︽2020 ᠣᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ | ᠪᠠᠲᠤᠯᠠᠭ᠎ᠠ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠵᠢᠯᠴᠢᠨ ᠤ ᠶᠡᠷᠦᠩᠬᠡᠶ ᠡᠪᠯᠡᠯ ᠤᠨ ᠮᠡᠳᠡᠭᠳᠡᠯ︾ ᠶᠣᠰᠣᠭᠠᠷ᠂ ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ | ᠭᠠᠵᠠᠷ ᠤᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠨᠢ ᠪᠦᠯᠬᠦᠮᠳᠡᠯ ᠲᠠᠢ ᠡᠪ ᠨᠠᠶᠢᠷᠰᠠᠭ ᠬᠠᠷᠢᠯᠴᠠᠨ | ᠬᠠᠪᠰᠤᠷᠤᠯᠴᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠬᠠᠶᠢᠷ᠎ᠠ | ᠬᠠᠯᠠᠮᠵᠢ ᠪᠠᠨ ᠡᠷᠭᠦᠵᠦ᠂ ᠠᠵᠢᠯᠳᠠᠨ ᠠᠵᠢᠯᠴᠢᠨ ᠳᠤ ᠨᠡᠩ ᠰᠠᠶᠢᠨ ᠦᠢᠯᠡᠴᠢᠯᠡᠵᠦ᠂ ᠨᠡᠶᠢᠭᠡᠮ ᠳᠤ ᠨᠡᠩ ᠰᠠᠶᠢᠨ | ᠦᠢᠯᠡᠴᠢᠯᠡᠵᠦ᠂ ᠡᠶ᠎ᠡ ᠵᠣᠬᠢᠴᠠᠯ ᠲᠠᠢ ᠨᠡᠶᠢᠭᠡᠮ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠣᠳᠠᠲᠠᠶ | ᠦᠢᠯᠡᠳᠦᠯᠭᠡ ᠶᠢ ᠲᠦᠯᠬᠢᠨ ᠠᠬᠢᠭᠤᠯᠤᠨ᠎ᠠ᠃ | ᠲᠤᠰ ᠠᠵᠢᠯᠯᠠᠭ᠎ᠠ ᠨᠢ 2019 ᠣᠨ 8 ᠰᠠᠷ᠎ᠠ ᠠᠴᠠ ᠡᠬᠢᠯᠡᠭᠰᠡᠨ ᠠᠴᠠ ᠨᠠᠰᠢ᠂ ᠪᠣᠯᠣᠳ ᠲᠡᠮᠦᠷ ᠵᠠᠮ ᠤᠨ | ᠬᠡᠷᠡᠭ ᠡᠷᠬᠢᠯᠡᠬᠦ ᠭᠠᠵᠠᠷ ᠤᠨ ᠨᠡᠶᠢᠲᠡ 10 ᠭᠠᠷᠤᠶ ᠠᠵᠢᠯᠲᠠᠨ ᠠᠵᠢᠯᠴᠢᠨ ᠬᠠᠷᠢᠯᠴᠠᠨ ᠬᠠᠪᠰᠤᠷᠤᠯᠴᠠᠬᠤ | ᠪᠠᠲᠤᠯᠠᠭ᠎ᠠ ᠶᠢᠨ ᠮᠥᠩᠭᠦ ᠶᠢ ᠲᠦᠮᠡᠨ ᠲᠥᠭᠦᠷᠢᠭ ᠬᠦᠷᠲᠡᠨ᠂ ᠲᠤᠰᠠᠯᠠᠮᠵᠢ ᠬᠦᠷᠲᠡᠬᠦ ᠠᠵᠢᠯᠲᠠᠨ ᠠᠵᠢᠯᠴᠢᠨ ᠤ ᠭᠡᠷ | ᠪᠦᠯᠢ ᠶᠢᠨ ᠠᠵᠤ ᠠᠬᠤᠶ ᠶᠢᠨ ᠬᠦᠴᠢᠷᠳᠡᠯ ᠢ ᠪᠦᠲᠦᠮᠵᠢᠲᠡᠶ ᠨᠠᠮᠳᠠᠭᠤᠯᠵᠠᠶ᠃ ᠥᠷᠭᠡᠨ ᠣᠯᠠᠨ ᠠᠵᠢᠯᠲᠠᠨ ᠠᠵᠢᠯᠴᠢᠨ | ᠪᠠ ᠨᠡᠶᠢᠭᠡᠮ ᠤᠨ ᠡᠯ᠎ᠡ ᠡᠲᠡᠭᠡᠳ ᠤᠨ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ | 2020 ᠣᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ | ᠠᠵᠢᠯᠯᠠᠭ᠎ᠠ ᠶᠢ ᠡᠬᠢᠯᠡᠭᠦᠯᠦᠭᠡᠳ ᠣᠳᠣ ᠪᠣᠯᠲᠠᠯ᠎ᠠ᠂ ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ ᠭᠠᠵᠠᠷ ᠤᠨ 2020 | ᠣᠨ ᠳᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠪᠰᠤᠷᠤᠯᠴᠠᠬᠤ ᠮᠥᠩᠭᠦ ᠶᠢ ᠨᠢᠭᠡᠨᠲᠡ ᠴᠤᠭᠯᠠᠭᠤᠯᠤᠨ | ᠲᠤᠰᠢᠶᠠᠵᠤ ᠳᠠᠭᠤᠰᠬᠠᠭᠠᠳ᠂ 121 ᠠᠵᠢᠯᠲᠠᠨ ᠠᠵᠢᠯᠴᠢᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ |