9 ᠳ᠋ᠦ᠋ᠭᠡᠷ ᠰᠠᠷ᠎ᠠ ᠶᠢᠨ 8 ᠤ ᠡᠳᠦᠷ ᠠᠴᠠ 11 ᠤ ᠡᠳᠦᠷ ᠪᠣᠯᠲᠠᠯ᠎ᠠ᠂ ᠬᠤᠲᠣᠩ ᠠᠷᠠᠳ ᠤᠨ ᠲᠣᠭᠤᠷᠢᠭ | ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠢᠭᠠᠨ | ᠵᠢᠯᠣᠭᠤᠳᠣᠭᠴᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠶᠦᠮ ᠤᠨ ᠪᠠᠶᠢᠰᠢᠩ ᠪᠠᠯᠭᠠᠰᠤ᠂ ᠡᠯ᠎ᠡ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ 300 ᠰᠢᠬᠠᠮ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ | ᠪᠣᠯᠪᠠᠰᠤᠷᠠᠭᠤᠯᠤᠯ ᠳᠤ ᠣᠷᠣᠯᠴᠠᠪᠠ᠃ | | | | | | ᠪᠣᠯᠪᠠᠰᠤᠷᠠᠭᠤᠯᠤᠯ ᠤᠨ ᠳᠤᠮᠳᠠ᠂ ᠬᠤᠲᠣᠩ ᠠᠷᠠᠳ ᠤᠨ ᠲᠣᠭᠤᠷᠢᠭ ᠤᠨ ᠬᠦᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠯᠪᠠᠨ ᠬᠡᠷ ᠤᠨ ᠪᠠᠭᠰᠢ ᠨᠠᠷ ᠨᠡᠶᠢᠳᠡᠮ ᠪᠠᠶᠢᠴᠠᠭᠠᠯᠲᠠ ᠶᠢᠨ ᠲᠥᠰᠦᠯ᠂ ᠬᠦᠰᠦᠨᠦᠭᠲᠦ ᠲᠠᠭᠯᠠᠬᠤ | ᠲᠣᠳᠣᠷᠬᠠᠶᠢᠯᠠᠯᠲᠠ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠨᠠᠷᠢᠨ ᠲᠦᠷᠢᠮ᠂ | ᠳ᠋ᠠᠶᠢᠲ᠋ᠠ ᠶᠢ ᠴᠣᠭᠯᠠᠭᠤᠯᠤᠨ ᠰᠢᠢᠳᠪᠦᠷᠢᠯᠡᠬᠦ ᠶᠠᠪᠤᠴᠠ ᠪᠣᠯᠤᠨ ᠲᠠᠰ ᠳᠠᠷᠠᠭᠠᠯᠠᠯ ᠵᠡᠷᠭᠡ ᠲᠠᠯ᠎ᠠ ᠪᠠᠷ ᠨᠠᠷᠢᠨ | ᠲᠠᠶᠢᠯᠪᠤᠷᠢᠯᠠᠭᠰᠠᠨ ᠪᠥᠭᠡᠳ ᠪᠠᠶᠢᠳᠠᠯ ᠢ ᠣᠶᠢᠯᠠᠭᠠᠬᠤ ᠠᠵᠢᠯ ᠤᠨ ᠨᠠᠷᠢᠨ ᠲᠦᠷᠢᠮ ᠳᠠᠬᠢ ︽ᠨᠡᠶᠢᠳᠡᠮ | ᠪᠠᠶᠢᠴᠠᠭᠠᠯᠲᠠ ᠶᠢᠨ ᠪᠠᠭ᠎ᠠ ᠲᠣᠭᠤᠷᠢᠭ ᠤᠨ ᠵᠢᠷᠤᠭ︾ ᠢ ᠵᠢᠷᠤᠵᠤ ᠦᠢᠯᠡᠳᠬᠦ᠂ ᠡᠷᠦᠬᠡ ᠶᠢᠨ ᠡᠵᠡᠨ ᠤ ᠣᠪᠣᠭ | ᠨᠡᠷ᠎ᠡ ᠶᠢᠨ ᠡᠬᠡ ᠳᠡᠪᠲᠡᠷ᠂ ᠨᠡᠶᠢᠳᠡᠮ ᠪᠠᠶᠢᠴᠠᠭᠠᠯᠲᠠ ᠶᠢᠨ ᠣᠬᠤᠷ ᠬᠦᠰᠦᠨᠦᠭᠲᠦ᠂ ᠨᠡᠶᠢᠳᠡᠮ ᠪᠠᠶᠢᠴᠠᠭᠠᠯᠲᠠ ᠶᠢᠨ | ᠣᠷᠳᠣ ᠬᠦᠰᠦᠨᠦᠭ ᠵᠡᠷᠭᠡ ᠭᠤᠣᠯᠳᠠᠯᠭ᠎ᠠ ᠲᠠᠢ ᠠᠭᠤᠯᠭ᠎ᠠ ᠶᠢᠨ ᠲᠤᠬᠠᠶ ᠪᠣᠳᠠᠲᠤ ᠵᠢᠱᠢᠶ᠎ᠡ ᠶᠢᠨ ᠵᠠᠳᠠᠯᠤᠯᠲᠠ ᠬᠢᠵᠡᠶ᠃ | ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠶᠢᠨ ᠲᠥᠯᠥᠭᠡ᠂ ᠲᠣᠭᠤᠷᠢᠭ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠪᠠᠰᠠ ᠲᠤᠬᠠᠶ ᠶᠢᠨ ᠲᠠᠯᠠᠪᠠᠢ ᠶᠢᠨ ᠰᠢᠯᠭᠠᠯᠲᠠ ᠶᠢ ᠵᠣᠬᠢᠶᠠᠨ | ᠪᠠᠶᠢᠭᠤᠯᠵᠤ᠂ ᠰᠢᠯᠭᠠᠯᠲᠠ ᠶᠢᠨ ᠳᠠᠷᠠᠭ᠎ᠠ ᠰᠢᠯᠭᠠᠯᠲᠠ ᠶᠢᠨ ᠬᠠᠭᠤᠳᠠᠰᠤ ᠶᠢ ᠨᠠᠷᠢᠨ ᠲᠠᠶᠢᠯᠪᠤᠷᠢᠯᠠᠵᠤ᠂ ᠮᠠᠰᠢ ᠰᠠᠶᠢᠨ | ᠪᠣᠯᠪᠠᠰᠤᠷᠠᠭᠤᠯᠤᠯ ᠤᠨ ᠦᠷ᠎ᠡ ᠪᠦᠲᠦᠮᠵᠢ ᠤᠯᠪᠠ᠃ | | | | | | ᠬᠤᠲᠣᠩ ᠠᠷᠠᠳ ᠤᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠢ ᠲᠦᠭᠡᠮᠡᠯᠵᠢᠭᠦᠯᠬᠦ ᠠᠯᠪᠠᠨ | ᠭᠡᠷ ᠤᠨ ᠡᠷᠬᠢᠯᠡᠭᠴᠢ ᠮᠠ ᠸᠧᠨ ᠴᠧᠩ ᠪᠣᠯᠪᠠᠰᠤᠷᠠᠭᠤᠯᠤᠯ ᠤᠨ ᠳ᠋ᠦᠩᠨᠡᠯᠲᠡ ᠳᠡᠭᠡᠨ ᠴᠢᠬᠤᠯᠠᠴᠢᠯᠠᠭᠰᠠᠨ ᠨᠢ᠂ ᠡᠯ᠎ᠡ | ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠤᠭᠴᠢ ᠲᠤᠰ ᠤᠳᠠᠭᠠᠨ ᠤ ᠪᠣᠯᠪᠠᠰᠤᠷᠠᠭᠤᠯᠤᠯ ᠤᠨ ᠳᠠᠷᠠᠭ᠎ᠠ᠂ ︽ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠥᠰᠦᠯ︾ ᠪᠣᠯᠣᠨ | ᠬᠤᠯᠪᠣᠭᠳᠠᠯ ᠪᠦᠬᠦᠢ ᠨᠠᠷᠢᠨ ᠳᠦᠷᠢᠮ ᠢ ᠦᠷᠭᠦᠯᠵᠢᠯᠡᠨ ᠬᠢᠨᠠᠮᠠᠭᠠᠶ ᠰᠤᠷᠤᠯᠴᠠᠵᠤ᠂ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠮᠡᠷᠭᠡᠵᠢᠯ ᠢ ᠪᠣᠯᠪᠠᠰᠤᠷᠠᠩᠭᠤᠶ ᠡᠵᠡᠮᠰᠢᠬᠦ ᠬᠡᠷᠡᠭᠲᠡᠶ᠃ | ᠳᠠᠷᠠᠭᠠᠴᠢ ᠶᠢᠨ ᠨᠡᠶᠢᠳᠡᠮ ᠪᠠᠶᠢᠴᠠᠭᠠᠭᠴᠢ ᠶᠢᠨ ᠪᠣᠯᠪᠠᠰᠤᠷᠠᠭᠤᠯᠤᠯ ᠳᠤ ᠬᠠᠪᠰᠤᠷᠤᠨ ᠵᠢᠯᠣᠭᠤᠳᠬᠤ ᠠᠵᠢᠯ ᠢ ᠰᠠᠶᠢᠲᠤᠷ | ᠬᠢᠵᠦ᠂ ᠨᠡᠶᠢᠳᠡᠮ ᠪᠠᠶᠢᠴᠠᠭᠠᠭᠴᠢ ᠶᠢᠨ ᠠᠵᠢᠯ ᠢ ᠵᠣᠬᠢᠶᠠᠨ ᠪᠠᠶᠢᠭᠤᠯᠬᠤ᠂ ᠵᠢᠯᠣᠭᠤᠳᠬᠤ᠂ ᠪᠠᠶᠢᠴᠠᠭᠠᠬᠤ ᠪᠠ ᠶᠠᠰᠤ | ᠴᠢᠨᠠᠷ ᠢ ᠡᠵᠡᠮᠳᠡᠨ᠂ ᠨᠡᠶᠢᠳᠡᠮ ᠪᠠᠶᠢᠴᠠᠭᠠᠭᠴᠢ ᠶᠢᠨ ᠡᠯ᠎ᠡ ᠵᠦᠢᠯ ᠤᠨ ᠠᠵᠢᠯ ᠢ ᠴᠠᠭ ᠲᠠᠭᠠᠨ ᠪᠡᠶᠡᠯᠡᠭᠦᠯᠬᠦ ᠶᠢ | ᠪᠠᠲᠣᠯᠠᠬᠤ ᠬᠡᠷᠡᠭᠲᠡᠶ᠃ ᠮᠠᠨ ᠤ ᠲᠣᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠶᠠᠰᠤ ᠴᠢᠨᠠᠷ ᠢ ᠲᠣᠭᠲᠠᠭᠠᠭᠰᠠᠨ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠬᠤ ᠬᠡᠷᠡᠭᠲᠡᠶ ᠭᠡᠪᠡ᠃ | | | |