠴᠧᠬᠤ᠋ ᠠᠴᠠ 1᠂ ᠠᠦ᠋ᠰᠳ᠋ᠷᠢᠶ᠎ᠠ ᠠᠴᠠ 1᠂ ᠫᠣᠷᠲ᠋ᠦ᠋ᠭᠠᠯ ᠠᠴᠠ 1︶ ᠪᠠᠶᠢᠵᠤ᠂ 158 ᠡᠪᠡᠳᠴᠢᠳᠡᠨ ᠡᠷᠡᠭᠦᠯᠵᠢᠵᠤ ᠡᠮᠨᠡᠯᠭᠡ ᠠᠴᠠ ᠭᠠᠷᠴᠠᠢ᠃      ᠤᠳᠤ ᠪᠠᠶᠢᠭ᠎ᠠ ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠲᠤᠳᠤᠯᠠᠬᠰᠠᠨ ᠡᠪᠡᠳᠴᠢᠨ ᠤ ᠵᠢᠱᠢᠶ᠎ᠠ 3 ᠪᠤᠢ᠃                  2020 ᠣᠨ ᠤ 6 ᠰᠠᠷ᠎ᠠ ᠶᠢᠨ 18 ᠤ ᠡᠳᠦᠷ ᠤᠨ 24 ᠴᠠᠭ ᠪᠣᠯᠲᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠡᠪᠡᠳᠴᠢᠨ ᠤ ᠢᠯᠡᠷᠡᠯ ᠦᠬᠡᠢ ᠬᠠᠯᠳᠠᠪᠤᠷᠢᠯᠠᠭᠰᠠᠳ ᠪᠠᠶᠢᠬᠤ ᠦᠭᠡᠢ᠃      ᠡᠳᠡᠬᠡᠷ ᠡᠪᠡᠳᠴᠢᠲᠡᠨ ᠢ ᠴᠥᠮ ᠲᠤᠭᠳᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠨᠢᠭᠲᠠ ᠣᠶᠢᠷᠠᠲᠤᠭᠰᠠᠳ ᠢ ᠴᠥᠮ ᠲᠣᠭᠲᠠᠭᠰᠠᠨ ᠭᠠᠵᠠᠷ ᠲᠤ ᠲᠦᠪᠯᠡᠷᠡᠬᠦᠯᠦᠨ ᠲᠤᠰᠠᠭᠠᠷᠯᠠᠵᠦ ᠠᠨᠠᠭᠠᠬᠤ ᠤᠬᠠᠭᠠᠨ ᠤ ᠠᠵᠢᠬᠯᠠᠯᠳᠠ ᠬᠢᠵᠦ ᠪᠤᠢ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠤ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠪᠠ ᠬᠢᠯᠢ ᠶᠢᠨ ᠭᠠᠳᠠᠨ᠎ᠠ ᠠᠴᠠ ᠤᠷᠤᠵᠤ ᠢᠷᠡᠭᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠢᠴᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠬᠰᠠᠳ ᠤᠨ ᠬᠠᠮᠢᠶ᠎ᠠ ᠪᠦᠬᠦᠢ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠦ ᠪᠤᠢ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号