ᠵᠠᠩ ᠪᠠᠢ ᠴᠧᠩ ᠡᠷᠬᠢᠯᠡᠪᠡ | ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 8 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ | ᠬᠤᠶᠢᠨ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ 46 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ | ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠬᠦᠢᠲᠡᠨ ᠬᠡᠯᠬᠢᠶᠡᠨ ᠤ ᠢᠳᠡᠭᠡᠨ ᠤ ᠰᠢᠨ᠎ᠡ ᠲᠢᠲᠢᠮᠯᠢᠭ | ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠵᠡᠷᠭᠡ ᠠᠵᠢᠯ ᠢ ᠴᠢᠩᠭᠠᠳᠬᠠᠬᠤ ᠲᠤᠬᠠᠢ ᠪᠠᠴᠢᠮ ᠮᠡᠳᠡᠭᠳᠡᠯ︾ ︽ | ᠬᠢᠯᠢ ᠪᠠᠷ ᠣᠷᠣᠵᠤ ᠢᠷᠡᠭᠰᠡᠨ ᠬᠥᠮᠥᠰ ᠢ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ | ᠬᠢᠬᠦ ᠪᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠠᠮᠢᠶ᠎ᠠ ᠪᠦᠬᠦᠢ ᠠᠵᠢᠯ ᠢ ᠤᠯᠠᠮ ᠨᠢᠭᠡ ᠠᠯᠬᠤᠮ ᠰᠠᠶᠢᠳᠤᠷ | ᠬᠢᠬᠦ ᠲᠤᠬᠠᠢ ᠮᠡᠳᠡᠭᠳᠡᠯ︾ ︽ᠬᠤᠪᠧᠢ ᠮᠤᠵᠢ ᠶᠢᠨ ᠦᠬᠠᠨ ᠬᠤᠲᠠ ᠶᠢᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ | ᠲᠤᠷᠰᠢᠯᠭ᠎ᠠ ᠶᠢ ᠤᠯᠠᠮᠵᠢᠯᠠᠨ ᠶᠠᠪᠤᠭᠤᠯᠬᠤ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠠᠭᠠᠴᠢ ᠶᠢᠨ ᠠᠯᠬᠤᠮ ᠤᠨ ᠠᠵᠢᠯ ᠳᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ | ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠤᠲᠠ ᠶᠢᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ | ᠶᠡᠷᠦᠩᠬᠡᠢ ᠵᠢᠯᠣᠭᠤᠳᠤᠭᠴᠢ ᠵᠠᠩ ᠪᠠᠢ ᠴᠧᠩ ᠬᠤᠷᠠᠯ ᠢ ᠡᠷᠬᠢᠯᠡᠪᠡ᠃ | ᠬᠤᠷᠠᠯ ᠠᠴᠠ ᠵᠢᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ᠬᠦᠢᠲᠡᠨ | ᠬᠡᠯᠬᠢᠶᠡᠨ ᠤ ᠢᠳᠡᠭᠡᠨ ᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠵᠡᠷᠭᠡ ᠠᠵᠢᠯ ᠢ | ᠴᠢᠩᠭᠠᠳᠬᠠᠬᠤ ᠲᠤᠬᠠᠢ ᠪᠠᠴᠢᠮ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠦᠢᠲᠡᠨ ᠬᠡᠯᠬᠢᠶᠡᠨ ᠤ ᠰᠡᠷᠢᠭᠦᠨ | ᠬᠠᠳᠠᠭᠠᠯᠠᠬᠤ ᠢᠳᠡᠭᠡᠨ ᠤ ᠠᠷᠠᠯᠵᠢᠶ᠎ᠠ᠂ ᠭᠦᠢᠯᠭᠡᠭᠡ᠂ ᠬᠥᠮᠥᠷᠭᠡᠯᠡᠭᠡ᠂ ᠬᠡᠷᠡᠭᠯᠡᠯᠲᠡ ᠵᠡᠷᠭᠡ ᠡᠯ᠎ᠡ ᠭᠤᠭᠴᠤᠭ᠎ᠠ ᠵᠢᠴᠢ | ᠬᠤᠯᠪᠣᠭᠳᠠᠯ ᠪᠦᠬᠦᠢ ᠠᠵᠢᠯᠳᠠᠨ ᠤ ᠬᠠᠮᠢᠶᠠᠷᠤᠯᠲᠠ ᠪᠠ ᠪᠠᠶᠢᠴᠠᠭᠠᠯᠲᠠ ᠪᠠᠨ ᠴᠢᠩᠭᠠᠳᠬᠠᠵᠤ᠂ ᠬᠦᠢᠲᠡᠨ ᠬᠡᠯᠬᠢᠶᠡᠨ ᠤ | ᠢᠳᠡᠭᠡᠨ ᠳᠤ ᠪᠠᠶᠢᠴᠠᠭᠠᠨ ᠰᠢᠯᠭᠠᠬᠤ ᠶᠠᠪᠤᠴᠠ ᠶᠢ ᠡᠷᠡᠰ ᠬᠡᠷᠡᠭᠵᠢᠭᠦᠯᠵᠦ᠂ ᠢᠳᠡᠭᠡᠨ ᠢ ᠮᠥᠷᠳᠡᠬᠦ ᠬᠠᠮᠢᠶᠠᠷᠤᠯᠲᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠷᠠᠳ ᠤᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ | ᠦᠨᠡᠨᠬᠦ ᠪᠠᠲᠤᠯᠠᠬᠤ ᠬᠡᠷᠡᠭᠲᠡᠢ ᠭᠡᠪᠡ᠃ | ᠵᠠᠩ ᠪᠠᠢ ᠴᠧᠩ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ | ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠲᠤ ᠰᠠᠬᠢᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠢᠯᠢ ᠶᠢᠨ ᠭᠠᠳᠠᠨ᠎ᠠ ᠠᠴᠠ ᠢᠷᠡᠭᠰᠡᠨ ᠬᠥᠮᠥᠰ ᠵᠢᠴᠢ | ᠳᠤᠮᠳᠠ᠂ ᠥᠨᠳᠥᠷ ᠲᠦᠭᠰᠢᠭᠦᠷᠢᠲᠡᠢ ᠭᠠᠵᠠᠷ ᠣᠷᠣᠨ ᠠᠴᠠ ᠢᠷᠡᠭᠰᠡᠨ ᠬᠥᠮᠥᠰ ᠢ ᠬᠠᠮᠢᠶᠠᠷᠤᠨ ᠡᠵᠡᠮᠳᠡᠬᠦ ᠪᠠ | ᠪᠠᠶᠢᠴᠠᠭᠠᠨ ᠰᠢᠯᠭᠠᠬᠤ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠪᠠᠶᠢᠩᠭᠤᠵᠢᠭᠰᠠᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ︽ | ᠭᠠᠳᠠᠨ᠎ᠠ ᠪᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠪᠠᠲᠤ | ᠪᠠᠬᠢ ᠬᠡᠷᠡᠮ ᠢ ᠪᠠᠷᠢᠵᠤ᠂ ᠬᠢᠯᠪᠠᠷ ᠪᠤᠰᠤ ᠪᠠᠷ ᠣᠯᠣᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ | ᠪᠦᠲᠦᠮᠵᠢ ᠶᠢ ᠰᠠᠶᠢᠲᠤᠷ ᠪᠠᠲᠤᠳᠬᠠᠬᠤ ᠬᠡᠷᠡᠭᠲᠡᠢ ᠭᠡᠪᠡ᠃ | ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠠᠩ ᠬᠤᠤ ᠯᠧᠢ᠂ ᠰᠢᠦᠢ ᠷᠦᠢ ᠰᠢᠶᠠ᠂ ᠬᠤᠲᠠ ᠶᠢᠨ | ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠡᠯ᠎ᠡ ᠬᠤᠰᠢᠭᠤ ᠰᠢᠶᠠᠨ | ᠲᠣᠭᠤᠷᠢᠭ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | |