ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢ ᠪᠠᠳᠠᠷᠠᠭᠤᠯᠵᠤ ᠬᠠᠪᠰᠤᠷᠤᠨ ᠲᠡᠳᠬᠦᠬᠦ ᠬᠦᠴᠦᠨ ᠢ ᠨᠢᠭᠲᠠᠷᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠣᠯᠤᠶ᠎ᠠ
ᠨᠡᠶᠢᠲᠡᠯᠡᠭᠰᠡᠨ ᠴᠠᠭ᠄
2020/9/15
ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠤᠪᠴᠢᠶᠠᠨ ᠳᠠᠷᠤᠭ᠎ᠠ ᠯᠢ ᠳ᠋ᠦᠩ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭᠠᠨ ᠤ ᠰᠠᠯᠠᠭᠠᠨ ᠳᠠᠷᠤᠭ᠎ᠠ ᠵᠠᠩ ᠸᠧᠶ ᠳ᠋ᠦᠩ᠂ ᠠᠯᠪᠠᠨ ᠬᠡᠷ ᠤᠨ ᠳᠡᠳ᠋ ᠡᠷᠬᠢᠯᠡᠭᠴᠢ ᠵᠣᠣ ᠶᠠ ᠷᠦ᠋      1.ᠬᠠᠮᠢᠶᠠᠷᠤᠭᠴᠢ᠄      ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ ᠬᠦᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠃ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠡᠷᠬᠢᠮ ᠵᠣᠴᠢᠳ ᠲᠠᠢ ᠵᠤᠭᠤᠭᠳᠠᠵᠤ ᠪᠤᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      2. ᠬᠦᠳᠦᠯᠦᠭᠴᠢ      ᠠᠷᠠᠳ ᠲᠦᠮᠡᠨ ᠢ ᠳᠠᠭᠠᠭᠤᠯᠤᠨ ᠤᠳᠠᠭᠠᠨ ᠣᠨ ᠤ ᠶᠠᠳᠠᠭᠤ ᠬᠦᠴᠢᠷᠳᠡᠯ ᠠᠴᠠ ᠠᠩᠭᠢᠵᠢᠷᠠᠵᠤ᠂  ᠪᠦᠬᠦ ᠲᠠᠯ᠎ᠠ ᠪᠠᠷ ᠴᠢᠨᠡᠭᠡᠯᠢᠭᠵᠢᠬᠦ ᠵᠣᠯ ᠵᠢᠷᠭᠠᠯᠲᠤ ᠠᠮᠢᠳᠤᠷᠠᠯ ᠤᠨ ᠬᠠᠷᠠᠯᠲᠠ ᠶᠢ ᠪᠡᠶᠡᠯᠡᠭᠦᠯᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠲᠦᠮᠡᠨ ᠳᠤ ᠠᠮᠠᠯᠠᠭᠰᠠᠨ ᠲᠥᠪ ᠴᠢᠩᠭ᠎ᠠ ᠠᠮᠠᠯᠠᠯᠲᠠ ᠮᠥᠨ᠃ 2020 ᠣᠨ ᠳᠤ ᠮᠠᠨ ᠤ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠲᠤᠤᠷᠠᠬᠢ ᠬᠥᠳᠡᠭᠡ ᠲᠤᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠣᠷᠣᠨ ᠪᠦᠰᠡ ᠶᠢᠨ ᠴᠢᠨᠠᠷᠳᠠᠢ ᠪᠦᠬᠦᠯᠢ ᠴᠣᠭᠴᠠ ᠶᠢᠨ ᠶᠠᠳᠠᠭᠤ ᠬᠦᠴᠢᠷᠳᠡᠯ ᠢ ᠰᠢᠢᠳᠪᠦᠷᠢᠯᠡᠬᠦ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠨᠠᠭᠠᠳᠤ ᠵᠠᠬ᠎ᠠ ᠶᠢᠨ ᠡᠭᠦᠷᠭᠡ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠬᠠᠮᠤᠭ ᠠᠴᠠ ᠰᠠᠨᠠᠭᠠᠰᠢᠷᠠᠵᠤ ᠪᠠᠶᠢᠭ᠎ᠠ ᠲᠡᠷᠢᠭᠦᠨ ᠴᠢᠬᠤᠯᠠ ᠶᠠᠪᠤᠳᠠᠯ ᠮᠥᠨ᠃ ᠣᠳᠣᠬᠠᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢ ᠨᠢᠭᠡᠨᠲᠡ ᠪᠠᠬᠢᠯᠡᠯᠲᠡ ᠳᠠᠭᠠᠷᠢᠬᠤ᠂ ᠡᠴᠦᠰ ᠤᠨ ᠢᠯᠠᠯᠲᠠ ᠶᠢ ᠣᠯᠬᠤ ᠵᠠᠩᠭᠢᠯᠠᠭ᠎ᠠ ᠶᠢᠨ ᠴᠠᠭ ᠲᠠᠭᠠᠨ ᠤᠷᠤᠭᠠᠳ ᠪᠤᠢ᠂ ᠲᠡᠭᠡᠪᠡᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠬᠡᠷᠬᠢᠨ ᠪᠠᠳᠠᠷᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠢᠯᠠᠯᠳᠤᠭᠠᠨ ᠳᠤ ᠬᠦᠴᠦᠨ ᠨᠡᠮᠡᠷᠢᠯᠡᠭᠰᠡᠨ ᠪᠤᠢ︖      3. ᠬᠦᠳᠦᠯᠦᠭᠴᠢ      ᠡᠨᠡ ᠵᠢᠯ ᠥᠪᠥᠷ ᠮᠣᠩᠭᠤᠯ ᠪᠦᠬᠦ ᠣᠷᠣᠨ ᠤ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠨᠢᠬᠡᠨᠲᠡ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠪᠠ ᠭᠡᠵᠦ ᠨᠡᠶᠢᠳᠡᠯᠡᠯ᠎ᠡ᠃ ᠲᠡᠭᠡᠪᠡᠯ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠮᠠᠨ ᠤ ᠬᠤᠲᠠ ᠶᠢᠨ ᠶᠠᠳᠠᠭᠤ ᠠᠴᠠ ᠠᠩᠬᠢᠵᠢᠷᠠᠭᠤᠯᠬᠤ ᠰᠢᠢᠳᠪᠦᠷᠢᠳᠦ  ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠶᠢ ᠠᠬᠢᠭᠤᠯᠬᠤ ᠶᠠᠪᠤᠴᠠ ᠳᠤ ᠶᠠᠮᠠᠷ ᠶᠠᠮᠠᠷ ᠬᠤᠪᠢ ᠨᠡᠮᠡᠷᠢ ᠦᠵᠡᠭᠦᠯᠦᠭᠰᠡᠨ ᠪᠣᠶ ︖ ᠶᠠᠮᠠᠷ ᠶᠠᠮᠠᠷ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ 2019 ᠣᠨ ᠤ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠳᠤ ᠭᠤᠷᠪᠠᠳᠤᠭᠠᠷ ᠲᠤ ᠵᠢᠭᠰᠠᠭᠠᠭᠳᠠᠵᠤ᠂ ᠪᠥᠬᠦ ᠬᠤᠲᠠ ᠶᠢᠨ 17 ᠠᠬᠢᠭᠤᠯᠬᠤ ᠳᠤᠭᠤᠶᠢᠯᠠᠩ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠳᠤ ᠨᠢᠭᠡᠳᠦᠭᠡᠷ ᠲᠤ ᠵᠢᠭᠰᠠᠭᠠᠭᠳᠠᠭᠰᠠᠨ ᠰᠠᠶᠢᠨ ᠬᠢᠷᠢ ᠪᠦᠲᠦᠮᠵᠢ ᠣᠯᠤᠭᠰᠠᠨ ᠪᠣᠢ︖      4.ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠳᠠᠷᠤᠭ᠎ᠠ ᠯᠢ ᠳ᠋ᠦᠩ
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠪᠠ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠶᠢ ᠪᠠᠳᠤᠯᠠᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠠᠴᠠ ᠪᠦᠬᠦ ᠤᠯᠤᠰ ᠤᠨ ᠠᠷᠠᠳ ᠲᠦᠮᠡᠨ ᠳᠤ  ᠠᠮᠠᠯᠠᠭᠰᠠᠨ‌‍ᠲ᠋ᠥ᠋ᠪ ᠴᠢᠩᠭ᠎ᠠ ᠠᠮᠠᠯᠠᠯᠲᠠ ᠮᠥᠨ᠂ ᠮᠦᠨ ᠴᠤ ᠮᠠᠨ ᠤ ᠣᠳᠣᠬᠠᠨ ᠤ ᠬᠠᠮᠤᠭ ᠤᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃ 2019 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ ᠡᠭᠦᠷᠭᠡ ᠶᠢ ᠠᠬᠢᠭᠤᠯᠬᠤ ᠶᠢ ᠴᠢᠩᠭ᠎ᠠ ᠠᠩᠬᠠᠷᠴᠤ᠂ ︽4 ᠲᠠᠯ᠎ᠠ︾ ᠶᠢ ᠰᠠᠶᠢᠲᠤᠷ ᠠᠳᠬᠤᠵᠤ᠂ ᠰᠢᠢᠳᠪᠦᠷᠢᠲᠦ ᠢᠯᠠᠯᠲᠠ ᠶᠢ ᠣᠯᠬᠤ ᠪᠣᠭᠤᠮᠳᠠ ᠰᠢᠪᠳᠤᠯᠤᠯᠳᠠ ᠶᠢ ᠦᠨᠡᠨ ᠬᠦ ᠠᠳᠬᠤᠨ ᠪᠣᠳᠠᠲᠠᠢ ᠠᠵᠢᠯᠯᠠᠪᠠ᠃      ᠨᠢᠭᠡ ᠳᠤ ᠵᠤᠬᠢᠶᠠᠨ ᠪᠠᠶᠢᠭᠤᠯᠵᠤ ᠤᠳᠤᠷᠢᠳᠬᠤ ᠶᠢ ᠪᠣᠳᠠᠳᠠᠢ ᠠᠳᠬᠤᠪᠠ᠃ ᠪᠢᠳᠡ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠ ᠡᠭᠦᠷᠭᠡᠯᠡᠭᠰᠡᠨ ︽ᠶᠠᠳᠠᠭᠤ ᠶᠢ ᠲᠡᠳᠬᠦᠬᠦ ᠪᠡᠯᠡ ᠮᠥᠩᠭᠦ ᠬᠤᠷᠠᠮᠳᠤᠭᠤᠯᠬᠤ ᠶᠢ ᠪᠠᠲᠤᠯᠠᠬᠤ᠂ ᠴᠠᠭ ᠲᠤᠬᠠᠢ ᠳᠤᠨᠢ ᠳᠣᠷᠣᠭᠰᠢ ᠪᠠᠭᠤᠯᠭᠠᠬᠤ ᠪᠠ ᠬᠡᠷᠡᠭᠯᠡᠬᠦ ᠶᠢ ᠬᠢᠨᠠᠨ ᠬᠠᠮᠢᠶᠠᠷᠬᠤ︾ ᠬᠡᠳᠦᠨ ᠵᠦᠢᠯ ᠤᠨ ᠭᠤᠣᠯᠳᠠᠯᠭ᠎ᠠ ᠲᠠᠢ ᠡᠭᠦᠷᠭᠡ ᠪᠠ ᠠᠵᠢᠯ ᠤᠨ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠲᠣᠪᠴᠢᠶᠠᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠤᠳᠤᠷᠢᠳᠬᠤ ᠲᠤᠭᠤᠶᠢᠯᠠᠩ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢ ᠶᠢ ᠳᠠᠬᠢᠨ ᠡᠮᠬᠢᠯᠡᠵᠦ᠂ ᠳᠠᠬᠢᠨ ᠨᠠᠷᠢᠯᠢᠭᠵᠢᠭᠤᠯᠵᠤ᠂ ︽ᠠᠵᠢᠯ ᠤᠨ ᠬᠤᠪᠢᠶᠠᠷᠢᠯᠠᠯ ᠲᠣᠳᠣᠷᠬᠠᠶ᠂ ᠲᠤᠰ ᠲᠤᠰ ᠤᠨ ᠬᠠᠷᠢᠭᠤᠴᠠᠯᠭ᠎ᠠ ᠪᠠᠨ ᠬᠦᠢᠴᠡᠳᠭᠡᠬᠦ᠂  ᠵᠣᠬᠢᠴᠠᠭᠤᠯᠤᠨ ᠠᠬᠢᠭᠤᠯᠬᠤ︾ ᠠᠵᠢᠯ ᠤᠨ ᠲᠤᠭᠲᠠᠴᠠ ᠶᠢ ᠤᠯᠠᠮ ᠨᠢᠭᠡ ᠠᠯᠬᠤᠮ ᠪᠦᠷᠢᠯᠳᠦᠭᠦᠯᠬᠦ ᠶᠢᠨ ᠬᠠᠮᠲᠤ ᠪᠦᠬᠦ ᠬᠤᠲᠠ ᠶᠢᠨ ᠡᠳ᠋ ᠤᠨ ᠵᠠᠰᠠᠭ ᠤᠨ ᠰᠢᠰᠲ᠋ᠧᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠰᠡᠳᠦᠪᠲᠦ ᠬᠤᠷᠠᠯ ᠢ ᠤᠯᠠᠨᠲᠠ ᠬᠤᠷᠠᠯᠳᠤᠭᠤᠯᠵᠤ᠂ ᠡᠯ᠎ᠡ  ᠵᠦᠢᠯ ᠤᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ᠂ ᠠᠮᠵᠢᠯᠲᠠ ᠪᠦᠲᠦᠮᠵᠢ ᠶᠢ ᠦᠨᠡᠯᠡᠬᠦ᠂ ᠠᠯᠪᠠᠨ ᠵᠠᠷ ᠨᠡᠶᠢᠲᠡᠯᠡᠬᠦ ᠶᠢ ᠰᠠᠶᠢᠲᠤᠷ ᠬᠢᠬᠦ ᠭᠤᠷᠪᠠᠨ ᠲᠠᠯ᠎ᠠ ᠪᠠᠷ ᠶᠠᠳᠠᠭᠤ ᠶᠢ ᠲᠡᠳᠬᠦᠬᠦ ᠪᠠᠯᠠ ᠮᠦᠩᠭᠦ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠣᠷᠳᠣ ᠬᠤᠭᠤᠴᠠᠭᠠᠨ ᠤ ᠬᠠᠮᠢᠶᠠᠷᠤᠯᠲᠠ ᠶᠢ ᠪᠠᠶᠢᠩᠭᠤ ᠠᠳᠬᠤᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠲᠠᠯᠪᠢᠬᠤ ᠶᠢ ᠠᠬᠢᠭᠤᠯᠪᠠ᠃      ᠬᠤᠶᠠᠷ ᠲᠤ ᠤᠨᠤᠯ ᠤᠨ ᠰᠤᠷᠤᠯᠴᠠᠯᠭ᠎ᠠ ᠶᠢ ᠠᠳᠬᠤᠪᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ᠂ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠤᠯᠤᠰ ᠲᠥᠷᠥ ᠶᠢᠨ ᠦᠨᠳᠦᠷᠴᠡ ᠳᠤ ᠲᠠᠯᠪᠢᠵᠤ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠲᠤᠭᠤᠶᠢᠯᠠᠩ ᠤᠨ ᠤᠨᠤᠯ ᠤᠨ ᠰᠤᠷᠤᠯᠴᠠᠯᠭ᠎ᠠ ᠲᠠᠢ ᠤᠶᠠᠯᠳᠤᠭᠤᠯᠤᠨ᠂ ᠤᠷᠢᠳ ᠬᠤᠵᠢᠳ 12 ᠤᠳᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠨᠤᠯ ᠤᠨ ᠰᠤᠷᠤᠯᠴᠠᠯᠭ᠎ᠠ᠂ ᠲᠥᠷᠥ ᠶᠢᠨ ᠪᠤᠳᠤᠯᠭ᠎ᠠ ᠶᠢ ᠤᠯᠠᠮᠵᠢᠯᠠᠬᠤ᠂ ᠠᠵᠢᠯ ᠢ ᠠᠬᠢᠭᠤᠯᠬᠤ ᠪᠠᠷ ᠭᠤᠣᠯ ᠠᠭᠤᠯᠭ᠎ᠠ ᠪᠣᠯᠭᠠᠭᠰᠠᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ 5 ᠵᠢᠯ ᠤᠨ 6 ᠤᠳᠠᠭ᠎ᠠ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠨᠠᠮ ᠤᠨ ᠤᠳᠤᠷᠢᠳᠬᠤ ᠳᠤᠭᠤᠶᠢᠯᠠᠩ  ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ ᠬᠥᠮᠦᠵᠢᠯ᠂ ᠲᠤᠬᠠᠶᠢᠯᠠᠭᠰᠠᠨ ᠠᠵᠢᠯ ᠲᠠᠢ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠨᠠᠶᠢᠳᠠᠪᠤᠷᠢᠵᠢᠭᠤᠯᠪᠠ᠃      ᠭᠤᠷᠪᠠ ᠳᠤ ᠪᠡᠯᠡ ᠮᠥᠩᠭᠦ ᠶᠢᠨ ᠪᠠᠲᠤᠯᠠᠭ᠎ᠠ ᠶᠢ ᠠᠳᠬᠤᠪᠠ᠃ ᠲᠥᠷᠥᠯ ᠵᠦᠢᠯ ᠤᠨ ᠲᠥᠰᠦᠪ ᠤᠨ ᠪᠡᠯᠡ ᠮᠥᠩᠭᠦ ᠶᠢ ᠪᠦᠬᠦ ᠬᠦᠴᠦᠨ ᠢᠶᠠᠷ ᠪᠠᠲᠤᠯᠠᠵᠤ᠂ 2019 ᠣᠨ ᠳᠤ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ  ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ 3.13 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠳᠡᠭᠡᠷ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ 1.57 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ ᠴᠠᠭ ᠲᠤᠬᠠᠶ ᠳᠤᠨᠢ 4.5 ᠳ᠋ᠦᠩᠰᠢᠭᠤᠷ ᠲᠥᠭᠦᠷᠢᠭ ᠪᠠᠭᠤᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠤᠯᠬᠤ ᠡᠭᠦᠷᠭᠡ ᠶᠢᠨ ᠬᠡᠷᠡᠭᠴᠡᠭᠡ ᠶᠢ ᠪᠠᠲᠤᠯᠠᠪᠠ᠃      ᠳᠥᠷᠪᠡ ᠳᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠠᠳᠬᠤᠪᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠳᠦᠷᠢᠮᠵᠢᠭᠦᠨ ᠥᠨᠳᠥᠷ ᠪᠦᠲᠦᠮᠵᠢᠲᠡᠶ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ᠂ ᠲᠥᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠮᠳᠠᠭᠤᠯᠤᠨ ᠪᠠᠶᠢᠴᠠᠭᠠᠯᠲᠠ ᠵᠢᠴᠢ ᠡᠯ᠎ᠡ ᠱᠠᠳᠤ ᠳᠠᠪᠬᠤᠷᠭ᠎ᠠ ᠶᠢᠨ ᠲᠣᠭᠤᠷᠢᠨ ᠪᠠᠶᠢᠴᠠᠭᠠᠯᠲᠠ᠂ ᠬᠢᠨᠠᠨ ᠰᠢᠯᠭᠠᠯᠲᠠ ᠶᠢ ᠤᠭᠳᠤᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠡᠯ᠎ᠡ ᠱᠠᠳᠤ ᠲᠠᠪᠬᠤᠷᠭ᠎ᠠ ᠶᠢᠨ ᠲᠣᠭᠤᠷᠢᠨ ᠪᠠᠶᠢᠴᠠᠭᠠᠯᠲᠠ᠂ ᠰᠢᠮᠳᠠᠭᠤᠯᠤᠨ ᠪᠠᠶᠢᠴᠠᠭᠠᠯᠲᠠ᠂ ᠬᠢᠨᠠᠨ ᠰᠢᠯᠭᠠᠯᠲᠠ ᠶᠢᠨ ᠬᠠᠷᠢᠭᠤ ᠳᠤᠰᠬᠠᠭᠰᠠᠨ ᠠᠰᠠᠭᠤᠳᠠᠯ ᠢ ᠦᠨᠳᠦᠰᠦᠯᠡᠨ ︽ᠴᠢᠩᠭ᠎ᠠ ᠠᠩᠬᠠᠷᠴᠤ ᠪᠣᠳᠠᠲᠠᠢ ᠰᠠᠶᠢᠵᠢᠷᠠᠭᠤᠯᠤᠨ︾ ᠂ ᠪᠡᠯᠡ ᠮᠥᠩᠭᠦ ᠶᠢ ᠪᠠᠶᠢᠴᠠᠭᠠᠬᠤ ᠪᠠ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠶᠠᠳᠠᠭᠤ ᠶᠢ ᠲᠡᠳᠬᠦᠵᠦ  ᠨᠡᠭᠡᠭᠡᠨ ᠬᠦᠭᠵᠢᠬᠦᠯᠬᠦ ᠤᠳᠤᠷᠢᠳᠬᠤ ᠳᠤᠭᠤᠶᠢᠯᠠᠩ᠂ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠯᠪᠠᠨ ᠭᠡᠷ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠡᠷᠭᠡ ᠣᠯᠠᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠪᠠᠨ 50 ᠭᠠᠷᠤᠶ ᠤᠳᠠᠭ᠎ᠠ ᠬᠠᠷᠢᠭᠤ ᠮᠡᠳᠡᠭᠦᠯᠵᠦ᠂ ᠡᠯ᠎ᠡ ᠱᠠᠳᠤ ᠳᠠᠪᠬᠤᠷᠭ᠎ᠠ ᠶᠢᠨ ᠲᠣᠭᠤᠷᠢᠨ ᠪᠠᠶᠢᠴᠠᠭᠠᠵᠤ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠦᠳᠡᠯᠦᠯ ᠪᠠᠶᠢᠳᠠᠯ ᠢ ᠬᠢᠨᠠᠨ ᠡᠵᠡᠮᠳᠡᠬᠦ ᠲᠠᠪᠴᠠᠩ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠲᠠᠭᠯᠠᠨ ᠮᠡᠳᠡᠭᠦᠯᠦᠭᠰᠡᠨ ᠨᠣᠷᠮ᠎ᠠ ᠪᠠ ᠬᠢᠨᠠᠨ ᠬᠠᠷᠭᠤᠭᠤᠯᠤᠭᠰᠠᠨ ᠨᠣᠷᠮ᠎ᠠ ᠨᠢ ᠴᠦᠮ ᠵᠠᠭᠤ ᠶᠢ ᠳᠠᠪᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠡᠳᠦᠷ ᠤᠨ ᠵᠠᠷᠤᠯᠭ᠎ᠠ ᠶᠢᠨ ᠠᠬᠢᠴᠠ 92% ᠠᠴᠠ ᠳᠡᠭᠡᠭᠰᠢ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠣᠯᠤᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠳᠡᠭᠡᠳᠦ ᠱᠠᠲᠤᠨ ᠤ ᠡᠳ᠋ ᠤᠨ ᠵᠠᠰᠠᠭ  ᠤᠨ ᠰᠠᠯᠠᠭ᠎ᠠ ᠮᠥᠴᠢᠷ ᠪᠣᠯᠤᠨ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠶᠢ ᠬᠢᠨᠠᠨ ᠰᠢᠯᠭᠠᠬᠤ ᠳᠤᠭᠤᠶᠢᠯᠠᠩ ᠤᠨ ᠲᠠᠭᠠᠰᠢᠶᠠᠯ ᠢ ᠣᠯᠪᠠ᠃      5. ᠬᠥᠲᠥᠯᠥᠭᠴᠢ      2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠶᠠᠳᠠᠭᠤ ᠠᠴᠠ  ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠲᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠣᠯᠬᠤ ᠡᠴᠦᠰ ᠤᠨ ᠵᠢᠯ ᠪᠣᠯᠤᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠲᠦᠭ ᠲᠦᠮᠡᠨ ᠠᠷᠠᠳ ᠲᠦᠮᠡᠨ ᠢ ᠳᠠᠭᠠᠭᠤᠯᠤᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠵᠣᠯ ᠵᠢᠷᠭᠠᠯ ᠵᠦᠭ ᠲᠡᠮᠡᠤᠯᠬᠦ ᠵᠢᠯ ᠮᠥᠨ᠃ ᠡᠨᠡ ᠬᠦ ᠵᠠᠩᠭᠢᠯᠠᠭ᠎ᠠ ᠶᠢᠨ ᠴᠠᠭ ᠮᠥᠴᠡ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠨᠡ ᠵᠢᠯ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠡᠷᠬᠢᠨ ᠠᠬᠢᠭᠤᠯᠤᠭᠰᠠᠨ ᠪᠤᠢ︖      6. ᠲᠠᠷᠢᠶᠠᠯᠠᠩ ᠮᠠᠯ ᠠᠵᠤ ᠠᠬᠤᠶ ᠶᠢᠨ ᠰᠠᠯᠠᠭᠠᠨ ᠤ ᠳᠠᠷᠤᠭ᠎ᠠ ᠵᠠᠩ ᠸᠧᠶ ᠳ᠋ᠦᠩ
     ᠬᠦᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠬᠤᠶᠠᠷ ᠲᠤ ᠵᠣᠪᠠᠭ᠋ᠤ ᠦᠭᠡᠢ︾ ︽ᠭᠤᠷᠪᠠ ᠶᠢ ᠪᠠᠲᠤᠯᠠᠬᠤ︾ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠬᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠯᠠᠭ᠎ᠠ  ᠮᠦᠴᠢᠷ ᠤᠨ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠠᠵᠢᠯ ᠢ ᠠᠬᠢᠭᠤᠯᠬᠤ ᠳᠤᠭᠤᠶᠢᠯᠠᠩ ᠳᠤ ᠡᠭᠦᠷᠭᠡᠯᠡᠬᠦ ᠠᠵᠢᠯ ᠤᠨ ᠡᠭᠦᠷᠭᠡ ᠪᠠᠨ ᠢᠳᠡᠪᠬᠢᠲᠡᠢ ᠪᠡᠶᠡᠯᠡᠭᠦᠯᠵᠦ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃      ᠨᠢᠭᠡ ᠳᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠪᠡᠷᠬᠡ ᠠᠰᠠᠭᠤᠳᠠᠯ ᠢ ᠰᠢᠢᠳᠪᠦᠷᠢᠯᠡᠬᠦ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠪᠡ᠃ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢ ᠰᠤᠯᠠᠷᠠᠭᠤᠯᠬᠤ ᠦᠭᠡᠶ ᠪᠠᠶᠢᠬᠤ ᠪᠠ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠲᠣᠰ ᠱᠠᠲᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠲᠥᠰᠦᠪ ᠤᠨ ᠪᠡᠯᠡ ᠮᠥᠩᠭᠦ ᠶᠢ 3.3 ᠳ᠋ᠦᠩᠰᠢᠭᠤᠷ ᠲᠦᠭᠦᠷᠢᠭ ᠲᠣᠬᠢᠷᠠᠭᠤᠯᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠤᠨ ᠵᠠᠷᠤᠳᠠᠯ ᠢ 609 ᠲᠦᠮᠡᠨ ᠲᠥᠭᠦᠷᠢᠭ ᠲᠣᠬᠢᠷᠠᠭᠤᠯᠵᠤ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠨᠥᠬᠦᠪᠥᠷᠢ ᠵᠠᠷᠤᠳᠠᠯ ᠢ 86.8 ᠲᠦᠮᠡᠨ ᠲᠥᠭᠦᠷᠢᠭ ᠲᠣᠬᠢᠷᠠᠭᠤᠯᠵᠤ᠂ ᠳᠡᠭᠡᠳᠦ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ 2.4 ᠳ᠋ᠦᠩᠰᠢᠭᠤᠷ ᠲᠦᠭᠦᠷᠢᠭ ᠣᠯᠬᠤ ᠪᠠᠷ ᠴᠢᠷᠮᠠᠶᠢᠵᠤ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠡᠯ᠎ᠡ ᠲᠥᠷᠥᠯ ᠤᠨ ᠡᠭᠦᠷᠭᠡ ᠶᠢᠨ ᠪᠡᠯᠡ ᠮᠥᠩᠭᠦ ᠶᠢᠨ ᠬᠡᠷᠡᠭᠴᠡᠭᠡ ᠶᠢ ᠪᠦᠬᠦ ᠬᠦᠴᠦᠨ ᠢᠶᠠᠷ ᠪᠠᠳᠤᠯᠠᠪᠠ᠃ ᠡᠭᠦᠨ ᠤ ᠬᠠᠮᠲᠤ᠂ ᠥᠨᠳᠥᠷ ᠪᠠᠷᠢᠮᠵᠢᠶ᠎ᠠ ᠥᠨᠳᠥᠷ ᠶᠠᠰᠤ ᠴᠢᠨᠠᠷ ᠢᠶᠠᠷ ᠪᠡᠯᠡ ᠮᠥᠩᠭᠦ ᠶᠢᠨ ᠪᠠᠲᠤᠯᠠᠭ᠎ᠠ ᠬᠠᠩᠭᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠥᠷᠭᠡᠳᠭᠡᠬᠦ ᠬᠦᠰᠢᠬᠦ ᠦᠢᠯᠡᠳᠦᠯ ᠢ ᠬᠦᠢᠴᠡᠳ ᠪᠠᠳᠠᠷᠠᠭᠤᠯᠬᠤ ᠲᠡᠭᠡᠷ᠎ᠡ ᠬᠦᠴᠦ ᠲᠠᠯᠪᠢᠵᠤ᠂ ᠵᠠᠰᠠᠭ ᠤᠨ ᠣᠷᠳᠣᠨ ᠢ ᠣᠷᠣᠯᠠᠨ ︽ᠡᠳ᠋ ᠤᠨ ᠵᠠᠰᠠᠭ᠂ ᠮᠥᠩᠭᠦᠨ ᠬᠦᠢᠯᠭᠡᠭᠡ ᠪᠠ ᠨᠡᠶᠢᠭᠡᠮ ᠤᠨ ᠬᠥᠷᠥᠩᠭᠡ ᠬᠠᠮᠲᠤᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠳᠤ ᠬᠦᠴᠦᠨ ᠨᠡᠮᠡᠷᠢᠯᠡᠬᠦ ᠶᠢ ᠬᠡᠷᠡᠭᠵᠢᠬᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠲᠤᠭᠤᠷᠪᠢᠵᠤ᠂ ᠮᠥᠩᠭᠦᠨ ᠭᠦᠢᠯᠭᠡᠭᠡ ᠪᠠ ᠨᠡᠶᠢᠭᠡᠮ ᠤᠨ ᠪᠡᠯᠡ ᠮᠥᠩᠭᠦ ᠶᠢ  ‍ᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠤᠷᠤᠯᠴᠠᠭᠤᠯᠬᠤ ᠶᠢ ᠢᠳᠡᠪᠬᠢᠲᠡᠢ ᠬᠥᠲᠥᠯᠥᠨ ᠵᠢᠯᠣᠭᠤᠳᠴᠤ  ᠂ ᠡᠳ᠋ ᠤᠨ ᠵᠠᠰᠠᠭ ᠤᠨ ᠪᠠᠯᠠ ᠮᠥᠩᠭᠦ ᠲᠠᠢ ᠨᠢᠭᠡ ᠴᠢᠭᠯᠡᠯ ᠢᠶᠠᠷ ᠨᠢᠭᠡᠳᠦᠯᠲᠡᠶ ᠲᠥᠯᠥᠪᠯᠡᠵᠦ᠂ ᠨᠢᠭᠡ ᠠᠶᠢᠵᠠᠮ ᠢᠶᠠᠷ ᠠᠵᠢᠯ ᠥᠷᠨᠢᠬᠦᠯᠵᠦ᠂ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠪᠠ᠃      ᠬᠤᠶᠠᠷ ᠲᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠰᠠᠯᠭᠠᠨ ᠥᠭᠬᠦ ᠠᠬᠢᠴᠠ ᠶᠢ ᠲᠥᠷᠭᠡᠳᠭᠡᠵᠦ᠂ ᠶᠠᠳᠠᠭᠤ ᠶᠢ ᠲᠡᠳᠬᠦᠬᠦ ᠪᠡᠷᠬᠡ ᠠᠰᠠᠭᠤᠳᠠᠯ ᠢ ᠰᠢᠢᠳᠪᠦᠷᠢᠯᠡᠬᠦ ᠪᠡᠯᠡ ᠮᠥᠩᠭᠦ ᠶᠢ ᠰᠢᠯᠵᠢᠭᠦᠯᠦᠨ ᠥᠭᠬᠦ ᠠᠵᠢᠯ ᠢ ᠰᠠᠶᠢᠲᠤᠷ ᠬᠢᠪᠡ᠃ ᠡᠳ᠋ ᠤᠨ ᠵᠠᠰᠠᠭ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠬᠤ ᠶᠢᠨ ᠲᠥᠯᠥᠭᠡ᠂ ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ ᠴᠠᠭ ᠲᠤᠬᠠᠶ ᠳᠤᠨᠢ᠂ ᠲᠤᠭ᠎ᠠ ᠶᠣᠰᠣᠭᠠᠷ ᠨᠢ ᠪᠣᠳᠠᠲᠠᠶᠢᠵᠢᠭᠤᠯᠬᠤ ᠶᠢ ᠪᠠᠲᠤᠯᠠᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ ᠲᠥᠰᠥᠪ  ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠪᠣᠯᠤᠨ ︽ᠥᠪᠡᠷᠲᠡᠭᠡᠨ ᠵᠠᠰᠠᠬᠤ ᠣᠷᠣᠨ ᠤ ᠲᠤᠰᠬᠠᠶ ᠲᠦᠷᠦᠯ ᠢᠶᠠᠷ ᠲᠤᠷᠤᠭᠰᠢ ᠮᠦᠩᠭᠦ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ᠶᠢᠨ ᠬᠤᠯᠪᠤᠭᠳᠠᠯ ᠪᠦᠬᠦᠢ ᠲᠣᠭᠲᠠᠭᠠᠯ ᠢ ᠬᠢᠨᠠᠮᠠᠭᠠᠶ  ᠬᠡᠷᠡᠭᠵᠢᠬᠦᠯᠵᠦ᠂ ᠳᠡᠭᠡᠳᠦ ᠱᠠᠲᠤᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠭᠦᠢᠴᠡᠳᠬᠡᠯ ᠲᠣᠭᠠᠨ ᠤ ᠪᠢᠴᠢᠭ ᠮᠠᠲ᠋ᠧᠷᠢᠶᠠᠯ ᠢ ᠣᠯᠤᠭᠰᠠᠨ ᠤ ᠳᠠᠷᠠᠭ᠎ᠠ᠂ ᠬᠠᠮᠤᠭ ᠲᠡᠷᠢᠭᠦᠨ ᠳᠤ ᠪᠢᠴᠢᠭ ᠮᠠᠲ᠋ᠧᠷᠢᠶᠠᠯ ᠢ ᠹᠠᠺᠰ ᠪᠤᠶᠤ ᠰᠢᠦᠳᠠᠨ ᠤ ᠬᠠᠶᠢᠷᠴᠠᠭ ᠢᠶᠠᠷ ᠳᠠᠮᠵᠢᠭᠤᠯᠤᠨ ᠶᠠᠳᠠᠭᠤ ᠶᠢ ᠲᠡᠳᠬᠦᠬᠦ ᠵᠦᠢᠯᠡᠰ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠭᠡᠬᠦ ᠶᠢᠨ ᠬᠠᠮᠲᠤ ᠵᠠᠬᠢᠳᠠᠯ ᠢᠶᠠᠷ ᠮᠡᠳᠡᠭᠳᠡᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠬᠤ ᠰᠠᠨᠠᠯ ᠢ  ᠬᠤᠷᠢᠶᠠᠬᠤ ᠶᠢᠨ ᠵᠡᠷᠭᠡᠪᠡᠷ ᠡᠳ᠋ ᠤᠨ ᠵᠠᠰᠠᠭ ᠤᠨ ᠰᠠᠯᠭᠠᠨ ᠥᠭᠬᠦ ᠲᠠᠪᠴᠠᠩ ᠳᠡᠭᠡᠷ᠎ᠡ ᠰᠠᠯᠭᠠᠨ ᠥᠭᠪᠡ᠃  ᠳᠡᠭᠡᠳᠦ ᠱᠠᠲᠤᠨ ᠤ ᠶᠠᠳᠠᠭᠤ ᠶᠢ ᠲᠡᠳᠬᠦᠬᠦ ᠲᠤᠰᠬᠠᠶ  ᠪᠡᠯᠡ ᠮᠥᠩᠭᠦ ᠶᠢ 5 ᠠᠵᠢᠯ ᠤᠨ  ᠡᠳᠦᠷ ᠤᠨ ᠲᠤᠳᠤᠷ᠎ᠠ ᠬᠤᠰᠢᠭᠤ ᠰᠢᠶᠠᠨ ︵ᠲᠣᠭᠤᠷᠢᠭ︶ ᠲᠤ  ᠪᠠᠭᠤᠯᠭᠠᠬᠤ ᠶᠢ ᠦᠨᠳᠦᠰᠦᠨ ᠳᠡᠭᠡᠨ ᠪᠡᠶᠡᠯᠡᠭᠦᠯᠪᠡ᠃ 7  ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠴᠠᠭ ᠲᠤᠬᠠᠶ ᠳᠤᠨᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 2.4 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 2.8 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠲᠠ ᠶᠢᠨ ᠲᠣᠰ ᠱᠠᠲᠤᠨ ᠤ ᠪᠡᠯᠡ ᠮᠥᠩᠭᠦ ᠶᠢ ᠪᠦᠬᠦᠨ ᠢ ᠲᠤᠰᠬᠠᠢ ᠲᠦᠷᠦᠯ ᠢᠶᠠᠷ ᠡᠳ᠋ ᠤᠨ ᠵᠠᠰᠠᠭ ᠤᠨ ᠬᠦᠮᠦᠷᠭᠡ ᠠᠴᠠ ᠰᠢᠯᠵᠢᠭᠦᠯᠦᠨ ᠥᠭᠴᠦ᠂ ᠪᠦᠬᠦ ᠬᠤᠲᠠ ᠳᠤ ᠬᠤᠰᠢᠭᠤ ᠰᠢᠶᠠᠨ ᠲᠣᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ 5.2 ᠳ᠋ᠦᠩᠰᠢᠭᠤᠷ ᠲᠥᠭᠦᠷᠢᠭ ᠪᠠᠭᠤᠯᠭᠠᠵᠤ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠤᠯᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠡᠳ᠋ ᠤᠨ ᠬᠦᠴᠦᠨ ᠤ ᠪᠠᠲᠤᠯᠠᠭ᠎ᠠ ᠬᠠᠩᠭᠠᠪᠠ᠃      ᠭᠤᠷᠪᠠ ᠳᠤ ᠬᠡᠷᠡᠭᠴᠡᠭᠡ ᠶᠢ ᠦᠨᠳᠦᠰᠦᠯᠡᠨ ᠴᠡᠭᠴᠡᠯᠡᠬᠦ᠂ ᠴᠡᠭᠴᠡᠯᠡᠪᠡᠰᠦ ᠵᠣᠬᠢᠬᠤ ᠶᠢ ᠨᠢ ᠪᠦᠬᠦᠨ ᠢ ᠴᠡᠭᠴᠡᠯᠡᠬᠦ ᠵᠠᠷᠴᠢᠮ ᠶᠤᠰᠤᠭᠠᠷ᠂ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠳᠭᠡᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠪᠠ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠩᠭᠠᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠠᠳᠠᠭᠤ ᠬᠦᠴᠢᠷᠳᠡᠯᠲᠡᠢ ᠰᠢᠶᠠᠨ ᠤ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠶᠢᠳᠭᠡᠬᠦ ᠠᠵᠢᠯ ᠢ ᠢᠳᠡᠪᠬᠢᠲᠡᠢ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠶᠠᠳᠠᠭᠤ ᠶᠢ ᠲᠡᠳᠬᠦᠬᠦ ᠠᠯᠪᠠᠨ ᠭᠡᠷ ᠤᠨ ︽2020 ᠣᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ  ᠮᠦᠩᠭᠦ ᠶᠢ ᠡᠮᠬᠢᠯᠡᠨ ᠨᠡᠶᠢᠳᠭᠡᠬᠦ ᠲᠤᠷᠰᠢᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ︽ᠬᠡᠷᠡᠭᠴᠡᠭᠡ ᠶᠢ ᠦᠨᠳᠦᠰᠦᠯᠡᠨ ᠴᠡᠭᠴᠡᠯᠡᠬᠦ᠂ ᠴᠡᠭᠴᠡᠯᠡᠪᠡᠰᠦ ᠵᠣᠬᠢᠬᠤ ᠶᠢ ᠨᠢ ᠪᠦᠬᠦᠨ ᠢ ᠴᠡᠭᠴᠡᠯᠡᠬᠦ᠂ ᠵᠢᠷᠤᠮᠵᠢᠭᠤᠯᠤᠨ ᠡᠮᠬᠢᠯᠡᠨ ᠨᠡᠶᠢᠯᠡᠭᠦᠯᠬᠦ︾ ᠵᠠᠷᠴᠢᠮ ᠶᠣᠰᠣᠭᠠᠷ᠂ ᠦᠴᠤᠸᠠᠨ ᠰᠢᠶᠠᠨ ᠪᠣᠯᠤᠨ ᠴᠢᠩ ᠱᠦᠶ ᠾᠧ ᠰᠢᠶᠠᠨ ᠢ ᠴᠠᠭ ᠲᠤᠬᠠᠶ ᠳᠤᠨᠢ ᠵᠢᠯᠣᠭᠤᠳᠴᠤ ᠪᠠᠶᠢᠭᠠᠳ ᠨᠢᠭᠡᠳᠦᠯᠲᠡᠶ ᠲᠥᠯᠦᠪᠯᠡᠨ ᠡᠮᠬᠢᠯᠡᠨ ᠨᠡᠶᠢᠳᠭᠡᠬᠦ ᠠᠵᠢᠯ ᠢ ᠰᠠᠶᠢᠲᠤᠷ ᠬᠢᠯᠭᠡᠪᠡ᠃ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠢᠷᠭᠤᠭᠠᠨ ᠰᠠᠯᠠᠭ᠎ᠠ ᠮᠥᠴᠢᠷ ᠲᠠᠢ ᠬᠠᠮᠲᠤᠷᠠᠨ ᠬᠢᠨᠠᠭᠰᠠᠨ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ᠂ ᠡᠳ᠋ ᠤᠨ ᠵᠠᠰᠠᠭ  ᠤᠨ ᠲᠢᠩᠬᠢᠮ ᠢᠶᠠᠷ ᠵᠦᠪᠰᠢᠶᠡᠷᠡᠭᠦᠯᠦᠭᠡᠳ᠂ 2020 ᠣᠨ ᠳᠤ᠂ ᠮᠠᠨ ᠤ ᠬᠤᠲᠠ ᠶᠢᠨ ᠶᠠᠳᠠᠭᠤ ᠬᠦᠴᠢᠷᠳᠡᠯᠲᠡᠶ ᠰᠢᠶᠠᠨ ᠤ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ 1.68 ᠳ᠋ᠦᠩᠰᠢᠭᠤᠷ ᠲᠥᠭᠦᠷᠢᠭ ᠡᠮᠬᠢᠯᠡᠨ‌ᠨᠡᠶᠢᠳᠭᠡᠬᠦ   ᠪᠠᠷ ᠲᠦᠯᠦᠪᠯᠡᠵᠦ᠂ 7  ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠮᠠᠨ ᠤ ᠬᠤᠲᠠ ᠨᠢᠭᠡᠨᠲᠡ ᠲᠥᠯᠥᠪᠯᠡᠭᠡ ᠶᠣᠰᠣᠭᠠᠷ ᠡᠮᠬᠢᠯᠡᠨ ᠨᠡᠶᠢᠯᠡᠭᠦᠯᠦᠭᠰᠡᠨ ᠪᠦᠭᠡᠳ 4297.71 ᠲᠦᠮᠡᠨ ᠲᠥᠭᠦᠷᠢᠭ ᠤᠨ ᠵᠠᠷᠤᠯᠭ᠎ᠠ ᠶᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠠᠬᠢᠭᠤᠯᠬᠤ ᠳᠤ ᠯᠠᠪᠳᠠᠭᠤᠨ ᠪᠠᠲᠤᠲᠠᠢ ᠪᠡᠯᠡ ᠮᠥᠩᠭᠦ ᠶᠢᠨ ᠰᠠᠭᠤᠷᠢ ᠲᠠᠯᠪᠢᠪᠠ᠃      ᠲᠦᠷᠪᠡ ᠳᠤ ᠲᠣᠭᠤᠷᠢᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠤᠨ ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠬᠦᠯᠪᠡ᠃ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠣᠯ ᠡᠳ᠋ ᠤᠨ ᠵᠠᠰᠠᠭ ᠤᠨ ᠶᠠᠳᠠᠭᠤ ᠶᠢ  ᠳᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠴᠢᠬᠤᠯᠠ ᠠᠭᠤᠯᠭ᠎ᠠ ᠪᠣᠯᠤᠨ᠎ᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠤᠷᠲᠤ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠶᠢᠨ ᠲᠥᠯᠥᠭᠡ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠠᠰᠠᠭ ᠤᠨ ᠣᠷᠳᠣᠨ ᠢ ᠣᠷᠣᠯᠠᠨ ︽ᠬᠥᠬᠡᠬᠤᠲᠠ ᠶᠢᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠳᠤ ᠬᠢᠨᠠᠯᠲᠠ ᠲᠠᠯᠪᠢᠬᠤ ᠪᠠ ᠠᠵᠢᠯ ᠤᠨ ᠪᠦᠳᠦᠮᠵᠢ ᠶᠢ ᠬᠢᠨᠠᠨ ᠬᠠᠮᠢᠶᠠᠷᠬᠤ ᠶᠢ ᠴᠢᠩᠭᠠᠳᠬᠠᠬᠤ ᠬᠡᠷᠡᠭᠵᠢᠭᠦᠯᠬᠦ ᠲᠥᠰᠦᠯ︾ ᠢ ᠲᠤᠭᠤᠷᠪᠢᠭᠰᠠᠨ ᠤ ᠬᠠᠮᠲᠤ ᠲᠤᠬᠠᠶ ᠶᠢᠨ ᠭᠠᠵᠠᠷ ᠤᠨ ᠪᠠᠶᠢᠴᠠᠭᠠᠯᠲᠠ ᠪᠣᠯᠤᠨ   ᠠᠮᠵᠢᠯᠲᠠ ᠪᠦᠳᠦᠮᠵᠢ ᠶᠢ ᠦᠨᠡᠯᠡᠬᠦ ᠬᠤᠶᠠᠷ ᠲᠠᠯ ᠎ᠠ ᠪᠠᠷ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠨᠢᠭᠡ ᠲᠠᠯ᠎ᠠ ᠪᠠᠷ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠢᠴᠢ ᠡᠯ᠎ᠡ ᠱᠠᠲᠤ ᠲᠡᠰ ᠤᠨ ᠲᠣᠭᠤᠷᠢᠨ  ᠪᠠᠶᠢᠴᠠᠭᠠᠭᠰᠠᠨ᠂ ᠰᠢᠮᠳᠠᠭᠤᠯᠤᠨ ᠪᠠᠶᠢᠴᠠᠭᠠᠭᠰᠠᠨ᠂ ᠭᠢᠨᠠᠨ ᠰᠢᠯᠭᠠᠵᠤ‌ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠵᠤ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠰᠢᠢᠳᠪᠦᠷᠢᠲᠦ  ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠤᠷ ᠲᠠᠲᠠᠬᠤ ᠮᠠᠶ᠋ᠢᠭ ᠤᠨ᠂ ᠪᠦᠬᠦ ᠰᠦᠯᠵᠢᠶ᠎ᠡ ᠶᠢᠨ ᠮᠠᠶ᠋ᠢᠭ ᠤᠨ᠂ ᠪᠦᠬᠦᠨ ᠢ ᠬᠠᠮᠤᠷᠤᠭᠰᠠᠨ ︽ᠢᠯᠡᠷᠡᠭᠦᠯᠬᠦ᠂ ᠳᠠᠬᠢᠨ ᠬᠠᠷᠭᠤᠭᠤᠯᠤᠨ ᠪᠠᠶᠢᠴᠠᠭᠠᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ︽ᠣᠷᠠᠨ ᠲᠠᠷᠬᠠᠨ︾ ᠤ ᠵᠣᠷᠢᠭ ᠰᠠᠨᠠᠭ᠎ᠠ᠂ ︽ᠬᠤᠸᠠᠷ ᠬᠠᠳᠬᠤᠬᠤ︾ ᠡᠷᠳᠡᠮ ᠢᠶᠠᠷ ᠲᠤᠬᠠᠶ ᠶᠢᠨ ᠭᠠᠵᠠᠷ ᠲᠤᠨᠢ ᠰᠢᠮᠳᠠᠭᠤᠯᠤᠨ ᠰᠢᠢᠳᠪᠦᠷᠢᠯᠡᠭᠦᠯᠵᠦ᠂ ︽ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠭᠤᠮᠲᠠ︾ ᠶᠢ ᠡᠷᠡᠰ ᠰᠠᠶᠢᠲᠤᠷ ᠲᠠᠪᠠᠵᠤ᠂ ᠴᠡᠭᠴᠡᠯᠡᠨ ᠰᠠᠶᠢᠵᠢᠷᠠᠭᠤᠯᠤᠭᠰᠠᠨ ᠰᠢᠯᠢᠳᠡᠭ ᠦᠷ᠎ᠡ ᠪᠦᠲᠦᠮᠵᠢ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠡᠷᠦᠩᠬᠡᠢ ᠰᠢᠯᠭᠠᠨ ᠬᠤᠷᠢᠶᠠᠯᠲᠠ ᠶᠢ ᠤᠭᠲᠤᠬᠤ ᠶᠢ ᠦᠨᠡᠨᠬᠦ ᠪᠠᠳᠤᠯᠠᠪᠠ᠃ ᠪᠢᠳᠡ ᠤᠷᠢᠳ ᠬᠤᠵᠢᠳ 3 ᠤᠳᠠᠭ᠎ᠠ ᠲᠤᠰᠬᠠᠶ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠳᠡᠰ ᠳᠠᠪᠬᠤᠷᠭ᠎ᠠ ᠬᠤᠪᠢᠶᠠᠨ᠂ ᠭᠤᠣᠯᠳᠠᠯᠭ᠎ᠠ ᠬᠤᠪᠢᠶᠠᠨ ᠪᠦᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠵᠢᠴᠢ ᠨᠡᠭᠡᠭᠡᠯᠲᠡ ᠶᠢᠨ ᠲᠣᠭᠤᠷᠢᠭ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠪᠠ᠃ ᠡᠯ᠎ᠡ ᠬᠤᠰᠢᠭᠤ ᠰᠢᠶᠠᠨ ᠲᠣᠭᠤᠷᠢᠭ ᠤᠨ ᠦᠩᠭᠡᠷᠡᠭᠰᠡᠨ ᠵᠢᠯ ᠡᠮᠦᠨᠡᠬᠢ ᠤᠳᠠᠭ᠎ᠠ ᠨᠤᠭᠤᠳ ᠤᠨ ᠡᠯ᠎ᠡ ᠳᠡᠰ ᠳᠠᠪᠬᠤᠷᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠭᠤᠷᠢᠨ ᠪᠠᠶᠢᠴᠠᠭᠠᠯᠲᠠ᠂ ᠬᠢᠨᠠᠨ ᠰᠢᠯᠭᠠᠯᠲᠠ ᠵᠡᠷᠭᠡ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ︽ᠡᠷᠬᠢᠨ ᠬᠠᠷᠠᠬᠤ︾ ᠠᠵᠢᠯ ᠢ ᠭᠤᠣᠯᠳᠠᠯᠭ᠎ᠠ ᠲᠠᠢ ᠬᠢᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠳᠦᠷᠢᠮᠵᠢᠭᠦᠯᠦᠨ ᠥᠨᠳᠥᠷ ᠪᠦᠲᠦᠮᠵᠢᠲᠡᠶ ᠬᠡᠷᠡᠭᠯᠡᠬᠦ ᠲᠣᠭᠤᠷᠢᠨ ᠳᠤ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ ᠰᠠᠯᠭᠠᠨ ᠥᠭᠬᠦ ᠴᠠᠭ᠂ ᠵᠠᠷᠤᠯᠭ᠎ᠠ ᠶᠢᠨ ᠠᠬᠢᠴᠠ᠂ ᠵᠢᠷᠤᠮᠵᠢᠭᠤᠯᠤᠨ ᠬᠡᠷᠡᠭᠯᠡᠬᠦ᠂ ᠵᠠᠷᠯᠠᠨ ᠨᠡᠶᠢᠲᠡᠯᠡᠬᠦ ᠵᠡᠷᠭᠡ ᠳᠤ ᠬᠢᠨᠠᠯᠲᠠ ᠲᠠᠯᠪᠢᠨ ᠪᠠᠶᠢᠴᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠪᠠ᠃      ᠨᠦᠬᠦᠭᠡ ᠲᠠᠯ᠎ᠠ ᠪᠠᠷ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠤᠷ ᠲᠦᠪᠰᠢᠨ ᠪᠣᠯᠤᠨ ᠪᠦᠷᠢᠨ ᠪᠦᠲᠦᠨ ᠢ ᠪᠠᠲᠤᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠡᠶ᠃ ᠬᠤᠰᠢᠭᠤ ᠰᠢᠶᠠᠨ ᠥᠪᠡᠷ ᠢ ᠪᠠᠨ ᠦᠨᠡᠯᠡᠬᠦ ᠪᠠ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ ᠶᠢ ᠤᠶᠠᠯᠳᠤᠭᠤᠯᠬᠤ ᠬᠡᠯᠪᠡᠷᠢ ᠪᠠᠷ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠪᠦᠬᠦ ᠲᠠᠯ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠬᠢᠵᠦ᠂ ᠪᠦᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠵᠢᠴᠢ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠤᠨ 2019 ᠣᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠳᠤ ᠲᠤᠬᠠᠢ ᠶᠢᠨ ᠭᠠᠵᠠᠷ ᠲᠤᠨᠢ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠶᠢᠨ ᠬᠠᠮᠳᠤ ︽ᠬᠥᠬᠡᠬᠤᠲᠠ ᠶᠢᠨ 2019 ᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢᠨ ᠠᠮᠵᠢᠯᠲᠠ ᠪᠦᠳᠦᠮᠵᠢ ᠶᠢ ᠦᠨᠡᠯᠡᠭᠰᠡᠨ ᠮᠡᠳᠡᠭᠦᠯᠦᠯᠲᠡ︾ ᠭᠠᠷᠭᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠠᠯᠠ ᠮᠥᠩᠭᠦ ᠶᠢᠨ ᠠᠵᠢᠯ ᠤᠨ ᠪᠦᠳᠦᠮᠵᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠦᠳᠡᠯᠦᠯ ᠪᠠᠶᠢᠳᠠᠯ ᠢ ᠬᠢᠨᠠᠨ ᠡᠵᠡᠮᠳᠡᠬᠦ ᠲᠠᠪᠴᠠᠩ ᠢ ᠬᠦᠢᠴᠡᠳ ᠠᠰᠢᠭᠯᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳᠦᠷ ᠲᠤᠲᠤᠮ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ 6 ᠤᠳᠠᠭ᠎ᠠ ᠰᠢᠮᠳᠠᠭᠤᠯᠤᠨ ᠪᠠᠶᠢᠴᠠᠭᠠᠭᠰᠠᠨ ᠵᠠᠷᠯᠠᠯ ᠳᠠᠷᠤᠮᠠᠯᠯᠠᠨ ᠲᠠᠷᠬᠠᠭᠠᠵᠤ᠂ ᠬᠤᠰᠢᠭᠤ ᠰᠢᠶᠠᠨ ᠲᠣᠭᠤᠷᠢᠭ ᠤᠨ ᠬᠢᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠦᠳᠡᠯᠦᠯ ᠪᠠᠶᠢᠳᠠᠯ ᠢ ᠬᠢᠨᠠᠨ ᠡᠵᠡᠮᠳᠡᠬᠦ ᠲᠠᠪᠴᠠᠩ ᠢᠶᠠᠷ ᠪᠡᠯᠡ ᠮᠥᠩᠭᠦ ᠶᠢᠨ ᠳᠠᠩᠰᠠ ᠲᠡᠮᠳᠡᠭᠯᠡᠬᠦ ᠪᠠ ᠬᠤᠪᠢᠶᠠᠷᠢᠯᠠᠬᠤ ᠪᠠᠨ ᠲᠦᠷᠢᠮᠵᠢᠭᠦᠯᠬᠦ ᠶᠢ ᠰᠢᠮᠳᠠᠭᠤᠯᠵᠤ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠲᠠᠭᠯᠠᠨ ᠮᠡᠳᠡᠭᠦᠯᠬᠦ ᠪᠠ ᠬᠢᠨᠠᠨ ᠬᠠᠷᠭᠤᠭᠤᠯᠬᠤ ᠶᠢ ᠲᠡᠭᠦᠯᠳᠡᠷᠵᠢᠭᠦᠯᠵᠦ᠂ ᠬᠤᠰᠢᠭᠤ ᠰᠢᠶᠠᠨ ᠲᠣᠭᠤᠷᠢᠭ ᠤᠨ ᠬᠢᠨ ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ ᠂ ᠲᠥᠷᠥᠯ  ᠵᠦᠢᠯ ᠤᠨ ᠪᠡᠯᠡ ᠮᠥᠩᠭᠦ ᠶᠢ ᠬᠢᠨᠠᠨ ᠡᠵᠡᠮᠳᠡᠬᠦ ᠬᠢᠷᠢ ᠬᠡᠮᠵᠢᠶ᠎ᠡ ᠪᠠᠨ ᠲᠡᠭᠡᠭᠰᠢᠯᠡᠭᠦᠯᠬᠦ ᠶᠢ ᠱᠠᠭᠠᠷᠳᠠᠵᠠᠢ᠃      ᠲᠠᠪᠤ ᠳᠤ ᠪᠠᠯᠠ ᠮᠥᠩᠭᠦ ᠶᠢ ᠵᠠᠷᠯᠠᠨ ᠨᠡᠶᠢᠲᠡᠯᠡᠬᠦ ᠶᠢ ᠴᠢᠩᠭᠠᠳᠬᠠᠵᠤ᠂ ᠪᠠᠯᠠ ᠮᠥᠩᠭᠦ ᠶᠢᠨ ᠬᠤᠪᠢᠶᠠᠷᠢᠯᠠᠯᠲᠠ  ᠶᠢᠨ ᠢᠯᠡ ᠲᠣᠳᠣ ᠪᠠᠶᠢᠬᠤ ᠶᠢ ᠦᠨᠡᠨᠬᠦ ᠪᠠᠳᠤᠯᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠲᠥᠷᠥᠯ ᠵᠦᠢᠯ ᠢ ᠵᠠᠷᠯᠠᠨ ᠨᠡᠶᠢᠲᠡᠯᠡᠬᠦ ᠬᠡᠷᠡᠭᠵᠢᠭᠦᠯᠬᠦ ᠠᠷᠭ᠎ᠠ ︵ᠵᠠᠰᠠᠪᠤᠷᠢ ᠤᠷᠤᠭᠤᠯᠤᠭᠰᠠᠨ︶︾ ᠶᠢᠨ ᠶᠠᠳᠠᠭᠤ ᠶᠢ ᠲᠡᠳᠬᠦᠬᠦ ᠪᠠᠯᠠ ᠮᠥᠩᠭᠦ ᠶᠢ ︽ᠬᠡᠨ ᠬᠤᠪᠢᠶᠠᠷᠢᠯᠠᠪᠠᠯ ᠬᠡᠨ ᠬᠡᠷᠡᠭᠯᠡᠵᠦ᠂ ᠬᠡᠨ ᠢᠯᠡ ᠪᠣᠯᠭᠠᠬᠤ︾ ᠵᠠᠷᠴᠢᠮ ᠶᠣᠰᠣᠭᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠠᠯᠪᠠᠨ ᠰᠦᠯᠵᠢᠶ᠎ᠡ ᠪᠠᠷ 2020 ᠣᠨ ᠳᠤ ᠪᠠᠭᠤᠯᠭᠠᠭᠰᠠᠨ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ 5.2 ᠳ᠋ᠦᠩᠰᠢᠭᠤᠷ ᠲᠥᠭᠦᠷᠢᠭ ᠬᠤᠪᠢᠶᠠᠷᠢᠯᠠᠭᠰᠠᠨ ᠪᠠᠶᠢᠳᠠᠯ ᠢ ᠪᠦᠬᠦ ᠲᠠᠯ᠎ᠠ ᠪᠠᠷ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠢᠯᠡ ᠪᠠᠷ ᠬᠡᠷᠡᠭᠯᠡᠬᠦ ᠶᠢ ᠦᠨᠡᠨᠬᠦ ᠪᠠᠳᠤᠯᠠᠪᠠ᠃      7. ᠬᠥᠲᠥᠯᠥᠭᠴᠢ      ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠤ ᠪᠠᠨ ᠰᠠᠭᠤᠷᠢᠯᠠᠨ᠂ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠪᠠᠲᠤᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠤᠷᠢᠨ ᠳᠤ ᠶᠡᠭᠡ ᠬᠡᠮᠵᠢᠶᠡᠨ ᠤ ᠠᠵᠢᠯ ᠬᠢᠭᠰᠡᠨ ᠢ ᠪᠢᠳᠡ ᠣᠯᠵᠤ ᠬᠠᠷᠠᠯ᠎ᠠ᠃ ᠡᠭᠦᠨ ᠤ ᠵᠡᠷᠭᠡᠪᠡᠷ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠨᠡᠶᠢᠭᠡᠮ ᠤᠨ ᠶᠠᠳᠠᠭᠤ ᠶᠢ ᠲᠡᠳᠬᠦᠬᠦ ᠠᠵᠢᠯ ᠢ ᠴᠤ ᠮᠠᠰᠢ ᠰᠠᠶᠢᠨ ᠬᠢᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ ᠡᠨᠡ ᠵᠢᠯ ᠤᠨ 7 ᠳ᠋ᠤᠭᠠᠷ ᠰᠠᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠤᠰᠬᠠᠶᠢᠯᠠᠨ ᠬᠤᠲᠠ ᠶᠢᠨ ᠡᠳ᠋ ᠤᠨ ᠵᠠᠰᠠᠭ ᠤᠨ ᠨᠢᠭᠡ ᠳᠤ ᠨᠢᠭᠡ ᠬᠠᠪᠰᠤᠷᠤᠨ ᠲᠡᠳᠬᠦᠬᠦ ᠠᠵᠢᠯ ᠢ ᠤᠬᠠᠭᠤᠯᠤᠨ ᠮᠡᠳᠡᠭᠡᠯᠡᠪᠡ᠃ ᠣᠯᠠᠨ ᠳᠤ ᠲᠠᠨᠢᠯᠴᠠᠭᠤᠯᠤᠭᠠᠳ ᠦᠭᠭᠦᠨ᠎ᠡ ᠤᠤ᠃       8.ᠠᠯᠪᠠᠨ ᠭᠡᠷ ᠤᠨ ᠳᠡᠳ᠋ ᠡᠷᠬᠢᠯᠡᠭᠴᠢ ᠵᠤᠤ ᠶᠠ ᠷᠦ᠋      ᠬᠦᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ︽ᠠᠷᠠᠳ ᠲᠦᠮᠡᠨ ᠢᠶᠠᠷ ᠭᠤᠣᠯ ᠪᠣᠯᠭᠠᠬᠤ︾ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠷᠠᠳ ᠲᠦᠮᠡᠨ ᠳᠤ ᠪᠤᠶᠠᠨ ᠦᠢᠯᠡᠳᠬᠦ ᠬᠠᠮᠤᠭ ᠤᠨ ᠶᠡᠭᠡ ᠠᠷᠠᠳ ᠤᠨ ᠠᠮᠢᠳᠤᠷᠠᠯ ᠪᠣᠯᠭᠠᠬᠤ ᠶᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠲᠠᠢ ᠴᠠᠭ ᠢᠮᠠᠭᠲᠠ ᠰᠡᠳᠬᠢᠯ ᠵᠢᠷᠦᠬᠡ ᠪᠠᠨ ᠬᠤᠯᠪᠣᠵᠤ᠂ ᠬᠠᠪᠰᠤᠷᠤᠨ ᠲᠡᠳᠬᠦᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃      ᠨᠢᠭᠡ ᠳᠤ ᠠᠶᠢᠯ ᠡᠷᠦᠬᠡ ᠪᠠᠷ ᠤᠷᠤᠵᠤ  ᠬᠠᠯᠠᠭᠤᠨ ᠲᠤᠯᠠᠭᠠᠨ ᠢ ᠳᠠᠮᠵᠢᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠢᠲᠡᠭᠡᠯ ᠵᠣᠷᠢᠭ ᠢ ᠨᠡᠮᠡᠭᠳᠡᠭᠦᠯᠪᠡ᠃ 2018 ᠣᠨ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ 106 ᠡᠳ᠋ ᠤᠨ ᠵᠠᠰᠠᠭ ᠤᠨ ᠺᠠᠳ᠋ᠷ ᠳᠡᠭᠡᠷ᠎ᠡ ᠲᠤᠬᠤᠢ ᠰᠢᠶᠠᠩ ᠤᠨ 7 ᠵᠠᠰᠠᠭ ᠵᠠᠬᠢᠷᠭᠠᠨ ᠤ ᠲᠣᠰᠬᠤᠨ ᠤ 106 ᠶᠠᠳᠠᠭᠤ ᠬᠦᠴᠢᠷᠳᠡᠯᠲᠡᠶ ᠡᠷᠦᠬᠡ ᠲᠠᠢ ︽ᠨᠢᠭᠡ ᠳᠤ ᠨᠢᠭᠡ ︾  ᠬᠤᠣᠰᠯᠠᠭᠤᠯᠤᠨ ᠬᠠᠪᠰᠤᠷᠤᠨ ᠲᠡᠳᠬᠦᠬᠦ ᠳᠤᠭᠤᠶᠢᠯᠠᠩ ᠪᠠᠶᠢᠭᠤᠯᠪᠠ᠃ ᠡᠨᠡ ᠵᠢᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠪᠠᠭ ᠤᠨ ᠪᠦᠷᠢᠯᠳᠦᠬᠦᠨ ᠤᠷᠢᠳ ᠬᠤᠵᠢᠳ 4 ᠤᠳᠠᠭ᠎ᠠ ᠬᠤᠣᠰᠯᠠᠭᠤᠯᠤᠨ ᠬᠠᠪᠰᠤᠷᠤᠨ ᠲᠡᠳᠬᠦᠬᠦ ᠺᠠᠳ᠋ᠷ ᠢ 422 ᠬᠥᠮᠦᠨ ᠤᠳᠠᠭ᠎ᠠ ᠳᠠᠭᠠᠭᠤᠯᠤᠨ ᠦᠴᠤᠸᠠᠨ ᠰᠢᠶᠠᠨ ᠤ ᠶᠠᠳᠠᠭᠤ ᠬᠦᠴᠢᠷᠳᠡᠯᠲᠡᠢ ᠲᠣᠰᠬᠤᠨ ᠳᠤ ᠬᠦᠷᠴᠦ᠂ ︽ᠨᠢᠭᠡ ᠳᠤ ᠨᠢᠭᠡ︾ ᠪᠠᠷ ᠡᠷᠦᠬᠡ ᠳᠤ ᠤᠷᠤᠵᠤ ᠰᠣᠷᠪᠤᠯᠵᠢᠯᠠᠨ᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠲᠣᠳᠣᠷᠬᠠᠶ ᠺᠠᠷᠲ ᠢ ᠪᠠᠶᠢᠴᠠᠭᠠᠨ ᠦᠵᠡᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠦᠨᠳᠦᠰᠦᠨ ᠮᠡᠳᠡᠭᠡ ᠵᠠᠩᠭᠢ ᠶᠢ ᠬᠠᠷᠭᠤᠭᠤᠯᠤᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠢᠳᠡᠬᠦ ᠡᠮᠦᠰᠬᠦ᠂ ᠤᠤᠭᠤᠬᠤ ᠤᠰᠤ᠂ ᠣᠷᠣᠨ ᠰᠠᠭᠤᠴᠠ ᠶᠢᠨ ᠠᠮᠤᠷ ᠲᠦᠪᠰᠢᠨ᠂ ᠦᠷ᠎ᠡ ᠬᠡᠤᠬᠡᠳ ᠤᠨ ᠰᠤᠷᠭᠠᠨ ᠬᠥᠮᠦᠵᠢᠯ᠂ ᠠᠵᠢᠯ ᠣᠯᠭᠤᠯᠲᠠ ᠶᠢᠨ ᠣᠷᠣᠯᠭ᠎ᠠ ᠂ ᠡᠮᠴᠢᠯᠡᠭᠡᠨ ᠤ ᠪᠠᠲᠤᠯᠠᠭ᠎ᠠ ᠵᠡᠷᠭᠡ ᠲᠥᠷᠥ ᠶᠢᠨ ᠪᠣᠳᠣᠯᠭ᠎ᠠ ᠶᠢ ᠡᠳ᠋ᠯᠡᠵᠦ ᠪᠠᠶᠢᠭ᠎ᠠ ᠪᠠᠶᠢᠳᠠᠯ ᠵᠢᠴᠢ ᠰᠢᠨ᠎ᠡ ᠬᠤᠪᠢᠷᠠᠯᠲᠠ ᠶᠢ ᠣᠶᠢᠯᠠᠭᠠᠪᠠ᠃ ᠡᠭᠦᠨ ᠤ ᠬᠠᠮᠲᠤ ᠶᠡᠷᠦᠩᠬᠡᠶ ᠱᠦᠵᠢ ᠶᠢᠨ 6 ᠵᠢᠯ ᠤᠨ 7 ᠤᠳᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠬᠤ ᠪᠠᠶᠢᠷᠢᠯᠠᠭᠤᠯᠤᠯᠲᠠ ᠶᠢᠨ ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠶᠢᠨ ᠶᠠᠳᠠᠭᠤ ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠨ ᠲᠣᠬᠤᠨᠢᠭᠤᠯᠤᠭᠰᠠᠨ᠂ ︽ᠡᠳ᠋ ᠤᠨ ᠵᠠᠰᠠᠭ ᠤᠨ ᠪᠡᠯᠡ ᠮᠥᠩᠭᠦ ᠡᠷᠡᠭᠦᠯ ᠢᠶᠠᠷ ᠶᠠᠳᠠᠭᠤ ᠶᠢ ᠲᠡᠳᠬᠦᠬᠦ︾ ᠵᠡᠷᠭᠡ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠪᠣᠯᠤᠨ ᠲᠥᠪ ᠬᠤᠲᠠ ᠶᠢᠨ ᠡᠳ᠋ ᠤᠨ ᠵᠠᠰᠠᠭ ᠤᠨ ᠶᠠᠳᠠᠭᠤ ᠶᠢ ᠲᠡᠳᠬᠦᠭᠰᠡᠨ ᠦᠯᠢᠭᠡᠷ ᠵᠢᠴᠢ ᠦᠷ᠎ᠡ ᠪᠦᠲᠦᠭᠡᠯ ᠢ ᠲᠠᠯᠪᠢᠭᠤᠷ ᠴᠠᠭ ᠤᠯᠠᠷᠢᠯ ᠤᠨ ᠪᠢᠴᠢᠭ ᠪᠣᠯᠭᠠᠨ ᠨᠠᠶᠢᠷᠠᠭᠤᠯᠤᠨ ᠦᠢᠯᠡᠳᠴᠦ᠂  ᠬᠠᠪᠰᠤᠷᠤᠨ ᠲᠡᠳᠬᠦᠬᠦ ᠭᠠᠷ ᠳᠡᠪᠲᠡᠷ ᠤᠨ ᠪᠢᠴᠢᠯᠭᠡ ᠪᠣᠯᠭᠠᠨ ᠵᠣᠬᠢᠶᠠᠵᠤ᠂ ᠪᠠᠶᠠᠷ ᠤᠨ ᠡᠳᠦᠷ ᠤᠨ ᠲᠣᠬᠤᠨᠢᠭᠤᠯᠬᠤ ᠪᠣᠳᠠᠰ ᠲᠠᠢ ᠬᠠᠮᠲᠤ ᠶᠠᠳᠠᠭᠤ ᠬᠦᠴᠢᠷᠳᠡᠯᠲᠡᠢ ᠡᠷᠦᠬᠡ ᠳᠤ ᠬᠦᠷᠭᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠨᠠᠮ ᠪᠠ ᠬᠠᠪᠰᠤᠷᠤᠨ ᠲᠡᠳᠬᠦᠬᠦ ᠺᠠᠳ᠋ᠷ ᠤᠨ ᠨᠢᠳᠤᠨ ᠳᠤ ᠦᠵᠡᠭᠳᠡᠵᠦ ᠭᠠᠷ ᠲᠤ ᠪᠠᠷᠢᠭᠳᠠᠮ᠎ᠠ ᠬᠠᠯᠠᠭᠤᠨ ᠬᠠᠶᠢᠷ᠎ᠠ ᠬᠠᠯᠠᠮᠵᠢ ᠶᠢ ᠭᠦᠨᠵᠡᠭᠡᠢ ᠮᠡᠳᠡᠷᠡᠭᠦᠯᠪᠡ᠃      ᠬᠤᠶᠠᠷ ᠲᠤ ᠬᠠᠪᠰᠤᠷᠤᠨ ᠲᠡᠳᠬᠦᠬᠦ ᠺᠠᠳ᠋ᠷ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠬᠤᠪᠢᠷᠠᠯᠲᠠ ᠶᠢ ᠮᠡᠳᠡᠷᠡᠭᠦᠯᠪᠡ᠃ ᠲᠥᠪ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 50 ᠭᠠᠷᠤᠶ ᠡᠳ᠋ ᠤᠨ ᠵᠠᠰᠠᠭ ᠤᠨ ᠺᠠᠳ᠋ᠷ ᠢ ᠵᠣᠬᠢᠶᠠᠨ ᠪᠠᠶᠢᠭᠤᠯᠤᠨ ᠲᠣᠪᠴᠢᠶ᠎ᠠ ᠶᠢᠨ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ  ᠪᠦᠯᠬᠦᠮ ᠤᠨ ᠬᠢᠨ ᠤ ᠬᠠᠪᠰᠤᠷᠤᠨ ᠲᠡᠳᠬᠦᠬᠦ ᠲᠤᠰᠬᠤᠨ ᠪᠣᠯᠬᠤ ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠫᠤᠩᠰᠤᠭ ᠤᠨ ᠠᠶᠢᠯ ᠲᠣᠰᠬᠤᠨ ᠳᠤ ᠬᠦᠷᠴᠦ᠂  ᠤᠯᠤᠰ ᠠᠴᠠ ᠬᠠᠶᠢᠷᠠᠯᠠᠬᠤ ᠡᠷᠡᠭᠦᠯ ᠬᠠᠮᠠᠭᠠᠯᠠᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠤᠲᠠ‌‍ᠪᠠᠶᠢᠭᠤᠯᠬᠤ  ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠡᠶ᠃ ᠶᠠᠳᠠᠭᠤ ᠬᠦᠴᠢᠷᠳᠡᠯᠲᠡᠶ ᠲᠣᠰᠬᠤᠨ ᠤ ᠭᠤᠳᠤᠮᠵᠢ ᠶᠢᠨ ᠬᠤᠭ ᠨᠣᠪᠰᠢ ᠶᠢ ᠴᠡᠪᠡᠷᠯᠡᠵᠦ᠂ ᠬᠤᠭ ᠰᠢᠷᠤᠢ ᠶᠢ ᠠᠷᠢᠯᠭᠠᠵᠤ᠂ ᠲᠠᠯᠳᠠ ᠭᠠᠵᠠᠷ ᠢ ᠴᠡᠪᠡᠷᠯᠡᠵᠦ᠂ ᠵᠡᠭᠡᠯᠢ ᠭᠤᠳᠤᠮᠵᠢ ᠶᠢᠨ ᠬᠤᠶᠠᠷ ᠬᠠᠵᠠᠭᠤ ᠶᠢᠨ  ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠭᠡᠷ ᠲᠡᠭᠡᠨ ᠬᠥᠳᠡᠯᠮᠦᠷᠢ ᠬᠦᠴᠦ ᠦᠭᠡᠶ ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠬᠦᠷᠢᠶ᠎ᠡ ᠬᠠᠰᠢᠶ᠎ᠠ ᠶᠢ ᠨᠢ ᠲᠢᠭᠯᠢᠵᠦ᠂ ᠭᠠᠵᠠᠷ ᠰᠢᠷᠣᠶ ᠶᠢ ᠨᠢ ᠲᠡᠭᠰᠢᠯᠡᠵᠦ᠂ ᠢᠳᠡᠰᠢᠨ ᠨᠣᠭᠤᠭ᠎ᠠ ᠲᠠᠷᠢᠵᠤ᠂ ᠨᠡᠩ ᠣᠯᠠᠨ  ᠶᠠᠳᠠᠭᠤ  ᠬᠦᠴᠢᠷᠳᠡᠯᠲᠡᠶ ᠣᠯᠠᠨ ᠲᠦᠮᠡᠨ ᠢ ᠭᠡᠷ ᠤᠨ ᠢᠶᠠᠨ ᠡᠭᠦᠳᠡᠨ ᠳᠠᠬᠢ ᠴᠡᠪᠡᠷ ᠴᠡᠮᠴᠡᠭᠡᠷ᠂ ᠭᠤᠶᠤ ᠰᠠᠶᠢᠬᠠᠨ ᠭᠠᠵᠠᠷ ᠰᠢᠷᠣᠶ ᠶᠢ ᠬᠠᠶᠢᠷᠠᠯᠠᠬᠤ ᠪᠣᠯᠭᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠲᠠᠢ ᠬᠠᠮᠲᠤᠪᠠᠷ ᠴᠡᠪᠡᠷ ᠰᠠᠶᠢᠬᠠᠨ ᠢᠶᠠᠷ ᠪᠦᠬᠦ ᠲᠠᠯ᠎ᠠ ᠪᠠᠷ ᠴᠢᠨᠡᠭᠡᠯᠢᠭᠵᠢᠬᠦ ᠶᠢ ᠣᠭᠳᠤᠬᠤ ᠶᠢ ᠬᠦᠰᠡᠵᠡᠢ᠃      ᠭᠤᠷᠪᠠ ᠳᠤ ᠠᠵᠤ ᠦᠢᠯᠡᠰ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠠᠰᠢᠭ ᠬᠥᠷᠲᠡᠭᠡᠪᠡ᠃ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠦᠢᠯᠡᠳᠦᠯ ᠢ ᠭᠦᠢᠴᠡᠳ  ᠪᠠᠳᠠᠷᠠᠭᠤᠯᠵᠤ᠂ ᠶᠠᠳᠠᠭᠤ ᠶᠢ ᠲᠡᠳᠬᠦᠬᠦ ᠣᠨᠴᠠᠯᠢᠭᠲᠤ ᠠᠵᠤ ᠦᠢᠯᠡᠰ ᠢ ᠪᠤᠶᠢᠵᠢᠭᠤᠯᠤᠨ ᠪᠣᠵᠠᠭᠠᠶᠢᠷᠠᠭᠤᠯᠬᠤ ᠶᠢᠨ ᠲᠦᠯᠦᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠦᠮᠡᠳ ᠵᠡᠭᠦᠨ ᠬᠤᠰᠢᠭᠤᠨ ᠤ ᠲᠠᠯᠠᠢ ᠲᠣᠰᠬᠤᠨ ᠳᠤ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠥᠷᠥᠯ ᠵᠦᠢᠯ ᠤᠨ ᠪᠡᠯᠡ ᠮᠥᠩᠭᠦ 400 ᠲᠦᠮᠡᠨ ᠲᠥᠭᠦᠷᠢᠭ ᠪᠠᠭᠤᠯᠭᠠᠵᠤ ᠲᠤᠬᠠᠢ ᠶᠢᠨ ᠭᠠᠵᠠᠷ ᠤᠨ ᠬᠤᠴᠠ ᠥᠰᠭᠡᠨ ᠡᠭᠦᠯᠳᠡᠷ ᠰᠠᠶᠢᠵᠢᠷᠠᠭᠤᠯᠬᠤ ᠲᠥᠷᠥᠯ ᠵᠦᠢᠯ ᠢ ᠳᠡᠮᠵᠢᠪᠡ᠃ 2019 ᠣᠨ ᠳᠤ ᠳᠠᠯᠠᠢ ᠲᠣᠰᠬᠤᠨ ᠤ 63 ᠶᠠᠳᠠᠭᠤ ᠬᠦᠴᠢᠷᠳᠡᠯᠲᠡᠶ ᠡᠷᠦᠬᠡ ᠲᠣᠰ ᠲᠣᠰ 1500 ᠲᠥᠭᠦᠷᠢᠭ ᠬᠤᠪᠢᠳᠠᠨ ᠣᠯᠵᠤ᠂ 131 ᠬᠥᠮᠦᠨ ᠳᠤ ᠠᠰᠢᠭ ᠬᠦᠷᠲᠡᠭᠡᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ︽ᠠᠯᠲᠠᠨ ᠲᠦᠯᠬᠢᠭᠦᠷ︾ ᠪᠣᠯᠭᠠᠪᠠ᠃ ᠡᠭᠦᠨ ᠤ ᠬᠠᠮᠲᠤ ᠦᠴᠤᠸᠠᠨ ᠰᠢᠶᠠᠨ ᠤ ᠭᠤᠷᠪᠡᠨᠬᠡᠷ ᠲᠣᠰᠬᠤᠨ ᠳᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠬᠡᠷᠡᠭᠯᠡᠭᠡᠨ ᠤ ᠰᠤᠳᠤᠯᠤᠨ ᠨᠡᠭᠡᠭᠡᠬᠦ ᠪᠡᠯᠡ ᠮᠥᠩᠭᠦ ᠶᠢ 20 ᠲᠦᠮᠡᠨ ᠲᠥᠭᠦᠷᠢᠭ ᠣᠯᠵᠤ ᠥᠭᠴᠡᠶ᠃ ᠬᠦᠢᠲᠡᠨ ᠰᠡᠷᠢᠭᠦᠨ ᠭᠠᠵᠠᠷ ᠣᠷᠣᠨ ᠳᠤ ᠲᠠᠷᠪᠤᠰ ᠤᠨ ᠴᠢᠬᠢ ᠪᠤᠶᠢᠵᠢᠭᠤᠯᠬᠤ ᠰᠢᠯᠵᠢᠭᠦᠯᠦᠨ ᠵᠠᠶᠢᠯᠠᠬᠤ ᠮᠡᠷᠭᠡᠵᠢᠯ  ᠢ ᠲᠡᠯᠭᠡᠷᠡᠭᠦᠯᠬᠦ ᠲᠥᠷᠥᠯ ᠵᠦᠢᠯ ᠢ ᠬᠡᠷᠡᠭᠵᠢᠬᠦᠯᠪᠡ︔ ᠶᠠᠳᠠᠭᠤ ᠬᠦᠴᠢᠷᠳᠡᠯᠲᠡᠢ ᠡᠷᠦᠭᠡ ᠳᠤ ᠴᠤᠷᠪᠠᠭ᠎ᠠ ᠪᠠ ᠬᠤᠷᠠᠭ᠎ᠠ ᠬᠦᠷᠭᠡᠭᠰᠡᠨ ᠤ ᠬᠠᠮᠲᠤ ᠶᠠᠳᠠᠭᠤ ᠬᠦᠴᠢᠷᠳᠡᠯᠲᠡᠶ ᠡᠷᠦᠬᠡ ᠳᠤ 2800 ᠭᠠᠷᠤᠶ ᠴᠣᠷᠪᠠᠭ᠎ᠠ ᠶᠢ ᠦᠨ᠎ᠡ ᠲᠦᠯᠦᠪᠦᠷᠢ ᠦᠭᠡᠢ ᠪᠠᠷ ᠬᠤᠪᠢᠶᠠᠨ ᠥᠭᠴᠦ᠂ ᠦᠴᠤᠸᠠᠨ ᠰᠢᠶᠠᠨ ᠤ ᠲᠡᠵᠢᠭᠡᠨ ᠦᠷᠡᠵᠢᠭᠦᠯᠬᠦ ᠦᠢᠯᠡᠰ ᠤᠨ ᠪᠦᠲᠦᠴᠡ ᠶᠢ ᠲᠣᠬᠢᠷᠠᠭᠤᠯᠵᠤ᠂ ᠲᠠᠷᠢᠶᠠᠯᠠᠩ ᠳᠤ ᠰᠢᠨ᠎ᠡ ᠵᠠᠮ ᠨᠡᠭᠡᠭᠡᠨ ᠦᠭᠴᠦ᠂ ᠲᠠᠷᠢᠶᠠᠴᠢᠳ ᠤᠨ ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠢ ᠤᠯᠠᠮ ᠰᠠᠶᠢᠵᠢᠷᠠᠭᠤᠯᠪᠠ᠃      ᠳᠥᠷᠪᠡ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠰᠠᠶᠢᠨ ᠶᠠᠪᠤᠳᠠᠯ ᠬᠢᠬᠦ ᠢ ᠰᠠᠶᠢᠲᠤᠷ ᠠᠳᠬᠤᠵᠤ ᠂ ᠶᠠᠳᠠᠭᠤ ᠬᠦᠴᠢᠷᠳᠡᠯᠲᠡᠢ ᠣᠯᠠᠨ ᠲᠦᠮᠡᠨ ᠢ ᠰᠡᠳᠬᠢᠯ ᠬᠠᠨᠤᠮᠵᠢᠲᠠᠶ ᠪᠣᠯᠭᠠᠪᠠ᠃ ᠣᠷᠣᠨ ᠤ ᠲᠥᠪ ᠤᠨ ᠡᠳ᠋ ᠤᠨ ᠵᠠᠰᠠᠭ ᠤᠨ ᠬᠥᠮᠦᠰ ᠠᠷᠠᠳ ᠣᠯᠠᠨ ᠰᠡᠳᠬᠢᠯ ᠬᠠᠨᠤᠮᠵᠢᠲᠠᠶ ᠪᠠᠶᠢᠬᠤ ᠡᠰᠡᠬᠦ᠂ ᠪᠠᠶᠠᠷᠳᠠᠢ ᠪᠠᠶᠢᠬᠤ ᠡᠰᠡᠬᠦ ᠶᠢ ᠶᠠᠳᠠᠭᠤ ᠶᠢ ᠲᠡᠳᠬᠦᠬᠦ ᠠᠵᠢᠯ ᠤᠨ ᠢᠶᠠᠨ ᠭᠠᠷᠤᠭ᠎ᠠ ᠪᠠ ᠦᠷ᠎ᠡ ᠳ᠋ᠦᠩ ᠪᠣᠯᠭᠠᠬᠤ ᠶᠢ ᠪᠠᠷᠢᠮᠳᠠᠯᠠᠵᠤ᠂ ᠦᠷᠭᠦᠯᠵᠢ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠤᠮᠳᠠ ᠬᠦᠷᠴᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠲᠠᠢ ᠤᠶᠢᠷᠠᠳᠤᠵᠤ᠂ ᠣᠯᠠᠨ ᠲᠦᠮᠡᠨ ᠤ ᠰᠡᠳᠬᠢᠯ ᠤᠨ ᠳᠠᠭᠤᠨ ᠢ ᠰᠣᠨᠣᠰᠴᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠡᠷᠦᠬᠡ ᠳᠤ ᠬᠦᠷᠴᠦ ᠰᠤᠷᠪᠤᠯᠵᠢᠯᠠᠬᠤ ᠳᠤᠮᠳᠠ ᠬᠦᠴᠢᠷᠳᠡᠯ ᠳᠤ ᠲᠤᠯᠭᠠᠷᠠᠭᠰᠠᠨ ᠢ  ᠨᠢ ᠲᠠᠷᠤᠶᠢᠬᠠᠨ ᠳᠡᠮᠵᠢᠪᠡ︔ ᠲᠦᠮᠡᠳ ᠵᠡᠭᠦᠨ ᠬᠤᠰᠢᠭᠤᠨ ᠤ ᠱᠠᠩᠳᠠ ᠪᠠᠯᠭᠠᠰᠤᠨ ᠤ ᠳᠠᠯᠠᠢ ᠲᠣᠰᠬᠤᠨ ᠤ ᠶᠠᠳᠠᠭᠤ ᠬᠦᠴᠢᠷᠳᠡᠯᠲᠡᠶ ᠰᠤᠷᠤᠭᠴᠢᠳ ᠲᠤ 2 ᠲᠦᠮᠡᠨ ᠲᠦᠭᠦᠷᠢᠭ ᠤᠨ ᠰᠤᠷᠤᠯᠭ᠎ᠠ ᠶᠢ ᠲᠡᠳᠬᠦᠬᠦ ᠬᠠᠶᠢᠷ᠎ᠠ ᠬᠠᠯᠠᠮᠵᠢ ᠶᠢᠨ ᠮᠥᠩᠭᠦ ᠬᠠᠨᠳᠢᠪᠯᠠᠵᠤ᠂ ᠰᠤᠷᠤᠯᠭ᠎ᠠ ᠶᠢᠨ ᠰᠦᠢᠳᠭᠡᠯ ᠲᠤᠰᠢᠶᠠᠬᠤ ᠴᠢᠳᠠᠯ ᠥᠬᠡᠶ ᠶᠠᠳᠠᠭᠤ ᠬᠦᠴᠢᠷᠳᠡᠯᠲᠡᠶ ᠬᠡᠷ ᠪᠦᠯᠢ ᠳᠤ ᠬᠦᠴᠢᠷ ᠢ ᠨᠢ ᠰᠢᠢᠳᠪᠦᠷᠢᠯᠡᠵᠦ ᠦᠭᠴᠡᠢ︔ ᠦᠴᠤᠸᠠᠨ ᠰᠢᠶᠠᠨ ᠤ ᠮᠠ ᠸᠠᠩ ᠮᠢᠶᠣᠣ ᠲᠣᠰᠬᠤᠨ ᠤ 84 ᠨᠠᠰᠤᠲᠠᠶ ᠨᠠᠰᠤᠲᠠᠨ ᠤ ᠪᠡᠶ᠎ᠡ ᠶᠢ ᠤᠬᠢᠶᠠᠵᠤ ᠬᠤᠪᠴᠠᠰᠤ ᠶᠢ ᠨᠢ ᠰᠣᠯᠢᠵᠤ᠂ ᠬᠡᠷᠡᠮ ᠬᠠᠨ᠎ᠠ ᠶᠢ ᠨᠢ ᠰᠢᠷᠳᠡᠵᠦ᠂  ᠭᠤᠯᠢᠷ ᠪᠤᠳᠠᠭ᠎ᠠ ᠠᠮᠤ ᠲᠣᠰᠣ ᠬᠤᠳᠠᠯᠳᠤᠨ ᠠᠪᠴᠤ ᠦᠭᠭᠦᠨ᠂ ᠣᠷᠣ ᠶᠢᠨ ᠪᠦᠲᠡᠭᠡᠯᠭᠡ ᠬᠥᠨᠵᠢᠯᠡ ᠳᠡᠪᠢᠰᠬᠡᠷ ᠵᠡᠷᠭᠡ ᠠᠮᠢᠳᠤᠷᠠᠯ ᠤᠨ ᠬᠡᠷᠡᠭᠰᠡᠯ ᠢ ᠨᠢ ᠰᠣᠯᠢᠵᠤ ᠦᠭᠭᠦᠨ ᠴᠡᠪᠡᠷ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠪᠡ᠃ ᠡᠭᠦᠨ ᠤ ᠬᠠᠮᠲᠤ᠂ ᠦᠴᠤᠸᠠᠨ ᠰᠢᠶᠠᠨ ᠤ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠠᠴᠠ ᠭᠤᠷᠪᠡᠨᠬᠡᠷ ᠲᠣᠰᠬᠤᠨ ᠳᠤ ᠵᠠᠮ ᠵᠠᠰᠠᠬᠤ ᠶᠢ ᠳᠡᠮᠵᠢᠬᠦ 323 ᠲᠦᠮᠡᠨ ᠲᠥᠭᠦᠷᠢᠭ ᠤᠨ ᠪᠡᠯᠡ ᠮᠥᠩᠭᠦ ᠶᠢ ᠲᠤᠰᠬᠠᠶ ᠵᠦᠢᠯ ᠢᠶᠠᠷ ᠰᠠᠯᠭᠠᠨ ᠥᠭᠴᠦ᠂ ᠰᠢᠨ ᠾᠧ ᠲᠣᠰᠬᠤᠨ ᠠᠴᠠ ᠪᠠᠭ᠎ᠠ ᠲᠠᠪᠤᠨᠬᠡᠷ ᠲᠣᠰᠬᠤᠨ ᠬᠦᠷᠳᠡᠯᠡᠬᠢ 5.5 ᠺᠢᠯᠣᠮᠧᠲᠷ ᠱᠦᠢᠨᠢ ᠵᠠᠮ ᠢ ᠳᠡᠪᠢᠰᠪᠡ᠃      ᠲᠠᠪᠤ ᠳᠤ ᠪᠡᠶ᠎ᠡ ᠪᠠᠷ ᠢᠶᠠᠨ ᠲᠣᠰᠬᠤᠨ ᠳᠤ ᠰᠢᠭᠢᠳᠴᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠬᠦᠰᠡᠯ ᠡᠷᠡᠮᠡᠯᠵᠡᠯ ᠣᠯᠭᠤᠵᠠᠢ᠃ 2018 ᠣᠨ ᠳᠤ 4 ᠡᠳ᠋ ᠤᠨ ᠵᠠᠰᠠᠭ ᠤᠨ ᠺᠠᠳ᠋ᠷ ᠢ ᠰᠣᠩᠭᠤᠨ ᠲᠣᠮᠢᠯᠠᠵᠤ ᠦᠴᠤᠸᠠᠨ ᠰᠢᠶᠠᠨ ᠤ ᠳᠡᠭᠡᠷ᠎ᠡ ᠲᠤᠬᠤᠢ ᠰᠢᠶᠠᠩ ᠳᠤ ᠣᠴᠢᠭᠤᠯᠵᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠭᠤᠯᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠪᠥᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠪᠡ᠃ ᠨᠢᠭᠡ ᠳᠤ ᠲᠣᠰᠬᠤᠨ ᠳᠤ ᠰᠠᠭᠤᠬᠤ ᠡᠳᠦᠷ ᠲᠤᠲᠤᠮ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠ ᠬᠦᠢᠴᠡᠳᠭᠡᠬᠦ ᠶᠢᠨ ᠬᠠᠮᠳᠤ ᠣᠯᠠᠨ ᠤᠳᠠᠭ᠎ᠠ ᠡᠷᠦᠬᠡ ᠳᠤ ᠣᠷᠣᠵᠤ᠂ ᠨᠠᠷᠢᠨ ᠬᠢᠨᠠᠮᠠᠭᠠᠶ ᠤᠶᠢᠯᠠᠭᠠᠨ ᠵᠢᠭᠰᠠᠭᠠᠵᠤ᠂ ᠨᠠᠷᠢᠯᠢᠭ ᠤᠨᠤᠴᠠᠳᠠᠢ ᠢᠯᠭᠠᠨ ᠲᠠᠨᠢᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ  ᠠᠵᠢᠯ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠪᠡ᠃ ᠬᠤᠶᠠᠷ ᠲᠤ ᠨᠠᠮ ᠤᠨ ᠪᠠᠶᠢᠭᠤᠯᠤᠯᠲᠠ ᠪᠠᠷ ᠳᠠᠮᠵᠢᠭᠤᠯᠤᠨ ᠶᠠᠳᠠᠭᠤ ᠶᠢ ᠲᠡᠳᠬᠦᠬᠦ ᠠᠵᠢᠯ ᠢ ᠠᠳᠬᠤᠵᠤ᠂  ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠵᠤ᠂ ᠲᠦᠷᠦᠭᠦᠯᠡᠨ ᠭᠤᠷᠪᠠᠨ ᠬᠤᠷᠠᠯ ᠨᠢᠭᠡ ᠬᠢᠴᠢᠶᠡᠯ ᠤᠨ ᠲᠦᠷᠢᠮ ᠢ ᠵᠢᠷᠤᠮᠵᠢᠭᠤᠯᠵᠤ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠨᠠᠮ ᠤᠨ ᠬᠢᠴᠢᠶᠡᠯ ᠣᠷᠣᠵᠤ᠂ ︽ᠨᠠᠮ ᠤᠨ ᠪᠠᠶᠢᠭᠤᠯᠤᠯᠲᠠ + ᠶᠠᠳᠠᠭᠤ ᠶᠢ ᠲᠡᠳᠬᠦᠬᠦ︾ ᠨᠠᠮ ᠤᠨ  ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ  ᠶᠢ ᠨᠢ ᠪᠠᠳᠤᠳᠬᠠᠪᠠ᠃ ᠭᠤᠷᠪᠠ ᠳᠤ᠂ ᠡᠷᠴᠢ ᠵᠣᠷᠢᠭ ᠢ ᠨᠢ ᠬᠥᠪᠴᠢᠯᠡᠨ ᠣᠶᠤᠨ ᠤᠬᠠᠭᠠᠨ ᠢ ᠨᠢ  ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠶᠢ ᠲᠡᠳᠬᠦᠬᠦ ᠮᠡᠳᠡᠯᠭᠡ ᠶᠢᠨ ᠤᠷᠤᠯᠳᠤᠭᠠᠨ᠂ ᠲᠠᠷᠢᠶᠠᠯᠠᠩ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠶᠢᠯᠤᠮᠵᠢ ᠵᠡᠷᠭᠡ ᠶᠢ ᠡᠷᠬᠢᠯᠡᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠥᠪᠡᠷ ᠢ ᠪᠠᠨ ᠬᠦᠭᠵᠢᠬᠦᠯᠵᠦ ᠪᠡᠶ᠎ᠡ ᠪᠠᠨ ᠲᠠᠭᠠᠭᠠᠬᠤ᠂ ᠲᠡᠳᠬᠦᠬᠦ ᠶᠢ ᠬᠦᠯᠢᠶᠡᠬᠦ ᠦᠭᠡᠢ ᠬᠦᠮᠦᠨ ᠳᠤ ᠲᠦᠰᠢᠭᠯᠡᠬᠦ ᠦᠭᠡᠢ ᠪᠣᠯᠬᠤ ᠶᠢ ᠨᠢ ᠬᠦᠳᠦᠯᠦᠨ  ᠵᠢᠯᠤᠭᠤᠳᠴᠤ᠂  ᠶᠠᠳᠠᠭᠤ ᠶᠢ ᠲᠡᠳᠬᠦᠬᠦ ᠠᠵᠢᠯ ᠤᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠦᠨᠳᠦᠰᠦᠨ ᠠᠴᠠ ᠨᠢ ᠳᠡᠭᠡᠭᠰᠢᠯᠡᠭᠦᠯᠪᠡ᠃ ᠳᠥᠷᠪᠡ ᠳᠤ ᠨᠡᠶᠢᠭᠡᠮ ᠤᠨ ᠬᠠᠪᠰᠤᠷᠤᠨ ᠲᠡᠳᠬᠦᠬᠦ ᠬᠦᠴᠦᠨ ᠢ ᠪᠦᠬᠦ ᠬᠦᠴᠦᠨ ᠢᠶᠠᠷ ᠵᠣᠬᠢᠴᠠᠭᠤᠯᠵᠤ᠂ ᠲᠡᠭᠡᠷ᠎ᠡ ᠲᠤᠬᠤᠢ ᠰᠢᠶᠠᠩ ᠤᠨ ᠳᠣᠯᠤᠳᠤᠭᠠᠷ ᠲᠣᠰᠬᠤᠨ ᠤ ᠰᠠᠨ ᠢ ᠶᠤᠸᠠᠨ ᠠᠴᠠ ᠶᠠᠩ ᠴᠧᠩ ᠱᠠᠨ ᠭᠸᠤ ᠬᠦᠷᠲᠡᠯᠡᠬᠢ ᠬᠡᠰᠡᠭ ᠤᠨ ᠪᠦᠬᠦ ᠤᠷᠳᠤ ᠨᠢ 7.4 ᠺᠢᠯᠤᠮᠧᠲᠷ ᠤᠨ ᠭᠠᠴᠠᠭᠠᠨ ᠤ ᠠᠷᠠᠳ ᠤᠨ ᠵᠥᠪᠯᠡᠯ ᠳᠤ ᠨᠡᠪᠲᠡᠷᠡᠬᠦ ᠵᠠᠮ ᠢ ᠵᠠᠰᠠᠵᠤ ᠳᠠᠭᠤᠰᠬᠠᠨ᠂ ᠳᠤᠯᠤᠳᠤᠭᠠᠷ ᠲᠣᠰᠬᠤᠨ ᠳᠤ ᠤᠷᠳᠤ ᠬᠤᠭᠤᠴᠠᠭ᠎ᠠ ᠪᠠᠷ ᠭᠠᠴᠠᠭᠠᠨ ᠤ ᠠᠷᠠᠳ ᠤᠨ ᠵᠥᠪᠯᠡᠯ ᠳᠤ ᠨᠡᠪᠲᠡᠷᠡᠬᠦ  ᠬᠠᠳᠠᠭᠤᠷᠠᠭᠤᠯᠤᠭᠰᠠᠨ ᠵᠠᠮ ᠪᠠᠶᠢᠭᠰᠠᠨ ᠦᠭᠡᠢ ᠠᠰᠠᠭᠤᠳᠠᠯ ᠢ ᠰᠢᠢᠳᠪᠦᠷᠢᠯᠡᠪᠡ︔ ᠪᠡᠯᠡ ᠮᠦᠩᠭᠦ ᠶᠢ ᠢᠳᠡᠪᠬᠢᠳᠡᠢ ᠵᠣᠬᠢᠴᠠᠭᠤᠯᠵᠤ ᠴᠤᠭᠯᠠᠭᠤᠯᠤᠨ ᠮᠠ ᠸᠠᠩ ᠮᠢᠶᠣᠣ ᠲᠣᠰᠬᠤᠨ ᠤ ᠭᠤᠷᠪᠠᠨ ᠠᠶᠢᠯ ᠲᠣᠰᠬᠤᠨ ᠤ ᠬᠤᠳᠳᠤᠭ ᠤᠨ ᠬᠦᠴᠦᠳᠡᠯ ᠥᠭᠡᠷᠡᠴᠢᠯᠡᠭᠴᠢ ᠶᠢ ᠨᠢ ᠰᠣᠯᠢᠵᠤ ᠦᠭᠴᠦ  ᠂ ᠰᠦ ᠶᠢᠨ ᠭᠧᠦ ᠲᠣᠰᠬᠤᠨ ᠳᠤ ᠲᠦᠭᠡᠭᠡᠯ ᠤᠰᠤ ᠨᠡᠪᠲᠡᠷᠡᠭᠦᠯᠵᠦ᠂ ᠲᠤᠬᠠᠶ ᠶᠢᠨ ᠭᠠᠵᠠᠷ ᠤᠨ ᠬᠦᠮᠦᠨ ᠮᠠᠯ ᠤᠨ ᠤᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ  ᠰᠢᠢᠳᠪᠦᠷᠢᠯᠡᠵᠦ ᠦᠭᠴᠡᠢ᠃ 2019 ᠣᠨ ᠠᠴᠠ ᠨᠠᠰᠢ᠂ ᠲᠣᠪᠴᠢᠶ᠎ᠠ ᠶᠢᠨ ᠤᠳᠤᠷᠢᠳᠤᠯᠭ᠎ᠠ ᠲᠣᠰᠬᠤᠨ ᠳᠤ ᠰᠠᠭᠤᠭ᠎ᠠ ᠺᠠᠳ᠋ᠷᠴᠤᠳ ᠢ ᠣᠯᠠᠨ ᠤᠳᠠᠭ᠎ᠠ ᠪᠣᠯᠭᠤᠭᠠᠨ ᠲᠣᠬᠤᠨᠢᠭᠤᠯᠵᠤ᠂ ᠲᠦᠷᠦᠭᠦᠯᠡᠨ ᠡᠯᠧᠺᠲᠷᠤᠨ ᠮᠡᠳᠡᠭᠡ ᠵᠠᠩᠭᠢ ᠳᠠᠩᠰᠠ ᠡᠪᠬᠡᠮᠡᠯ ᠪᠤᠳᠠᠳᠤ ᠪᠠᠶᠢᠳᠠᠯ ᠵᠡᠷᠭᠡ ᠠᠵᠢᠯ ᠢ ᠬᠢᠨᠠᠨ ᠪᠠᠶᠢᠴᠠᠭᠠᠵᠤ᠂ ᠲᠡᠳᠡᠨ ᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠳᠤ ᠣᠷᠣᠯᠴᠠᠬᠤ ᠶᠢ ᠳᠠᠮᠵᠢᠵᠤ᠂ ᠬᠠᠪᠰᠤᠷᠤᠨ ᠲᠡᠳᠬᠦᠬᠦ ᠺᠠᠳ᠋ᠷᠴᠤᠳ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠤᠮᠳᠠ ᠡᠳ᠋ ᠤᠨ ᠵᠠᠰᠠᠭ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠳ᠋ ᠤᠨ ᠵᠠᠰᠠᠭ ᠤᠨ ᠺᠠᠳ᠋ᠷ ᠤᠨ ᠰᠢᠯᠢᠳᠡᠭ ᠰᠤᠷᠲᠠᠯ ᠢ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠵᠠᠢ᠃      9. ᠬᠠᠮᠢᠶᠠᠷᠤᠭᠴᠢ      ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠯᠢ ᠳ᠋ᠦᠩ ᠳᠡᠳ᠋ ᠲᠣᠪᠴᠢᠶᠠᠨ ᠳᠠᠷᠤᠭ᠎ᠠ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭᠠᠨ ᠤ ᠵᠠᠩ ᠸᠧᠶ ᠳ᠋ᠦᠩ ᠰᠠᠯᠠᠭᠠᠨ ᠳᠠᠷᠤᠭ᠎ᠠ᠂ ᠠᠯᠪᠠᠨ ᠭᠡᠷ ᠤᠨ ᠵᠣᠤ ᠶᠠ ᠷᠦ᠋ ᠳᠡᠳ᠋ ᠡᠷᠬᠢᠯᠡᠭᠴᠢ ᠳᠤ ᠲᠠᠯᠠᠷᠬᠠᠵᠤ ᠪᠠᠶᠢᠨ᠎ᠠ᠃ ᠰᠦᠯᠵᠢᠶᠡᠨ ᠠᠨᠳᠠ ᠨᠠᠷ ᠤᠨ ᠠᠩᠬᠠᠷᠤᠯ ᠢᠶᠠᠨ ᠬᠠᠨᠳᠤᠭᠤᠯᠵᠤ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ  ᠥᠨᠳᠦᠷᠯᠡᠯ᠎ᠡ᠂ ᠪᠠᠶᠠᠷᠯᠠᠯ᠎ᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号